ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠬᠤᠤᠷᠲᠦ ᠡᠳ᠋ ᠦᠨ ᠲᠤᠬᠠᠢ ᠮᠡᠳᠡᠯᠭᠡ ᠲᠦᠭᠡᠮᠡᠯᠵᠢᠭᠦᠯᠬᠦ ᠲᠤᠰᠬᠠᠢ ᠪᠤᠯᠤᠩ

2022-03-17 14:49:02
ᠵᠣᠬᠢᠶᠠᠭᠴᠢ
ᠵᠤᠤ ᠳ᠋ᠠᠢ ᠰᠢᠶᠦ᠋ᠩ

2014 ᠣᠨ ᠠᠴᠠ ᠣᠲᠣ ᠪᠣᠯᠲᠠᠯ᠎ᠠ᠂ ᠣᠲᠤᠭ ᠬᠤᠰᠢᠭᠤᠨ ᠤ  ᠠᠷᠠᠳ ᠤᠨ ᠪᠠᠶᠢᠴᠠᠭᠠᠬᠤ ᠬᠤᠷᠢᠶ᠎ᠠ ᠬᠤᠤᠷᠲᠤ ᠡᠳ᠋ ᠲᠤ ᠬᠤᠯᠪᠣᠭᠳᠠᠭᠰᠠᠨ 63 ᠬᠡᠷᠡᠭ ᠢ  ᠰᠢᠢᠳᠪᠦᠷᠢᠯᠡᠵᠦ᠂ ᠬᠠᠮᠤᠭ ᠤᠨ ᠥᠨᠳᠥᠷ ᠡᠷᠡᠭᠦᠤ ᠶᠢᠨ ᠬᠤᠭᠤᠴᠠᠭ᠎ᠠ  ᠨᠢ 8 ᠵᠢᠯ ᠤᠨ ᠭᠠᠳᠠᠨ᠎ᠠ 4 ᠰᠠᠷ᠎ᠠ  ᠪᠠᠷ ᠬᠤᠭᠤᠴᠠᠭ᠎ᠠ ᠲᠠᠢ ᠬᠤᠷᠢᠬᠤ ᠪᠠᠷ  ᠰᠢᠢᠳᠬᠡᠭᠰᠡᠨ ᠬᠤᠤᠷᠲᠤ ᠡᠳ᠋ ᠵᠥᠭᠡᠭᠡᠪᠦᠷᠢᠯᠡᠭᠰᠡᠨ ᠨᠢᠭᠡᠨ ᠶᠠᠯᠠᠲᠤ ᠬᠡᠷᠡᠭ ᠪᠣᠯᠤᠨ᠎ᠠ  ᠃ ᠲᠡᠷᠡ  ᠨᠢ ᠰᠧᠴᠤᠸᠠᠨ  ᠮᠤᠵᠢ  ᠠᠴᠠ 32 ᠭᠷᠠᠮ ᠮᠧᠲ᠋ᠢᠯ ᠹᠤᠨᠢᠯ ᠫᠷᠦᠫᠢᠯᠲᠦ ᠠᠮᠢᠨ  ᠂ ᠮᠠᠨ ᠤ ᠶᠡᠷᠦᠳᠡ ᠶᠢᠨ ᠬᠡᠯᠡᠳᠡᠭ ᠮᠥᠰᠥᠮᠥᠯᠵᠢᠨ ᠬᠤᠤᠷ  ᠢ ᠣᠲᠤᠭ ᠬᠤᠰᠢᠭᠤᠨ ᠤ ᠤᠯᠠᠭᠠᠨ ᠪᠠᠯᠭᠠᠰᠤᠨ ᠳᠤ ᠵᠥᠭᠡᠭᠡᠪᠦᠷᠢᠯᠡᠭᠰᠡᠨ  ᠠᠴᠠ ᠰᠢᠢᠳᠬᠡᠭᠳᠡᠵᠡᠢ ᠃   ᠰᠢᠢᠳᠪᠦᠷᠢᠯᠡᠬᠦ ᠬᠡᠷᠡᠭ ᠤᠨ ᠲᠦᠷᠦᠯ ᠵᠦᠢᠯ ᠳᠤ ᠬᠤᠣᠷᠲᠤ ᠡᠳ᠋ ᠢ ᠫᠠᠨᠽᠠᠯᠠᠭᠰᠠᠨ ᠶᠠᠯ᠎ᠠ᠂ ᠬᠤᠣᠷᠲᠤ ᠡᠳ᠋ ᠢ ᠵᠥᠭᠡᠭᠡᠪᠦᠷᠢᠯᠡᠭᠰᠡᠨ ᠶᠠᠯ᠎ᠠ᠂ ᠬᠤᠣᠷᠲᠤ ᠡᠳ᠋ ᠢ ᠦᠢᠯᠡᠳᠦᠭᠰᠡᠨ ᠶᠠᠯ᠎ᠠ ᠪᠠ ᠬᠤᠣᠷᠲᠤ ᠡᠳ᠋ ᠢ ᠡᠵᠡᠮᠰᠢᠭᠰᠡᠨ ᠶᠠᠯ᠎ᠠ ᠵᠡᠷᠭᠡ ᠪᠤᠢ᠃

 

微信图片_20220317100503.jpg



1. ᠬᠤᠣᠷᠲᠤ ᠡᠳ᠋ ᠢ ᠰᠡᠷᠭᠡᠶᠢᠯᠡᠬᠦ ᠰᠠᠭᠤᠷᠢ ᠮᠡᠳᠡᠯᠭᠡ ᠄

︵1︶ ᠬᠤᠣᠷᠲᠤ ᠡᠳ᠋ ᠤᠨ ᠲᠣᠮᠢᠶᠠᠯᠠᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ 357 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠣᠷᠲᠤ ᠡᠳ᠋ ᠭᠡᠳᠡᠭ ᠨᠢ ᠬᠠᠷ᠎ᠠ ᠲᠠᠮᠠᠬᠢ᠂ ᠾᠧᠷᠣᠶ᠋ᠢᠨ᠂ ᠮᠧᠲ᠋ᠢᠯ ᠹᠤᠨᠢᠯ ᠫᠷᠦᠫᠢᠯᠲᠦ ᠠᠮᠢᠨ ︵ᠮᠥᠰᠥᠮᠥᠯᠵᠢᠨ ᠬᠤᠣᠷ︶᠂ ᠮᠣᠷᠹᠢ᠂ ᠣᠯᠣᠰᠣ᠂ ᠺᠣᠺᠠᠶ᠋ᠢᠨ ᠵᠢᠴᠢ ᠤᠯᠤᠰ ᠠᠴᠠ ᠵᠠᠬᠢᠷᠤᠨ ᠬᠠᠮᠢᠶᠠᠷᠬᠤ ᠪᠠᠷ ᠲᠣᠭᠲᠠᠭᠠᠭᠰᠠᠨ ᠬᠥᠮᠦᠨ ᠢ ᠰᠢᠨᠤᠯ ᠲᠠᠢ ᠪᠣᠯᠭᠠᠬᠤ ᠪᠤᠰᠤᠳ ᠮᠢᠨᠴᠦᠷᠡᠭᠦᠯᠬᠦ ᠡᠮ ᠪᠠ ᠮᠡᠳᠡᠷᠡᠯ ᠤᠨ ᠡᠮ ᠢ ᠵᠢᠭᠠᠵᠤ ᠪᠠᠶᠢᠨ᠎ᠠ᠃

︵2︶ ᠬᠤᠤᠷᠲᠤ ᠡᠳ᠋ ᠤᠨ ᠳᠥᠷᠪᠡᠨ ᠦᠨᠳᠦᠰᠦᠨ ᠣᠨᠴᠠᠯᠢᠭ᠄ ᠨᠠᠶᠢᠳᠠᠮᠠᠲᠠᠭᠠᠶ ᠴᠢᠨᠠᠷ᠂ ᠳᠠᠭᠠᠭᠠᠮᠠᠭᠠᠶ ᠴᠢᠨᠠᠷ᠂ ᠬᠠᠤᠯᠢ ᠪᠤᠰᠤ ᠴᠢᠨᠠᠷ᠂ ᠬᠤᠤᠷ ᠬᠥᠨᠥᠭᠡᠯᠲᠦ ᠴᠢᠨᠠᠷ᠃

ᠨᠠᠶᠢᠳᠠᠮᠠᠲᠠᠭᠠᠶ ᠴᠢᠨᠠᠷ᠄ ᠬᠤᠣᠷᠲᠤ ᠡᠳ᠋ ᠢ ᠬᠡᠷᠡᠭᠯᠡᠬᠦ ᠦᠶ᠎ᠡ ᠳᠤ᠂ ᠪᠡᠶ᠎ᠡ ᠮᠠᠬᠠᠪᠣᠳ ᠲᠤ ᠠᠯᠢ ᠣᠯᠠᠨ ᠵᠣᠬᠢᠴᠠᠬᠤ ᠴᠢᠨᠠᠷ ᠤᠨ ᠬᠤᠪᠢᠷᠠᠯᠲᠠ ᠭᠠᠷᠳᠠᠭ᠂ ᠪᠢᠳᠡ ᠡᠷᠬᠡᠪᠰᠢ ᠲᠠᠰᠤᠷᠠᠯᠲᠠ ᠦᠭᠡᠢ ᠦᠷᠭᠦᠯᠵᠢᠯᠡᠨ ᠬᠡᠷᠡᠭᠯᠡᠪᠡᠯ ᠰᠠᠶ᠋ᠢ ᠪᠡᠶ᠎ᠡ ᠮᠠᠬᠠᠪᠣᠳ ᠤᠨ ᠬᠥᠳᠡᠯᠭᠡᠭᠡᠨ ᠢ ᠦᠷᠭᠦᠯᠵᠢᠯᠡᠭᠦᠯᠵᠦ ᠴᠢᠳᠠᠨ᠎ᠠ᠂ ᠡᠰᠡ ᠲᠡᠭᠡᠪᠡᠯ ᠨᠢᠰᠤ ᠭᠤᠭᠤᠵᠢᠬᠤ᠂ ᠨᠢᠯᠪᠤᠰᠤ ᠭᠤᠭᠤᠵᠢᠬᠤ᠂ ᠪᠦᠬᠦ ᠪᠡᠶ᠎ᠡ ᠡᠪᠡᠳᠬᠦ ᠵᠡᠷᠭᠡ ᠠᠯᠢ ᠣᠯᠠᠨ ᠡᠪᠡᠳᠴᠢᠨ ᠤ ᠢᠯᠡᠷᠡᠯ ᠭᠠᠷᠤᠨ᠎ᠠ᠃ ᠡᠭᠦᠨ ᠠᠴᠠ ᠭᠠᠳᠠᠨ᠎ᠠ ᠪᠠᠰᠠ ᠬᠡᠢ  ᠰᠡᠷᠡᠭᠳᠡᠯ᠂ ᠬᠡᠢ ᠪᠣᠳᠣᠯ ᠵᠡᠷᠭᠡ ᠢᠯᠡᠷᠡᠨ᠎ᠡ᠃  ᠶᠡᠷᠦ ᠶᠢᠨ ᠦᠭᠡᠨ ᠳᠤ ᠂ ︽ᠨᠢᠭᠡᠨ ᠴᠠᠭ ᠲᠤ ᠬᠤᠣᠷ ᠲᠠᠲᠠᠵᠤ᠂ ᠠᠷᠪᠠᠨ ᠵᠢᠯ ᠳᠤ ᠬᠤᠣᠷ ᠲᠠᠲᠠᠬᠤ ᠪᠠᠨ ᠵᠣᠭᠰᠣᠵᠤ᠂ ᠨᠠᠰᠤ ᠪᠠᠷ ᠢᠶᠠᠨ ᠬᠤᠣᠷ ᠲᠠᠲᠠᠬᠤ ᠶᠢ ᠪᠤᠳᠤᠳᠠᠭ︾ ᠪᠠᠶᠢᠨ᠎ᠠ ᠃

 ᠲᠡᠰᠪᠦᠷᠢᠯᠡᠬᠦ ᠴᠢᠨᠠᠷ᠄ ᠬᠤᠣᠷᠲᠤ ᠡᠳ᠋ ᠢ ᠲᠠᠲᠠᠪᠠᠯ᠂ ᠪᠡᠶ᠎ᠡ ᠮᠠᠬᠠᠪᠣᠳ ᠤᠤᠯ ᠤᠨ ᠬᠡᠮᠵᠢᠶ᠎ᠡ ᠳᠤ ᠰᠣᠷᠭᠤᠭ ᠦᠭᠡᠢ ᠪᠣᠯᠵᠤ᠂ ᠳᠠᠷᠠᠭ᠎ᠠ ᠤᠳᠠᠭ᠎ᠠ ᠨᠡᠩ ᠠᠷᠪᠢᠨ ᠬᠤᠣᠷᠲᠤ ᠡᠳ᠋ ᠢ ᠲᠠᠲᠠᠪᠠᠯ ᠰᠠᠶ᠋ᠢ ᠪᠡᠶ᠎ᠡ ᠮᠠᠬᠠᠪᠣᠳ ᠤᠨ ᠲᠠᠭᠠᠲᠠᠶ ᠪᠠᠶᠢᠳᠠᠯ ᠢ ᠪᠠᠲᠤᠯᠠᠵᠤ ᠴᠢᠳᠠᠨ᠎ᠠ᠃ ᠡᠶᠢᠮᠦ ᠠᠴᠠ ᠬᠤᠣᠷ ᠲᠠᠲᠠᠭᠴᠢᠳ ᠪᠠᠶᠠᠷ ᠪᠠᠶᠠᠰᠤᠯ ᠤᠨ ᠲᠥᠯᠥᠭᠡ ᠬᠤᠣᠷ ᠲᠠᠲᠠᠬᠤ ᠬᠡᠮᠵᠢᠶ᠎ᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ ᠪᠠᠶᠢᠬᠤ ᠨᠢ ᠳᠠᠷᠤᠶ ᠡᠭᠦᠨ ᠠᠴᠠ ᠪᠣᠯᠤᠭᠰᠠᠨ ᠶᠤᠮ᠃

ᠬᠤᠣᠷ ᠬᠦᠨᠦᠭᠡᠯᠳᠦ ᠴᠢᠨᠠᠷ᠄ ᠬᠤᠣᠷᠲᠤ ᠡᠳ᠋ ᠤᠨ ᠰᠠᠮᠠᠭᠤᠷᠠᠬᠤ ᠨᠢ ᠬᠤᠣᠷ ᠲᠠᠲᠠᠭᠴᠢ ᠶᠢᠨ ᠲᠤᠰ ᠪᠡᠶ᠎ᠡ ᠳᠤ ᠯᠡ ᠪᠢᠰᠢ᠂ ᠲᠡᠭᠦᠨ ᠤ ᠭᠡᠷ ᠪᠦᠯᠢ᠂ ᠨᠡᠶᠢᠭᠡᠮ ᠳᠤ ᠴᠦ ᠲᠦᠢᠯ ᠤᠨ ᠶᠡᠭᠡ ᠬᠤᠣᠷ ᠬᠥᠨᠥᠭᠡᠯ ᠤᠴᠠᠷᠠᠭᠤᠯᠳᠠᠭ᠃

ᠬᠠᠤᠯᠢ ᠪᠤᠰᠤ ᠴᠢᠨᠠᠷ᠄ ᠶᠠᠮᠠᠷᠪᠠ ᠰᠢᠨᠤᠯ ᠲᠠᠢ ᠪᠣᠯᠤᠭᠰᠠᠨ ᠮᠢᠨᠴᠦᠭᠦᠷᠡᠭᠦᠯᠬᠦ ᠡᠮ ᠪᠠ ᠮᠡᠳᠡᠷᠡᠯ ᠤᠨ ᠡᠮ ᠨᠢ ᠴᠥᠮ ᠬᠥᠮᠦᠨ ᠤ ᠪᠡᠶ᠎ᠡ ᠳᠤ ᠢᠳᠡᠪᠬᠢᠲᠡᠶ ᠣᠷᠣᠯᠴᠠᠬᠤ ᠪᠠ ᠨᠠᠵᠠᠭᠠᠶ ᠪᠠᠷ ᠣᠷᠣᠯᠴᠠᠬᠤ ᠬᠤᠶᠠᠷ ᠲᠠᠯ᠎ᠠ ᠶᠢᠨ ᠦᠢᠯᠡᠳᠦᠯ ᠲᠠᠢ  ᠂ ᠳᠠᠷᠤᠶ ᠡᠮᠴᠢᠯᠡᠭᠡᠨ ᠤ ᠦᠢᠯᠡᠳᠦᠯ ᠪᠠ ᠬᠤᠣᠷᠳᠠᠭᠤᠯᠬᠤ ᠦᠢᠯᠡᠳᠦᠯ ᠲᠠᠢ᠃ ᠵᠥᠪᠬᠡᠨ ᠬᠠᠤᠯᠢ ᠪᠤᠰᠤ ᠬᠡᠷᠡᠭᠯᠡᠭᠡᠨ ᠳᠤ ᠬᠡᠷᠡᠭᠯᠡᠪᠡᠯ ᠰᠠᠶ᠋ᠢ ᠬᠤᠣᠷᠲᠤ ᠡᠳ᠋ ᠭᠡᠳᠡᠭ᠃ ᠮᠠᠨ ᠤ ᠤᠯᠤᠰ ᠤᠨ ᠬᠠᠤᠯᠢ ᠴᠠᠭᠠᠵᠠ ᠳᠤ ᠲᠣᠭᠲᠠᠭᠠᠭᠰᠠᠨ ᠨᠢ᠂ ᠬᠤᠣᠷᠲᠤ ᠡᠳ᠋ ᠢ ᠲᠠᠲᠠᠵᠤ ᠢᠳᠡᠬᠦ ᠪᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠮᠥᠨ᠂ ᠡᠷᠬᠡᠪᠰᠢ ᠬᠠᠤᠯᠢ ᠴᠠᠭᠠᠵᠠ ᠶᠢᠨ ᠰᠢᠳᠬᠡᠯ ᠢ ᠤᠯᠬᠤ ᠬᠡᠷᠡᠭᠲᠡᠶ᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ᠂ ᠬᠤᠣᠷᠲᠤ ᠡᠳ᠋ ᠤᠨ ᠤᠬ ᠲᠠᠷᠢᠮᠠᠯ ᠢ ᠬᠠᠤᠯᠢ ᠪᠤᠰᠤ ᠪᠠᠷ ᠲᠠᠷᠢᠭᠰᠠᠨ᠂ ᠬᠤᠣᠷᠲᠤ ᠡᠳ᠋ ᠢ ᠬᠠᠤᠯᠢ ᠪᠤᠰᠤ ᠪᠠᠷ ᠪᠡᠶ᠎ᠡ ᠳᠡᠭᠡᠨ ᠠᠪᠴᠤ ᠪᠤᠰᠤᠳ ᠢ ᠠᠯᠪᠠᠳᠠᠵᠤ ᠪᠠᠶᠢᠭᠠᠳ ᠬᠤᠣᠷᠲᠤ ᠡᠳ᠋ ᠲᠠᠲᠠᠭᠤᠯᠤᠭᠰᠠᠨ ᠵᠡᠷᠭᠡ ᠠᠵᠢᠯᠯᠠᠭ᠎ᠠ ᠶᠢ ᠶᠠᠯ᠎ᠠ ᠬᠢᠭᠰᠡᠨ ᠢᠶᠠᠷ ᠦᠵᠡᠵᠦ ᠴᠢᠩᠭ᠎ᠠ ᠰᠢᠳᠬᠡᠳᠡᠭ ᠶᠤᠮ᠃

︵3︶ ᠬᠤᠣᠷᠲᠤ ᠡᠳ᠋ ᠤᠨ ᠲᠥᠷᠥᠯ ᠵᠦᠢᠯ᠄ ᠮᠠᠰᠢ ᠣᠯᠠᠨ ᠬᠤᠣᠷᠲᠤ ᠡᠳ᠋ ᠤᠨ ᠨᠡᠷ᠎ᠡ ᠶᠢ ᠣᠯᠠᠨ ᠢᠶᠠᠷ ᠢᠶᠠᠨ ᠪᠦᠷ ᠮᠡᠳᠡᠬᠦ ᠶᠣᠰᠣᠲᠠᠶ᠂ ᠡᠶᠢᠮᠦ ᠠᠴᠠ ᠠᠳᠡ ᠪᠢᠳᠡ ᠨᠢᠭᠡ ᠵᠦᠢᠯ ᠤᠨ ᠬᠤᠣᠷᠲᠤ ᠡᠳ᠋ ᠢ ᠭᠤᠣᠯᠳᠠᠯᠭ᠎ᠠ ᠲᠠᠢ ᠳᠤᠷᠠᠳᠤᠶ᠎ᠠ᠂ ᠳᠠᠷᠤᠶ ᠠᠨᠨᠠᠺᠠ ᠪᠣᠯᠤᠨ᠎ᠠ᠂ ᠠᠨᠨᠠᠺᠠ ᠶᠢᠨ ᠪᠦᠷᠢᠯᠳᠦᠬᠦᠨ ᠪᠣᠯ ᠪᠤᠨ᠋ᠽᠤ᠋ ᠬᠦᠴᠢᠯ ᠤᠨ ᠨᠠᠲᠷᠢ + ᠺᠣᠹᠧᠶ᠋ᠢᠨ ᠪᠣᠯᠤᠨ᠎ᠠ᠂ ᠳᠠᠷᠤᠶ ᠮᠠᠨ ᠤ ᠠᠳᠡ ᠶᠡᠷᠦ ᠳᠡᠭᠡᠨ ᠬᠡᠯᠡᠳᠡᠭ ᠠᠨᠨᠠᠲ ᠺᠠᠯᠢ᠂ ᠬᠤᠨᠳᠠᠨ᠂ ᠠᠨᠨᠠᠺᠠ ᠶᠢᠨ ᠲᠥᠷᠥᠯ ᠤᠨ ᠮᠠᠨ ᠤ ᠤᠯᠤᠰ ᠤᠨ ᠴᠢᠩᠭ᠎ᠠ ᠵᠠᠬᠢᠷᠤᠨ ᠬᠠᠮᠢᠶᠠᠷᠴᠤ ᠪᠠᠶᠢᠭ᠎ᠠ ᠬᠤᠶᠠᠳᠤᠭᠠᠷ ᠲᠥᠷᠥᠯ ᠤᠨ ᠮᠡᠳᠡᠷᠡᠯ ᠤᠨ ᠡᠮ ᠪᠣᠯᠤᠨ᠎ᠠ᠃ ᠠᠨᠨᠠᠺᠠ ᠪᠣᠯ ᠪᠠᠰᠠ ᠴᠤ ᠲᠤᠬᠠᠶ ᠶᠢᠨ ᠭᠠᠵᠠᠷ ᠲᠤ ᠦᠷᠭᠦᠯᠵᠢ ᠬᠠᠷᠠᠭᠳᠠᠳᠠᠭ ᠨᠢᠭᠡ ᠵᠦᠢᠯ ᠤᠨ ᠬᠤᠤᠷᠲᠤ ᠡᠳ᠋ ᠮᠥᠨ᠂ ᠣᠯᠠᠩᠬᠢ ᠬᠥᠮᠦᠰ ᠡᠨᠡ ᠪᠣᠯ ᠬᠤᠤᠷᠲᠤ ᠡᠳ᠋ ᠭᠡᠳᠡᠭ ᠢ ᠮᠡᠳᠡᠬᠦ ᠥᠬᠡᠶ᠂ ᠵᠥᠪᠬᠡᠨ ᠴᠤᠭ ᠰᠦᠯᠳᠡ ᠶᠢ ᠰᠡᠷᠭᠦᠭᠡᠬᠦ  ᠦᠢᠯᠡᠳᠦᠯ ᠲᠠᠢ ᠭᠡᠵᠦ ᠦᠵᠡᠳᠡᠭ᠂ ᠵᠠᠷᠢᠮ ᠳᠠᠭᠠᠨ ᠮᠠᠵᠢᠶᠠᠩ ᠨᠠᠭᠠᠳᠬᠤ ᠭᠠᠵᠠᠷ ᠵᠡᠷᠭᠡ  ᠣᠷᠴᠢᠨ ᠳᠤ ᠣᠯᠵᠤ ᠬᠠᠷᠠᠳᠠᠭ᠂ ᠪᠠᠰᠠ ᠵᠠᠷᠢᠮ  ᠶᠡᠭᠡ ᠲᠡᠷᠭᠡᠨ ᠤ ᠵᠢᠯᠣᠭᠤᠴᠢ ᠲᠡᠷᠭᠡ ᠵᠢᠯᠣᠭᠤᠳᠤᠭᠠᠳ ᠶᠠᠳᠠᠷᠠᠵᠤ ᠵᠦᠳᠡᠷᠡᠬᠦ ᠳᠡᠭᠡᠨ ᠬᠠᠯᠠᠭᠠᠵᠤ ᠰᠣᠷᠣᠭᠤᠯᠤᠨ᠎ᠠ᠃ ᠬᠤᠤᠷᠲᠤ ᠡᠳ᠋ ᠤᠨ ᠠᠨᠨᠠᠲᠷᠢ ᠶᠢᠨ ᠺᠠᠷᠲ ᠢ ᠲᠠᠲᠠᠵᠤ ᠢᠳᠡᠬᠦ ᠨᠢ ᠬᠠᠤᠯᠢ ᠶᠢ ᠵᠥᠷᠢᠴᠡᠭᠰᠡᠨ  ᠦᠢᠯᠡ ᠠᠵᠢᠯᠯᠠᠭ᠎ᠠ ᠳᠤ ᠲᠣᠭᠠᠴᠠᠭᠳᠠᠨ᠎ᠠ᠂ ᠬᠡᠷᠪᠡ ᠠᠨᠨᠠᠲᠷᠢ ᠶᠢᠨ ᠺᠠᠷᠲ ᠢ ᠬᠠᠤᠯᠢ ᠪᠤᠰᠤ ᠪᠠᠷ  ᠦᠢᠯᠡᠳᠦᠭᠰᠡᠨ᠂ ᠫᠠᠨᠽᠠᠯᠠᠭᠰᠠᠨ ᠪᠠᠶᠢᠪᠠᠯ ᠬᠤᠤᠷᠲᠤ ᠡᠳ᠋ ᠢ  ᠦᠢᠯᠡᠳᠦᠭᠰᠡᠨ᠂ ᠫᠠᠨᠽᠠᠯᠠᠭᠰᠠᠨ ᠶᠠᠯ᠎ᠠ ᠪᠣᠯᠵᠣ ᠪᠦᠷᠢᠯᠳᠦᠨ᠎ᠡ᠃ ᠥᠷᠭᠡᠨ ᠣᠯᠠᠨ ᠬᠤᠲᠠ ᠶᠢᠨ ᠠᠷᠠᠳ ᠡᠷᠬᠡᠪᠰᠢ ᠬᠤᠤᠷᠲᠤ ᠡᠳ᠋ ᠤᠨ ᠲᠤᠬᠠᠶ ᠲᠠᠨᠢᠯᠲᠠ ᠪᠠ ᠬᠤᠤᠷ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠂ ᠢᠩᠭᠢᠪᠡᠯ ᠰᠠᠶ᠋ᠢ ᠬᠤᠤᠷᠲᠤ ᠡᠳ᠋ ᠠᠴᠠ ᠬᠤᠯᠠᠳᠠᠵᠤ ᠴᠢᠳᠠᠨ᠎ᠠ ᠭᠡᠵᠦ ᠤᠷᠢᠶᠠᠯᠠᠵᠤ ᠪᠠᠶᠢᠨ᠎ᠠ᠃


未命名_副本.jpg


ᠰᠢᠨ᠎ᠡ ᠬᠡᠯᠪᠡᠷᠢ ᠶᠢᠨ ᠬᠤᠤᠷᠲᠤ ᠡᠳ᠋ ᠨᠢ ᠶᠠᠭᠤ ᠶᠠᠭᠤ ᠪᠠᠶᠢᠳᠠᠭ ᠪᠣᠶ︖ ︽ᠲᠣᠯᠣᠭᠠᠶ ᠰᠠᠵᠢᠯᠠᠭᠤᠯᠬᠤ ᠦᠷᠢᠯ︾ ︽ᠬᠥᠬᠡ ᠰᠢᠮᠨᠤ︾ ︽ᠺᠠᠶ ᠰᠢᠨ ᠱᠦᠶ︾ ︽ᠰᠦᠯᠵᠢᠶᠡᠨ  ᠣᠳᠤ ᠶᠢᠨ ᠮᠠᠷᠢᠶ᠎ᠠ ᠶᠢ ᠪᠠᠭᠤᠷᠠᠭᠤᠯᠬᠤ ᠡᠮ︾ ︽ᠰᠦ᠋ ᠲᠠᠢ ᠴᠠᠶ︾ ︽ᠱᠧᠨ ᠰᠢᠶᠠᠨ ᠱᠦᠶ︾ ︽ᠦᠰᠦᠷᠦᠯᠲᠡ ᠶᠢᠨ ᠰᠢᠬᠢᠷ︾ ᠵᠡᠷᠭᠡ ᠣᠯᠠᠨ ᠪᠠᠶᠢᠳᠠᠭ᠃ ᠣᠶᠢᠷ᠎ᠠ ᠶᠢᠨ ᠵᠢᠯ ᠤᠳ ᠲᠤ᠂ ᠣᠯᠠᠨ ᠤᠯᠤᠰ ᠤᠨ ᠬᠤᠣᠷ ᠤᠨ ᠲᠦᠯᠬᠢᠭᠡᠨ ᠤ ᠨᠥᠯᠥᠭᠡ ᠠᠴᠠ ᠪᠣᠯᠵᠤ᠂ ᠪᠥᠬᠦ ᠳᠡᠯᠡᠬᠡᠶ ᠳᠤ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠲᠥᠷᠥᠯ  ᠵᠦᠢᠯ ᠮᠠᠰᠢ ᠣᠯᠠᠨ  ᠲᠠᠰᠤᠷᠠᠯᠲᠠ ᠥᠬᠡᠶ ᠢᠯᠡᠷᠡᠵᠦ᠂ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠬᠡᠯᠪᠡᠷᠢ ᠳᠦᠷᠰᠦ ᠨᠢ ᠶᠠᠩᠵᠤ ᠪᠦᠷᠢ ᠶᠢᠨ ᠪᠠᠶᠢᠵᠤ᠂ ᠲᠦᠢᠯ ᠤᠨ ᠬᠠᠭᠤᠷᠮᠠᠭᠯᠠᠬᠤ ᠴᠢᠨᠠᠷ᠂ ᠳᠠᠯᠳᠠ ᠴᠢᠨᠠᠷ ᠪᠠ ᠲᠥᠭᠡᠷᠢᠭᠳᠡᠭᠦᠯᠬᠦ ᠴᠢᠨᠠᠷ ᠲᠠᠢ ᠪᠠᠶᠢᠵᠤ᠂ ᠵᠠᠯᠠᠭᠤᠴᠤᠳ ᠪᠠᠭᠠᠴᠤᠳ ᠲᠤ ᠲᠦᠢᠯ ᠤᠨ ᠠᠮᠠᠷᠬᠠᠨ ᠲᠥᠭᠡᠷᠢᠭᠳᠡᠭᠦᠯᠬᠦ ᠪᠠ ᠬᠤᠤᠷ ᠬᠥᠨᠥᠭᠡᠯ ᠤᠴᠠᠷᠠᠭᠤᠯᠳᠠᠭ ᠪᠣᠯᠬᠤᠷ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠪᠠᠷ ᠤᠬᠠᠭᠤᠯᠭ᠎ᠠ ᠬᠥᠮᠦᠵᠢᠯ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨ᠎ᠡ ᠬᠡᠯᠪᠡᠷᠢ ᠶᠢᠨ ᠬᠤᠤᠷᠲᠤ ᠡᠳ᠋ ᠢ ᠰᠡᠷᠭᠡᠶᠢᠯᠡᠬᠦ ᠪᠠ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠶᠤᠮ᠃


R-C1.gif


ᠢᠨᠢᠶᠡᠯᠭᠡᠬᠦ ᠬᠡᠢ᠄ ᠡ᠊ᠨᠳᠡ  ᠪᠠᠰᠠ ᠳᠤᠷᠠᠳᠬᠤ ᠭᠡᠵᠦ ᠪᠠᠶᠢᠭ᠎ᠠ ᠨᠢᠭᠡ ᠵᠦᠢᠯ ᠤᠨ ᠬᠡᠢ ᠪᠡᠶᠡᠲᠦ—— ᠢᠨᠢᠶᠡᠯᠭᠡᠬᠦ  ᠬᠡᠢ᠂ ᠬᠢᠮᠢ ᠶᠢᠨ ᠨᠡᠷ᠎ᠡ ᠪᠣᠯ ᠬᠤᠶᠠᠷ ᠠᠽᠣᠲ ᠤᠨ ᠳᠠᠩ ᠢᠰᠦᠯ᠂ ᠥᠩᠭᠡ ᠦᠭᠡᠢ ᠰᠢᠬᠢᠷᠯᠢᠭ ᠬᠡᠢ ᠪᠡᠶᠡᠲᠦ᠂ ᠨᠢᠭᠡ ᠵᠦᠢᠯ ᠤᠨ ᠢᠰᠦᠯᠳᠦᠭᠦᠯᠦᠭᠴᠢ ᠮᠥᠨ᠂ ᠵᠣᠬᠢᠬᠤ ᠨᠥᠬᠦᠴᠡᠯ ᠤᠨ ᠳᠣᠣᠷ᠎ᠠ ᠰᠢᠲᠠᠯᠲᠠ ᠶᠢ ᠳᠡᠮᠵᠢᠳᠡᠭ᠂ ᠭᠡᠪᠡᠴᠦ ᠭᠡᠷ ᠤᠨ ᠳᠤᠯᠠᠭᠠᠨ ᠳᠣᠣᠷ᠎ᠠ ᠲᠣᠭᠲᠠᠪᠤᠷᠢᠲᠠᠶ᠂ ᠵᠢᠭᠠᠬᠠᠨ ᠮᠢᠨᠴᠦᠭᠦᠷᠡᠭᠦᠯᠬᠦ ᠦᠢᠯᠡᠳᠦᠯ ᠲᠠᠢ ᠃ ᠲᠡᠭᠦᠨ ᠤ ᠮᠢᠨᠴᠦᠭᠦᠷᠡᠭᠦᠯᠬᠦ ᠦᠢᠯᠡᠳᠦᠯ ᠢ 1799 ᠣᠨ ᠳᠤ ᠠᠩᠭ᠍ᠯᠢ ᠶᠢᠨ ᠬᠢᠮᠢ ᠶᠢᠨ ᠤᠬᠠᠭᠠᠨᠲᠠᠨ ᠬᠠᠨᠹᠯᠸᠢ · ᠳ᠋ᠠᠸᠢ ᠢᠯᠡᠷᠡᠭᠦᠯᠪᠡ᠃ ᠲᠤᠰ ᠬᠡᠢ ᠪᠡᠶᠡᠲᠦ ᠶᠢ ᠡᠷᠲᠡ ᠦᠶ᠎ᠡ ᠳᠤ ᠰᠢᠳᠦᠨ ᠤ ᠰᠠᠯᠠᠭᠠᠨ ᠤ ᠮᠡᠰᠡ ᠵᠠᠰᠠᠯ ᠤᠨ ᠮᠢᠨᠴᠦᠭᠦᠷᠡᠭᠦᠯᠭᠡ ᠳᠤ ᠬᠡᠷᠡᠭᠯᠡᠵᠦ᠂ ᠬᠥᠮᠦᠨ ᠲᠥᠷᠥᠯᠬᠢᠲᠡᠨ ᠤ ᠬᠠᠮᠤᠭ ᠡᠷᠲᠡ ᠡᠮᠴᠢᠯᠡᠭᠡᠨ ᠤ ᠬᠦᠷᠢᠶᠡᠨ ᠳᠤ ᠬᠡᠷᠡᠭᠯᠡᠵᠦ ᠪᠠᠶᠢᠭᠰᠠᠨ ᠮᠢᠨᠴᠦᠭᠦᠷᠡᠭᠦᠯᠬᠦ ᠡᠮ ᠤᠨ ᠨᠢᠭᠡ ᠪᠣᠯᠤᠨ᠎ᠠ  ᠃ ᠣᠳᠣ ᠭᠠᠳᠠᠷ ᠰᠠᠯᠠᠭᠠᠨ ᠤ ᠮᠡᠰᠡ ᠵᠠᠰᠠᠯ ᠪᠠ ᠰᠢᠳᠦᠨ ᠤ ᠰᠠᠯᠠᠭᠠᠨ ᠤ ᠮᠡᠰᠡ ᠵᠠᠰᠠᠯ ᠤᠨ ᠳᠤᠮᠳᠠ ᠮᠢᠨᠴᠦᠭᠦᠷᠡᠭᠦᠯᠬᠦ ᠪᠠ ᠡᠪᠡᠳᠬᠦ ᠶᠢ ᠵᠣᠭᠰᠣᠭᠠᠬᠤ ᠦᠢᠯᠡᠳᠦᠯ ᠲᠠᠢ᠃ ᠢᠨᠢᠶᠡᠯᠭᠡᠬᠦ  ᠬᠡᠢ ᠶᠢ ᠪᠠᠰᠠ ᠢᠳᠡᠭᠡᠨ ᠤ ᠨᠡᠮᠡᠯᠲᠡ ᠡᠳ᠋ ᠲᠤ ᠬᠡᠷᠡᠭᠯᠡᠳᠡᠭ᠃

︽ᠢᠨᠢᠶᠡᠯᠭᠡᠬᠦ  ᠬᠡᠢ︾ ᠶᠢᠨ ᠨᠡᠷ᠎ᠡ ᠶᠢᠨ ᠢᠷᠡᠯᠲᠡ ᠨᠢ ᠡᠶᠢᠮᠦᠷᠬᠦᠦ ᠬᠡᠢ ᠪᠡᠶᠡᠲᠦ ᠶᠢ ᠰᠣᠷᠣᠵᠤ ᠣᠷᠣᠭᠤᠯᠪᠠᠯ ᠬᠥᠮᠦᠨ ᠢ ᠪᠠᠶᠠᠰᠬᠠᠬᠤ ᠮᠥᠷᠲᠡᠭᠡᠨ ᠢᠨᠢᠶᠡᠳᠦ ᠬᠦᠷᠭᠡᠬᠦ ᠳᠤ ᠣᠷᠣᠰᠢᠨ᠎ᠠ᠃ ᠬᠤᠶᠠᠷ ᠠᠽᠣᠲ ᠤᠨ ᠳᠠᠩ ᠢᠰᠦᠯ ᠨᠢ ᠤᠰᠤ᠂ ᠡᠲ᠋ᠠᠨᠤᠯ᠂ ᠡᠲ᠋ᠢᠯ ᠡᠲ᠋ᠧᠷ ᠵᠢᠴᠢ ᠥᠳᠬᠡᠨ ᠬᠦᠬᠦᠷ ᠬᠦᠴᠢᠯ ᠳᠤ ᠠᠭᠤᠰᠳᠠᠭ᠂ ᠪᠠᠰᠠ ᠲᠡᠶᠢᠷᠦᠯᠳᠦ ᠰᠤᠮᠤ ᠪᠣᠯᠤᠨ ᠤᠷᠤᠯᠳᠤᠭᠠᠨ ᠤ ᠲᠡᠷᠭᠡᠨ ᠤ ᠢᠰᠦᠯᠳᠦᠭᠦᠯᠦᠭᠴᠢ ᠵᠢᠴᠢ ᠬᠥᠳᠡᠯᠭᠡᠭᠦᠷ ᠤᠨ ᠳᠠᠮᠵᠢᠭᠤᠯᠬᠤ ᠴᠢᠳᠠᠯ ᠢ ᠨᠡᠮᠡᠭᠳᠡᠭᠦᠯᠳᠡᠭ᠃ ᠠᠩᠬᠠᠷᠤᠭᠤᠰᠢᠲᠠᠶ ᠨᠢ᠂ ᠬᠤᠶᠠᠷ ᠠᠽᠣᠲ ᠤᠨ ᠳᠠᠩ ᠢᠰᠦᠯ ᠪᠣᠯ ᠨᠢᠭᠡ ᠵᠦᠢᠯ ᠤᠨ ᠬᠦᠴᠦᠷᠬᠡᠭ ᠶᠡᠭᠡ ᠬᠦᠯᠡᠮᠵᠢ ᠶᠢᠨ ᠬᠡᠢ ᠪᠡᠶᠡᠲᠦ ᠪᠣᠯᠤᠨ᠎ᠠ᠂ ᠲᠡᠭᠦᠨ ᠤ ᠦᠢᠯᠡᠳᠦᠯ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ 296 ᠳᠠᠬᠢᠨ ᠪᠠᠶᠢᠳᠠᠭ᠃

ᠢᠨᠢᠶᠡᠯᠭᠡᠬᠦ  ᠬᠡᠢ ᠣᠷᠴᠢᠮ ᠤᠨ ᠵᠢᠯ ᠤᠳ ᠲᠤ ᠠᠷᠢᠬᠢᠨ ᠮᠤᠬᠤᠯᠠᠭ ᠤᠨ ᠰᠥᠨᠢ ᠶᠢᠨ ᠲᠠᠯᠠᠪᠤᠷ ᠵᠡᠷᠭᠡ ᠭᠠᠵᠠᠷ  ᠲᠤ ᠨᠡᠯᠢᠶᠡᠳ ᠳᠡᠯᠭᠡᠷᠡᠵᠦ ᠪᠠᠶᠢᠨ᠎ᠠ᠃ ᠢᠨᠢᠶᠡᠳᠦ ᠲᠠᠢ ᠬᠡᠢ ᠶᠢ ᠵᠢᠵᠢᠭ ᠲᠡᠮᠦᠷᠯᠢᠭ ᠯᠣᠩᠬᠤᠨ ᠳᠤ ᠰᠠᠪᠠᠯᠠᠵᠤ᠂ ᠬᠤᠳᠠᠯᠳᠤᠵᠤ᠂ ᠲᠠᠲᠠᠳᠠᠭ᠂ ᠮᠠᠰᠢ ᠤᠯᠠᠨ ᠵᠠᠯᠠᠭᠤᠴᠤᠳ ᠬᠡᠢ ᠪᠥᠮᠪᠦᠭᠡ ᠲᠣᠭᠯᠠᠳᠠᠭ᠂ ᠬᠡᠢ ᠪᠥᠮᠪᠦᠭᠡ ᠦᠯᠢᠶᠡᠳᠡᠭ ᠭᠡᠳᠡᠭ᠂ ᠬᠤᠣᠷ ᠡᠳ᠋ᠯᠡᠭᠴᠢ ᠨᠢ ᠢᠨᠢᠶᠡᠯᠭᠡᠬᠦ  ᠬᠡᠢ ᠶᠢ ᠬᠤᠣᠷᠲᠤ ᠡᠳ᠋ ᠤᠨ ᠣᠷᠣᠯᠠᠬᠤ ᠡᠳ᠋ ᠪᠣᠯᠭᠠᠳᠠᠭ᠂ ᠢᠨᠢᠶᠡᠯᠭᠡᠬᠦ  ᠬᠡᠢ ᠶᠢ ᠬᠤᠣᠷᠲᠤ ᠡᠳ᠋ ᠤᠨ ᠭᠠᠷᠴᠠᠭ ᠲᠤ ᠣᠷᠣᠭᠤᠯᠤᠭᠰᠠᠨ ᠦᠭᠡᠢ᠂ ᠬᠠᠷᠢᠨ ᠳᠤᠷ᠎ᠠ ᠪᠠᠷ ᠢᠶᠠᠨ ᠬᠡᠷᠡᠭᠯᠡᠬᠦ ᠪᠠ ᠠᠷᠢᠬᠢᠨ ᠮᠤᠬᠤᠯᠠᠭ  ᠂ KTV ᠂ ᠰᠦᠯᠵᠢᠶᠡᠨ ᠳᠡᠭᠡᠷ᠎ᠡ ᠢᠯᠡ ᠪᠠᠷ ᠬᠤᠳᠠᠯᠳᠤᠬᠤ ᠪᠠᠶᠢᠳᠠᠯ ᠲᠠᠢ ᠪᠠᠶᠢᠵᠤ᠂ ᠢᠨᠢᠶᠡᠯᠭᠡᠬᠦ  ᠬᠡᠢ ᠢ ᠶᠢ ᠲᠠᠲᠠᠬᠤ ᠠᠵᠢᠯᠯᠠᠭ᠎ᠠ ᠳᠤ ᠴᠤ ᠬᠤᠣᠷ ᠡᠳ᠋ᠯᠡᠭᠴᠢ ᠰᠢᠭ ᠴᠣᠬᠢᠯᠲᠠ ᠥᠭᠬᠦ ᠪᠤᠶᠤ ᠲᠡᠭᠦᠨ ᠢ ᠬᠢᠨᠠᠨ ᠬᠠᠮᠢᠶᠠᠷᠴᠤ ᠪᠣᠯᠬᠤ ᠦᠭᠡᠢ᠃ ︽ᠢᠨᠢᠶᠡᠯᠭᠡᠬᠦ  ᠬᠡᠢ︾  ᠵᠢ‌‍ ᠰᠣᠷᠣᠭᠰᠠᠨ ᠤ ᠳᠠᠷᠠᠭ᠎ᠠ᠂ ᠣᠬᠤᠷᠬᠠᠨ ᠴᠠᠭ ᠤᠨ ᠳᠣᠲᠣᠷ᠎ᠠ ᠬᠥᠮᠦᠨ ᠤ ᠲᠣᠯᠣᠭᠠᠶ ᠡᠷᠭᠢᠬᠦ᠂ ᠬᠡᠶ ᠰᠡᠷᠡᠯ ᠵᠡᠷᠭᠡ ᠠᠯᠢ ᠣᠯᠠᠨ ᠡᠪᠡᠳᠴᠢᠨ ᠤ ᠢᠯᠡᠷᠡᠯ ᠢ ᠠᠪᠴᠢᠷᠠᠵᠤ᠂ ᠬᠠᠷᠠᠭᠠᠨ ᠰᠡᠷᠡᠯ᠂ ᠰᠣᠨᠣᠷ ᠤᠨ ᠰᠡᠷᠡᠯ᠂ ᠮᠥᠴᠢ ᠶᠢᠨ ᠬᠥᠳᠡᠯᠭᠡᠭᠡᠨ ᠵᠡᠷᠭᠡ ᠨᠢ ᠪᠦᠷ ᠨᠥᠯᠥᠭᠡᠯᠡᠭᠳᠡᠵᠦ᠂ ᠭᠠᠷ ᠤᠨ ᠬᠤᠷᠤᠭᠤ᠂ ᠴᠢᠨᠠᠭᠰᠢᠯᠠᠪᠠᠯ ᠭᠠᠷ ᠤᠨ ᠬᠤᠷᠤᠭᠤ ᠨᠢ ᠦᠭᠡ ᠰᠣᠨᠣᠰᠬᠤ ᠥᠬᠡᠶ᠂ ᠳᠠᠬᠢᠨ ᠳᠠᠪᠲᠠᠨ ᠴᠡᠴᠡᠷᠬᠢᠯᠡᠬᠦ ᠪᠠᠶᠢᠳᠠᠯ ᠲᠠᠢ ᠪᠣᠯᠳᠠᠭ᠃ ᠡᠨᠡ ᠦᠶ᠎ᠡ ᠳᠤ ᠬᠥᠮᠦᠨ ᠤ ᠲᠣᠯᠣᠭᠠᠶ ᠡᠷᠭᠢᠬᠦ᠂ ᠬᠡᠶ ᠰᠡᠷᠡᠯ ᠵᠡᠷᠭᠡ ᠠᠯᠢ ᠣᠯᠠᠨ ᠡᠪᠡᠳᠴᠢᠨ ᠤ ᠢᠯᠡᠷᠡᠯ ᠢ ᠠᠪᠴᠢᠷᠠᠵᠤ᠂ ᠬᠠᠷᠠᠭᠠᠨ ᠰᠡᠷᠡᠯ᠂ ᠰᠣᠨᠣᠷ ᠤᠨ ᠰᠡᠷᠡᠯ᠂ ᠮᠥᠴᠢ ᠶᠢᠨ ᠬᠥᠳᠡᠯᠭᠡᠭᠡᠨ ᠵᠡᠷᠭᠡ ᠨᠢ ᠪᠦᠷ ᠨᠥᠯᠥᠭᠡᠯᠡᠭᠳᠡᠨ᠎ᠡ᠃ ᠳ᠋ᠠᠯᠲ᠋ᠤᠨ ᠤ ᠬᠤᠪᠢᠶᠠᠷᠢ ᠳᠠᠷᠤᠯᠲᠠ ᠶᠢᠨ ᠬᠠᠤᠯᠢ ᠶᠢ ᠦᠨᠳᠦᠰᠦᠯᠡᠪᠡᠯ᠂ ᠶᠠᠮᠠᠷ ᠨᠢᠭᠡᠨ ᠬᠥᠮᠦᠨ ᠤ ᠠᠭᠤᠰᠬᠢᠨ ᠤ ᠠᠮᠢᠰᠬᠤᠯ ᠤᠨ ᠪᠠᠭᠲᠠᠭᠠᠮᠵᠢ ᠨᠢ ᠬᠢᠵᠠᠭᠠᠷ ᠲᠠᠢ ᠪᠠᠶᠢᠳᠠᠭ᠂ ᠲᠡᠷᠡ ᠶᠡᠭᠡ ᠬᠡᠮᠵᠢᠶᠡᠨ ᠤ ︽ᠢᠨᠢᠶᠡᠯᠭᠡᠬᠦ  ᠬᠡᠢ︾ ᠶᠢ ᠰᠣᠷᠣᠵᠤ ᠢᠳᠡᠭᠰᠡᠨ ᠤ ᠳᠠᠷᠠᠭ᠎ᠠ᠂ ᠠᠳᠠᠯᠢ ᠴᠠᠭ ᠤᠨ ᠳᠣᠲᠣᠷ᠎ᠠ ᠠᠭᠤᠰᠬᠢᠨ ᠳᠤ ᠰᠣᠷᠣᠵᠤ ᠣᠷᠣᠭᠤᠯᠬᠤ ᠬᠦᠴᠢᠯᠲᠥ᠋ᠷᠥᠭᠴᠢ ᠨᠢ ᠬᠠᠷᠢᠴᠠᠩᠭᠤᠶ ᠪᠠᠷ ᠪᠠᠭᠠᠰᠤᠨ᠎ᠠ᠂ ᠬᠡᠷᠪᠡ ᠦᠷᠭᠦᠯᠵᠢᠯᠡᠬᠦ ᠴᠠᠭ ᠨᠢ ᠨᠡᠯᠢᠶᠡᠳ ᠤᠷᠲᠤ ᠪᠣᠯ ᠠᠮᠢᠰᠬᠤᠯ ᠪᠦᠲᠡᠬᠦ ᠪᠤᠶᠤ ᠴᠢᠨᠠᠭᠰᠢᠯᠠᠪᠠᠯ ᠦᠬᠦᠬᠦ ᠪᠣᠯᠤᠯᠴᠠᠭ᠎ᠠ ᠲᠠᠢ ᠶᠤᠮ᠃   ︽ᠢᠨᠢᠶᠡᠯᠭᠡᠬᠦ  ᠬᠡᠢ ︾ ᠠᠴᠠ ᠪᠣᠯᠤᠭᠰᠠᠨ ᠪᠠᠶᠠᠷ ᠪᠠᠭ᠋ᠠᠳᠤᠯ ᠤᠨ ᠦᠷᠭᠦᠯᠵᠢᠯᠡᠬᠦ ᠴᠠᠭ ᠨᠢ ᠮᠠᠰᠢ ᠣᠬᠤᠷ᠂ ᠡᠶᠢᠮᠦ ᠠᠴᠠ ᠰᠣᠷᠣᠵᠤ ᠢᠳᠡᠭᠴᠢ ᠦᠷᠭᠦᠯᠵᠢ ᠳᠠᠬᠢᠨ ᠳᠠᠪᠲᠠᠨ ᠰᠣᠷᠣᠵᠤ ᠤᠷᠤᠭᠤᠯᠳᠠᠭ᠂ ᠡᠨᠡ ᠨᠢ ᠬᠦᠴᠢᠯᠲᠥ᠋ᠷᠥᠭᠴᠢ ᠳᠤᠲᠠᠭᠳᠠᠬᠤ ᠶᠢᠨ ᠠᠮᠢᠰᠬᠤᠯ ᠪᠦᠲᠡᠬᠦ ᠲᠦᠭᠰᠢᠭᠦᠷᠢ ᠶᠢ ᠨᠡᠮᠡᠭᠳᠡᠭᠦᠯᠳᠡᠭ᠃ ᠡᠭᠦᠨ ᠤ ᠤᠯᠠᠮ ᠠᠴᠠ ᠬᠦᠴᠢᠯᠲᠥ᠋ᠷᠥᠭᠴᠢ ᠳᠤᠲᠠᠭᠳᠠᠬᠤ ᠶᠢᠨ ᠤᠯᠠᠮ ᠠᠴᠠ ᠠᠮᠢᠰᠬᠤᠭ᠎ᠠ ᠪᠦᠲᠡᠬᠦ ᠠᠶᠤᠯ ᠢ ᠨᠡᠮᠡᠭᠳᠡᠭᠦᠯᠳᠡᠭ᠃

2015 ᠣᠨ ᠳᠤ ᠢᠨᠢᠶᠡᠯᠭᠡᠬᠦ  ᠬᠡᠢ  ᠶᠢ ᠠᠶᠤᠯᠲᠠᠶ ᠬᠢᠮᠢ ᠶᠢᠨ ᠪᠣᠳᠠᠰ ᠲᠤ ᠵᠢᠭᠰᠠᠭᠠᠵᠤ᠂ ᠲᠤᠰᠬᠠᠶ ᠡᠵᠡᠩᠨᠡᠬᠦ ᠪᠠ ᠲᠤᠰᠬᠠᠶ ᠬᠤᠳᠠᠯᠳᠤᠬᠤ ᠪᠦᠲᠦᠭᠡᠭᠳᠡᠬᠦᠨ ᠳᠤ ᠲᠣᠭᠠᠴᠠᠭᠳᠠᠨ᠎ᠠ᠂ ᠵᠢᠱᠢᠶᠡᠯᠡᠪᠡᠯ ᠦᠨᠡᠮᠯᠡᠯ ᠥᠬᠡᠶ ᠪᠠᠷ ᠫᠠᠨᠽᠠᠯᠠᠬᠤ ᠵᠡᠷᠭᠡ ᠳᠤ ᠲᠣᠭᠠᠴᠠᠭᠳᠠᠨ᠎ᠠ  ᠃ ︽ᠡᠷᠡᠭᠦᠤ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠪᠡᠯ᠂ ᠬᠠᠤᠯᠢ ᠪᠤᠰᠤ ᠪᠠᠷ ᠡᠵᠡᠩᠨᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠳᠬᠡᠨ᠎ᠡ᠃ ᠡᠭᠦᠨ ᠤ ᠬᠠᠮᠲᠤ ︽ᠢᠨᠢᠶᠡᠯᠭᠡᠬᠦ  ᠬᠡᠢ︾ ᠶᠢ ᠲᠠᠲᠠᠬᠤ ᠨᠢ ᠪᠠᠰᠠ ᠴᠤ ᠬᠠᠤᠯᠢ ᠶᠢ ᠵᠥᠷᠢᠴᠡᠭᠰᠡᠨ ᠠᠵᠢᠯᠯᠠᠭ᠎ᠠ ᠮᠥᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ  ᠰᠢᠢᠳᠬᠡᠯ ᠤᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠠᠶᠤᠯᠲᠠᠶ ᠪᠣᠳᠠᠰ ᠢ ᠬᠡᠷᠡᠭᠯᠡᠭᠰᠡᠨ ᠪᠠᠶᠢᠪᠠᠯ᠂ ᠠᠷᠪᠠᠨ ᠡᠳᠦᠷ ᠠᠴᠠ ᠳᠡᠭᠡᠭᠰᠢ ᠠᠷᠪᠠᠨ ᠲᠠᠪᠤᠨ ᠡᠳᠦᠷ ᠠᠴᠠ ᠳᠣᠭᠤᠭᠰᠢ ᠲᠦᠷ ᠬᠤᠷᠢᠬᠤ ᠪᠠᠷ  ᠰᠢᠢᠳᠬᠡᠨ᠎ᠡ᠃     


2. ᠬᠤᠤᠷᠲᠦ ᠡᠳ᠋ ᠲᠠᠢ ᠬᠤᠯᠪᠤᠭᠳᠠᠭᠰᠠᠨ ᠡᠷᠡᠭᠦᠦ ᠶᠢᠨ ᠬᠠᠤᠯᠢ ᠶᠢᠨ ᠲᠣᠭᠲᠠᠭᠠᠯ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠄

 ᠭᠤᠷᠪᠠᠨ ᠵᠠᠭᠤ ᠳᠥᠴᠢᠨ ᠳᠣᠯᠣᠳᠤᠭᠠᠷ ᠵᠦᠢᠯ ᠳᠤ᠄ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠪᠠᠶᠢᠪᠠᠯ᠂ ᠲᠤᠭ᠎ᠠ ᠬᠡᠮᠵᠢᠶ᠎ᠡ ᠨᠢ ᠬᠡᠳᠦᠶ ᠪᠠᠶᠢᠭᠰᠠᠨ ᠴᠤ ᠴᠥᠮ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠡᠷᠡᠭᠦᠦ ᠶᠢᠨ ᠰᠢᠳᠬᠡᠯ ᠥᠭᠬᠦ ᠬᠡᠷᠡᠭᠲᠡᠶ ᠭᠡᠵᠦ ᠲᠣᠭᠲᠠᠭᠠᠵᠠᠶ᠃

ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠠᠵᠢᠯᠯᠠᠭ᠎ᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ  ᠤᠨ ᠨᠢᠭᠡ ᠨᠢ ᠪᠠᠶᠢᠪᠠᠯ᠂ ᠠᠷᠪᠠᠨ ᠲᠠᠪᠤᠨ ᠵᠢᠯ ᠬᠤᠭᠤᠴᠠᠭ᠎ᠠ ᠲᠠᠢ ᠬᠤᠷᠢᠬᠤ᠂ ᠬᠤᠭᠤᠴᠠᠭ᠎ᠠ ᠤᠢᠭᠡᠢ ᠬᠤᠷᠢᠬᠤ ᠪᠤᠶᠤ ᠠᠯᠠᠬᠤ ᠡᠷᠡᠭᠦᠦ ᠪᠠᠷ ᠰᠢᠳᠬᠡᠵᠦ᠂ ᠡᠳ᠋ ᠬᠦᠷᠦᠩᠭᠡ ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠳᠬᠡᠨ᠎ᠡ᠄

ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠬᠠᠷ᠎ᠠ ᠲᠠᠮᠠᠬᠢ ᠶᠢᠨ ᠲᠤᠭ᠎ᠠ ᠬᠡᠮᠵᠢᠶ᠎ᠡ ᠨᠢ ᠮᠢᠩᠭᠠᠨ ᠭᠷᠠᠮ ᠠᠴᠠ ᠳᠡᠭᠡᠭᠰᠢ᠂ ᠾᠧᠷᠣᠶ᠋ᠢᠨ ᠪᠤᠶᠤ ᠮᠧᠲ᠋ᠢᠯ ᠹᠤᠨᠢᠯ ᠫᠷᠦᠫᠢᠯᠲᠦ ᠠᠮᠢᠨ ᠤ ᠲᠤᠭ᠎ᠠ ᠬᠡᠮᠵᠢᠶ᠎ᠡ ᠨᠢ ᠲᠠᠪᠢᠨ ᠭᠷᠠᠮ ᠠᠴᠠ ᠳᠡᠭᠡᠭᠰᠢ ᠪᠤᠶᠤ ᠪᠤᠰᠤᠳ ᠬᠤᠣᠷᠲᠤ ᠡᠳ᠋ ᠤᠨ ᠲᠤᠭ᠎ᠠ ᠬᠡᠮᠵᠢᠶ᠎ᠡ ᠨᠢ ᠶᠡᠭᠡ ᠪᠠᠶᠢᠬᠤ︔

ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠬᠠᠷ᠎ᠠ ᠲᠠᠮᠠᠬᠢ ᠶᠢᠨ ᠲᠤᠭ᠎ᠠ ᠬᠡᠮᠵᠢᠶ᠎ᠡ ᠨᠢ ᠬᠤᠶᠠᠷ ᠵᠠᠭᠤᠨ ᠭᠷᠠᠮ ᠠᠴᠠ ᠳᠡᠭᠡᠭᠰᠢ ᠨᠢᠭᠡ ᠺᠢᠯᠣᠭ᠍ᠷᠠᠮ ᠬᠦᠷᠬᠦ ᠤᠢᠭᠡᠢ᠂ ᠡᠾᠤᠷᠦᠶ᠋ᠢᠠ ᠪᠤᠶᠤ ᠮᠧᠲ᠋ᠢᠯ ᠹᠤᠨᠢᠯ ᠫᠷᠦᠫᠢᠯᠳᠦ ᠠᠮᠢᠨ ᠤ ᠲᠤᠭ᠎ᠠ ᠬᠡᠮᠵᠢᠶ᠎ᠡ ᠨᠢ ᠠᠷᠪᠠᠨ ᠭᠷᠠᠮ ᠠᠴᠠ ᠳᠡᠭᠡᠭᠰᠢ ᠲᠡᠪᠢᠠ ᠭᠷᠠᠮ ᠬᠦᠷᠬᠦ ᠤᠢᠭᠡᠢ ᠪᠤᠶᠤ ᠪᠤᠰᠤᠳ ᠬᠤᠣᠷᠲᠤ ᠡᠳ᠋ ᠤᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠲᠤᠯᠦᠭᠠᠠ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃

ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠬᠠᠷ᠎ᠠ ᠲᠠᠮᠠᠬᠢ ᠶᠢᠨ ᠲᠤᠭ᠎ᠠ ᠨᠢ ᠬᠤᠶᠠᠷ ᠵᠠᠭᠤᠨ ᠭᠷᠠᠮ ᠬᠦᠷᠬᠦ ᠤᠢᠭᠡᠢ᠂ ᠡᠾᠤᠷᠦᠶ᠋ᠢᠠ ᠪᠤᠶᠤ ᠮᠧᠲ᠋ᠢᠯ ᠹᠤᠨᠢᠯ ᠫᠷᠦᠫᠢᠯᠳᠦ ᠠᠮᠢᠨ ᠤ ᠲᠤᠭ᠎ᠠ ᠨᠢ ᠠᠷᠪᠠᠨ ᠭᠷᠠᠮ ᠬᠦᠷᠬᠦ ᠤᠢᠭᠡᠢ ᠪᠤᠶᠤ ᠪᠤᠰᠤᠳ ᠪᠠᠭ᠎ᠠ ᠬᠡᠮᠵᠢᠶᠡᠨ ᠤ ᠬᠤᠣᠷᠲᠤ ᠡᠳ᠋ ᠤᠨ ᠲᠤᠭ᠎ᠠ ᠲᠠᠢ ᠨᠢ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃

ᠦᠢᠯᠡ ᠪᠠᠶᠢᠳᠠᠯ ᠨᠢ ᠬᠦᠨᠳᠦ ᠨᠣᠴᠢᠲᠠᠶ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖ ᠬᠠᠤᠯᠢ ᠴᠠᠭᠠᠵᠠ ᠶᠢᠨ ᠲᠠᠶᠢᠯᠪᠤᠷᠢᠯᠠᠯᠲᠠ᠄

* ᠣᠯᠠᠨ ᠬᠥᠮᠦᠨ ᠳᠤ ᠬᠤᠣᠷᠲᠤ ᠡᠳ᠋ ᠫᠠᠨᠽᠠᠯᠠᠭᠰᠠᠨ ᠪᠤᠶᠤ ᠬᠤᠣᠷᠲᠤ ᠡᠳ᠋ ᠢ ᠣᠯᠠᠨ ᠤᠳᠠᠭ᠎ᠠ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ︔

* ᠬᠤᠣᠷ ᠡᠳ᠋ᠯᠡᠬᠦ ᠶᠢ ᠵᠣᠭᠰᠣᠭᠠᠬᠤ ᠭᠠᠵᠠᠷ᠂ ᠬᠢᠨᠠᠨ ᠬᠠᠮᠢᠶᠠᠷᠬᠤ ᠭᠠᠵᠠᠷ ᠲᠤ ᠬᠤᠣᠷᠲᠤ ᠡᠳ᠋ ᠫᠠᠨᠽᠠᠯᠠᠭᠰᠠᠨ︔

* ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠬᠤᠣᠷᠲᠤ ᠡᠳ᠋ ᠫᠠᠨᠽᠠᠯᠠᠭᠰᠠᠨ︔

* ᠵᠡᠮᠳᠡᠭ ᠬᠥᠮᠦᠨ᠂ ᠬᠦᠨᠳᠦ ᠡᠪᠡᠳᠴᠢᠨ ᠲᠠᠢ ᠡᠪᠡᠳᠴᠢᠲᠡᠨ᠂ ᠵᠢᠷᠮᠦᠰᠦᠨ ᠪᠤᠶᠤ ᠨᠢᠯᠬ᠎ᠠ ᠬᠡᠦᠬᠡᠳ ᠢᠶᠠᠨ ᠬᠦᠬᠦᠬᠦᠯᠵᠦ ᠪᠠᠶᠢᠭ᠎ᠠ ᠡᠮᠡᠭᠲᠡᠶ ᠶᠢ ᠵᠣᠬᠢᠶᠠᠨ ᠪᠠᠶᠢᠭᠤᠯᠵᠤ᠂ ᠠᠰᠢᠭᠯᠠᠵᠤ ᠪᠠᠶᠢᠭᠠᠳ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ︔

* ᠲᠦᠷᠦ ᠶᠢᠨ ᠠᠵᠢᠯᠲᠠᠨ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ︔

** ᠦᠢᠯᠡ ᠪᠠᠶᠢᠳᠠᠯ ᠨᠢ ᠬᠦᠨᠳᠦ ᠨᠣᠴᠢᠲᠠᠢ ᠪᠤᠰᠤᠳ ᠪᠠᠶᠢᠳᠠᠯ᠃

ᠪᠤᠰᠤᠳ ᠶᠠᠯ᠎ᠠ ᠶᠢᠨ ᠡᠷᠡᠭᠦᠦ ᠶᠢᠨ ᠬᠠᠤᠯᠢ ᠶᠢ ᠶᠡᠷᠦ ᠳᠡᠭᠡᠨ ᠴᠥᠮ ᠬᠦᠩᠭᠡᠨ ᠠᠴᠠ ᠬᠦᠨᠳᠦ ᠳᠤ ᠬᠦᠷᠲᠡᠯ᠎ᠡ ᠵᠢᠭᠰᠠᠭᠠᠨ ᠲᠣᠭᠠᠴᠢᠳᠠᠭ᠃ ᠭᠡᠪᠡᠴᠦ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠬᠦᠨᠳᠦ ᠠᠴᠠ ᠬᠦᠩᠭᠡᠨ ᠳᠤ ᠬᠦᠷᠲᠡᠯ᠎ᠡ ᠵᠢᠭᠰᠠᠭᠠᠨ᠎ᠠ᠂ ᠪᠢᠳᠡᠨ ᠤ ᠰᠠᠶ᠋ᠢ ᠶᠢᠨ ᠶᠠᠷᠢᠭᠰᠠᠨ 15 ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠠᠴᠠ ᠳᠡᠭᠡᠭᠰᠢ ᠡᠷᠡᠭᠦᠦ ᠶᠢᠨ ᠰᠢᠳᠬᠡᠯ ᠢ ᠡᠩ ᠲᠡᠷᠢᠭᠦᠨ ᠳᠤ ᠵᠢᠭᠰᠠᠭᠠᠵᠤ᠂ ᠲᠠᠷᠠᠭ᠎ᠠ ᠨᠢ ᠲᠤᠯᠤᠭᠠᠨ ᠵᠢᠯ ᠠᠴᠠ ᠳᠡᠭᠡᠭᠰᠢ᠂ ᠭᠤᠷᠪᠠ ᠠᠴᠠ ᠲᠤᠯᠤᠭᠠᠨ ᠵᠢᠯ᠂ ᠭᠤᠷᠪᠠᠨ ᠵᠢᠯ ᠠᠴᠠ ᠳᠣᠭᠤᠭᠰᠢ ᠪᠠᠶᠢᠯᠭᠠᠨ᠎ᠠ᠂ ᠡᠭᠦᠨ ᠠᠴᠠ ᠤᠯᠤᠰ ᠠᠴᠠ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠭᠰᠠᠨ ᠢ ᠮᠡᠳᠡᠵᠤ ᠪᠣᠯᠤᠨ᠎ᠠ᠂ ᠲᠡᠷᠡᠴᠢᠯᠡᠨ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠪᠠᠶᠢᠪᠠᠯ᠂ ᠲᠤᠭ᠎ᠠ ᠬᠡᠮᠵᠢᠶ᠎ᠡ ᠨᠢ ᠬᠡᠳᠦᠶ ᠪᠠᠶᠢᠭᠰᠠᠨ ᠴᠤ ᠴᠥᠮ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃


微信图片_20220317105526.jpg


3. ᠬᠤᠣᠷᠲᠤ ᠡᠳ᠋ ᠤᠨ ᠬᠤᠣᠷ ᠬᠥᠨᠥᠭᠡᠯ

 ᠪᠡᠶ᠎ᠡ ᠰᠡᠳᠬᠢᠯ ᠢ ᠬᠤᠣᠷᠯᠠᠨ᠎ᠠ

— ᠪᠡᠶ᠎ᠡ ᠮᠠᠬᠠᠪᠣᠳ ᠲᠤ ᠨᠠᠶᠢᠳᠠᠮᠠᠲᠠᠭᠠᠶ ᠴᠢᠨᠠᠷᠲᠠᠶ᠂ ᠬᠤᠣᠷᠲᠤ ᠡᠳ᠋ ᠬᠥᠮᠦᠨ ᠤ ᠪᠡᠶ᠎ᠡ ᠳᠤ ᠦᠢᠯᠡᠳᠦᠯ ᠦᠵᠡᠭᠦᠯᠦᠨ᠂ ᠬᠥᠮᠦᠨ ᠤ ᠪᠡᠶ᠎ᠡ ᠳᠤ ᠵᠣᠬᠢᠴᠠᠬᠤ ᠴᠢᠨᠠᠷ ᠤᠨ ᠬᠤᠪᠢᠷᠠᠯᠲᠠ ᠡᠭᠦᠰᠭᠡᠨ᠎ᠡ᠂ ᠡᠮ ᠢᠶᠠᠨ ᠵᠣᠭᠰᠣᠮᠠᠭᠴᠠ ᠮᠠᠬᠠᠪᠣᠳ ᠤᠨ ᠠᠵᠢᠯᠯᠠᠭ᠎ᠠ ᠨᠢ ᠰᠠᠮᠠᠭᠤᠷᠠᠵᠤ᠂ ᠠᠯᠢ ᠣᠯᠠᠨ ᠬᠦᠨᠳᠦ ᠨᠣᠴᠢᠲᠠᠶ ᠲᠤᠰᠬᠠᠯ ᠭᠠᠷᠳᠠᠭ᠂ ᠡᠭᠦᠨ ᠢ ᠴᠡᠭᠡᠷᠯᠡᠬᠦ ᠤᠷᠪᠠᠯ ᠭᠡᠳᠡᠭ᠂ ᠡᠮ ᠬᠡᠷᠡᠭᠯᠡᠭᠴᠢ ᠴᠡᠭᠡᠷᠯᠡᠬᠦ ᠤᠷᠪᠠᠯ ᠠᠴᠠ ᠵᠠᠶᠢᠯᠠᠰᠬᠢᠬᠦ ᠶᠢᠨ ᠲᠥᠯᠥᠭᠡ ᠡᠷᠬᠡᠪᠰᠢ ᠲᠣᠭᠲᠠᠭᠰᠠᠨ ᠴᠠᠭ ᠲᠤ ᠡᠮ ᠬᠡᠷᠡᠭᠯᠡᠬᠦ ᠬᠡᠷᠡᠭᠲᠡᠶ ᠪᠥᠭᠡᠳ ᠬᠡᠮᠵᠢᠶ᠎ᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠵᠦ᠂ ᠬᠤᠣᠷ ᠲᠠᠲᠠᠭᠴᠢ ᠶᠢ ᠡᠳᠦᠷ ᠲᠤᠵᠢ ᠬᠤᠣᠷᠲᠤ ᠡᠳ᠋ ᠠᠴᠠ ᠰᠠᠯᠵᠤ ᠴᠢᠳᠠᠬᠤ ᠦᠭᠡᠢ ᠪᠣᠯᠭᠠᠳᠠᠭ᠃

— ᠣᠶᠤᠨ ᠰᠠᠨᠠᠭᠠᠨ ᠤ ᠨᠠᠶᠢᠳᠠᠮᠠᠲᠠᠭᠠᠶ ᠴᠢᠨᠠᠷ᠂ ᠬᠤᠤᠷᠲᠤ ᠡᠳ᠋ ᠬᠥᠮᠦᠨ ᠤ ᠪᠡᠶ᠎ᠡ ᠳᠤ ᠤᠷᠤᠭᠰᠠᠨ ᠤ ᠳᠠᠷᠠᠭ᠎ᠠ ᠬᠥᠮᠦᠨ ᠤ ᠮᠡᠳᠡᠷᠡᠯ ᠤᠨ ᠰᠢᠰᠲ᠋ᠧᠮ ᠳᠤ  ᠦᠢᠯᠡᠳᠦᠯ ᠦᠵᠡᠭᠦᠯᠵᠦ᠂ ᠬᠤᠤᠷ ᠲᠠᠲᠠᠭᠴᠢ ᠶᠢ ᠡᠮ ᠬᠡᠷᠡᠭᠯᠡᠬᠦ ᠶᠢ  ᠰᠠᠨᠠᠬᠤ ᠴᠢᠩᠭ᠎ᠠ ᠬᠦᠰᠡᠯ ᠲᠠᠢ ᠪᠣᠯᠭᠠᠵᠤ᠂ ᠬᠤᠤᠷ ᠲᠠᠲᠠᠭᠴᠢ ᠶᠢ ᠶᠠᠭᠤ ᠶᠢ ᠴᠤ ᠬᠠᠶᠢᠬᠤᠷᠤᠯ ᠥᠬᠡᠶ ᠪᠠᠷ ᠬᠤᠤᠷᠲᠤ ᠡᠳ᠋ ᠢ ᠡᠷᠢᠬᠦ ᠪᠠ ᠬᠡᠷᠡᠭᠯᠡᠬᠦ ᠳᠤ ᠬᠦᠷᠦᠭᠦᠯᠳᠡᠭ᠃ ᠣᠶᠣᠨ ᠰᠠᠨᠠᠭᠠᠨ ᠤ ᠲᠦᠰᠢᠭᠯᠡᠯ ᠢᠯᠡᠷᠡᠭᠰᠡᠨ ᠤ ᠳᠠᠷᠠᠭ᠎ᠠ᠂ ᠬᠤᠣᠷ ᠢ ᠨᠢ ᠠᠷᠢᠯᠭᠠᠬᠤ ᠡᠮᠴᠢᠯᠡᠭᠡ ᠪᠠᠷ ᠳᠠᠮᠵᠢᠵᠤ᠂ ᠲᠦᠷᠭᠡᠨ ᠴᠢᠨᠠᠷᠲᠠᠶ ᠬᠤᠭᠤᠴᠠᠭᠠᠨ ᠤ ᠴᠡᠭᠡᠷᠯᠡᠬᠦ ᠲᠤᠰᠬᠠᠯ ᠢ ᠦᠨᠳᠦᠰᠦᠨ ᠳᠡᠭᠡᠨ ᠡᠵᠡᠮᠰᠢᠭᠰᠡᠨ ᠤ ᠳᠠᠷᠠᠭ᠎ᠠ᠂ ᠤᠤᠯ ᠤᠨ ᠹᠢᠽᠢᠣᠯᠣᠭᠢ ᠶᠢᠨ ᠠᠵᠢᠯᠯᠠᠭ᠎ᠠ ᠪᠠᠨ ᠪᠦᠷᠢᠮᠦᠰᠦᠨ ᠡᠷᠡᠭᠦᠯᠵᠢᠭᠦᠯᠬᠦ ᠳᠤ ᠶᠡᠷᠦ ᠳᠡᠭᠡᠨ ᠬᠡᠳᠦᠨ ᠰᠠᠷ᠎ᠠ ᠪᠤᠶᠤ ᠬᠡᠳᠦᠨ ᠵᠢᠯ ᠤᠨ ᠬᠤᠭᠤᠴᠠᠭ᠎ᠠ ᠬᠡᠷᠡᠭᠰᠡᠨ᠎ᠡ᠃ ᠨᠠᠩ ᠬᠦᠨᠳᠦ ᠨᠣᠴᠢᠲᠠᠶ ᠨᠢ᠂ ᠬᠤᠤᠷᠲᠤ ᠡᠳ᠋ ᠲᠤ ᠨᠠᠶᠢᠳᠠᠬᠤ ᠴᠢᠨᠠᠷ ᠢ ᠠᠷᠢᠯᠭᠠᠬᠤ ᠳᠤ ᠪᠡᠷᠬᠡ ᠪᠠᠶᠢᠳᠠᠭ᠃ ᠡᠨᠡ ᠪᠣᠯ ᠮᠠᠰᠢ ᠣᠯᠠᠨ ᠬᠤᠣᠷ ᠲᠠᠲᠠᠭᠴᠢᠳ ᠳᠠᠬᠢᠨ ᠳᠠᠪᠲᠠᠨ ᠬᠤᠣᠷ ᠲᠠᠲᠠᠭᠰᠠᠨ ᠤ ᠰᠢᠯᠲᠠᠭᠠᠨ ᠪᠥᠭᠡᠳ ᠳᠡᠯᠡᠬᠡᠶ ᠶᠢᠨ ᠡᠮᠨᠡᠯᠭᠡ᠂ ᠡᠮ ᠤᠨ ᠰᠤᠳᠤᠯᠤᠯ ᠤᠨ ᠬᠢᠨ ᠤ  ᠰᠢᠢᠳᠪᠦᠷᠢᠯᠡᠭᠦᠰᠢᠲᠡᠢ ᠰᠡᠳᠦᠪ ᠪᠣᠯᠤᠨ᠎ᠠ᠃

— ᠬᠥᠮᠦᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠤᠨ᠎ᠠ᠂ ᠬᠥᠮᠦᠨ ᠾᠧᠷᠣᠶ᠋ᠢᠨ ᠢ ᠰᠣᠷᠣᠵᠤ ᠢᠳᠡᠭᠰᠡᠨ ᠤ ᠳᠠᠷᠠᠭ᠎ᠠ᠂ ᠳᠣᠲᠣᠭᠠᠳᠤ ᠢᠷᠡᠯᠲᠡ ᠶᠢᠨ ᠴᠢᠨᠠᠷᠲᠠᠶ ᠬᠠᠷ᠎ᠠ ᠲᠠᠮᠠᠬᠢ ᠶᠢᠨ ᠫᠧᠫᠲ᠋ᠢᠳ᠋ ᠤᠨ ᠡᠭᠦᠰᠦᠯᠲᠡ ᠶᠢ ᠬᠤᠷᠢᠭᠯᠠᠵᠤ᠂ ᠠᠭᠠᠵᠢᠮ ᠢᠶᠠᠷ ᠾᠧᠷᠣᠶ᠋ᠢᠨ ᠤ ᠦᠢᠯᠡᠳᠦᠯ ᠳᠣᠣᠷᠠᠬᠢ ᠲᠡᠩᠴᠡᠭᠦᠷᠢᠲᠦ ᠪᠠᠶᠢᠳᠠᠯ ᠢ ᠪᠣᠢ ᠪᠣᠯᠭᠠᠨ᠎ᠠ᠂ ᠬᠡᠷᠡᠭᠯᠡᠬᠦ ᠪᠠᠨ ᠵᠣᠭᠰᠣᠮᠠᠭᠴᠠ ᠰᠠᠨᠠᠭ᠎ᠠ ᠵᠣᠪᠠᠭ᠋ᠤ᠂ ᠪᠠᠴᠢᠮᠳᠠᠬᠤ᠂ ᠭᠡᠨᠡᠳᠲᠡ ᠬᠦᠢᠲᠡᠷᠡᠵᠦ ᠭᠡᠨᠡᠳᠲᠡ ᠬᠠᠯᠠᠭᠤᠷᠠᠬᠤ᠂ ᠠᠷᠠᠰᠤ ᠪᠡᠷᠴᠢᠭᠢᠷ ᠭᠠᠷᠬᠤ᠂ ᠨᠢᠯᠪᠤᠰᠤ ᠭᠤᠭᠤᠵᠢᠬᠤ᠂ ᠨᠢᠰᠤ ᠭᠤᠭᠤᠵᠢᠬᠤ᠂ ᠬᠥᠯᠥᠰᠥ ᠭᠠᠷᠬᠤ᠂ ᠳᠤᠷ᠎ᠠ ᠪᠤᠯᠭᠢᠬᠤ᠂ ᠪᠥᠭᠡᠯᠵᠢᠬᠦ᠂ ᠭᠡᠳᠡᠰᠦ ᠡᠪᠡᠳᠬᠦ᠂ ᠰᠠᠭᠤᠯᠭᠠᠬᠤ ᠵᠡᠷᠭᠡ ᠪᠠᠶᠢᠳᠠᠯ ᠢᠯᠡᠷᠡᠨ᠎ᠡ᠃ ᠡᠨᠡ ᠬᠦ ᠴᠡᠭᠡᠷᠯᠡᠬᠦ ᠲᠤᠰᠬᠠᠯ ᠤᠨ ᠵᠣᠪᠠᠭᠤᠷᠢ ᠨᠢ ᠭᠡᠳᠡᠷᠭᠦ ᠪᠠᠨ ᠬᠤᠣᠷ ᠲᠠᠲᠠᠭᠴᠢᠳ ᠢ ᠡᠨᠡ ᠬᠦ ᠵᠣᠪᠠᠭᠤᠷᠢ ᠠᠴᠠ ᠵᠠᠶᠢᠯᠠᠭᠤᠯᠬᠤ ᠶᠢᠨ ᠲᠥᠯᠥᠭᠡ ᠠᠷᠭ᠎ᠠ ᠪᠦᠬᠦᠨ ᠢ ᠰᠦᠪᠡᠭᠴᠢᠯᠡᠨ ᠬᠤᠣᠷ ᠲᠠᠲᠠᠬᠤ ᠪᠠᠶᠢᠳᠠᠯ ᠢᠶᠠᠨ ᠪᠠᠲᠤᠯᠠᠬᠤ ᠳᠤ ᠬᠦᠷᠦᠭᠦᠯᠳᠡᠭ᠃ ᠮᠥᠰᠥᠮᠥᠯᠵᠢᠨ ᠬᠤᠣᠷ ᠪᠠ ᠲᠣᠯᠣᠭᠠᠶ ᠰᠠᠵᠢᠯᠠᠭᠤᠯᠬᠤ ᠦᠷᠢᠯ ᠨᠢ ᠡᠮ ᠤᠨ ᠵᠦᠢ ᠶᠢᠨ ᠦᠢᠯᠡᠳᠦᠯ ᠤᠨ ᠲᠠᠯ᠎ᠠ ᠪᠠᠷ ᠲᠥᠪ ᠮᠡᠳᠡᠷᠡᠯ ᠢ ᠬᠥᠭᠡᠷᠦᠭᠦᠯᠬᠦ ᠡᠮ ᠳᠤ ᠪᠠᠭᠲᠠᠵᠤ᠂ ᠬᠥᠮᠦᠨ ᠤ ᠮᠡᠳᠡᠷᠡᠯ ᠤᠨ ᠲᠥᠪ ᠢ ᠡᠪᠳᠡᠳᠡᠭ᠃

— ᠠᠮᠢ ᠨᠠᠰᠤ ᠶᠢ ᠨᠥᠯᠥᠭᠡᠯᠡᠨ᠎ᠡ᠂ ᠭᠠᠳᠠᠭᠠᠳᠤ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠬᠤᠣᠷ ᠲᠠᠲᠠᠭᠰᠠᠳ ᠤᠨ ᠣᠯᠠᠩᠬᠢ ᠨᠢ ᠣᠬᠤᠷ ᠨᠠᠰᠤᠯᠠᠵᠤ᠂ ᠡᠩ ᠤᠨ ᠪᠠᠶᠢᠳᠠᠯ ᠳᠤ ᠠᠮᠢ ᠨᠠᠰᠤ ᠨᠢ ᠳᠥᠴᠢᠨ ᠨᠠᠰᠤᠨ ᠠᠴᠠ ᠬᠡᠲᠦᠷᠡᠬᠦ ᠦᠭᠡᠢ ᠪᠠᠶᠢᠳᠠᠭ᠃

— ᠬᠠᠯᠳᠠᠪᠤᠷᠢᠲᠤ ᠡᠪᠡᠳᠴᠢᠨ ᠢ ᠬᠦᠨᠳᠦᠷᠡᠭᠦᠯᠬᠦ᠂ ᠬᠤᠣᠷ ᠲᠠᠲᠠᠬᠤ ᠨᠢ ᠲᠤᠰ ᠬᠥᠮᠦᠨ ᠤ ᠡᠷᠡᠭᠦᠯ ᠮᠡᠨᠳᠦ ᠶᠢ ᠬᠤᠬᠢᠷᠠᠭᠤᠯᠬᠤ ᠪᠠᠷ ᠪᠠᠷᠠᠬᠤ ᠦᠭᠡᠢ ᠪᠠᠰᠠ ᠡᠯᠢᠭᠡᠨ ᠤ B ᠦᠷᠪᠢᠰᠦᠯ᠂ ᠡᠯᠢᠭᠡᠨ ᠤ C ᠦᠷᠪᠢᠰᠦᠯ᠂ ᠪᠡᠯᠭᠡ ᠶᠢᠨ ᠡᠪᠡᠳᠴᠢᠨ ᠢ ᠲᠠᠷᠬᠠᠭᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠪᠣᠢ ᠪᠣᠯᠭᠠᠳᠠᠭ᠂ ᠡᠭᠦᠨ ᠳᠤ ᠬᠠᠮᠤᠭ ᠤᠨ ᠬᠦᠨᠳᠦ ᠨᠣᠴᠢᠲᠠᠶ ᠨᠢ ᠠᠶᠢᠽ ᠡᠪᠡᠳᠴᠢᠨ ᠤ ᠬᠠᠯᠳᠠᠪᠤᠷᠢᠯᠠᠯᠲᠠ ᠪᠠ ᠬᠠᠯᠳᠠᠪᠤᠷᠢᠯᠠᠯᠲᠠ ᠪᠣᠯᠤᠨ᠎ᠠ᠃ ᠡᠭᠦᠨ ᠤ ᠰᠢᠯᠲᠠᠭᠠᠨ ᠨᠢ ᠨᠠᠮᠵᠢᠭᠤᠨ ᠰᠤᠳᠠᠯ ᠢᠶᠠᠷ ᠬᠤᠣᠷᠲᠤ ᠡᠳ᠋ ᠲᠠᠷᠢᠭᠴᠢ ᠴᠡᠪᠡᠷ ᠪᠤᠰᠤ ᠲᠠᠷᠢᠯᠭ᠎ᠠ ᠶᠢᠨ ᠪᠠᠭᠠᠵᠢ ᠶᠢ ᠬᠡᠷᠡᠭᠯᠡᠭᠡᠳ ᠠᠶᠢᠽ ᠡᠪᠡᠳᠴᠢᠨ ᠳᠤ ᠬᠠᠯᠳᠠᠪᠤᠷᠢᠯᠠᠬᠤ ᠨᠣᠷᠮ᠎ᠠ ᠶᠢ ᠲᠦᠢᠯ ᠤᠨ ᠥᠨᠳᠥᠷ ᠪᠣᠯᠭᠠᠳᠠᠭ᠃ ᠢᠯᠠᠩᠭᠤᠶ᠎ᠠ ᠬᠤᠤᠷ ᠲᠠᠲᠠᠬᠤ ᠡᠮᠡᠭᠲᠡᠶ ᠪᠣᠯ ᠨᠠᠩ ᠴᠤ ᠠᠶᠢᠽ ᠡᠪᠡᠳᠴᠢᠨ ᠢ ᠲᠠᠷᠬᠠᠭᠠᠬᠤ ᠪᠠ ᠬᠠᠯᠳᠠᠪᠤᠷᠢᠯᠠᠬᠤ ᠠᠶᠤᠯ ᠶᠡᠬᠡᠲᠡᠶ ᠬᠥᠮᠦᠰ ᠮᠥᠨ᠂ ᠡᠨᠡ ᠨᠢ ᠬᠤᠤᠷ ᠲᠠᠲᠠᠭᠴᠢ ᠶᠢᠨ ᠲᠣᠰ ᠪᠡᠶ᠎ᠡ ᠨᠢ ᠠᠶᠢᠽ ᠡᠪᠡᠳᠴᠢᠨ ᠤ ᠸᠢᠷᠦ᠋ᠰ ᠢ ᠬᠠᠯᠳᠠᠪᠤᠷᠢᠯᠠᠬᠤ ᠠᠴᠠ ᠪᠣᠯᠤᠭᠰᠠᠨ ᠶᠤᠮ᠂ ᠡᠭᠦᠨ ᠠᠴᠠ ᠭᠠᠳᠠᠨ᠎ᠠ᠂ ᠬᠤᠤᠷ ᠲᠠᠲᠠᠬᠤ ᠡᠮᠡᠭᠲᠡᠶ ᠬᠤᠤᠷᠲᠤ ᠡᠳ᠋ ᠬᠤᠳᠠᠯᠳᠤᠨ ᠠᠪᠬᠤ ᠵᠣᠭᠤᠰ ᠮᠥᠩᠭᠦ ᠤᠯᠬᠤ ᠶᠢᠨ ᠲᠥᠯᠥᠭᠡ ᠠᠷᠭ᠎ᠠ ᠪᠤᠰᠤ ᠶᠠᠩᠬᠠᠯᠠᠭᠰᠠᠨ ᠡᠮᠡᠭᠲᠡᠶ ᠪᠣᠯᠵᠣ᠂ ᠡᠯ᠎ᠡ  ᠵᠦᠢᠯ ᠤᠨ ᠥᠩᠭᠡᠨ ᠡᠪᠡᠳᠴᠢᠨ ᠪᠠ ᠬᠠᠯᠳᠠᠪᠤᠷᠢᠯᠠᠯ ᠢᠶᠠᠷ ᠬᠠᠯᠳᠠᠪᠤᠷᠢᠯᠠᠬᠤ ᠠᠶᠤᠯ ᠶᠡᠬᠡᠲᠡᠶ ᠬᠥᠮᠦᠰ ᠪᠠ ᠴᠢᠬᠤᠯᠠ ᠬᠠᠯᠳᠠᠪᠤᠷᠢᠯᠠᠯ ᠤᠨ ᠡᠬᠢ ᠰᠤᠷᠪᠤᠯᠵᠢ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠬᠤᠤᠷ ᠲᠠᠲᠠᠬᠤ ᠡᠮᠡᠭᠲᠡᠶ ᠬᠤᠤᠷᠲᠤ ᠡᠳ᠋ ᠬᠤᠳᠠᠯᠳᠤᠨ ᠠᠪᠬᠤ ᠵᠣᠭᠤᠰ ᠮᠥᠩᠭᠦ ᠤᠯᠬᠤ ᠶᠢᠨ ᠲᠥᠯᠥᠭᠡ ᠠᠷᠭ᠎ᠠ ᠪᠤᠰᠤ ᠶᠠᠩᠬᠠᠯᠠᠭᠰᠠᠨ ᠡᠮᠡᠭᠲᠡᠶ ᠪᠣᠯᠵᠣ᠂ ᠡᠯ᠎ᠡ  ᠵᠦᠢᠯ ᠤᠨ ᠥᠩᠭᠡᠨ ᠡᠪᠡᠳᠴᠢᠨ ᠪᠠ ᠬᠠᠯᠳᠠᠪᠤᠷᠢᠯᠠᠯ ᠢᠶᠠᠷ ᠬᠠᠯᠳᠠᠪᠤᠷᠢᠯᠠᠬᠤ ᠠᠶᠤᠯ ᠶᠡᠬᠡᠲᠡᠶ ᠬᠥᠮᠦᠰ ᠪᠠ ᠴᠢᠬᠤᠯᠠ ᠬᠠᠯᠳᠠᠪᠤᠷᠢᠯᠠᠯ ᠤᠨ ᠡᠬᠢ ᠰᠤᠷᠪᠤᠯᠵᠢ ᠪᠣᠯᠤᠭᠰᠠᠨ ᠪᠠᠶᠢᠨ᠎ᠠ᠃

ᠭᠡᠷ ᠪᠦᠯᠢ ᠳᠤ ᠬᠤᠣᠷ ᠬᠥᠨᠥᠭᠡᠯ ᠤᠴᠠᠷᠠᠭᠤᠯᠤᠭᠰᠠᠨ᠃ ᠬᠤᠣᠷ ᠲᠠᠲᠠᠬᠤ ᠨᠢ ᠶᠡᠭᠡ ᠬᠡᠮᠵᠢᠶᠡᠨ ᠤ ᠭᠡᠷ ᠪᠦᠯᠢ ᠶᠢᠨ ᠭᠤᠨᠢᠭᠲᠤ ᠵᠦᠴᠦᠭᠡ ᠶᠢ ᠡᠭᠦᠰᠭᠡᠳᠡᠭ᠂ ᠭᠡᠷ ᠪᠦᠯᠢ ᠶᠢᠨ ᠳᠣᠲᠣᠷ᠎ᠠ ᠨᠢᠭᠡᠨ ᠬᠤᠣᠷ ᠲᠠᠲᠠᠭᠴᠢ ᠢᠯᠡᠷᠡᠪᠡᠯ᠂ ᠳᠠᠷᠤᠶ ᠶᠠᠳᠠᠭᠤᠷᠠᠯ ᠪᠠ ᠵᠥᠷᠢᠴᠡᠯ ᠨᠢ ᠡᠨᠡ ᠬᠦ ᠭᠡᠷ ᠪᠦᠯᠢ ᠶᠢᠨ ᠲᠣᠭᠤᠷᠢᠨ ᠳᠤ ᠣᠷᠣᠰᠢᠵᠤ᠂ ᠡᠴᠦᠰ ᠤᠨ ᠦᠷ᠎ᠡ ᠳ᠋ᠦᠩ ᠨᠢ ᠣᠯᠠᠩᠬᠢ ᠳᠠᠭᠠᠨ ᠭᠡᠷ ᠬᠦᠷᠦᠩᠭᠡ ᠪᠠᠨ ᠪᠤᠰᠠᠨᠢᠭᠤᠯᠵᠤ᠂ ᠡᠬᠡᠨᠡᠷ ᠬᠡᠦᠬᠡᠳ ᠠᠴᠠ ᠪᠠᠨ ᠰᠠᠯᠵᠤ ᠪᠤᠳᠠᠷᠠᠭᠠᠳ᠂ ᠭᠡᠷ ᠪᠦᠯᠢ ᠨᠢ ᠪᠤᠰᠠᠨᠢᠬᠤ ᠪᠣᠯᠤᠨ᠎ᠠ᠃ ᠶᠠᠭᠤᠨ ᠤ ᠡᠮᠦᠨ᠎ᠡ᠂ ᠬᠤᠣᠷ ᠲᠠᠲᠠᠬᠤ ᠳᠤ ᠶᠡᠭᠡ ᠬᠡᠮᠵᠢᠶᠡᠨ ᠤ ᠵᠣᠭᠤᠰ ᠮᠥᠩᠭᠦ ᠵᠠᠷᠤᠴᠠᠭᠤᠯᠤᠨ᠎ᠠ᠂ ᠵᠣᠬᠢᠬᠤ ᠬᠡᠮᠵᠢᠶᠡᠨ ᠳᠤ ᠬᠦᠷᠪᠡᠯ ᠵᠠᠶᠢᠯᠠᠰᠢ ᠦᠭᠡᠢ ᠭᠡᠷ ᠤᠨ ᠢᠶᠠᠨ ᠡᠳ᠋ ᠬᠦᠷᠦᠩᠭᠡ ᠶᠢ ᠬᠤᠳᠠᠯᠳᠤᠬᠤ ᠳᠤ ᠲᠦᠰᠢᠭᠯᠡᠨ ᠬᠤᠣᠷᠲᠤ ᠡᠳ᠋ ᠢ ᠰᠣᠯᠢᠵᠤ ᠠᠪᠤᠭᠠᠳ ᠭᠡᠷ ᠬᠤᠪ ᠬᠤᠭᠤᠰᠣᠨ ᠪᠣᠯᠭᠠᠨ᠎ᠠ᠃ ᠬᠥᠮᠦᠨ ᠤ ᠴᠢᠨᠠᠷ ᠢᠶᠠᠨ ᠠᠯᠳᠠᠭᠰᠠᠨ ᠵᠠᠷᠢᠮ ᠬᠥᠮᠦᠰ ᠴᠢᠨᠠᠭᠰᠢᠯᠠᠪᠠᠯ ᠦᠷ᠎ᠡ ᠬᠡᠦᠬᠡᠳ ᠢᠶᠠᠨ ᠬᠤᠳᠠᠯᠳᠤᠵᠤ᠂ ᠡᠬᠡᠨᠡᠷ ᠢᠶᠠᠨ ᠠᠯᠪᠠᠳᠠᠵᠤ ᠪᠠᠶᠢᠭᠠᠳ ᠶᠠᠩᠬᠠᠯᠠᠭᠤᠯᠵᠤ ᠪᠠᠶᠢᠨ᠎ᠠ︔ ᠳᠠᠷᠠᠭ᠎ᠠ ᠳᠤᠨᠢ᠂ ᠬᠤᠣᠷ ᠲᠠᠲᠠᠪᠠᠯ ᠤᠷᠤᠭ ᠤᠨ ᠶᠠᠪᠤᠳᠠᠯ ᠢ ᠦᠬᠦᠭᠦᠯᠵᠦ᠂ ᠭᠡᠷ ᠪᠦᠯᠢ ᠶᠢ ᠡᠪᠳᠡᠷᠡᠯ ᠳᠤ ᠤᠴᠠᠷᠠᠭᠤᠯᠤᠨ᠎ᠠ᠃ ᠤᠴᠢᠷ ᠨᠢ ᠨᠢᠭᠡ ᠬᠥᠮᠦᠨ ᠬᠤᠣᠷ ᠤᠨ ᠰᠢᠨᠤᠯ ᠲᠠᠢ ᠪᠣᠯᠤᠮᠠᠭᠴᠠ ᠡᠭᠦᠷᠭᠡ ᠪᠤᠶᠤ ᠬᠠᠷᠢᠭᠤᠴᠠᠯᠭ᠎ᠠ ᠶᠢᠨ ᠦᠵᠡᠯᠲᠡ ᠪᠠᠨ ᠠᠯᠳᠠᠵᠤ᠂ ᠡᠷ᠎ᠡ ᠨᠢ ᠡᠷ᠎ᠡ ᠨᠥᠬᠦᠷ ᠤᠨ ᠢᠶᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠴᠢᠳᠠᠬᠤ ᠦᠭᠡᠢ᠂ ᠡᠬᠡᠨᠡᠷ ᠨᠢ ᠡᠬᠡᠨᠡᠷ ᠤᠨ ᠢᠶᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠴᠢᠳᠠᠬᠤ ᠦᠭᠡᠢ᠂ ᠡᠴᠦᠰ ᠲᠡᠭᠡᠨ ᠤᠷᠤᠭ ᠰᠠᠯᠬᠤ ᠳᠤ ᠬᠦᠷᠦᠭᠦᠯᠬᠦ ᠨᠢ ᠵᠠᠶᠢᠯᠠᠰᠢ ᠦᠭᠡᠢ ᠶᠤᠮ᠃  ᠬᠤᠤᠷ ᠲᠠᠲᠠᠬᠤ ᠨᠢ ᠬᠤᠶᠢᠴᠢ ᠦᠶ᠎ᠡ  ᠳᠤ ᠬᠤᠥᠷ ᠬᠦᠨᠦᠭᠡᠯ ᠲᠠᠢ ᠂ ᠵᠢᠷᠮᠦᠰᠦᠨ ᠡᠮᠡᠭᠲᠡᠶ ᠬᠤᠣᠷ ᠲᠠᠲᠠᠬᠤ ᠨᠢ ᠬᠦᠪᠦᠷᠡᠯ ᠤᠨ ᠬᠡᠦᠬᠡᠳ ᠤᠨ ᠬᠡᠪ ᠤᠨ ᠪᠤᠶᠢᠵᠢᠯᠲᠠ ᠶᠢ ᠬᠦᠨᠳᠦ ᠨᠣᠴᠢᠲᠠᠶ ᠨᠥᠯᠥᠭᠡᠯᠡᠨ᠎ᠡ᠂ ᠵᠠᠷᠢᠮ ᠨᠢ ᠰᠠᠶ᠋ᠢ ᠲᠥᠷᠥᠭᠰᠡᠨ ᠬᠡᠦᠬᠡᠳ ᠢ ᠲᠥᠷᠥᠯᠬᠢ ᠵᠡᠷᠡᠮᠳᠡᠭ ᠪᠣᠯᠭᠠᠬᠤ ᠪᠤᠶᠤ ᠬᠤᠣᠷ ᠤᠨ ᠰᠢᠨᠤᠯ ᠲᠠᠢ ᠪᠣᠯᠭᠠᠨ᠎ᠠ᠃

ᠨᠡᠶᠢᠭᠡᠮ ᠳᠤ ᠬᠤᠣᠷ ᠬᠥᠨᠥᠭᠡᠯ ᠤᠴᠠᠷᠠᠭᠤᠯᠬᠤ᠄ ᠬᠤᠣᠷ ᠲᠠᠲᠠᠬᠤ ᠨᠢ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠪᠠᠭᠤᠷᠠᠭᠤᠯᠤᠭᠰᠠᠨ︔ ᠬᠤᠣᠷ ᠡᠳ᠋ᠯᠡᠬᠦ ᠶᠢᠨ ᠥᠳᠥᠭᠡᠯᠭᠡ ᠪᠠᠷ ᠶᠠᠯ᠎ᠠ ᠬᠢᠵᠦ᠂ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ︔ ᠬᠤᠣᠷ ᠲᠠᠲᠠᠬᠤ ᠠᠴᠠ ᠪᠣᠯᠵᠤ ᠤᠯᠤᠰ ᠤᠨ ᠡᠳ᠋ ᠬᠥᠷᠥᠩᠭᠡ ᠠᠯᠳᠠᠭᠳᠠᠬᠤ ᠪᠠ ᠠᠵᠤ ᠠᠬᠤᠶ ᠶᠢ ᠮᠠᠭᠤᠲᠠᠭᠤᠯᠤᠨ᠎ᠠ᠃

 


ᠢᠷᠡᠯᠲᠡ
ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro