ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠨᠠᠰᠤᠨ ᠳᠤ ᠥᠯᠥ ᠬᠦᠷᠦᠭᠰᠡᠳ  ᠤᠨ ᠪᠡᠶ᠎ᠡ ᠪᠠᠨ ᠰᠢᠪᠡᠭᠡᠰᠦᠯᠡᠬᠦ ᠳᠦ 《 ᠪᠣᠯᠬᠤ ᠦᠭᠡᠢ 》 ᠭᠡᠵᠦ ᠬᠡᠯᠡᠭᠡᠷᠡᠢ

2022-09-16 16:11:26
ᠵᠣᠬᠢᠶᠠᠭᠴᠢ
ᠵᠢᠢ ᠳ᠋ᠧ ᠪᠣᠣ


    ᠣᠶᠢᠷ᠎ᠠ ᠶᠢᠨ ᠵᠢᠯ ᠳᠦ᠂ ᠰᠢᠪᠡᠭᠡᠰᠦ ᠨᠢ ᠠᠭᠠᠵᠢᠮ ᠢᠶᠠᠷ ᠵᠠᠷᠢᠮ ᠨᠠᠰᠤᠨ ᠳᠤ ᠥᠯᠥ ᠭᠦᠷᠦᠭᠰᠡᠳ ᠤᠨ ᠬᠥᠭᠡᠭᠡᠴᠡᠯᠳᠦᠬᠦ ︽ᠤᠷᠤᠰᠬᠠᠯ︾ ᠪᠣᠯᠵᠤ᠂ ᠰᠣᠨᠢᠷᠬᠠᠨ ᠭᠠᠶᠢᠬᠠᠬᠤ᠂ ᠣᠯᠠᠨ ᠤ ᠠᠶ᠎ᠠ ᠶᠢ ᠳᠠᠭᠠᠬᠤ᠂ ᠡᠰᠡᠬᠦᠯ᠎ᠡ ᠭᠤᠸ᠎ᠠ ᠰᠠᠶᠢᠬᠠᠨ ᠤ ᠦᠵᠡᠯᠲᠡ ᠪᠠ ᠰᠡᠳᠬᠢᠯᠭᠡ ᠪᠠᠨ ᠢᠯᠡᠳᠬᠡᠬᠦ ᠠᠷᠭ᠎ᠠ ᠬᠡᠯᠪᠡᠷᠢ ᠶᠢ ᠭᠠᠵᠢᠭᠤᠳᠠᠭᠤᠯᠤᠭᠰᠠᠨ ᠠᠴᠠ ᠪᠣᠯᠵᠤ  ᠨᠠᠰᠤᠨ ᠳᠤ ᠥᠯᠥ ᠭᠦᠷᠦᠭᠰᠡᠳ ᠪᠡᠶ᠎ᠡ ᠪᠠᠨ ᠰᠢᠪᠡᠬᠦ ᠶᠢ ᠰᠣᠩᠭᠤᠬᠤ ᠨᠢ ᠶᠠᠪᠤᠬᠤ ᠲᠤᠲᠤᠮ ᠣᠯᠠᠰᠢᠷᠠᠵᠤ ᠪᠠᠶᠢᠨ᠎ᠠ᠃ ᠰᠢᠪᠡᠭᠡᠰᠦ ᠨᠢ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠬᠦ ᠪᠠᠷ ᠪᠠᠷᠠᠬᠤ ᠦᠭᠡᠢ᠂ ᠮᠦᠨᠴᠦ ᠲᠡᠳᠡᠭᠡᠷ ᠤᠨ ᠰᠤᠷᠭᠠᠭᠤᠯᠢ ᠳᠤ ᠣᠷᠣᠵᠤ ᠠᠵᠢᠯ ᠣᠯᠬᠤ ᠵᠡᠷᠭᠡ  ᠤᠯᠠᠨ ᠲᠠᠯ᠎ᠠ ᠳᠤ ᠠᠰᠢᠭ ᠦᠭᠡᠢ ᠨᠥᠯᠥᠭᠡ ᠦᠵᠡᠭᠦᠯᠵᠦ ᠪᠠᠶᠢᠨ᠎ᠠ᠃ ᠳᠣᠣᠷ᠎ᠠ᠂ ᠪᠠᠶᠢᠴᠠᠭᠠᠬᠤ ᠬᠤᠷᠢᠶ᠎ᠠ ᠠᠴᠠ ᠣᠯᠠᠨ ᠢ ᠳᠠᠭᠠᠭᠤᠯᠤᠨ ᠨᠠᠰᠤᠨ ᠳᠤ ᠥᠯᠥ ᠭᠦᠷᠦᠭᠰᠡᠳ ᠪᠡᠶ᠎ᠡ ᠪᠠᠨ ᠰᠢᠪᠡᠬᠦ ᠨᠢ ᠶᠠᠮᠠᠷ ᠬᠤᠣᠷ ᠬᠥᠨᠥᠭᠡᠯ ᠲᠠᠢ ᠪᠠᠶᠢᠬᠤ ᠶᠢ ᠤᠶᠢᠯᠠᠭᠠᠵᠠᠭᠠᠶ᠎ᠠ᠃

   


图1.png


 ᠨᠢᠭᠡ᠂ ᠨᠠᠰᠤᠨ ᠳᠤ ᠦᠯᠦ ᠬᠦᠷᠦᠭᠰᠡᠳ ᠰᠢᠪᠡᠭᠡᠰᠦ ᠰᠢᠪᠡᠬᠦ ᠨᠢ ᠶᠠᠮᠠᠷ ᠬᠤᠣᠷ ᠬᠥᠨᠥᠭᠡᠯ ᠲᠠᠢ ᠪᠤᠢ︖

    

    1. ᠠᠮᠠᠷᠬᠠᠨ ᠬᠠᠯᠳᠠᠪᠤᠷᠢᠯᠠᠭᠳᠠᠬᠤ

    ᠰᠢᠪᠡᠭᠡᠰᠦ ᠨᠢ ᠠᠷᠠᠰᠤᠨ ᠤ ᠵᠢᠩᠬᠢᠨᠢ ᠠᠷᠠᠰᠤᠨ ᠤ ᠳᠠᠪᠬᠤᠷᠭ᠎ᠠ ᠶᠢ ᠡᠪᠳᠡᠬᠦ ᠪᠠᠷ ᠳᠡᠮᠵᠢᠨ᠂ ᠠᠷᠠᠰᠤᠨ ᠡᠴᠡ ᠴᠢᠰᠤ ᠭᠠᠷᠬᠤ᠂ ᠬᠠᠷᠰᠢᠬᠤ᠂ ᠨᠢᠷᠠᠢ ᠮᠢᠬᠠᠨ ᠬᠠᠪᠤᠳᠠᠷ ᠡᠭᠦᠰᠬᠡᠳᠡᠭ᠃ ᠰᠢᠪᠡᠭᠡᠨ ᠤ ᠮᠠᠲ᠋ᠧᠷᠢᠶᠠᠯ ᠳᠤ ᠬᠠᠷ᠎ᠠ ᠲᠤᠭᠤᠯᠭ᠎ᠠ᠂ ᠮᠥᠩᠭᠦᠨ ᠤᠰᠤ ᠵᠡᠷᠭᠡ ᠬᠦᠨᠳᠦ ᠲᠡᠮᠦᠷᠯᠢᠭ ᠠᠭᠤᠯᠳᠠᠭ ᠤᠴᠢᠷ ᠠᠴᠠ ᠰᠢᠪᠡᠭᠡᠨ ᠤ ᠰᠢᠪᠡᠬᠦ ᠲᠠᠯᠠᠪᠠᠢ ᠨᠢ ᠬᠡᠳᠦᠷᠭᠡᠢ ᠶᠡᠭᠡ ᠪᠤᠶᠤ ᠪᠠᠶᠢᠨ ᠳᠠᠬᠢᠨ ᠰᠢᠪᠡᠬᠦ ᠨᠢ ᠠᠷᠠᠰᠤᠨ ᠳᠤ ᠶᠡᠭᠡ ᠬᠡᠮᠵᠢᠶᠡᠨ ᠤ ᠬᠤᠣᠷᠲᠤ ᠡᠳ᠋  ᠦᠯᠡᠳᠡᠭᠡᠵᠦ ᠠᠷᠠᠰᠤᠨ ᠤ ᠥᠮᠡᠨ ᠢ ᠡᠭᠦᠰᠬᠡᠬᠦ ᠶᠢᠨ ᠬᠠᠮᠲᠤ ᠠᠷᠢᠭᠤᠨ ᠴᠡᠪᠡᠷ ᠪᠤᠰᠤ ᠰᠢᠪᠡᠭᠡᠰᠦ ᠰᠢᠪᠡᠬᠦ ᠨᠢ ᠠᠶᠢᠽ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠳᠤ ᠨᠡᠷᠪᠡᠭᠳᠡᠬᠦ ᠠᠶᠤᠯ ᠲᠠᠢ᠃

    2. ᠰᠡᠷᠭᠦᠭᠡᠬᠦ ᠳᠤ ᠪᠡᠷᠬᠡ

    ᠰᠢᠪᠡᠭᠡᠰᠦᠯᠡᠭᠰᠡᠨ ᠤ ᠬᠤᠶᠢᠨ᠎ᠠ ᠠᠷᠢᠯᠭᠠᠬᠤ ᠳᠤ ᠪᠡᠷᠬᠡᠲᠡᠢ᠂ ᠯᠠᠶᠢᠰᠧᠷ ᠢᠶᠠᠷ ᠠᠷᠢᠯᠭᠠᠬᠤ ᠵᠠᠷᠤᠳᠠᠯ ᠨᠢ ᠥᠨᠳᠥᠷ ᠮᠥᠷᠲᠡᠭᠡᠨ ᠦᠷ᠎ᠡ ᠪᠦᠲᠦᠮᠵᠢ ᠪᠠᠷ ᠠᠨᠠᠢ ᠠᠶᠤᠯ ᠲᠦᠭᠰᠢᠭᠦᠷᠢ ᠣᠷᠣᠰᠢᠵᠤ ᠪᠠᠢᠳᠠᠭ᠃ ᠣᠯᠠᠩᠬᠢ ᠲᠣᠭᠠᠨ ᠤ ᠨᠠᠰᠤᠨ ᠳᠤ ᠥᠯᠥ ᠭᠦᠷᠦᠭᠰᠡᠳ ᠨᠢ ᠰᠢᠪᠡᠭᠡᠰᠦ ᠰᠢᠪᠡᠬᠦ ᠳᠤ ᠶᠡᠷᠦ ᠳᠤ ᠪᠠᠨ ᠬᠦᠭᠰᠡᠯᠲᠡ ᠶᠢᠨ ᠴᠢᠨᠠᠷᠲᠠᠢ᠂ ᠰᠣᠬᠤᠷ ᠪᠠᠯᠠᠢ ᠪᠠᠷ ᠳᠠᠭᠠᠬᠤ ᠴᠢᠨᠠᠷᠲᠠᠢ ᠪᠠᠶᠢᠵᠤ᠂ ᠭᠡᠮᠰᠢᠬᠦ ᠨᠣᠷᠮ᠎ᠠ ᠨᠢ ᠲᠤᠶᠢᠯ ᠤᠨ ᠥᠨᠳᠥᠷ ᠪᠠᠶᠢᠳᠠᠭ᠃

    3. ᠠᠵᠢᠯ ᠣᠯᠬᠤ᠂ ᠰᠤᠷᠭᠠᠭᠤᠯᠢ ᠳᠤ ᠣᠷᠣᠬᠤ ᠶᠢ ᠨᠦᠯᠦᠭᠡᠯᠡᠬᠦ

   ᠰᠢᠪᠡᠭᠡᠰᠦ ᠲᠠᠢ ᠵᠠᠯᠠᠭᠤᠴᠤᠳ ᠤᠨ ᠴᠡᠷᠢᠭ᠂ ᠴᠠᠭᠳᠠᠭ᠎ᠠ ᠶᠢᠨ ᠠᠵᠢᠯ ᠤᠨ ᠰᠤᠩᠭᠤᠬᠤ ᠰᠣᠩᠭᠤᠯᠲᠠ ᠶᠢ ᠰᠢᠭᠤᠳ ᠨᠥᠯᠥᠭᠡᠯᠡᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠦᠨᠳᠦ ᠨᠣᠴᠢᠲᠠᠢ ᠬᠤᠬᠢᠷᠠᠭᠤᠯᠳᠠᠭ᠃ 

    4. ᠰᠡᠳᠬᠢᠴᠡ ᠶᠢᠨ ᠨᠥᠯᠥᠭᠡ

    ᠰᠢᠪᠡᠭᠡᠰᠦ ᠨᠢ ᠱᠣᠰᠢᠭ᠎ᠠ ᠲᠡᠮᠳᠡᠭ ᠤᠨ ᠦᠢᠯᠡᠳᠦᠯ ᠢ ᠠᠪᠴᠢᠷᠠᠵᠤ᠂ ᠨᠠᠰᠤᠨ ᠳᠤ ᠥᠯᠥ ᠭᠦᠷᠦᠭᠰᠡᠳ ᠢ ᠡᠷᠡᠭᠦᠯ ᠪᠤᠰᠤ ᠬᠥᠮᠥᠰ ᠲᠠᠢ ᠠᠮᠠᠷᠬᠠᠨ  ᠤᠢᠷᠠᠳᠤᠭᠤᠯᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠵᠠᠮ ᠢᠶᠠᠷ ᠵᠠᠮᠨᠠᠭᠤᠯᠳᠠᠭ᠃ ᠵᠠᠷᠢᠮ ᠪᠡᠶ᠎ᠡ ᠪᠠᠨ ᠰᠢᠪᠡᠬᠦ ᠳᠤ ᠬᠦᠴᠦᠷᠬᠡᠭᠯᠡᠯ ᠤᠨ ᠥᠩᠭᠡ ᠪᠤᠳᠤᠭ ᠲᠠᠢ ᠠᠭᠤᠯᠭ᠎ᠠ ᠨᠢ ᠰᠤᠷᠲᠠᠯᠴᠢᠯᠠᠨ ᠭᠠᠶᠢᠬᠠᠭᠤᠯᠬᠤ᠂ ᠴᠢᠨᠠᠭᠰᠢᠯᠠᠨ ᠬᠡᠳᠡᠷ ᠵᠠᠩ ᠢᠶᠠᠨ ᠭᠠᠷᠭᠠᠬᠤ ︽ᠪᠡᠶ᠎ᠡ ᠭᠠᠷᠤᠯ ᠤᠨ ᠪᠡᠯᠭᠡ ᠲᠡᠮᠳᠡᠭ︾ ᠪᠣᠯᠵᠤ᠂ ᠨᠡᠩ ᠴᠢᠨᠠᠭᠰᠢᠯᠠᠨ ᠰᠢᠪᠡᠭᠡᠰᠦ ᠪᠠᠨ ᠢᠯᠡᠷᠡᠭᠦᠯᠬᠦ ᠢᠶᠠᠷ ᠳᠠᠮᠵᠢᠭᠤᠯᠤᠨ᠂ ᠤᠴᠢᠷ ᠶᠠᠪᠤᠳᠠᠯ  ᠦᠶᠮᠡᠭᠦᠯᠬᠦ᠂ ᠠᠶᠤᠯᠭᠠᠨ ᠰᠦᠷᠳᠡᠭᠦᠯᠬᠦ ᠵᠥᠭᠡᠯᠡᠨ ᠬᠦᠴᠦᠷᠬᠡᠭᠯᠡᠯ ᠪᠣᠯᠭᠠᠵᠤ᠂ ᠵᠠᠷᠢᠮ ᠶᠠᠯ᠎ᠠ ᠬᠢᠭᠰᠡᠳ ᠪᠤᠶᠤ ᠡᠪᠰᠡᠯ ᠪᠦᠯᠦᠭ ᠤᠨ ᠬᠢᠨ ᠲᠤᠰᠬᠠᠶᠢᠯᠠᠨ ᠪᠡᠶ᠎ᠡ ᠪᠠᠨ ᠰᠢᠪᠡᠭᠡᠰᠦᠯᠡᠭᠰᠡᠨ ᠨᠠᠰᠤᠨ ᠳᠤ ᠥᠯᠥ ᠭᠦᠷᠦᠭᠰᠡᠳ ᠢ ᠲᠠᠲᠠᠵᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠳᠡᠭ᠃

    


图2.jpg


ᠬᠤᠶᠠᠷ᠂ ᠨᠠᠰᠤᠨ ᠳᠤ ᠥᠯᠥ ᠬᠦᠷᠦᠭᠰᠡᠳ ᠶᠢᠨ ᠰᠢᠪᠡᠭᠡᠰᠦ ᠶᠢᠨ ᠡᠷᠬᠡ ᠴᠢᠯᠦᠭᠡ ᠳᠤ ︽ᠪᠣᠯᠬᠤ ᠦᠭᠡᠢ ︾ ᠭᠡᠵᠦ ᠬᠡᠯᠡᠭᠡᠷᠡᠢ︕

     ︽ᠨᠠᠰᠤᠨ ᠳᠤ ᠥᠯᠥ ᠬᠦᠷᠦᠭᠰᠡᠳ ᠰᠢᠪᠡᠭᠡᠰᠦ  ᠬᠢᠯᠭᠡᠬᠦ ᠨᠢ ᠬᠤᠪᠢ ᠪᠡᠶ᠎ᠡ ᠶᠢᠨ ᠶᠠᠪᠤᠳᠠᠯ ᠪᠢᠰᠢ᠂ ᠭᠡᠷ ᠤᠨ ᠶᠠᠪᠤᠳᠠᠯ ᠴᠤ ᠪᠢᠰᠢ᠂  ᠬᠠᠷᠢᠨ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠯᠪᠣᠭᠳᠠᠬᠤ ᠶᠡᠭᠡ ᠶᠠᠪᠤᠳᠠᠯ ᠮᠥᠨ︾᠃ ᠨᠠᠰᠤᠨ ᠳᠤ ᠥᠯᠥ ᠬᠦᠷᠦᠭᠰᠡᠳ ᠤᠨ ᠪᠡᠶ᠎ᠡ ᠪᠠᠨ ᠰᠢᠪᠡᠭᠰᠡᠨ  ᠢ ᠵᠠᠰᠠᠬᠤ ᠠᠵᠢᠯ ᠢ ᠴᠢᠩᠭᠠᠳᠬᠠᠵᠤ᠂ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ 2022 ᠣᠨ ᠤ 6 ᠰᠠᠷ᠎ᠠ ᠶᠢᠨ 6 ᠤ ᠡᠳᠦᠷ ︽ᠨᠠᠰᠤᠨ ᠳᠤ ᠥᠯᠥ ᠬᠦᠷᠦᠭᠰᠡᠳ ᠤᠨ ᠰᠢᠪᠡᠭᠡᠰᠦ ᠶᠢ ᠵᠠᠰᠠᠬᠤ ᠠᠵᠢᠯ ᠤᠨ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠨᠠᠰᠤᠨ ᠳᠤ ᠥᠯᠥ ᠭᠦᠷᠦᠭᠰᠡᠳ ᠤᠨ ᠰᠢᠪᠡᠭᠡᠰᠦ ᠶᠢ ᠵᠠᠰᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠪᠠᠲᠤᠯᠠᠵᠤ ᠪᠤᠢ᠃ ︽ᠨᠠᠰᠤᠨ ᠳᠤ ᠥᠯᠥ ᠭᠦᠷᠦᠭᠰᠡᠳ ᠤᠨ ᠰᠢᠪᠡᠭᠡᠰᠦ ᠶᠢ ᠵᠠᠰᠠᠬᠤ ᠠᠵᠢᠯ ᠤᠨ ᠠᠷᠭ᠎ᠠ︾ ᠳᠤ ᠶᠠᠮᠠᠷᠪᠠ ᠠᠵᠤ ᠠᠬᠤᠶᠢᠯᠠᠯ᠂ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠨᠠᠰᠤᠨ ᠳᠤ ᠥᠯᠥ ᠭᠦᠷᠦᠭᠰᠡᠳ ᠲᠤ ᠰᠢᠪᠡᠭᠡᠰᠦ  ᠵᠢᠨᠦᠢᠯᠡᠴᠢᠯᠡᠭᠡ ᠬᠠᠩᠭᠠᠵᠤ ᠪᠣᠯᠬᠤ ᠦᠭᠡᠢ᠂ ᠨᠠᠰᠤᠨ ᠳᠤ ᠥᠯᠥ ᠭᠦᠷᠦᠭᠰᠡᠳ ᠢ ᠠᠶᠤᠯᠭᠠᠨ ᠰᠦᠷᠳᠡᠭᠦᠯᠵᠦ᠂ ᠥᠳᠥᠭᠡᠨ ᠲᠠᠲᠠᠵᠤ᠂ ᠵᠢᠭᠠᠨ ᠳᠣᠬᠢᠵᠤ ᠪᠠᠶᠢᠭᠠᠳ ᠰᠢᠪᠡᠭᠡᠰᠦ ᠶᠢᠨ ᠦᠢᠯᠡᠴᠢᠯᠡᠭᠡ ᠬᠢᠯᠭᠡᠵᠦ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃

    ᠨᠠᠰᠤᠨ ᠳᠤ ᠥᠯᠥ ᠭᠦᠷᠦᠭᠰᠡᠳ ᠤᠨ ᠰᠢᠪᠡᠭᠡᠰᠦ ᠶᠢ ᠬᠡᠷᠬᠢᠨ ᠴᠠᠭᠠᠵᠠᠯᠠᠬᠤ ᠲᠤᠬᠠᠢ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨ᠎ᠠ᠂ ᠰᠤᠷᠭᠠᠭᠤᠯᠢ᠂ ᠭᠡᠷ ᠪᠦᠯᠢ᠂ ᠨᠡᠶᠢᠭᠡᠮ ᠵᠡᠷᠭᠡ ᠣᠯᠠᠨ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠂ ᠭᠠᠭᠴᠠ ᠬᠦ ᠵᠥᠪ ᠢᠶᠠᠷ ᠲᠠᠨᠢᠵᠤ᠂ ᠭᠦᠢᠴᠡᠳ ᠨᠠᠶᠢᠳᠠᠪᠤᠷᠢᠵᠢᠭᠤᠯᠪᠠᠯ ᠰᠠᠶ᠋ᠢ ᠡᠯ᠎ᠡ ᠲᠠᠯ᠎ᠠ ᠶᠢᠨ ᠬᠢᠨ ᠳᠤ ᠡᠭᠦᠷᠭᠡ ᠬᠠᠷᠢᠭᠤᠴᠠᠯᠭ᠎ᠠ ᠶᠢ ᠨᠢ ᠲᠠᠨᠢᠭᠤᠯᠵᠤ᠂ ᠨᠡᠶᠢᠭᠡᠮ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠲᠠᠨᠢᠭᠤᠯᠵᠤ ᠴᠢᠳᠠᠨ᠎ᠠ᠂ ᠢᠩᠭᠢᠪᠡᠯ ᠰᠠᠶ᠋ᠢ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠲᠤ ᠪᠠᠷ ᠳᠡᠮᠵᠢᠵᠦ ᠴᠢᠳᠠᠨ᠎ᠠ᠃

    

     ᠵᠢᠢ  ᠳ᠋ᠧ  ᠪᠣᠣ ᠤᠷᠴᠢᠭᠤᠯᠪᠠ

    

    

    

    

    


ᠢᠷᠡᠯᠲᠡ
ᠬᠦᠬᠡᠬᠤᠲᠠ ᠵᠢᠨ ᠲᠣᠭᠲᠠᠬᠤ ᠰᠢᠶᠠᠨ ᠤ ᠠᠷᠠᠳ ᠤᠨ ᠪᠠᠢᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro