ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

︽ᠬᠠᠥᠯᠢ ᠪᠠᠷ ᠵᠠᠰᠠᠭᠰᠠᠨ ᠡᠵᠡᠩᠨᠡᠯᠲᠡ ᠶᠢᠨ ᠣᠷᠴᠢᠨ  ᠨᠦᠭᠦᠴᠡᠯ ᠢ ᠰᠢᠯᠢᠳᠡᠭᠵᠢᠭᠦᠯᠦᠨ᠎ᠡ︾

2023-05-26 13:10:38
ᠵᠣᠬᠢᠶᠠᠭᠴᠢ
ᠶᠠᠩ ᠸᠸᠨ ᠭᠤᠸᠠᠩ

 
                     — ᠪᠠᠶᠢᠴᠠᠭᠠᠬᠤ ᠳᠠᠷᠤᠭ᠎ᠠ ᠳᠠᠭᠠᠭᠠᠴᠢᠯᠠᠨ ᠬᠠᠪᠰᠤᠷᠴᠤ ᠪᠠᠢᠭ᠎ᠠ ᠠᠵᠤ ᠠᠬᠤᠶᠢᠯᠠᠯ ᠳᠦ ᠪᠠᠨ ᠳᠠᠬᠢᠨᠲᠠ ᠪᠠᠢᠴᠠᠭᠠᠨ ᠰᠤᠳᠤᠯᠤᠯᠲᠠ ᠬᠢᠵᠦ ᠰᠣᠳᠣᠯᠠᠵᠤ ᠰᠤᠷᠪᠤᠯᠵᠢᠯᠠᠪᠠ᠃       
     

 

︽ᠣᠲᠤᠭ ᠬᠤᠰᠢᠭᠤᠨ ᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠪᠠ ︽ᠣᠲᠤᠭ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠲᠤᠷᠠᠨ ᠥᠷᠨᠢᠭᠦᠯᠦᠭᠰᠡᠨ <ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠬᠦ > ᠲᠤᠰᠬᠠᠶ ᠰᠡᠳᠦᠪᠲᠦ ᠬᠢᠨᠠᠯᠲᠠ ᠲᠠᠯᠪᠢᠬᠤ ᠴᠢᠨᠠᠷᠲᠠᠶ ᠵᠥᠪᠯᠡᠬᠦ ᠠᠵᠢᠯ ᠤᠨ ᠲᠥᠰᠦᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠤᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠱᠸ ᠹᠧᠩ᠂ ᠤᠲᠤᠭ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠶᠠᠨ ᡁᠢ ᠷᠦᠩ᠂ ᠪᠠᠢ ᠶᠦᠩ ᠨᠡᠷ ᠭᠤᠸᠠᠩ ᠨᠠ ᠪᠦᠯᠦᠭᠯᠡᠯ ᠶᠢᠨ ᠪᠠᠢᠭ᠎ᠠ ᠭᠠᠵᠠᠷ ᠲᠤᠨᠢ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃
   

 ᠵᠢᠷᠤᠭ᠄    ᠲᠤᠬᠠᠶ ᠶᠢᠨ ᠭᠠᠵᠠᠷ ᠬᠠᠶᠢᠨ ᠰᠢᠨᠵᠢᠵᠦ ᠰᠤᠷᠪᠤᠯᠵᠢᠯᠠᠵᠤ ᠪᠠᠢᠨ᠎ᠠ
     

 

  ᠱᠸ ᠹᠧᠩ ᠵᠡᠷᠭᠡ ᠬᠥᠮᠦᠰ ᠠᠬᠤᠢ ᠲᠠᠯᠠᠪᠠᠢ ᠳᠤ ᠬᠦᠷᠴᠦ ᠠᠵᠤ ᠠᠬᠤᠶᠢᠯᠠᠯ ᠤᠨ ᠠᠵᠢᠯ ᠤᠨ ᠣᠷᠴᠢᠨ ᠨᠥᠬᠦᠴᠡᠯ ᠢ ᠬᠠᠶᠢᠨ ᠰᠢᠨᠵᠢᠯᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠲᠠᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠪᠠᠷ ᠳᠠᠮᠵᠢᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠥᠪᠵᠢᠭᠦᠯᠭᠡ᠂ ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃
       

 

 ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠵᠦᠢᠯ ᠤᠨ ᠬᠠᠤᠯᠢ ᠴᠠᠭᠠᠵᠠ ᠶᠢᠨ ᠠᠰᠠᠭᠤᠳᠠᠯ ᠤᠨ ᠲᠣᠭᠤᠷᠢᠨ ᠳᠤ ᠬᠤᠶᠠᠷ ᠰᠠᠨᠠᠭᠤᠯᠭ᠎ᠠ ᠳᠤᠷᠠᠳᠪᠠ᠄ ᠨᠢᠭᠡ ᠳᠤ ᠠᠵᠤ ᠠᠬᠤᠶᠢᠯᠠᠯ ᠤᠨ ᠬᠠᠤᠯᠢ ᠶᠣᠰᠣᠭᠠᠷ ᠠᠶᠤᠯᠭᠦᠶ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠬᠥᠮᠦᠵᠢᠯ ᠢ ᠭᠦᠨᠵᠡᠭᠡᠶ ᠥᠷᠨᠢᠭᠦᠯᠦᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠵᠤ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ︔ ᠬᠤᠶᠠᠷ ᠲᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ᠂ ᠪᠣᠳᠠᠲᠠᠢ ᠲᠠᠢ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠨ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ ᠦᠢᠯᠡᠴᠢᠯᠡᠨ᠎ᠡ᠃
       

ᠱᠸ ᠹᠧᠩ ᠢᠯᠡᠷᠬᠡᠶᠢᠯᠡᠬᠦ ᠳᠡᠭᠡᠨ᠄ ︽ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ᠂ ᠪᠠᠶᠢᠴᠠᠭᠠᠬᠤ  ᠪᠠᠶᠢᠭᠤᠯᠭ᠎ᠠ ᠶᠢᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠪᠣᠯ ᠤᠯᠤᠰ ᠲᠥᠷᠥ ᠶᠢᠨ ᠬᠠᠷᠢᠭᠤᠴᠠᠯᠭ᠎ᠠ ᠮᠥᠨ ᠪᠥᠭᠡᠳ ᠪᠠᠰᠠ ᠴᠤ ᠡᠭᠦᠷᠭᠡ ᠲᠤᠰᠢᠶᠠᠯ ᠮᠥᠨ᠂ ᠠᠵᠤ ᠠᠬᠤᠶᠢᠯᠠᠯ ᠤᠨ ᠡᠵᠡᠩᠨᠡᠯᠲᠡ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠦᠷᠭᠦᠯᠵᠢᠯᠡᠨ ᠮᠥᠷᠳᠡᠨ ᠣᠶᠢᠯᠠᠭᠠᠵᠤ᠂ ᠭᠦᠨᠵᠡᠭᠡᠶ ᠪᠠᠶᠢᠴᠠᠭᠠᠯᠲᠠ ᠬᠢᠵᠦ᠂ ᠨᠡᠪᠲᠡᠷᠡᠯᠴᠡᠨ ᠵᠣᠬᠢᠴᠠᠭᠤᠯᠵᠤ᠂ ᠰᠢᠪᠠᠳᠠᠨ ᠰᠢᠢᠳᠪᠦᠷᠢᠯᠡᠭᠦᠯᠦᠨ᠎ᠡ︾ ᠭᠡᠵᠡᠶ᠃
        ᠬᠤᠶᠢᠰᠢᠳᠠ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ  ᠨᠦᠭᠦᠴᠡᠯ ᠢ ᠰᠢᠯᠢᠳᠡᠭᠵᠢᠭᠦᠯᠬᠦ ᠪᠠᠷ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠡᠪ ᠦᠨ  ᠬᠠᠷᠢᠯᠴᠠᠭ᠎ᠠ ᠪᠠᠢᠭᠤᠯᠵᠤ᠂ ᠠᠵᠤ ᠠᠬᠤᠶᠢᠯᠠᠯ ᠢ ᠡᠷᠬᠡ ᠲᠡᠭᠰᠢ ᠪᠠᠷ ᠬᠠᠮᠠᠭᠠᠯᠠᠬᠤ ᠪᠠ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠡᠷᠴᠢᠮ ᠢ ᠲᠠᠰᠤᠷᠠᠯᠲᠠ ᠦᠭᠡᠶ ᠴᠢᠩᠭᠠᠷᠠᠭᠤᠯᠵᠤ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ ᠨᠡᠶᠢᠲᠡ ᠶᠢᠨ ᠠᠰᠢᠭᠲᠤ ᠵᠠᠷᠭᠤ ᠵᠡᠷᠭᠡ ᠳᠥᠷᠪᠡᠨ ᠶᠡᠭᠡ ᠪᠠᠶᠢᠴᠠᠭᠠᠬᠤ ᠡᠭᠦᠷᠭᠡ ᠴᠢᠳᠠᠪᠤᠷᠢ ᠶᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂  ᠤᠶᠤᠨ ᠤ ᠥᠮᠴᠢ  ᠵᠢᠨ ᠡᠷᠬᠡ ᠶᠢ ᠶᠡᠷᠦᠩᠬᠡᠶᠢᠯᠡᠨ ᠬᠠᠮᠠᠭᠠᠯᠠᠬᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠲᠤᠷᠰᠢᠯᠲᠠ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠵᠤ ᠠᠬᠤᠶᠢᠯᠠᠯ ᠳᠤ ᠬᠦᠷᠭᠡᠬᠦ ᠵᠡᠷᠭᠡ ᠠᠵᠢᠯ ᠢ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠢ ᠰᠡᠳᠬᠢᠯ ᠳᠡᠬᠡᠨ  ᠠᠪᠴᠤ᠂ ᠠᠵᠤ ᠠᠬᠤᠶᠢᠯᠠᠯ ᠤᠨ ᠪᠠᠴᠢᠮᠳᠠᠯ ᠢ ᠨᠢ ᠲᠠᠢᠯᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠨᠢ ᠬᠠᠩᠭᠠᠵᠤ ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠨ᠂ ᠲᠦᠷᠢᠮ ᠢ ᠨᠢ ᠲᠡᠭᠦᠯᠳᠡᠷᠵᠢᠭᠦᠯᠵᠦ᠂ ᠳᠤᠲᠠᠭᠳᠠᠯ ᠢ ᠨᠢ ᠨᠥᠬᠦᠪᠥᠷᠢᠯᠡᠵᠦ᠂ ᠠᠶᠤᠯ ᠲᠦᠭᠰᠢᠭᠦᠷᠢ ᠶᠢ ᠨᠢ ᠰᠡᠷᠭᠡᠶᠢᠯᠡᠨ ᠡᠵᠡᠮᠳᠡᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠠᠷᠢᠯᠭᠠᠨ᠂ ᠪᠣᠳᠠᠲᠠᠶ ᠠᠵᠢᠯ ᠬᠢᠵᠦ᠂ ᠣᠲᠤᠭ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠬᠤ ᠪᠠᠲᠤᠯᠠᠭ᠎ᠠ ᠶᠢ ᠬᠠᠩᠭᠠᠨ᠎ᠠ᠃
    

ᠢᠷᠡᠯᠲᠡ
ᠤᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro