ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ  ᠪᠠ ᠰᠢᠭᠦᠬᠦ ᠬᠣᠷᠢᠶ᠎ᠠ ᠣᠷᠴᠢᠨ ᠲᠣᠭᠣᠷᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ  ᠦᠨ ᠬᠠᠮᠲᠤᠷᠠᠭᠰᠠᠨ ᠬᠤᠷᠠᠯ ᠬᠤᠷᠠᠯᠳᠤᠭᠤᠯᠪᠠ

2023-05-31 16:15:43
ᠵᠣᠬᠢᠶᠠᠭᠴᠢ
ᠳᠤᠷᠠᠨ

 

 

ᠬᠡᠷᠡᠭ ᠰᠢᠶᠳᠪᠦᠷᠢᠯᠡᠬᠦ ᠤᠨᠤᠯᠵᠢᠬᠤᠨ ᠪᠠ ᠬᠠᠸᠯᠢ ᠪᠠᠷᠢᠬᠤ ᠪᠠᠷᠢᠮᠵᠢᠶ᠎ᠠ   ᠶᠢ ᠤᠯᠠᠮ ᠨᠢᠭᠡ ᠠᠯᠬᠤᠮ ᠨᠢᠭᠡᠳᠬᠡᠵᠦ ᠂ ᠣᠷᠴᠢᠨ ᠲᠣᠭᠣᠷᠢᠨ ᠡᠬᠢ ᠪᠠᠶᠠᠯᠢᠭ ᠢ ᠡᠪᠳᠡᠭᠰᠡᠨ ᠶᠠᠯᠠᠲᠤ ᠬᠡᠷᠡᠭ ᠢ ᠰᠢᠶᠳᠪᠦᠷᠢᠯᠡᠬᠦ ᠶᠠᠰᠤ ᠴᠢᠨᠠᠷ ᠪᠠᠨ ᠳᠡᠭᠡᠭᠰᠢᠯᠡᠭᠦᠯᠬᠦ ᠶᠢᠨ ᠲᠥᠯᠥᠭᠡ ᠂ ᠣᠶᠢᠷ᠎ᠠ ᠳᠤ ᠂ ᠪᠠᠭᠠᠷᠢᠨ ᠪᠠᠷᠠᠭᠤᠨ ᠬᠣᠰᠢᠭᠤᠨ ᠤ ᠪᠠᠶᠢᠴᠠᠭᠠᠬᠤ ᠬᠣᠷᠢᠶ᠎ᠠ ᠪᠠ ᠰᠢᠭᠦᠬᠦ ᠬᠣᠷᠢᠶ᠎ᠠ ᠣᠷᠴᠢᠨ ᠲᠣᠭᠣᠷᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠦᠨ ᠬᠠᠮᠲᠤᠷᠠᠭᠰᠠᠨ ᠬᠤᠷᠠᠯ ᠬᠤᠷᠠᠯᠳᠤᠭᠤᠯᠪᠠ ᠃ ᠪᠠᠭᠠᠷᠢᠨ ᠪᠠᠷᠠᠭᠤᠨ ᠬᠣᠰᠢᠭᠤᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢᠦ ᠰᠢᠶᠠᠩ ᠴᠢᠶᠠᠨ ᠂ ᠪᠠᠭᠠᠷᠢᠨ ᠪᠠᠷᠠᠭᠤᠨ ᠬᠣᠰᠢᠭᠤᠨ ᠤ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ  ᠵᠧᠦ ᠯᠸᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠬᠣᠶᠠᠷ ᠬᠣᠷᠢᠶᠠᠨ ᠤ ᠬᠠᠮᠢᠶ᠎ᠠ ᠪᠥᠬᠥᠶ ᠨᠥᠬᠥᠳ ᠬᠤᠷᠠᠯ ᠳᠤ  ᠤᠷᠤᠯᠴᠠᠪᠠ ᠃

ᠬᠤᠷᠠᠯ  ᠳᠦ᠂  ᠬᠤᠶᠠᠷ ᠬᠣᠷᠢᠶ᠎ᠠ ᠣᠶᠢᠷ᠎ᠠ ᠶᠢᠨ ᠬᠤᠭᠤᠴᠠᠭᠠᠨ ᠳᠤ ᠰᠢᠶᠳᠪᠦᠷᠢᠯᠡᠭᠰᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ ᠦᠨ ᠳᠤᠮᠳᠠ ᠢᠯᠡᠷᠡᠭᠰᠡᠨ ᠰᠢᠨ᠎ᠡ ᠠᠰᠠᠭᠤᠳᠠᠯ ᠂ ᠰᠢᠨ᠎ᠡ ᠪᠠᠶᠢᠳᠠᠯ ᠂ ︽ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠡᠷᠡᠭᠦᠦ ᠶᠢᠨ ᠬᠡᠷᠡᠭ ᠢ ᠰᠢᠶᠳᠪᠦᠷᠢᠯᠡᠬᠦ ᠳᠦ ᠡᠷᠡᠭᠦᠦ ᠰᠢᠳᠬᠡᠯ ᠣᠨᠣᠭᠳᠠᠭᠤᠯᠬᠤ  ᠯᠠᠪᠯᠠᠯᠲᠠ ᠶᠢᠨ ᠰᠠᠨᠠᠯ ︾ ᠵᠢᠴᠢ ᠪᠤᠰᠤᠳ ᠲᠦᠪᠡᠭᠲᠡᠶ ᠂ ᠪᠤᠳᠤᠯᠢᠶᠠᠨᠲᠠᠶ ᠬᠡᠷᠡᠭ ᠲᠡᠶ ᠤᠶᠠᠯᠳᠤᠭᠤᠯᠤᠨ ᠶᠠᠷᠢᠯᠴᠠᠭ᠎ᠠ  ᠦᠷᠨᠢᠭᠦᠯᠦᠨ᠂ ᠬᠡᠷᠡᠭ ᠦᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠂ ᠬᠠᠸᠯᠢ ᠴᠠᠭᠠᠵᠠ ᠶᠢ ᠬᠡᠷᠡᠭᠯᠡᠬᠦ ᠂ ᠭᠡᠷᠡᠴᠢ ᠪᠠᠷᠢᠮᠲᠠ ᠶᠢ ᠦᠨᠡᠮᠰᠢᠬᠦ ᠪᠠ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠵᠡᠷᠭᠡ ᠲᠠᠯ᠎ᠠ ᠪᠠᠷ ᠰᠠᠨᠠᠯ  ᠢᠶᠡᠨ ᠨᠢᠭᠡᠳᠬᠡᠪᠡ ᠃

ᠯᠢᠦ ᠰᠢᠶᠠᠩ ᠴᠢᠶᠠᠨ ᠣᠷᠴᠢᠨ ᠲᠣᠭᠣᠷᠢᠨ ᠡᠬᠢ ᠪᠠᠶᠠᠯᠢᠭ ᠤᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ᠂ ᠪᠠᠶᠢᠴᠠᠭᠠᠬᠤ ᠬᠣᠷᠢᠢ᠎ᠠ ᠂ ᠰᠢᠭᠦᠬᠦ ᠬᠣᠷᠢᠢ᠎ᠠ ︽ᠭᠤᠷᠪᠠ ᠶᠢ ᠨᠢᠭᠡᠳᠬᠡᠬᠦ︾ᠵᠢ ᠪᠡᠶᠡᠯᠡᠭᠦᠯᠬᠦ ᠬᠡᠷᠡᠭᠲᠡᠢ ᠭᠡᠵᠦ  ᠵᠢᠭᠠᠨ ᠭᠠᠷᠭᠠᠪᠠ᠃ ᠨᠢᠭᠡ ᠳᠦ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠎ᠡ᠃ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠦ ᠬᠠᠯᠬᠠᠪᠴᠢ ᠶᠢ ᠪᠦᠳᠦᠭᠡᠨ ᠪᠠᠶᠢᠭᠤᠯᠬᠤ ᠪᠣᠯ ᠰᠢ ᠶᠢᠨ ᠫᠢᠩ ᠶᠡᠷᠦᠩᠬᠡᠢ ᠱᠦᠵᠢ  ᠠᠴᠠ ᠥᠪᠥᠷ ᠮᠣᠩᠭᠣᠯ ᠳᠤ ᠲᠤᠰᠢᠶᠠᠭᠰᠠᠨ ᠲᠠᠪᠤᠨ ᠶᠡᠬᠡ ᠡᠭᠦᠷᠭᠡ ᠶᠢᠨ ᠨᠢᠭᠡ ᠪᠣᠯᠤᠨ᠎ᠠ᠃ ᠣᠷᠴᠢᠨ ᠲᠣᠭᠣᠷᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠨᠢ ᠠᠮᠢ ᠠᠬᠤᠶ ᠶᠢᠨ ᠠᠮᠤᠷ ᠲᠦᠪᠰᠢᠨ ᠦ ᠬᠠᠯᠬᠠᠪᠴᠢ ᠶᠢᠨ ᠪᠠᠶᠢᠭᠤᠯᠤᠯᠲᠠ  ᠶᠢ ᠬᠠᠷᠰᠢᠯᠠᠳᠠᠭ᠂ ᠬᠣᠶᠠᠷ ᠬᠣᠷᠢᠶ᠎ᠠ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠰᠢ ᠶᠢᠨ ᠫᠢᠩ  ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠨᠡᠨᠴᠢ ᠪᠡᠷ ᠦᠢᠯᠡᠳᠦᠯᠭᠡᠵᠢᠭᠦᠯᠵᠦ᠂ ᠣᠷᠴᠢᠨ ᠲᠣᠭᠣᠷᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠣᠶᠠᠷ ᠲᠤ ᠬᠠᠤᠯᠢ ᠪᠠᠷᠢᠬᠤ ᠪᠠᠷᠢᠮᠵᠢᠶ᠎ᠠ ᠶᠢ ᠨᠢᠭᠡᠳᠬᠡᠨ᠎ᠡ᠃ ᠬᠣᠶᠠᠷ  ᠬᠤᠷᠢᠶᠠᠨ ᠦ ᠲᠤᠰᠢᠶᠠᠯ ᠬᠠᠷᠢᠭᠤᠴᠠᠯᠭ᠎ᠠ ᠨᠢ ᠬᠡᠳᠦᠶᠢᠪᠡᠷ ᠠᠳᠠᠯᠢ ᠪᠤᠰᠤ ᠪᠣᠯᠪᠠᠴᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠂ ᠬᠣᠰᠢᠭᠤᠨ ᠤ ᠬᠠᠸᠯᠢ ᠪᠠᠷ ᠵᠠᠰᠠᠬᠤ ᠪᠠᠶᠢᠭᠤᠯᠤᠯᠲᠠ ᠳᠤ ᠬᠠᠸᠯᠢ ᠪᠠᠷ ᠵᠠᠰᠠᠬᠤ ᠪᠠᠲᠤᠯᠠᠭ᠎ᠠ ᠬᠠᠩᠭᠠᠬᠤ ᠠᠵᠢᠯ ᠤᠨ ᠬᠠᠷᠠᠯᠲᠠ ᠨᠢ ᠨᠢᠭᠡᠳᠦᠯᠲᠡᠶ ᠪᠠᠶᠢᠳᠠᠭ ᠂ ᠣᠶᠢᠯᠠᠭᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ ᠂ ᠬᠠᠸᠯᠢ ᠪᠠᠷᠢᠬᠤ ᠪᠠᠷᠢᠮᠵᠢᠶ᠎ᠠ ᠪᠠᠨ ᠨᠢᠭᠡᠳᠬᠡᠵᠦ ᠂ ᠬᠡᠷᠡᠭ ᠨᠢᠭᠡᠪᠦᠷᠢ ᠶᠢ ᠰᠠᠶᠢᠲᠤᠷ ᠰᠢᠶᠳᠪᠦᠷᠢᠯᠡᠵᠦ ᠂ ᠭᠤᠷᠪᠠᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠶ ᠃ ᠭᠤᠷᠪᠠ ᠳᠤ ᠤᠬᠠᠭᠤᠯᠭ᠎ᠠ  ᠪᠠᠨ ᠲᠦᠭᠡᠮᠡᠯ ᠦᠷᠨᠢᠭᠦᠯᠦᠨ᠎ᠡ᠃《ᠬᠡᠨ ᠬᠠᠤᠯᠢ ᠬᠡᠷᠡᠭᠵᠢᠭᠦᠯᠪᠡᠯ  ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ》 ᠬᠠᠷᠢᠭᠤᠴᠠᠯᠭ᠎ᠠ  ᠶᠢ ᠪᠠᠷᠢᠮᠲᠠᠯᠠᠵᠤ᠂ ᠡᠯ᠎ᠡ ᠬᠣᠯᠪᠣᠭᠳᠠᠯ ᠪᠦᠬᠦᠢ ᠨᠢᠭᠡᠴᠢ ᠲᠡᠶ ᠬᠣᠯᠪᠣᠭᠠᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠠᠷᠠᠳ ᠤᠯᠠᠨ ᠳᠤ ᠣᠷᠴᠢᠨ ᠲᠣᠭᠣᠷᠢᠨ ᠡᠬᠢ ᠪᠠᠶᠠᠯᠢᠭ ᠤᠨ ᠬᠠᠯᠳᠠᠵᠤ ᠪᠣᠯᠤᠰᠢ ᠦᠭᠡᠢ ᠬᠠᠤᠯᠢ ᠴᠠᠭᠠᠵᠠ ᠶᠢᠨ ᠬᠢᠵᠠᠭᠠᠷ ᠱᠤᠭᠤᠮ ᠢ ᠲᠠᠨᠢᠭᠤᠯᠵᠤ᠂ ᠪᠦᠬᠦ ᠠᠷᠠᠳ ᠢᠶᠠᠷ ᠢᠶᠠᠨ ᠬᠢᠨᠠᠯᠲᠠ ᠲᠠᠯᠪᠢᠬᠤ᠂ ᠪᠦᠬᠦ ᠠᠷᠠᠳ ᠢᠶᠠᠷ ᠢᠶᠠᠨ ᠣᠷᠴᠢᠨ ᠠᠬᠤᠶ ᠶᠢ ᠬᠠᠮᠠᠭᠠᠯᠠᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠳᠤ ᠬᠦᠴᠦᠨ ᠨᠡᠮᠡᠷᠢᠯᠡᠨ᠎ᠡ᠃

ᠵᠧᠦ ᠯᠸᠢ ᠢᠯᠡᠷᠬᠡᠢᠯᠡᠭᠰᠡᠨ ᠨᠢ ᠂ ᠲᠣᠰ ᠤᠳᠠᠭᠠᠨ ᠤ ᠬᠤᠷᠠᠯᠳᠤᠭᠠᠨ ᠳᠤ ᠣᠷᠴᠢᠨ ᠠᠬᠤᠶ ᠡᠬᠢ ᠪᠠᠶᠠᠯᠢᠭ ᠤᠨ ᠲᠥᠷᠥᠯ ᠦᠨ ᠡᠷᠡᠭᠦᠦ ᠶᠢᠨ ᠬᠡᠷᠡᠭ ᠵᠢᠴᠢ ᠪᠤᠰᠤᠳ ᠬᠦᠴᠢᠷ ᠲᠦᠪᠡᠭᠲᠡᠶ ᠂ ᠪᠤᠳᠤᠯᠢᠶᠠᠨᠲᠠᠶ ᠬᠡᠷᠡᠭ ᠢ ᠰᠢᠶᠳᠪᠦᠷᠢᠯᠡᠬᠦ ᠶᠠᠪᠤᠴᠠ ᠳᠠᠬᠢ ᠠᠰᠠᠭᠤᠳᠠᠯ ᠢ ᠰᠤᠳᠤᠯᠤᠨ ᠶᠠᠷᠢᠯᠴᠠᠭᠰᠠᠨ ᠪᠥᠭᠡᠳ ᠬᠣᠶᠢᠰᠢᠳᠠ ᠬᠡᠷᠡᠭ ᠰᠢᠶᠳᠪᠦᠷᠢᠯᠡᠬᠦ ᠲᠠᠯ᠎ᠠ ᠪᠠᠷ ᠤᠯᠠᠮ ᠨᠢᠭᠡ ᠠᠯᠬᠤᠮ ᠬᠠᠮᠲᠤ ᠶᠢᠨ ᠲᠠᠨᠢᠯᠲᠠ ᠲᠠᠶ ᠪᠤᠯᠵᠦ ᠂  ᠬᠡᠷᠡᠭ ᠰᠢᠶᠳᠪᠦᠷᠢᠯᠡᠬᠦ  ᠤᠨᠤᠯᠵᠢᠬᠤᠨ ᠢ  ᠨᠢᠭᠡᠳᠬᠡᠵᠦ᠂ ᠠᠵᠢᠯ ᠤᠨ ᠰᠡᠳᠬᠢᠴᠡ ᠪᠠ ᠬᠠᠷᠠᠭ᠎ᠠ ᠪᠠᠨ  ᠦᠷᠭᠡᠳᠬᠡᠬᠦ ᠵᠢᠨ ᠬᠠᠮᠲᠤ ᠰᠢᠭᠦᠬᠦ ᠬᠣᠷᠢᠶᠠᠨ ᠤ ᠬᠡᠷᠡᠭ ᠰᠢᠶᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠲᠤᠯᠠᠨ ᠳᠡᠭᠡᠭᠰᠢᠯᠡᠭᠦᠯᠵᠦ ᠂ ᠬᠠᠸᠯᠢ ᠪᠠᠷᠢᠬᠤ ᠡᠷᠬᠡ ᠰᠦᠷ ᠪᠠ ᠬᠠᠸᠯᠢ ᠪᠠᠷᠢᠬᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ  ᠬᠠᠮᠠᠭᠠᠯᠠᠬᠤ ᠪᠤᠯᠤᠨ᠎ᠠ᠃

ᠲᠠᠷᠠᠭᠠᠴᠢ ᠶᠢᠨ ᠠᠯᠬᠤᠮ ᠳᠤ ᠂ ᠬᠣᠶᠠᠷ  ᠬᠤᠷᠢᠶᠠᠨ ᠦ ᠬᠢᠨ ᠨᠠᠩ ᠥᠨᠳᠥᠷ ᠵᠣᠭᠰᠣᠯᠲᠠ ᠂ ᠨᠠᠩ ᠭᠦᠨᠵᠡᠭᠡᠶ ᠬᠠᠮᠵᠢᠯᠴᠠᠭ᠎ᠠ ᠂ ᠨᠠᠩ ᠶᠡᠬᠡ ᠵᠣᠷᠢᠭ ᠰᠢᠶᠳᠪᠦᠷᠢ ᠂ ᠨᠠᠩ ᠪᠣᠳᠠᠲᠠᠶ ᠠᠷᠭ᠎ᠠ ᠬᠡᠮᠵᠢᠶ᠎ᠡ ᠪᠡᠷ ᠡᠭᠦᠷᠭᠡ ᠲᠤᠰᠢᠶᠠᠯ ᠢᠶᠠᠨ ᠰᠠᠶᠢᠲᠤᠷ ᠭᠦᠶᠴᠡᠳᠬᠡᠵᠦ ᠂  ᠪᠠᠭᠠᠷᠢᠨ ᠪᠠᠷᠠᠭᠤᠨ ᠬᠣᠰᠢᠭᠤᠨ ᠤ ᠬᠠᠸᠯᠢ ᠪᠠᠷ ᠵᠠᠰᠠᠬᠤ ᠪᠠᠶᠢᠭᠤᠯᠤᠯᠲᠠ ᠳᠤ ᠨᠠᠩ ᠴᠢᠩᠭ᠎ᠠ ᠨᠡᠶᠢᠯᠡᠮᠡᠯ ᠬᠦᠴᠦᠨ ᠢ ᠨᠡᠮᠡᠷᠢᠯᠡᠨ᠎ᠡ ᠃

 

 

ᠨᠠᠢᠷᠠᠭᠤᠯᠤᠭᠴᠢ᠄ ᠰᠤᠶᠤᠯ

ᠤᠷᠴᠢᠭᠤᠯᠤᠭᠴᠢ᠄ ᠳᠤᠷᠠᠨ

ᠢᠷᠡᠯᠲᠡ
ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro