ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠤᠷᠠᠳ ᠤᠨ ᠬᠣᠶᠢᠳᠣ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠢ᠎ᠠ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠶ ᠪᠠᠷ ᠬᠠᠮᠲᠤ ᠣᠷᠣᠰᠢᠬᠤ ᠶᠢ ᠬᠠᠮᠠᠭᠠᠯᠠᠨᠠᠮ

2023-06-01 11:01:40
ᠵᠣᠬᠢᠶᠠᠭᠴᠢ
ᠲᠠᠨᠠᠬᠦᠦ

 

ᠤᠷᠠᠳ ᠤᠨ ᠬᠣᠶᠢᠲᠤ ᠬᠣᠰᠢᠭᠤ ᠨᠢ ᠪᠠᠶᠠᠨᠨᠠᠭᠤᠷ ᠤᠨ ᠪᠠᠷᠠᠭᠤᠨ ᠬᠣᠶᠢᠲᠤ ᠪᠡᠶ᠎ᠡ ᠳᠦ ᠪᠠᠶᠢᠷᠢᠯᠠᠵᠤ᠂ ᠬᠣᠶᠢᠲᠤ ᠪᠡᠶ᠎ᠡ ᠪᠡᠷ ᠢᠶᠡᠨ ᠮᠣᠩᠭᠣᠯ ᠤᠯᠤᠰ ᠲᠠᠶ ᠵᠠᠬ᠎ᠠ ᠨᠡᠶᠢᠯᠡᠵᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠦ ᠬᠢᠯᠢ ᠶᠢᠨ 19 ᠬᠣᠰᠢᠭᠤ ᠰᠢᠶᠠᠨ ᠤ ᠨᠢᠭᠡ ᠪᠣᠯᠤᠨ᠎ᠠ᠂ ᠤᠯᠤᠰ ᠤᠨ ᠬᠢᠯᠢ ᠶᠢᠨ ᠱᠤᠭᠤᠮ ᠤᠨ ᠤᠷᠳᠤ ᠨᠢ 195 ᠺᠢᠯᠦᠮᠧᠲᠷ  ᠪᠠᠶᠢᠳᠠᠭ᠃

ᠤᠷᠠᠳ ᠤᠨ ᠬᠣᠶᠢᠳᠣ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠢ᠎ᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠥᠷᠨᠢᠭᠦᠯᠦᠭᠰᠡᠨ︽ᠬᠢᠯᠢ ᠳᠠᠭᠠᠤ ᠪᠣᠭᠣᠮᠲᠠ ᠶᠢᠨ ᠪᠠᠶᠢᠴᠠᠭᠠᠬᠤ ᠨᠢᠭᠡᠳᠦᠯᠲᠡᠢ ᠠᠵᠢᠯᠯᠠᠭ᠎ᠠ︾ ᠪᠡᠷ ᠭᠠᠷᠳᠠᠴᠠ ᠪᠣᠯᠭᠠᠵᠤ᠂ ᠬᠢᠯᠢ ᠳᠠᠭᠠᠤ ᠭᠠᠵᠠᠷ ᠣᠷᠣᠨ ᠤ ᠨᠡᠶᠢᠭᠡᠮ ᠦᠨ ᠵᠠᠰᠠᠯᠲᠠ ᠳᠤ ᠢᠳᠡᠪᠬᠢᠲᠡᠢ ᠠᠭᠤᠰᠤᠯᠴᠠᠵᠤ᠂ ᠬᠢᠯᠢ ᠳᠠᠭᠠᠤ ᠭᠠᠵᠠᠷ ᠣᠷᠣᠨ ᠤ ᠨᠡᠶᠢᠭᠡᠮ ᠦᠨ ᠲᠣᠭᠲᠠᠭᠤᠨ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠦ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ ᠪᠠᠶᠢᠨ᠎ᠠ᠃

ᠤᠷᠠᠳ ᠤᠨ ᠬᠣᠶᠢᠲᠤ ᠬᠣᠰᠢᠭᠤᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠶᠢ ᠳᠠᠭᠠᠯᠳᠤᠨ ᠬᠡᠭᠡᠷ᠎ᠡ ᠶᠢᠨ ᠠᠮᠢᠲᠠᠨ ᠢᠯᠡᠳᠲᠡ ᠨᠡᠮᠡᠭᠳᠡᠵᠦ ᠂ ᠡᠭᠦᠨ ᠦ ᠳᠠᠭᠠᠸ ᠳᠤ ᠮᠠᠯᠴᠢᠳ ᠤᠨ ᠮᠠᠯ ᠰᠦᠷᠦᠭ ᠢ ᠬᠥᠨᠥᠭᠡᠬᠦ ᠶᠠᠪᠤᠳᠠᠯ ᠪᠠᠶᠢᠨ ᠳᠠᠬᠢᠨ ᠭᠠᠷᠴᠤ ᠪᠠᠶᠢᠨ᠎ᠠ ᠃

ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠢ ᠳᠠᠷᠤᠶ ᠬᠥᠮᠦᠨ ᠲᠥᠷᠥᠯᠬᠢᠲᠡᠨ ᠦ ᠣᠷᠣᠰᠢᠨ ᠠᠮᠢᠳᠤᠷᠠᠬᠤ ᠭᠡᠷ ᠣᠷᠣᠨ ᠢ ᠬᠠᠮᠠᠭᠠᠯᠠᠬᠤ ᠶᠢᠨ ᠲᠥᠯᠥᠭᠡ ᠶᠤᠮ᠃ ᠬᠡᠭᠡᠷ᠎ᠡ ᠶᠢᠨ ᠠᠮᠢᠲᠠᠨ ᠢ ᠠᠩᠨᠠᠪᠠᠯ ᠬᠠᠸᠯᠢ ᠶᠢᠨ ᠬᠠᠷᠢᠭᠤᠴᠠᠯᠭ᠎ᠠ ᠡᠭᠦᠷᠭᠡᠯᠡᠨ᠎ᠡ ᠂ ᠲᠡᠭᠡᠪᠡᠯ ᠬᠡᠭᠡᠷ᠎ᠡ ᠶᠢᠨ ᠠᠮᠢᠲᠠᠨ ᠬᠥᠮᠦᠨ ᠲᠥᠷᠥᠯᠬᠢᠲᠡᠨ ᠦ ᠪᠡᠶ᠎ᠡ ᠮᠠᠬᠠᠪᠣᠳ ᠪᠠ ᠡᠳ᠋ ᠬᠥᠷᠥᠩᠭᠡ ᠳᠦ ᠬᠠᠯᠳᠠᠭᠰᠠᠨ ᠢ ᠬᠡᠷᠬᠢᠨ ᠰᠢᠶᠳᠪᠦᠷᠢᠯᠡᠬᠦ ᠪᠣᠶ ︖

 

 

《 ᠴᠢᠨᠣ᠎ᠠ  ᠶᠢ  ᠠᠯᠠᠬᠣ ᠨᠢ ᠶᠠᠯᠠᠲᠤ ᠠᠵᠢᠯᠯᠠᠭ᠎ᠠ  ᠭᠡᠳᠡᠭ  ᠢ ᠪᠢ ᠤᠤᠯ ᠨᠢ ᠮᠡᠳᠡᠬᠦ ᠦᠭᠡᠶ ᠂ ᠣᠳᠣ ᠮᠡᠳᠡᠭᠰᠡᠨ ᠂ ᠪᠢ ᠶᠠᠯ᠎ᠠ ᠪᠠᠨ ᠮᠡᠳᠡᠷᠡᠵᠦ ᠰᠢᠳᠬᠡᠯ ᠢᠶᠡᠨ ᠬᠦᠯᠢᠶᠡᠨ᠎ᠡ ᠂ ᠭᠡᠪᠡᠴᠦ  ᠬᠡᠬᠡᠷ᠎ᠡ ᠶᠢᠨ ᠴᠢᠨᠦ᠎ᠠ ᠦᠷᠭᠦᠯᠵᠢ ᠮᠢᠨᠦ  ᠲᠡᠮᠡᠭᠡ  ᠶᠢ ᠬᠠᠵᠠᠵᠣ   ᠠᠯᠠᠳᠠᠭ᠂ ᠲᠡᠭᠡᠭᠡᠳ ᠮᠢᠨᠦ ᠬᠣᠬᠢᠷᠠᠯ  ᠢ ᠬᠡᠨ ᠰᠢᠢᠳᠪᠦᠷᠢᠯᠡᠵᠦ ᠦᠭᠬᠦ ᠪᠤᠶ︖ 》 ᠡᠨᠡ ᠪᠣᠯ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠠᠤᠯᠢ ᠪᠤᠰᠤ ᠪᠠᠷ ᠠᠩ ᠠᠩᠨᠠᠭᠰᠠᠨ ᠬᠡᠷᠡᠭ ᠢ ᠰᠢᠶᠳᠪᠦᠷᠢᠯᠡᠬᠦ ᠦᠶ᠎ᠡ ᠳᠦ ᠂ ᠶᠠᠯ᠎ᠠ ᠬᠢᠭᠰᠡᠨ ᠰᠡᠵᠢᠭᠳᠡᠨ ᠬᠦᠬᠡ  ︵ ᠪᠤᠷᠤᠭᠤᠯᠠᠭᠰᠠᠨ ᠨᠠᠷ᠎ᠡ︶  ᠵᠢᠨ ᠠᠷᠭ᠎ᠠ ᠪᠠᠷᠠᠬᠳᠠᠨ ᠪᠠᠶᠢᠴᠠᠭᠠᠭᠴᠢ  ᠠᠴᠠ ᠠᠰᠠᠭᠣᠬᠰᠠᠨ ᠠᠰᠠᠭᠣᠯᠳᠠ ᠪᠣᠯᠣᠨ᠎ᠠ ᠃

2021 ᠣᠨ ᠤ 2 ᠰᠠᠷ᠎ᠠ ᠶᠢᠨ 5 ᠤ ᠡᠳᠦᠷ ᠴᠢᠨᠣ᠎ᠠ ᠶᠢ ᠳᠤᠮᠳᠠᠳᠤ ᠤᠯᠤᠰ ᠤᠨ ︽ ᠤᠯᠤᠰ ᠤᠨ ᠭᠣᠸᠯᠳᠠᠯᠭ᠎ᠠ ᠲᠠᠶ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠨᠡᠷᠡᠰ ︾ ᠤᠨ ᠬᠣᠶᠠᠳᠤᠭᠠᠷ ᠳᠡᠰ ᠲᠤ ᠣᠷᠣᠭᠤᠯᠪᠠ ᠃

﹇ ᠬᠡᠷᠡᠭ ᠦᠨ ᠡᠷᠭᠢᠴᠡᠭᠦᠯᠦᠯ﹈ 

2021 ᠣᠨ ᠤ 11 ᠰᠠᠷ᠎ᠠ  ᠶᠢᠨ  ᠦᠶᠡᠰ᠂ ᠬᠦᠬᠡ  ᠦᠨ ᠬᠡᠷ ᠡᠴᠡ ᠬᠣᠶᠢᠰᠢ10 ᠺᠢᠯᠦᠮᠧᠲᠷ ᠦᠨ ᠣᠷᠴᠢᠮ ᠲᠡᠭᠦᠨ ᠦ ᠲᠡᠮᠡᠭᠡ ᠶᠢ ᠴᠢᠨᠦ᠎ᠠ ᠪᠠᠷᠢᠵᠦ ᠢᠳᠡᠭᠰᠡᠨ ᠪᠠᠶᠢᠪᠠ᠂ ᠬᠦᠬᠡ ᠦᠬᠦᠭᠰᠡᠨ ᠲᠡᠮᠡᠭᠡᠨ ᠦ ᠵᠠᠬ᠎ᠠ ᠳᠤ ᠬᠠᠪᠬ᠎ᠠ ᠲᠠᠯᠪᠢᠭᠠᠳ ᠬᠡᠳᠦᠨ ᠡᠳᠦᠷ ᠦᠨ ᠲᠠᠷᠠᠭ᠎ᠠ  ᠨᠢᠭᠡ ᠴᠢᠨᠦ᠎ᠠ ᠬᠠᠪᠬᠠᠨ ᠳᠤ ᠣᠨᠠᠵᠣ ᠦᠬᠦᠭᠰᠡᠨ ᠪᠠᠶᠢᠨ᠎ᠠ᠃ ᠬᠦᠬᠡ ᠶᠢᠨ ᠬᠠᠪᠬ᠎ᠠ ᠲᠠᠯᠪᠢᠬᠰᠠᠨ ᠭᠠᠵᠠᠷ ᠨᠢ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠪᠠᠶᠢᠵᠤ᠂ ᠬᠡᠷᠡᠭᠯᠡᠭᠰᠡᠨ ᠬᠠᠪᠬ᠎ᠠ ᠨᠢ ᠴᠠᠭᠠᠵᠠᠯᠠᠬᠤ ᠴᠢᠨᠠᠷᠲᠠᠶ ᠪᠠᠭᠠᠵᠢ ᠪᠤᠯᠤᠨ᠎ᠠ ᠃ ᠬᠦᠬᠡ ᠠᠩ ᠠᠩᠨᠠᠬᠤ ᠶᠢ ᠴᠠᠭᠠᠵᠠᠯᠠᠬᠤ ᠣᠷᠣᠨ ᠳᠦ ᠬᠠᠤᠯᠢ ᠴᠠᠭᠠᠵᠠ ᠳᠤ ᠲᠣᠭᠲᠠᠭᠠᠭᠰᠠᠨ ᠴᠠᠭᠠᠵᠠᠯᠠᠬᠤ ᠴᠢᠨᠠᠷᠲᠠᠶ ᠪᠠᠭᠠᠵᠢ ᠶᠢ ᠬᠡᠷᠡᠭᠯᠡᠨ ᠬᠠᠤᠯᠢ ᠪᠤᠰᠤ ᠪᠠᠷ ᠠᠩ ᠠᠩᠨᠠᠵᠤ᠂ 《 ᠪᠦᠭᠦᠳᠡ ᠨᠠᠶᠢᠷᠠᠮᠳᠠᠬᠣ ᠲᠣᠮᠳᠠᠳᠣ ᠠᠷᠠᠳ ᠣᠯᠣᠰ ᠤᠨ ᠡᠷᠡᠭᠦᠦ ᠶᠢᠨ ᠬᠠᠤᠯᠢ》 ᠶᠢᠨ ᠲᠣᠭᠲᠠᠭᠠᠯ ᠢ ᠵᠥᠷᠢᠴᠡᠵᠦ᠂ ᠬᠠᠤᠯᠢ ᠪᠤᠰᠤ ᠪᠠᠷ ᠠᠩ ᠠᠩᠨᠠᠭᠰᠠᠨ ᠶᠠᠯ᠎ᠠ ᠪᠤᠯᠵᠤ ᠪᠦᠷᠢᠯᠳᠦᠵᠡᠶ᠃

 

 

2022 ᠣᠨ ᠤ 11 ᠰᠠᠷ᠎ᠠ  ᠶᠢᠨ 22 ᠤᠨ ᠡᠳᠦᠷ  ᠲᠣᠰ ᠬᠡᠷᠡᠭ  ᠢ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠳᠤ ᠰᠢᠯᠵᠢᠭᠦᠯᠦᠨ ᠬᠦᠷᠭᠡᠭᠰᠡᠨ ᠦ ᠳᠠᠷᠠᠭ᠎ᠠ ᠂ ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠤ ᠬᠢᠨᠠᠨ ᠪᠠᠶᠢᠴᠠᠭᠠᠭᠰᠠᠨ ᠢᠶᠠᠷ᠂ ᠬᠦᠬᠡ ᠶᠢᠨ ᠡᠬᠡᠨᠡᠷ ᠦᠨ ᠪᠡᠶ᠎ᠡ ᠨᠢ ᠪᠠᠷᠤᠭᠲᠠᠶ ᠂  ᠬᠡᠦᠬᠡᠨ ᠨᠢ ᠳᠡᠭᠡᠳᠦ ᠵᠡᠷᠭᠡ  ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠂  ᠲᠡᠮᠡᠭᠡ ᠨᠢ ᠲᠡᠳᠡᠨ ᠦ ᠪᠥᠬᠥ ᠬᠡᠷ  ᠤᠨ ᠣᠷᠣᠯᠭ᠎ᠠ  ᠶᠢᠨ ᠢᠷᠠᠯᠳᠠ ᠪᠠᠶᠢᠪᠠ᠃ ᠣᠶᠢᠷ᠎ᠠ  ᠶᠢᠨ ᠬᠡᠳᠦᠨ ᠵᠢᠯ ᠳᠦ ᠴᠢᠨᠣ᠎ᠠ  ᠦᠷᠭᠦᠯᠵᠢ ᠲᠡᠮᠡᠭᠡ ᠶᠢ ᠨᠢ  ᠪᠠᠷᠢᠵᠦ ᠢᠳᠡᠨ ᠬᠣᠬᠢᠷᠠᠯ  ᠣᠴᠠᠷᠠᠭᠣᠯᠵᠠᠢ᠂ ᠴᠢᠨᠣ᠎ᠠ ᠳᠤ ᠬᠠᠵᠠᠭᠳᠠᠵᠤ ᠥᠭᠦᠭᠰᠡᠨ ᠲᠡᠮᠡᠭᠡᠨ ᠦ   ᠦᠬᠦᠳᠠᠯ  ᠢ  ᠬᠠᠷᠠᠭᠠᠳ ᠬᠦᠬᠡ ᠠᠷᠭ᠎ᠠ ᠪᠤᠰᠤ ᠴᠢᠨᠣ᠎ᠠ  ᠶᠢ ᠠᠯᠠᠬᠣ ᠪᠣᠳᠣᠯ  ᠤᠷᠤᠭᠰᠠᠨ ᠪᠠᠶᠢᠨ᠎ᠠ᠃

 

 

ᠲᠣᠰ ᠬᠡᠷᠡᠭ ᠦᠨ ᠶᠠᠯ᠎ᠠ ᠬᠢᠭᠰᠡᠨ ᠰᠡᠵᠢᠭᠳᠡᠨ ᠬᠦᠬᠡ ᠬᠡᠷᠡᠭ   ᠤᠨ ᠲᠠᠷᠠᠭ᠎ᠠ ᠦᠪᠡᠷ ᠦᠨ ᠶᠠᠯᠠᠳᠣ ᠠᠵᠢᠯᠯᠠᠭ᠎ᠠ ᠪᠠᠨ ᠦᠨᠡᠨ ᠮᠥᠨ ᠢᠶᠡᠷ ᠨᠢ ᠥᠴᠢᠭᠯᠡᠭᠰᠡᠨ ᠂ ᠰᠠᠶᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ  ᠰᠢᠳᠭᠡᠯ ᠢ ᠬᠦᠯᠢᠶᠡᠭᠰᠡᠨ ᠂ ᠶᠠᠯ᠎ᠠ ᠬᠢᠭᠰᠡᠨ ᠦᠶᠯᠡ ᠪᠠᠶᠢᠳᠠᠯ ᠨᠢ ᠬᠥᠩᠭᠡᠨ ᠂ ᠶᠠᠯ᠎ᠠ ᠬᠢᠭᠰᠡᠨ ᠣᠭ ᠰᠠᠨᠠᠭ᠎ᠠ ᠨᠢ ᠲᠡᠮᠡᠭᠡ ᠪᠡᠨ ᠬᠠᠮᠠᠭᠠᠯᠠᠬᠤ ᠶᠢᠨ ᠲᠥᠯᠥᠭᠡ ᠵᠡᠷᠭᠡ ᠰᠢᠯᠲᠠᠭᠠᠨ  ᠢ ᠪᠣᠳᠣᠯᠬᠢᠯᠠᠭᠠᠳ ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠠᠷᠠᠳ ᠤᠨ ᠬᠢᠨᠠᠯᠳᠠ ᠲᠠᠯᠪᠢᠬᠴᠢ᠂ ᠠᠷᠠᠳ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠭᠡᠨ ᠦ ᠭᠡᠰᠢᠭᠦᠨ ᠢ ᠣᠷᠢᠵᠤ ᠲᠣᠰ ᠬᠡᠷᠡᠭ ᠦᠨ ᠲᠤᠬᠠᠶ ᠢᠯᠡ ᠪᠡᠷ ᠭᠡᠷᠡᠴᠢᠯᠡᠭᠡ ᠰᠣᠨᠣᠰᠴᠤ ᠂  ᠬᠦᠬᠡ  ᠶᠢ ᠬᠠᠷᠢᠴᠠᠩᠭᠤᠶ ᠪᠠᠷ ᠥᠯᠥ ᠵᠠᠭᠠᠯᠳᠤᠬᠤ ᠰᠢᠳᠪᠦᠷᠢ ᠭᠠᠷᠭᠠᠪᠠ ᠃

ᠡᠭᠦᠨ ᠦ ᠬᠠᠮᠲᠤ ᠂  ᠬᠦᠬᠡ  ᠶᠢᠨ ᠬᠠᠸᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠩᠨᠠᠭᠰᠠᠨ ᠠᠵᠢᠯᠯᠠᠭ᠎ᠠ ᠨᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠢᠴᠢ ᠠᠮᠢ ᠠᠬᠤᠶ ᠶᠢᠨ ᠲᠡᠩᠴᠡᠭᠦᠷᠢ ᠶᠢ ᠡᠪᠳᠡᠵᠦ ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠣᠬᠢᠷᠠᠭᠤᠯᠤᠭᠰᠠᠨ ᠤᠴᠢᠷ ᠠᠴᠠ ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠵᠣᠬᠢᠴᠠᠭᠤᠯᠭ᠎ᠠ ᠳᠣᠸᠷ᠎ᠠ ᠂  ᠬᠦᠬᠡ  ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠲᠠᠶ ᠠᠮᠢ ᠠᠬᠤᠶ ᠶᠢ ᠰᠡᠷᠭᠦᠭᠡᠬᠦ ᠬᠡᠯᠡᠯᠴᠡᠭᠡᠷ ᠲᠣᠭᠲᠠᠵᠤ ᠂ ᠤᠷᠭᠤᠮᠠᠯ  ᠬᠤᠴᠢᠯᠭ᠎ᠠ ᠶᠢ ᠨᠥᠬᠥᠵᠦ  ᠲᠠᠷᠢᠨ ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠣᠷᠴᠢᠨ ᠲᠣᠭᠣᠷᠢᠨ ᠢ ᠰᠠᠶᠢᠵᠢᠷᠠᠭᠣᠯᠬᠣ ᠪᠠᠷ ᠪᠣᠯᠪᠠ ᠃

ᠬᠡᠷᠡᠭ ᠢ ᠬᠡᠳᠦᠶᠢᠪᠡᠷ ᠰᠢᠶᠳᠪᠦᠷᠢᠯᠡᠵᠦ ᠳᠠᠭᠤᠰᠬᠠᠭᠰᠠᠨ ᠪᠣᠯᠪᠠᠴᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠣᠯᠠᠨ ᠲᠦᠮᠡᠨ ᠦ ᠠᠮᠢ ᠪᠡᠶ᠎ᠡ ᠶᠢᠨ ᠠᠰᠢᠭ ᠲᠤᠰᠠ ᠶᠢ ᠪᠠᠲᠤᠯᠠᠬᠤ ᠬᠣᠶᠠᠷ ᠲᠠᠯ᠎ᠠ ᠪᠠᠷ ᠢᠶᠠᠨ ᠠᠰᠢᠭ ᠭᠥᠷᠳᠡᠬᠦ ᠦᠷ᠎ᠡ ᠳ᠋ᠦᠩ ᠳᠦ ᠬᠡᠷᠬᠢᠨ ᠬᠥᠷᠬᠥ ᠪᠣᠶ ︖ ᠡᠨᠡᠬᠦ ᠪᠣᠳᠠᠲᠤ ᠠᠰᠠᠭᠤᠳᠠᠯ ᠪᠠᠶᠢᠴᠠᠭᠠᠭᠴᠢ ᠶᠢᠨ ᠡᠮᠦᠨ᠎ᠡ ᠲᠠᠯᠪᠢᠭᠳᠠᠯ᠎ᠠ᠃

ᠲᠤᠰ ᠬᠡᠷᠡᠭ ᠲᠦ ᠢᠯᠡᠷᠡᠭᠰᠡᠨ ᠬᠡᠭᠡᠷ᠎ᠡ ᠶᠢᠨ ᠠᠮᠢᠲᠠᠨ ᠮᠠᠯᠴᠢᠳ ᠤᠨ ᠮᠠᠯ ᠰᠦᠷᠦᠭ ᠲᠦ ᠬᠣᠬᠢᠷᠠᠯ ᠤᠴᠠᠷᠠᠭᠤᠯᠤᠭᠰᠠᠨ ᠠᠰᠠᠭᠤᠳᠠᠯ ᠳᠤ ᠴᠢᠭᠯᠡᠭᠦᠯᠦᠨ ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠠᠷᠠᠳ ᠣᠯᠠᠨ ᠤ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠪᠠᠲᠤᠯᠠᠬᠤ ᠶᠢᠨ ᠲᠥᠯᠥᠭᠡ ᠂ ᠨᠡᠶᠢᠲᠡ ᠶᠢᠨ ᠠᠰᠢᠭᠲᠤ ᠵᠠᠷᠭᠤ ᠶᠢᠨ ᠰᠠᠯᠠᠭ᠎ᠠ ᠮᠥᠴᠢᠷ ᠦᠨ ᠪᠠᠶᠢᠴᠠᠭᠠᠬᠤ ᠠᠵᠢᠯᠲᠠᠳ ᠬᠢᠯᠢ ᠳᠠᠭᠠᠸ ᠰᠤᠮᠤ ᠪᠠᠯᠭᠠᠰᠤ ᠭᠠᠴᠠᠭ᠎ᠠ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ  ᠪᠠᠶᠢᠴᠠᠭᠠᠬᠤ ᠣᠶᠢᠯᠠᠭᠠᠵᠤ ᠂ ᠣᠶᠢᠷ᠎ᠠ ᠶᠢᠨ ᠬᠡᠳᠦᠨ ᠵᠢᠯ ᠳᠦ ᠮᠠᠯᠵᠢᠬᠤ ᠣᠷᠣᠨ ᠳᠤ ᠴᠢᠨᠣ᠎ᠠ ᠤᠯᠠᠮ ᠠᠴᠠ ᠤᠯᠠᠮ ᠣᠯᠠᠰᠢᠷᠠᠵᠤ ᠂ ᠮᠠᠯ ᠤᠨᠤᠭ᠎ᠠ ᠪᠠᠶᠢᠨ ᠳᠠᠬᠢᠨ ᠬᠣᠬᠢᠷᠠᠯ ᠳᠤ ᠣᠴᠠᠷᠠᠵᠣ  ᠬᠢᠯᠢ ᠲᠠᠭᠠᠣ ᠭᠣᠷᠪᠠᠨ ᠰᠣᠮᠣ ᠪᠠᠯᠭᠠᠰᠣ ᠶᠢᠨ ᠶᠢᠰᠦᠨ ᠭᠠᠴᠠᠭᠠᠨ ᠤ130 ᠭᠠᠷᠣᠢ ᠡᠷᠦᠭᠡ ᠶᠢᠨ600 ᠭᠠᠷᠣᠢ ᠪᠣᠭ ᠮᠠᠯ᠂700 ᠭᠠᠷᠣᠢ ᠪᠣᠳᠠ ᠮᠠᠯ  ᠬᠡᠬᠡᠷ᠎ᠡ ᠶᠢᠨ ᠠᠮᠢᠳᠠᠨ ᠤ ᠬᠣᠬᠢᠷᠠᠯ ᠳᠤ ᠣᠴᠠᠷᠠᠵᠣ᠂ ᠢᠯᠠᠩᠭᠤᠶ᠎ᠠ ᠰᠠᠶ᠋ᠢ ᠲᠦᠷᠦᠭᠰᠡᠨ ᠪᠣᠳᠣᠭᠣ ᠶᠢᠨ ᠬᠣᠬᠢᠷᠠᠬᠰᠠᠨ ᠲᠣᠭ᠎ᠠ ᠶᠢ ᠪᠦᠷᠢᠳᠭᠡᠬᠦ ᠶᠢᠨ ᠠᠷᠭ᠎ᠠ ᠦᠭᠡᠢ ᠣᠯᠠᠨ ᠪᠠᠶᠢᠵᠣ᠂ ᠲᠤᠬᠠᠶ ᠶᠢᠨ ᠭᠠᠵᠠᠷ ᠤᠨ ᠮᠠᠯᠴᠢᠳ  ᠤᠨ ᠦᠢᠯᠡᠳᠪᠦᠷᠢᠯᠡᠯ ᠠᠮᠢᠳᠣᠷᠠᠯ   ᠢ ᠬᠦᠨᠳᠣ ᠨᠣᠴᠢᠳᠠᠢ ᠨᠦᠯᠦᠭᠡᠯᠡᠵᠦ᠂ ᠮᠠᠰᠢ ᠶᠡᠬᠡ ᠠᠵᠤ ᠠᠬᠤᠶ ᠶᠢᠨ ᠬᠣᠬᠢᠷᠠᠯ ᠠᠪᠴᠢᠷᠠᠪᠠ᠂ ᠲᠡᠭᠡᠷ᠎ᠡ ᠨᠢ ᠡᠨᠡ ᠬᠡᠳᠦᠨ ᠵᠢᠯ ᠦᠨ ᠦᠷᠭᠦᠯᠵᠢᠯᠡᠭᠰᠡᠨ ᠭᠠᠩ ᠬᠠᠪᠰᠠᠷᠭ᠎ᠠ ᠠᠴᠠ ᠪᠣᠯᠵᠣ᠂ᠮᠠᠯ ᠠᠵᠤ ᠠᠬᠤᠶ ᠶᠢᠨ ᠦᠢᠯᠡᠳᠪᠦᠷᠢᠯᠡᠯ ᠦᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠪᠡ᠃ ᠮᠠᠯᠴᠢᠳ ᠤᠨ ᠬᠠᠸᠯᠢ ᠴᠠᠭᠠᠵᠠ ᠶᠢᠨ ᠤᠬᠠᠮᠰᠠᠷ ᠲᠣᠷᠣᠢ ᠂ ᠬᠠᠮᠠᠭᠠᠯᠠᠯᠲᠠ ᠶᠢᠨ ᠣᠷᠣᠨ ᠂ ᠠᠩ ᠤᠨ ᠬᠣᠷᠢᠭᠠᠲᠤ ᠬᠤᠭᠤᠴᠠᠭ᠎ᠠ ᠂ ᠠᠩ ᠤᠨ ᠬᠣᠷᠢᠭᠠᠲᠤ ᠣᠷᠣᠨ ᠵᠢᠴᠢ ᠬᠡᠭᠡᠷ᠎ᠡ ᠶᠢᠨ ᠠᠮᠢᠲᠠᠨ ᠤ ᠬᠥᠨᠥᠭᠡᠯ ᠳᠦ ᠨᠥᠬᠥᠪᠥᠷᠢ ᠥᠭᠬᠦ ᠵᠡᠷᠭᠡ ᠲᠠᠯ᠎ᠠ ᠶᠢᠨ ᠬᠣᠯᠪᠣᠭᠳᠠᠯ ᠪᠥᠬᠥᠶ ᠬᠠᠸᠯᠢ ᠴᠠᠭᠠᠵᠠ ᠶᠢᠨ ᠲᠣᠭᠲᠠᠭᠠᠯ  ᠶᠢᠨ ᠲᠣᠬᠠᠢ ᠮᠡᠳᠡᠯᠭᠡ ᠲᠣᠳᠠᠮᠠᠭ  ᠪᠠᠶᠢᠯ᠎ᠠ᠃

《 ᠮᠠᠯ ᠤᠨᠤᠭ᠎ᠠ ᠶᠢ ᠴᠢᠨᠣ᠎ᠠ  ᠬᠠᠵᠠᠵᠣ ᠠᠯᠠᠪᠠᠯ  ᠦᠪᠡᠷ ᠦᠨ ᠭᠠᠷᠣᠵᠠ  ᠰᠢᠳᠠ ᠂ ᠥᠩᠭᠡᠷᠡᠭᠰᠡᠨ ᠳᠦ ᠪᠠᠰᠠ ᠭᠠᠴᠠᠭ᠎ᠠ ᠰᠤᠮᠤᠨ ᠳᠤ ᠮᠡᠳᠡᠭᠦᠯᠵᠦ ᠪᠠᠶᠢᠭᠰᠠᠨ ᠪᠣᠯᠪᠠᠴᠤ ᠶᠡᠷᠦ ᠡᠴᠡ ᠨᠥᠬᠥᠪᠥᠷᠢ  ᠣᠯᠤᠭᠰᠠᠨ ᠦᠭᠡᠶ ᠂ ᠰᠡᠭᠦᠯᠡᠷ ᠨᠢ ᠪᠦᠷ ᠮᠡᠳᠡᠭᠦᠯᠬᠦ ᠪᠡᠨ ᠴᠦ ᠪᠣᠯᠢᠬᠰᠠᠨ》 ᠭᠡᠵᠦ ᠮᠠᠯᠴᠢᠨ ᠬᠦᠬᠡᠭᠴᠢᠨ︵ᠪᠤᠷᠤᠭᠤᠯᠠᠭᠰᠠᠨ ᠨᠡᠷ᠎ᠡ︶ ᠬᠡᠯᠡᠵᠦ ᠪᠠᠶᠢᠯ᠎ᠠ ᠃ ᠦᠨᠡᠨ ᠳᠡᠭᠡᠨ ᠤᠯᠤᠰ  ᠠᠴᠠ ᠬᠣᠯᠪᠣᠭᠳᠠᠯ ᠪᠥᠬᠥᠶ ᠬᠠᠸᠯᠢ ᠲᠣᠭᠲᠠᠭᠠᠯ  ᠢ ᠠᠯᠢ ᠡᠷᠲᠡ ᠨᠡᠶᠢᠲᠡᠯᠡᠵᠦ ᠥᠩᠭᠡᠷᠡᠭᠰᠡᠨ ᠶᠤᠮ ᠂ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠸᠯᠢ ︾ ᠵᠢᠴᠢ ᠲᠡᠭᠦᠨ ᠢ ᠬᠡᠷᠡᠭᠵᠢᠭᠦᠯᠬᠦ ᠲᠦᠷᠢᠮ ᠳᠦ ᠬᠡᠭᠡᠷ᠎ᠡ ᠶᠢᠨ ᠠᠮᠢᠲᠠᠨ ᠤ ᠬᠣᠬᠢᠷᠠᠯ ᠤᠴᠠᠷᠠᠭᠤᠯᠤᠭᠰᠠᠨ ᠨᠥᠬᠥᠪᠥᠷᠢ ᠶᠢᠨ ᠲᠤᠬᠠᠶ ᠵᠠᠷᠴᠢᠮ ᠤᠨ ᠴᠢᠨᠠᠷᠲᠠᠶ ᠲᠣᠭᠲᠠᠭᠠᠯ ᠭᠠᠷᠭᠠᠵᠠᠶ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ 2023 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠶ ᠲᠡᠭᠡᠷᠡᠬᠢ ᠬᠡᠭᠡᠷ᠎ᠡ ᠶᠢᠨ ᠠᠮᠢᠲᠠᠨ ᠤ ᠣᠴᠠᠷᠠᠭᠣᠯᠣᠬᠰᠠᠨ ᠬᠥᠨᠥᠭᠡᠯ  ᠳᠤ ᠨᠦᠬᠦᠪᠦᠷᠢ ᠣᠯᠭᠣᠬᠣ ᠬᠠᠮᠢᠶᠠᠷᠣᠯᠳᠠ ᠶᠢᠨ ᠠᠷᠭ᠎ᠠ ︾ ᠶᠢ ᠳᠠᠷᠤᠮᠠᠯᠯᠠᠨ ᠲᠠᠷᠬᠠᠭᠠᠵᠤ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠦᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ ᠃

 ᠲᠣᠬᠠᠢ ᠶᠢᠨ ᠭᠠᠵᠠᠷ ᠲᠤ ᠬᠦᠷᠴᠦ ᠰᠤᠷᠪᠤᠯᠵᠢᠯᠠᠨ ᠪᠠᠶᠢᠴᠠᠭᠠᠬᠤ ᠪᠠ ᠡᠯ᠎ᠡ ᠭᠠᠴᠠᠭᠠᠨ ᠤ ᠬᠠᠩᠭᠠᠭᠰᠠᠨ ᠪᠠᠶᠢᠳᠠᠯ ᠤᠨ ᠲᠣᠳᠣᠷᠬᠠᠶᠢᠯᠠᠯᠲᠠ ᠪᠠᠷ ᠳᠡᠮᠵᠢᠨ᠂ ᠬᠡᠭᠡᠷ᠎ᠡ ᠶᠢᠨ ᠠᠮᠢᠲᠠᠨ ᠤ ᠬᠥᠨᠥᠭᠡᠯ ᠤᠴᠠᠷᠠᠭᠤᠯᠤᠭᠰᠠᠨ ᠮᠠᠯ ᠤᠨ ᠲᠣᠭ᠎ᠠ ᠬᠡᠮᠵᠢᠶ᠎ᠡ ᠂  ᠠᠰᠠᠭᠣᠳᠠᠯ ᠡᠭᠦᠰᠴᠦ ᠪᠠᠶᠢᠭ᠎ᠠ ᠣᠭ ᠦᠨᠳᠦᠰᠦ᠂ ᠬᠣᠬᠢᠷᠠᠯ  ᠳᠤ ᠨᠥᠬᠥᠪᠥᠷᠢ ᠦᠭᠬᠦᠭᠰᠡᠨ ᠪᠠᠶᠢᠳᠠᠯ ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠵᠢᠴᠢ ᠬᠣᠬᠢᠷᠠᠯ  ᠳᠤ ᠨᠥᠬᠥᠪᠥᠷᠢ ᠥᠭᠬᠦ ᠳᠦ ᠣᠷᠣᠰᠢᠵᠣ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠰᠦᠪᠡᠭᠴᠢ ᠶᠢ ᠡᠮᠬᠢᠯᠡᠨ ᠨᠡᠶᠢᠯᠡᠭᠦᠯᠵᠦ ᠂ 2023 ᠣᠨ ᠤ 4 ᠰᠠᠷ᠎ᠠ ᠶᠢᠨ 20 ᠤ ᠡᠳᠦᠷ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠵᠤ ᠂ ᠡᠭᠦᠨ ᠦ ᠬᠠᠮᠲᠤ ᠬᠣᠯᠪᠣᠭᠳᠠᠯ ᠪᠦᠬᠦᠢ 5 ᠵᠠᠰᠠᠭ ᠵᠠᠬᠢᠷᠭᠠᠨ ᠤ ᠨᠢᠭᠡᠴᠡ ᠳᠦ ᠪᠠᠶᠢᠴᠠᠭᠠᠬᠤ ᠰᠠᠨᠠᠭᠤᠯᠭ᠎ᠠ ᠲᠣᠷᠠᠳᠣᠨ ᠲᠠᠷᠬᠠᠭᠠᠵᠤ᠂ ᠲᠡᠳᠡᠨ  ᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠬᠡᠭᠡᠷ᠎ᠡ ᠶᠢᠨ ᠠᠮᠢᠲᠠᠨ ᠤ ᠬᠣᠣᠷ ᠬᠥᠨᠥᠭᠡᠯ ᠳᠦ ᠨᠥᠬᠥᠪᠥᠷᠢ ᠥᠭᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠬᠡᠭᠡᠷ᠎ᠡ ᠶᠢᠨ ᠠᠮᠢᠲᠠᠨ ᠤ ᠬᠣᠣᠷ ᠬᠥᠨᠥᠭᠡᠯ  ᠢ ᠰᠡᠷᠭᠡᠶᠢᠯᠡᠨ ᠬᠢᠵᠠᠭᠠᠷᠯᠠᠵᠤ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠢᠴᠢ ᠬᠣᠣᠷ ᠬᠥᠨᠥᠭᠡᠯ ᠳᠦ ᠨᠥᠬᠥᠪᠥᠷᠢ ᠥᠭᠬᠦ ᠶᠢ ᠴᠢᠩᠭᠠᠳᠬᠠᠬᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠶ ᠪᠠᠷ ᠬᠠᠮᠲᠤ ᠣᠷᠣᠰᠢᠬᠤ ᠰᠠᠢᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠰᠠᠨᠠᠭᠤᠯᠪᠠ᠃

ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠴᠠᠭᠠᠬᠤ ᠰᠠᠨᠠᠭᠤᠯᠭ᠎ᠠ ᠶᠢ ᠣᠯᠤᠭᠰᠠᠨ ᠤ ᠳᠠᠷᠠᠭ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠷᠳᠠᠨ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠢᠶᠠᠨ ᠨᠥᠬᠥᠪᠥᠷᠢᠯᠡᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ ᠭᠡᠵᠦ ᠢᠯᠡᠷᠬᠡᠶᠢᠯᠡᠪᠡ᠃

ᠠᠮᠢ ᠠᠬᠤᠶ ᠶᠢᠨ ᠣᠷᠴᠢᠨ ᠨᠥᠬᠥᠴᠡᠯ ᠢ ᠬᠠᠤᠯᠢ ᠪᠠᠷ ᠵᠠᠰᠠᠬᠤ ᠶᠢᠨ ᠬᠠᠷᠠᠯᠲᠠ ᠪᠣᠯ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠶ ᠪᠠᠷ ᠬᠠᠮᠲᠤ ᠣᠷᠣᠰᠢᠬᠤ ᠶᠠᠪᠤᠳᠠᠯ ᠪᠣᠯᠤᠨ᠎ᠠ᠃ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠠᠷᠠᠳ ᠢᠷᠭᠡᠳ ᠦᠨ ᠬᠡᠪ ᠦᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠶᠠᠪᠤᠳᠠᠯ ᠢ ᠬᠡᠷᠬᠢᠨ ᠪᠦᠲᠦᠮᠵᠢᠲᠡᠶ ᠪᠡᠷ ᠲᠡᠩᠴᠡᠭᠦᠷᠢᠲᠡᠶ ᠪᠠᠶᠢᠯᠭᠠᠬᠤ ᠳᠤ ᠪᠠᠰᠠ ᠪᠦᠬᠦ ᠨᠡᠶᠢᠭᠡᠮ ᠢᠶᠡᠷ ᠢᠶᠡᠨ ᠬᠠᠮᠲᠤ ᠪᠠᠷ ᠪᠣᠳᠣᠯᠬᠢᠯᠠᠬᠤ ᠴᠢᠬᠤᠯᠠᠲᠠᠶ ᠠᠰᠠᠭᠤᠳᠠᠯ ᠪᠣᠯᠤᠨ᠎ᠠ᠃

ᠬᠣᠶᠢᠰᠢᠳᠠ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ ᠂ ᠬᠠᠮᠢᠶ᠎ᠠ ᠪᠥᠬᠥᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ ᠂ ᠤᠷᠠᠳ ᠤᠨ ᠬᠣᠶᠢᠲᠤ ᠬᠣᠰᠢᠭᠤᠨ ᠤ ᠠᠮᠢ ᠠᠬᠤᠶ ᠶᠢᠨ ᠲᠡᠩᠴᠡᠭᠦᠷᠢᠲᠡᠶ ᠰᠠᠶᠢᠨ ᠬᠥᠭᠵᠢᠯᠲᠡ ᠶᠢ ᠪᠥᠬᠥ ᠲᠠᠯ᠎ᠠ ᠪᠠᠷ ᠳᠡᠮᠵᠢᠵᠦ ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠶ ᠪᠠᠷ ᠬᠠᠮᠲᠤ ᠣᠷᠣᠰᠢᠬᠤ ᠶᠢ ᠠᠬᠢᠭᠤᠯᠤᠨ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠡᠬᠢᠵᠢᠭᠦᠯᠵᠦ ᠂ ᠬᠢᠯᠢ ᠳᠠᠭᠠᠸ ᠶᠢᠨ ᠠᠵᠤ ᠠᠬᠤᠶ ᠵᠢᠴᠢ ᠣᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠬᠤ ᠳᠤ ᠴᠢᠨᠠᠷ ᠰᠠᠶᠢᠲᠠᠶ ᠬᠠᠸᠯᠢ  ᠴᠠᠭᠠᠵᠠ ᠶᠢᠨ ᠪᠠᠳᠣᠯᠠᠭ᠎ᠠ ᠬᠠᠩᠭᠠᠵᠤ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ︽ ᠪᠡᠬᠢᠯᠡᠯᠲᠡ ︾ ᠶᠢ ᠪᠠᠶᠢᠭᠤᠯᠬᠤ ᠳᠤ ᠪᠠᠶᠢᠴᠠᠭᠠᠬᠤ ᠬᠦᠴᠦᠨ ᠢᠶᠡᠨ  ᠨᠡᠮᠡᠷᠢᠯᠡᠬᠦ ᠪᠡᠷ ᠴᠢᠷᠮᠠᠶᠢᠨ᠎ᠠ᠃

 

ᠢᠷᠡᠯᠲᠡ
ᠣᠷᠠᠳ  ᠤᠨ ᠬᠣᠶᠢᠳᠣ ᠬᠣᠰᠢᠭᠣᠨ ᠤ ᠠᠷᠠᠳ ᠤᠨ ᠪᠠᠶᠢᠴᠠᠭᠠᠬᠣ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro