ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠢ ᠫᠢᠩ ᠲᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠠᠵᠢᠯ ᠢ ᠵᠢᠭᠠᠨ ᠵᠢᠯᠣᠭᠤᠳᠪᠠ

2023-06-13 14:26:02
ᠵᠣᠬᠢᠶᠠᠭᠴᠢ
ᠶᠢᠷᠲᠢᠨᠴᠦ

  
        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠢ ᠫᠢᠩ ᠨᠡᠷ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠭᠦᠨᠵᠡᠭᠡᠶᠢᠷᠡᠨ ᠲᠣᠮᠢᠯᠠᠨ ᠰᠠᠭᠤᠯᠭᠠᠭ᠎ᠠ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
     

 

       ᠣᠷᠳᠣᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠷᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠢᠶᠣᠤ ᠰᠧ ᠾᠧᠦ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠬᠠᠮᠲᠣ ᠤᠷᠢᠳ ᠬᠤᠵᠢᠳ ᠳᠠᠯᠠᠳ ᠬᠤᠰᠢᠭᠤᠨ ᠤ ᠪᠠᠢᠴᠠᠭᠠᠬᠤ ᠬᠤᠷᠢᠶᠠᠨ ᠤ ᠬᠡᠷᠡᠭ ᠰᠢᠢᠳᠪᠦᠷᠢᠯᠡᠬᠦ ᠠᠵᠢᠯ ᠤᠨ ᠲᠣᠭᠤᠷᠢᠭ᠂ 12309 ᠪᠠᠶᠢᠴᠠᠭᠠᠬᠤ ᠦᠢᠯᠡᠴᠢᠯᠡᠭᠡᠨ ᠤ ᠲᠥᠪ᠂ ᠭᠡᠷᠡᠴᠢᠯᠡᠭᠡ ᠰᠣᠨᠣᠰᠬᠤ ᠲᠠᠰᠤᠭ ᠵᠡᠷᠭᠡ ᠴᠢᠳᠠᠮᠵᠢᠳᠤ ᠭᠡᠷ  ᠢ ᠲᠣᠭᠤᠷᠢᠨ ᠦᠵᠡᠪᠡ᠃ ᠲᠠᠷᠠᠭ᠎ᠠ ᠨᠢ᠂ ᠲᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠤᠤ ᠬᠤᠢ ᠹᠠᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠢᠶᠠᠨ ᠳᠤ ᠪᠠᠶᠢᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
        ᠶᠠᠷᠢᠯᠴᠠᠬᠤ ᠬᠤᠷᠠᠯ ᠳᠤ᠂  ᠲᠤᠰ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠮᠢᠯᠠᠨ  ᠰᠠᠭᠤᠯᠭᠠᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠩ ᠰᠠᠨ ᠸᠠᠩ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠶᠠᠩ ᠢ ᠫᠢᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠣᠶᠢᠷ᠎ᠠ ᠶᠢᠨ ᠵᠢᠯ ᠳᠤ ᠣᠯᠤᠭᠰᠠᠨ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ  ᠭᠦᠢᠴᠡᠳ ᠨᠤᠲᠠᠯᠠᠭᠰᠠᠨ ᠪᠥᠭᠡᠳ ᠬᠤᠶᠢᠰᠢᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠳᠤ ᠳᠤᠤᠷᠠᠬᠢ ᠮᠡᠲᠦ ᠵᠢᠯᠣᠭᠤᠳᠬᠤ ᠰᠠᠨᠠᠯ ᠳᠤᠷᠠᠳᠪᠠ᠄ ᠨᠢᠭᠡ ᠳᠤ ︽ᠴᠢᠩᠭ᠎ᠠ ᠬᠠᠮᠢᠶᠠᠷᠬᠤ ᠪᠣᠯ ᠭᠦᠨ ᠬᠠᠶᠢᠷ᠎ᠠ ᠮᠥᠨ︾ ᠭᠡᠬᠦ  ᠤᠨᠤᠯᠵᠢᠬᠤᠨ ᠢ ᠪᠠᠲᠤ ᠪᠣᠶ ᠪᠣᠯᠭᠠᠬᠤ ᠬᠡᠷᠡᠭᠲᠡᠶ᠃ ︽ᠴᠢᠩᠭ᠎ᠠ︾ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠢᠯᠡᠭᠦᠬᠡᠨ ᠣᠷᠣᠯᠴᠠᠵᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠬᠢᠨᠠᠯᠲᠠ ᠲᠠᠯᠪᠢᠬᠤ ᠶᠢ ᠭᠤᠣᠯᠳᠠᠯᠭ᠎ᠠ ᠪᠠᠨ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠦᠴᠢᠷᠳᠡᠯ ᠶᠡᠭᠡ᠂ ᠬᠠᠷᠢᠭᠤᠴᠠᠯᠭ᠎ᠠ ᠶᠡᠭᠡ᠂ ᠲᠣᠮᠢᠯᠠᠨ ᠰᠠᠭᠤᠯᠭᠠᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠦᠢᠯᠡᠳᠦᠯ ᠢ ᠬᠡᠷᠬᠢᠨ ᠨᠡᠩ ᠰᠠᠶᠢᠨ ᠪᠠᠳᠠᠷᠠᠭᠤᠯᠬᠤ ᠲᠤᠬᠠᠢ ᠰᠤᠷᠤᠯᠴᠠᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠰᠠᠭᠤᠭ᠎ᠠ ᠨᠢᠭᠡᠴᠢ ᠲᠠᠢ ᠪᠠᠨ ᠢᠯᠡᠭᠦᠬᠡᠨ ᠬᠠᠷᠢᠯᠴᠠᠵᠤ ᠨᠡᠪᠲᠡᠷᠡᠯᠴᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠲᠣᠮᠢᠯᠠᠨ  ᠰᠠᠭᠤᠯᠭᠠᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠶᠡᠭᠡ ᠪᠠᠷ ᠲᠡᠮᠵᠢᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠴᠢᠬᠤᠯᠠᠴᠢᠯᠠᠵᠤ᠂ ᠪᠦᠬᠦ ᠶᠠᠪᠤᠴᠠ ᠶᠢ ᠬᠠᠮᠤᠷᠤᠭᠰᠠᠨ᠂ ᠪᠦᠲᠦᠮᠵᠢᠲᠡᠢ ᠪᠥᠭᠡᠳ ᠲᠤᠰᠠᠲᠠᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠬᠦᠴᠦᠯᠡᠨ ᠪᠠᠶᠢᠭᠤᠯᠠᠨ᠎ᠠ᠃
        ᠵᠣᠣ ᠬᠤᠶ ᠹᠠᠩ ᠪᠠᠶᠢᠴᠠᠭᠠᠬᠤ ᠳᠠᠷᠤᠭ᠎ᠠ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠᠶᠢᠴᠠᠭᠠᠨ ᠰᠤᠳᠤᠯᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠰᠠᠭᠤᠭ᠎ᠠ ᠨᠢᠭᠡᠴᠢ ᠪᠣᠯᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠪᠠᠶᠢᠴᠠᠭᠠᠬᠤ ᠬᠤᠷᠢᠶ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠵᠤ᠂ ᠢᠯᠵᠠᠷᠠᠯ ᠢ ᠰᠡᠷᠭᠡᠶᠢᠯᠡᠨ ᠬᠤᠪᠢᠷᠬᠠᠤ ᠶᠢ ᠡᠰᠡᠷᠭᠦᠴᠡᠬᠦ ᠬᠢᠭᠡᠳ ᠥᠪᠡᠷ ᠢ ᠪᠠᠨ ᠬᠢᠵᠠᠭᠠᠷᠯᠠᠬᠤ ᠴᠢᠳᠠᠪᠤᠷᠢ ᠶᠢ ᠴᠢᠩᠭᠠᠳᠬᠠᠨ᠎ᠠ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠪᠦᠬᠦ ᠬᠦᠴᠦ ᠪᠠᠷ ᠢᠶᠠᠨ ᠬᠠᠮᠵᠢᠯᠴᠠᠵᠤ᠂ ᠤᠬᠠᠮᠰᠠᠷ ᠠᠴᠠ ᠪᠠᠨ ᠬᠢᠨᠠᠨ ᠪᠠᠶᠢᠴᠠᠭᠠᠯᠲᠠ ᠶᠢ ᠬᠦᠯᠢᠶᠡᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠬᠢᠭᠡᠳ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠬᠠᠷᠢᠯᠴᠠᠨ ᠲᠤᠪᠤᠶᠢᠯᠭᠠᠬᠤ ᠶᠢ ᠪᠡᠶᠡᠯᠡᠭᠦᠯᠦᠨ᠎ᠡ ᠬᠡᠮᠡᠨ  ᠢᠯᠡᠷᠬᠡᠢᠯᠡᠪᠡ᠃
       
        

ᠢᠷᠡᠯᠲᠡ
ᠤᠷᠳᠤᠰ ᠬᠣᠲᠠ ᠵᠢᠨ ᠳᠠᠯᠠᠳ ᠬᠤᠰᠢᠭᠤᠨ ᠤ ᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro