ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠴᠢᠩ ᠱᠦᠶ ᠾᠧ ᠰᠢᠶᠠᠨ  ᠤ ᠠᠷᠠᠳ  ᠤᠨ ᠪᠠᠶᠢᠴᠠᠭᠠᠬᠤ ᠬᠣᠷᠢᠶ᠎ᠠ ᠣᠨᠴᠠ ᠤᠷᠢᠭᠰᠠᠨ 5 ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ ᠵᠢᠩᠬᠢᠨᠢ ᠪᠡᠷ ᠠᠵᠢᠯ  ᠤᠨ ᠪᠠᠶᠢᠷᠢ  ᠳᠤ ᠭᠠᠷᠪᠠ 

2023-06-19 15:27:44
ᠵᠣᠬᠢᠶᠠᠭᠴᠢ
ᠪᠠᠢ ᠴᠢᠩ ᠯᠢᠨ

ᠪᠠᠶᠢᠴᠠᠭᠠᠬᠤ ᠪᠠᠶᠢᠭᠤᠯᠭ᠎ᠠ ᠪᠣᠯᠤᠨ ᠵᠠᠰᠠᠭ ᠵᠠᠬᠢᠷᠭᠠᠨ  ᠤ ᠪᠠᠶᠢᠭᠤᠯᠭ᠎ᠠ  ᠶᠢᠨ ᠬᠠᠮᠵᠢᠯᠴᠠᠭ᠎ᠠ  ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ 《ᠭᠠᠳᠠᠷ ᠲᠠᠷᠢᠬᠢ》 ᠶᠢ ᠭᠦᠢᠴᠡᠳ ᠠᠰᠢᠭᠯᠠᠨ ᠪᠠᠶᠢᠴᠠᠭᠠᠬᠤ ᠪᠠᠶᠢᠭᠤᠯᠭ᠎ᠠ  ᠶᠢᠨ ᠬᠡᠷᠡᠭ ᠰᠢᠶᠳᠪᠦᠷᠢᠯᠡᠬᠦ  ᠶᠢᠨ ᠲᠤᠰᠬᠠᠶᠢᠵᠢᠭᠰᠠᠨ ᠬᠢᠷᠢ ᠲᠦᠪᠰᠢᠨ  ᠢᠶᠠᠨ ᠳᠡᠭᠡᠭᠰᠢᠯᠡᠭᠦᠯᠵᠦ᠂ ᠬᠠᠤᠯᠢ ᠴᠠᠭᠠᠵᠠ  ᠶᠢᠨ ᠬᠡᠷᠡᠭ ᠰᠢᠶᠳᠪᠦᠷᠢᠯᠡᠬᠦ  ᠶᠠᠰᠤ ᠴᠢᠨᠠᠷ    ᠢ ᠳᠡᠭᠡᠭᠰᠢᠯᠡᠭᠦᠯᠦᠨ ᠦᠷ᠎ᠡ ᠠᠰᠢᠭ  ᠢ ᠠᠬᠢᠭᠤᠯᠬᠤ  ᠶᠢᠨ ᠲᠥᠯᠥᠭᠡ᠂  ᠣᠢᠷ᠎ᠠ ᠵᠢᠨ ᠡᠳᠦᠷ᠂ ᠴᠢᠩ ᠱᠦᠢ ᠾᠧ ᠰᠢᠶᠠᠨ  ᠤ ᠠᠷᠠᠳ  ᠦᠨ ᠪᠠᠶᠢᠴᠠᠭᠠᠬᠤ ᠬᠣᠷᠢᠶ᠎ᠠ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠦ ᠲᠤᠰᠠᠯᠠᠭᠴᠢ  ᠢ ᠤᠷᠢᠨ ᠲᠣᠮᠢᠯᠠᠬᠤ ᠶᠣᠰᠣᠯᠠᠯ ᠶᠠᠪᠤᠭᠤᠯᠪᠠ᠃ 
       

 

ᠤᠷᠢᠨ ᠲᠣᠮᠢᠯᠠᠬᠤ ᠶᠣᠰᠣᠯᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠦ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ ︽ ᠵᠠᠰᠠᠭ ᠵᠠᠬᠢᠷᠭᠠᠨ  ᠤ ᠪᠠᠶᠢᠭᠤᠯᠭ᠎ᠠ ᠶᠢᠨ ᠲᠤᠰᠬᠠᠶ ᠮᠡᠷᠭᠡᠵᠢᠯ  ᠤᠨ ᠠᠵᠢᠯᠲᠠᠨ ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ  ᠢ ᠬᠠᠪᠰᠤᠷᠭᠠᠨ ᠬᠠᠷᠢᠭᠤᠴᠠᠬᠤ ᠠᠵᠢᠯ  ᠤᠨ ᠠᠷᠭ᠎ᠠ ︵ ᠲᠤᠷᠰᠢᠨ ᠬᠡᠷᠡᠭᠵᠢᠭᠦᠯᠬᠦ ︶ ︾ ᠵᠢᠨ ᠪᠢᠴᠢᠭ ᠮᠠᠲ᠋ᠧᠷᠢᠶᠠᠯ  ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠭᠰᠠᠨ ᠪᠥᠭᠡᠳ ᠤᠷᠢᠭᠳᠠᠭᠰᠠᠨ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ ᠳᠤ ᠤᠷᠢᠯᠭ᠎ᠠ  ᠶᠢᠨ ᠪᠢᠴᠢᠭ ᠭᠠᠷᠳᠠᠭᠤᠯᠪᠠ ᠃ 
       ᠰᠠᠨᠠᠯ ᠰᠣᠯᠢᠯᠴᠠᠬᠤ ᠶᠠᠪᠤᠴᠠ ᠳᠤ᠂ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠦ ᠲᠤᠰᠠᠯᠠᠭᠴᠢ ᠤᠷᠢᠵᠤ ᠲᠣᠮᠢᠯᠠᠭᠰᠠᠨ ᠲᠦᠷᠦᠭᠳᠡᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠡᠳᠬᠢᠴᠡ ᠪᠡᠨ ᠠᠭᠤᠵᠢᠷᠠᠲᠠᠯ᠎ᠠ ᠶᠠᠷᠢᠯᠴᠠᠵᠤ᠂ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠭᠡᠳᠡᠭ  ᠢ ᠭᠦᠨᠵᠡᠭᠡᠢ ᠮᠡᠳᠡᠷᠡᠵᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠣᠨᠣᠯᠵᠢᠬᠤᠨ᠂ ᠬᠡᠷᠡᠭ ᠰᠢᠢᠳᠪᠦᠷᠢᠯᠡᠬᠦ ᠵᠠᠭᠪᠤᠷ᠂ ᠬᠡᠷᠡᠭ ᠰᠢᠢᠳᠪᠦᠷᠢᠯᠡᠬᠦ ᠲᠡᠰ ᠳᠠᠷᠠᠭᠠᠯᠠᠯ  ᠢ ᠠᠯᠢ ᠲᠦᠷᠭᠡᠨ  ᠢᠶᠠᠷ ᠣᠶᠢᠯᠠᠭᠠᠵᠤ᠂ ᠲᠤᠰ ᠪᠡᠶ᠎ᠡ  ᠶᠢᠨ ᠲᠤᠰᠬᠠᠢ ᠮᠡᠷᠭᠡᠵᠢᠯ  ᠤᠨ ᠮᠡᠳᠡᠯᠭᠡ  ᠶᠢᠨ ᠳᠠᠪᠠᠭᠤᠯᠢᠭ  ᠢᠶᠡᠨ ᠭᠦᠢᠴᠡᠳ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠣᠶᠢᠰᠢᠳᠠ ᠠᠵᠢᠯ ᠲᠦᠷᠦᠯ  ᠤᠨ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠬᠦᠨᠳᠦ ᠨᠠᠶᠢᠳᠠᠯᠭ᠎ᠠ   ᠶᠢ ᠬᠥᠰᠡᠷᠳᠡᠭᠦᠯᠬᠦ ᠦᠭᠡᠢ᠂ ᠪᠦᠬᠦ ᠬᠦᠴᠦᠨ  ᠢᠶᠠᠷ  ᠢᠶᠠᠨ ᠡᠭᠦᠷᠭᠡᠯᠡᠵᠦ᠂ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ  ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠠᠶᠢᠴᠠᠭᠠᠬᠤ ᠠᠵᠢᠯ  ᠤᠨ ᠬᠡᠷᠡᠭ ᠰᠢᠢᠳᠪᠦᠷᠢᠯᠡᠬᠦ ᠳᠦ ᠴᠢᠳᠠᠯ  ᠤᠨ ᠬᠢᠷᠢ ᠪᠡᠷ  ᠬᠠᠪᠰᠤᠷᠤᠯᠭ᠎ᠠ ᠦᠵᠡᠭᠦᠯᠵᠦ᠂ ᠬᠠᠤᠯᠢ ᠴᠠᠭᠠᠵᠠ  ᠶᠢᠨ ᠡᠷᠬᠡ ᠰᠦᠷ  ᠢ ᠬᠠᠮᠲᠤᠪᠠᠷ ᠬᠠᠮᠠᠭᠠᠯᠠᠵᠤ᠂ ᠲᠥᠪ ᠭᠣᠣᠯᠴᠢ ᠰᠢᠳᠤᠷᠭᠤ ᠪᠠᠶᠢᠴᠠᠭᠠᠬᠤ ᠠᠵᠢᠯ  ᠤᠨ ᠬᠡᠷᠡᠭ  ᠢ ᠰᠢᠶᠳᠪᠦᠷᠢᠯᠡᠬᠦ ᠰᠠᠢᠢᠨ ᠬᠠᠪᠰᠤᠷᠤᠭᠴᠢ᠂ ᠬᠣᠯᠪᠣᠭᠠᠴᠢᠨ ᠪᠠ ᠬᠠᠤᠯᠢ ᠪᠠᠷ ᠵᠠᠰᠠᠬᠤ ᠤᠬᠠᠭᠤᠯᠤᠭᠴᠢ ᠪᠤᠯᠤᠨ᠎ᠠ  ᠭᠡᠵᠡᠢ᠃ 
      ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ  ᠶᠢᠨ ᠣᠷᠣᠯᠴᠠᠭᠰᠠᠨ ᠨᠢ ᠪᠠᠶᠢᠴᠠᠭᠠᠬᠤ ᠠᠵᠢᠯ ᠳᠤ ᠰᠢᠨ᠎ᠡ ᠠᠮᠢᠵᠢᠷᠠᠯ  ᠤᠨ ᠬᠦᠴᠦᠨ ᠣᠯᠭᠣᠭᠰᠠᠨ  ᠢᠶᠠᠷ ᠪᠠᠷᠠᠬᠤ ᠦᠭᠡᠢ ᠪᠠᠰᠠ ᠪᠠᠶᠢᠴᠠᠭᠠᠬᠤ ᠡᠩᠨᠡᠭᠡᠨ  ᠤ ᠲᠤᠰᠬᠠᠶᠢᠵᠢᠬᠤ ᠪᠠᠶᠢᠭᠤᠯᠤᠯᠲᠠ  ᠶᠢ ᠪᠦᠲᠦᠮᠵᠢᠲᠡᠶ ᠪᠡᠷ ᠠᠬᠢᠭᠤᠯᠤᠭᠰᠠᠨ ᠪᠠᠶᠢᠨ᠎ᠠ᠃ ᠳᠠᠷᠠᠭᠠᠴᠢ  ᠶᠢᠨ ᠠᠯᠬᠤᠮ ᠳᠤ᠂ ᠴᠢᠩ ᠱᠦᠶ ᠾᠧ ᠰᠢᠶᠠᠨ  ᠤ ᠠᠷᠠᠳ  ᠤᠨ ᠪᠠᠶᠢᠴᠠᠭᠠᠬᠤ ᠬᠣᠷᠢᠶ᠎ᠠ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠦ ᠲᠤᠰᠠᠯᠠᠭᠴᠢ  ᠶᠢᠨ ᠬᠡᠷᠡᠭ ᠰᠢᠢᠳᠪᠦᠷᠢᠯᠡᠬᠦ ᠳᠦ ᠣᠷᠣᠯᠴᠠᠬᠤ ᠰᠢᠨ᠎ᠡ ᠲᠣᠭᠲᠠᠴᠠ  ᠶᠢ ᠢᠳᠡᠪᠬᠢᠲᠡᠢ ᠰᠦᠪᠡᠭᠴᠢᠯᠡᠵᠦ᠂ ᠦᠯᠢᠭᠡᠷ ᠳᠠᠭᠤᠷᠢᠶᠠᠯ ᠪᠣᠯᠬᠤ ᠲᠤᠷᠰᠢᠯᠭ᠎ᠠ  ᠶᠢ ᠴᠢᠷᠮᠠᠶᠢᠨ  ᠪᠦᠷᠢᠯᠳᠦᠭᠦᠯᠵᠤ᠂ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠨᠢᠭᠡᠴᠢ  ᠶᠢᠨ ᠲᠡᠷᠢᠭᠦᠨ  ᠦ ᠲᠤᠷᠰᠢᠯᠭ᠎ᠠ ᠠᠷᠭ᠎ᠠ ᠬᠢᠳᠡᠯ  ᠢ ᠰᠤᠷᠤᠯᠴᠠᠨ ᠲᠣᠯᠢᠯᠠᠵᠤ᠂ ᠪᠠᠶᠢᠴᠠᠭᠠᠬᠤ ᠠᠵᠢᠯ  ᠤᠨ ᠴᠢᠨᠠᠷ ᠴᠢᠨᠰᠠᠭ᠎ᠠ ᠦᠷ᠎ᠡ ᠪᠦᠲᠦᠮᠵᠢ  ᠶᠢ  ᠳᠡᠭᠡᠭᠰᠢᠯᠡᠭᠦᠯᠬᠦ ᠵᠢᠨ ᠬᠠᠮᠲᠤ᠂ ᠬᠠᠤᠯᠢ ᠶᠣᠰᠣᠭᠠᠷ ᠵᠢᠷᠤᠮᠵᠢᠭᠤᠯᠤᠨ ᠬᠡᠷᠡᠭ ᠰᠢᠶᠳᠪᠦᠷᠢᠯᠡᠬᠦ  ᠶᠢ ᠪᠠᠷᠢᠮᠲᠠᠯᠠᠭᠰᠠᠨ ᠤᠷᠢᠲᠠᠯ ᠳᠣᠣᠷ᠎ᠠ᠂ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ  ᠤ ᠲᠤᠰᠠᠯᠠᠭᠴᠢ  ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠦ ᠬᠦᠴᠦᠲᠡᠶ ᠦᠢᠯᠡᠴᠢᠯᠡᠭᠡ᠂ ᠪᠠᠲᠤᠯᠠᠭ᠎ᠠ ᠪᠠ ᠳᠡᠮᠵᠢᠯᠭᠡ  ᠶᠢ ᠢᠳᠡᠪᠬᠢᠲᠡᠶ  ᠬᠠᠩᠭᠠᠨ᠎ᠠ᠃ 
   

ᠢᠷᠡᠯᠲᠡ
ᠴᠢᠩ ᠱᠦᠶ ᠾᠧ ᠰᠢᠶᠠᠨ  ᠤ ᠠᠷᠠᠳ  ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro