ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

【 ᠥᠪᠡᠷ ᠤᠨ ᠪᠡᠶ᠎ᠡ ᠪᠠᠷ ᠢᠶᠠᠨ ᠦᠢᠯᠡᠳᠦᠯᠭᠡᠵᠢᠭᠦᠯᠵᠦ 】 ᠬᠤᠣᠷ ᠢ ᠰᠡᠷᠭᠡᠶᠢᠯᠡᠬᠦ ᠠᠮᠤᠷ ᠲᠦᠪᠰᠢᠨ ᠤ ᠬᠡᠷᠡᠮ ᠢ ᠬᠠᠮᠲᠤ ᠪᠠᠷ ᠴᠤᠭᠴᠠᠯᠠᠶ᠎ᠠ

2023-07-07 17:20:17
ᠵᠣᠬᠢᠶᠠᠭᠴᠢ
ᠪᠠᠶᠠᠰᠬᠤᠯᠠᠩ

     

 

        ᠭᠤᠴᠢᠨ ᠵᠢᠷᠭᠤᠳᠤᠭᠠᠷ ᠤᠳᠠᠭᠠᠨ ᠤ ︽ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ︾ ᠬᠦᠷᠴᠦ ᠢᠷᠡᠬᠦ ᠲᠠᠰᠢᠷᠠᠮ ᠳᠤ᠂ ᠰᠢᠯᠢ ᠶᠢᠨ ᠭᠤᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠨᠢ ︽ᠪᠥᠬᠦ ᠠᠷᠠᠳ ᠤᠨ ᠬᠤᠣᠷ ᠴᠠᠭᠠᠵᠠᠯᠠᠬᠤ ᠰᠠᠷ᠎ᠠ︾ ᠶᠢᠨ ᠰᠢᠷᠢᠰ ᠠᠵᠢᠯᠯᠠᠭ᠎ᠠ ᠪᠠᠨ ᠡᠬᠢᠯᠡᠭᠦᠯᠪᠡ᠃ 6 ᠰᠠᠷ᠎ᠠ ᠶᠢᠨ 24 ᠤ ᠡᠳᠦᠷ᠂ ᠰᠢᠯᠢ ᠶᠢᠨ ᠭᠤᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠪᠣᠯᠣᠨ ᠰᠢᠯᠢ ᠶᠢᠨ ᠭᠤᠣᠯ ᠠᠶᠢᠮᠠᠭ ᠤᠨ ᠠᠯᠪᠠᠳᠠᠨ ᠲᠤᠰᠠᠭᠠᠷᠯᠠᠵᠤ ᠬᠤᠣᠷ ᠲᠠᠳᠠᠬᠤ ᠶᠢ ᠵᠣᠭᠰᠤᠭᠠᠬᠤ ᠭᠠᠵᠠᠷ ᠬᠠᠮᠲᠤᠷᠠᠨ ︽ᠬᠤᠣᠷᠲᠤ ᠡᠳ᠋ ᠠᠴᠠ ᠬᠤᠯᠠ ᠪᠠᠶᠢᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠵᠡᠷᠭᠡ 18 ᠨᠢᠭᠡᠴᠡ ᠵᠢᠴᠢ ᠰᠣᠷᠣᠭᠴᠢ ᠶᠢᠨ ᠲᠥᠯᠥᠭᠡᠯᠡᠭᠴᠢ᠂ ᠬᠤᠣᠷ ᠲᠠᠳᠠᠬᠤ ᠶᠢ ᠵᠣᠭᠰᠤᠭᠠᠬᠤ ᠬᠥᠮᠥᠰ ᠤᠨ ᠲᠥᠷᠥᠯ ᠰᠠᠳᠤᠨ ᠠᠵᠢᠯᠯᠠᠭ᠎ᠠ ᠳᠤ ᠣᠷᠣᠯᠴᠠᠵᠠᠢ᠃
       

 

         ᠪᠠᠶᠢᠴᠠᠭᠠᠬᠤ ᠠᠵᠢᠯᠲᠠᠳ ᠠᠵᠢᠯᠯᠠᠭ᠎ᠠ ᠳᠤ ᠣᠷᠣᠯᠴᠠᠭᠰᠠᠨ ᠠᠷᠠᠳ ᠤᠯᠠᠨ ᠤ ᠨᠠᠰᠤᠨ ᠤ ᠣᠨᠴᠠᠯᠢᠭ᠂ ᠰᠡᠳᠬᠢᠴᠡ ᠶᠢᠨ ᠣᠨᠴᠠᠯᠢᠭ ᠵᠢᠴᠢ ᠳᠤᠷ᠎ᠠ ᠰᠣᠨᠢᠷᠬᠠᠯ ᠢ ᠦᠨᠳᠦᠰᠦᠯᠡᠨ᠂ ᠤᠬᠠᠭᠤᠯᠭ᠎ᠠ ᠶᠢᠨ ᠳᠡᠪᠲᠡᠷ ᠵᠢᠴᠢ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠱᠤᠭ ᠵᠢᠷᠤᠭ ᠤᠨ ᠬᠡᠯᠪᠡᠷᠢ ᠪᠠᠷ ᠬᠤᠣᠷᠲᠤ ᠡᠳ᠋ ᠤᠨ ᠬᠤᠣᠷ ᠬᠥᠨᠥᠭᠡᠯ ᠢ ᠳᠡᠯᠭᠡᠨ ᠦᠵᠡᠭᠦᠯᠵᠦ᠂ ᠠᠯᠪᠠᠳᠠᠨ ᠴᠡᠭᠡᠷᠯᠡᠭᠦᠯᠬᠦ ᠭᠠᠵᠠᠷ ᠤᠨ ᠰᠣᠷᠣᠭᠴᠢ ᠶᠢᠨ ᠥᠪᠡᠷ ᠪᠡᠶ᠎ᠡ ᠶᠢᠨ ᠲᠤᠰᠬᠠᠯ ᠢ ᠠᠰᠢᠭᠯᠠᠨ ᠰᠡᠷᠡᠮᠵᠢ ᠥᠭᠴᠦ᠂ ᠠᠯᠪᠠᠳᠠᠨ ᠴᠡᠭᠡᠷᠯᠡᠭᠦᠯᠬᠦ ᠭᠠᠵᠠᠷ ᠤᠨ ᠰᠣᠷᠣᠭᠴᠢ ᠪᠠ ᠠᠷᠠᠳ ᠤᠯᠠᠨ ᠤ ᠬᠤᠣᠷᠲᠤ ᠡᠳ᠋ ᠢ ᠬᠤᠷᠢᠭᠯᠠᠬᠤ ᠵᠣᠷᠢᠭ ᠢ ᠤᠯᠠᠮ ᠪᠠᠲᠤᠳᠬᠠᠵᠤ᠂ ︽ᠪᠣᠬᠢᠷᠲᠤᠯ ᠦᠭᠡᠢ ᠬᠤᠣᠷ ᠦᠭᠡᠢ᠂ ᠡᠷᠡᠭᠦᠯ ᠴᠢᠭᠢᠷᠠᠭ ᠬᠥᠮᠥᠨ ᠤ ᠠᠮᠢᠳᠤᠷᠠᠯ︾ ᠭᠡᠬᠦ ᠬᠤᠣᠷ ᠰᠡᠷᠭᠡᠶᠢᠯᠡᠬᠦ ᠰᠢᠨᠵᠢᠯᠡᠬᠦ ᠤᠬᠠᠭᠠᠨᠴᠢ ᠦᠵᠡᠯᠲᠡ ᠶᠢ ᠤᠯᠠᠮ ᠨᠢᠭᠡ ᠠᠯᠬᠤᠮ ᠪᠣᠶ ᠪᠣᠯᠭᠠᠭᠰᠠᠨ ᠪᠠᠶᠢᠨ᠎ᠠ᠃
       

 

        ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠬᠢᠨ ᠦᠷᠭᠦᠯᠵᠢᠯᠡᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠵᠠᠯᠬᠠᠭᠠᠨ ᠰᠢᠳᠭᠡᠵᠦ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠪᠠ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠣᠷᠲᠤ ᠡᠳ᠋ ᠢ ᠴᠠᠭᠠᠵᠠᠯᠠᠬᠤ ᠣᠶᠢᠯᠠᠭᠠᠭᠳᠠᠬᠤᠨ ᠢ ᠬᠥᠮᠥᠨ ᠪᠣᠯᠭᠠᠨ ᠳᠤ ᠮᠡᠳᠡᠭᠦᠯᠦᠨ᠂ ᠬᠤᠣᠷᠲᠤ ᠡᠳ᠋ ᠢ ᠴᠠᠭᠠᠵᠠᠯᠠᠬᠤ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠤᠭᠰᠠᠨ ᠪᠥᠬᠦ ᠠᠷᠠᠳ ᠤᠨ ᠬᠤᠣᠷᠲᠤ ᠡᠳ᠋ ᠢ ᠴᠠᠭᠠᠵᠠᠯᠠᠬᠤ ᠪᠠᠶᠢᠳᠠᠯ ᠢ ᠴᠢᠷᠮᠠᠶᠢᠨ ᠪᠡᠶᠡᠯᠡᠭᠦᠯᠵᠦ᠂ ᠠᠮᠤᠷ ᠲᠦᠪᠰᠢᠨ ᠰᠢᠯᠢ ᠶᠢᠨ ᠭᠤᠣᠯ ᠠᠶᠢᠮᠠᠭ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠬᠤ ᠬᠦᠴᠦᠨ ᠢᠶᠠᠨ ᠨᠡᠮᠡᠷᠢᠯᠡᠨ᠎ᠡ᠃

ᠢᠷᠡᠯᠲᠡ
ᠰᠢᠯᠢ ᠵᠢᠨ ᠭᠣᠣᠯ ᠠᠶᠢᠮᠠᠭ ᠤᠨ ᠰᠦᠨᠢᠳ ᠵᠡᠭᠦᠨ ᠬᠤᠰᠢᠭᠤᠨ  ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro