ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠪᠠᠭ᠎ᠠ ᠬᠤᠰᠢᠭᠤᠨ ᠤ ᠪᠠᠶᠢᠴᠭᠠᠠᠬᠤ ᠬᠣᠷᠢᠶ᠎ᠠ ᠨᠡᠶᠢᠲᠠ ᠶᠢᠨ ᠠᠰᠢᠭ ᠤᠨ ᠰᠠᠬᠢᠨ ᠬᠠᠮᠠᠭᠠᠯᠠᠭᠴᠢᠳ ᠤᠨ ᠬᠢᠴᠢᠶᠡᠯᠡᠯᠭᠡ  ᠪᠡᠷ ᠨᠡᠶᠢᠲᠡ  ᠶᠢᠨ ᠠᠰᠢᠭ  ᠢ ᠬᠠᠮᠠᠭᠠᠯᠠᠬᠤ ᠵᠠᠮ ᠳᠤ  ᠭᠠᠪᠰᠢᠭᠠᠢᠯᠠᠬᠤ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠠᠪᠠ

2023-07-13 11:20:47
ᠵᠣᠬᠢᠶᠠᠭᠴᠢ
ᠰᠢᠵᠢᠷᠡᠣᠳᠤ

 

ᠨᠠᠮ  ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ︽ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠶᠢᠨ ᠥᠷᠲᠡᠭᠡ︾  ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠨᠡᠶᠢᠲᠡ ᠶᠢᠨ ᠠᠰᠢᠭᠲᠣ ᠵᠠᠷᠭᠤ ᠶᠢᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠂ ᠨᠡᠶᠢᠲᠡ ᠶᠢᠨ  ᠠᠰᠢᠭᠲᠣ ᠵᠠᠷᠭᠤ ᠶᠢᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠶᠢᠨ ᠲᠤᠯᠠᠳᠠ᠂ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ  ᠨᠢ ︽ᠭᠠᠳᠠᠭᠠᠳᠤ ᠳᠠᠷᠢᠬᠢ︾  ᠪᠡᠷ  ᠤᠨᠤᠯ ᠪᠠ ᠦᠢᠯᠡᠳᠦᠯᠭᠡ ᠵᠢᠨ ᠤᠷᠭᠠᠨᠢᠭ ᠦᠢᠯᠡᠳᠦᠯᠴᠡᠯ ᠢ  ᠤᠯᠠᠮ ᠭᠦᠨᠵᠡᠭᠡᠶᠢᠷᠡᠭᠦᠯᠵᠦ᠂  ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢᠳ ᠤᠨ ᠡᠩᠨᠡᠭᠡ ᠪᠠᠨ ᠪᠤᠵᠠᠭᠠᠶᠢᠷᠠᠭᠤᠯᠵᠤ ᠰᠢᠯᠢᠳᠡᠭᠵᠢᠭᠦᠯᠦᠨ᠂ ᠨᠡᠶᠢᠲᠠ ᠵᠢᠨ ᠠᠰᠢᠭ  ᠢ ᠬᠠᠮᠠᠭᠠᠯᠠᠬᠤ ᠬᠦᠴᠦᠷᠬᠡᠭ ᠬᠦᠴᠦᠨ ᠢ ᠴᠤᠭᠴᠠᠯᠠᠨ ᠪᠠᠶᠢᠭᠤᠯᠬᠤ  ᠪᠠᠷ ᠰᠢᠮᠳᠠᠵᠤ ᠪᠤᠢ᠃

 

 

2023 ᠣᠨ ᠤ 6 ᠰᠠᠷ᠎ᠠ ᠶᠢᠨ 14 ᠤ ᠡᠳᠤᠷ ᠤᠨ ᠦᠳᠡ ᠶᠢᠨ ᠡᠮᠣᠨ᠎ᠡ ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢᠳ ᠤᠨ ᠲᠥᠯᠥᠭᠡᠯᠡᠭᠴᠢ ᠲᠢᠩ ᠪᠠᠭᠠᠲᠤᠷ ᠵᠢᠴᠢ ᠣᠶ ᠰᠢᠭᠤᠶ ᠡᠪᠡᠰᠦ ᠪᠡᠯᠴᠢᠭᠡᠷ ᠦᠨ ᠬᠦᠷᠢᠶᠡᠨ ᠳᠡᠬᠢ ᠲᠤᠰᠬᠠᠶ ᠮᠡᠷᠭᠡᠵᠢᠯᠲᠡᠨ ᠢ ᠤᠷᠢᠵᠤ ᠡᠩᠭᠡᠷᠬᠠᠰᠢᠶᠠᠲᠤ ᠭᠠᠴᠠᠭᠠᠨ ᠳᠤ ᠬᠦᠷᠴᠦ᠂ ᠲᠤᠰ ᠬᠣᠷᠢᠶᠠᠨ ᠤ ᠰᠢᠢᠳᠪᠦᠷᠢᠯᠡᠭᠰᠡᠨ ᠠᠮᠢ ᠠᠬᠤᠶ ᠣᠷᠴᠢᠨ ᠲᠣᠭᠣᠷᠢᠨ ᠢ ᠡᠪᠳᠡᠭᠰᠡᠨ ᠨᠡᠶᠢᠲᠡ ᠶᠢᠨ ᠠᠰᠢᠭᠲᠣ ᠵᠠᠷᠭᠤ  ᠳᠤ ᠦᠷᠬᠦᠯᠵᠢᠯᠡᠨ ᠬᠢᠨᠠᠯᠲᠠ ᠲᠠᠯᠪᠢᠪᠠ᠃ ᠪᠠᠢᠴᠠᠭᠠᠯᠲᠠ ᠪᠠᠷ ᠲᠠᠮᠵᠢᠵᠣ᠂ ᠡᠪᠳᠡᠭᠳᠡᠭᠰᠡᠨ ᠤᠷᠭᠤᠮᠠᠯ ᠤᠨ ᠬᠤᠴᠢᠯᠭ᠎ᠠ ᠨᠢ ᠨᠡᠯᠢᠶᠡᠳ ᠰᠠᠶᠢᠨ ᠰᠡᠷᠭᠦᠵᠦ᠂ ᠠᠮᠢ ᠠᠬᠤᠶ ᠣᠷᠴᠢᠨ ᠲᠣᠭᠣᠷᠢᠨ ᠤ ᠨᠡᠶᠢᠲᠡ ᠶᠢᠨ ᠠᠰᠢᠭ ᠲᠤᠰᠠ ᠪᠦᠲᠦᠮᠵᠢᠲᠡᠶ ᠬᠠᠮᠠᠭᠠᠯᠠᠭᠳᠠᠭᠰᠠᠨ  ᠢ ᠣᠯᠵᠤ ᠮᠡᠳᠡᠵᠠᠢ᠃ ᠲᠤᠬᠠᠶ ᠶᠢᠨ ᠲᠠᠯᠠᠪᠠᠶ ᠳᠤ᠂ ᠲᠢᠩ ᠪᠠᠭᠠᠲᠤᠷ ᠨᠦᠬᠦᠷ ᠠᠴᠠ ᠣᠯᠠᠨ  ᠳᠤ ᠰᠢ ᠵᠢᠩ ᠫᠢᠩ ᠦᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠥᠲᠦᠭᠡᠨ ᠪᠠᠶᠢᠭᠤᠯᠤᠯᠲᠠ ᠪᠠ ᠣᠳᠣᠬᠢᠴᠢᠯᠠᠭᠰᠠᠨ ᠮᠠᠯ ᠠᠵᠤ ᠠᠬᠤᠶ ᠶᠢᠨ ᠲᠡᠷᠢᠭᠦᠨ ᠦ ᠣᠨᠣᠯᠵᠢᠬᠤᠨ ᠢ ᠤᠯᠠᠮᠵᠢᠯᠠᠬᠤ ᠶᠢᠨ ᠬᠠᠮᠲᠤ᠂ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠮᠠᠯᠴᠢᠨ ᠲᠦᠮᠡᠨ ᠦ ᠲᠣᠮᠳᠠᠬᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠮᠠᠯᠴᠢᠨ ᠲᠦᠮᠡᠨ ᠢ ᠳᠠᠢᠴᠢᠯᠠᠨ᠂ ᠪᠠᠶᠢᠴᠠᠭᠠᠬᠤ ᠪᠠᠶᠢᠭᠤᠯᠭ᠎ᠠ ᠲᠠᠢ ᠬᠠᠮᠲᠣ ᠪᠠᠷ ᠠᠮᠢ ᠠᠬᠤᠶ ᠭᠣᠶᠣ᠂ ᠠᠵᠤ ᠦᠶᠯᠡᠰ ᠬᠥᠭᠵᠢᠭᠰᠡᠨ᠂ ᠬᠥᠮᠦᠨ ᠮᠠᠯ ᠡᠶ᠎ᠡ ᠵᠣᠬᠢᠴᠠᠩᠭᠤᠶ ᠪᠠᠷ ᠬᠠᠮᠲᠣᠷᠠᠨ ᠤᠷᠤᠰᠢᠭᠰᠠᠨ ᠲᠠᠯ᠎ᠠ ᠨᠤᠲᠤᠭ  ᠢ  ᠪᠦᠲᠦᠭᠡᠨ ᠪᠠᠢᠭᠤᠯᠬᠤ  ᠳᠤ ᠠᠷᠭ᠎ᠠ ᠪᠣᠳᠣᠯᠭ᠎ᠠ ᠰᠦᠪᠡᠭᠴᠢᠯᠡᠨ᠎ᠡ ᠭᠡᠳᠡᠭ ᠢᠶᠡᠨ ᠢᠯᠡᠷᠬᠡᠢᠯᠡᠵᠡᠢ᠃

 

 

2023 ᠣᠨ ᠤ  6 ᠰᠠᠷ᠎ᠠ ᠶᠢᠨ 14 ᠤ ᠡᠳᠤᠷ ᠤᠨ ᠦᠳᠡ ᠶᠢᠨ ᠬᠣᠢᠨ᠎ᠠ ᠂  ︽ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠶᠢᠨ ᠶᠡᠬᠡ ᠬᠢᠴᠢᠶᠡᠯ ᠦᠨ ᠲᠠᠩᠬᠢᠮ ᠵᠢᠴᠢ ᠬᠣᠶᠠᠳᠤᠭᠠᠷ ᠬᠤᠭᠤᠴᠠᠭᠠᠨ ᠤ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠶᠢ ᠣᠷᠢᠬᠤ ᠶᠣᠰᠣᠯᠠᠯ ︾  ᠢ ᠶᠠᠪᠣᠭᠳᠠᠭᠣᠯᠵᠠᠢ᠃  ᠡᠭᠦᠨ ᠳᠦ ᠲᠤᠰ ᠬᠤᠷᠢᠶᠠᠨ ᠤ  ᠪᠥᠬᠥ ᠪᠠᠶᠢᠴᠠᠭᠠᠬᠤ ᠠᠵᠢᠯᠲᠠᠨ᠂ ᠡᠯ᠎ᠡ ᠰᠤᠮᠤ ᠪᠠᠯᠭᠠᠰᠤ᠂ ᠭᠠᠴᠠᠭᠠᠨ ᠤ 67 ᠨᠡᠷᠡᠰ ᠨᠡᠶᠢᠲᠡ ᠶᠢᠨ ᠠᠰᠢᠭ ᠤᠨ ᠰᠠᠬᠢᠨ  ᠬᠠᠮᠠᠭᠠᠯᠠᠭᠴᠢ ᠪᠠ 40 ᠨᠠᠷᠡᠰ ᠳᠤᠮᠳᠠᠳᠤ ᠪᠠᠭ᠎ᠠ ᠰᠤᠷᠭᠠᠭᠤᠯᠢ ᠶᠢᠨ ᠪᠢᠴᠢᠬᠠᠨ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ᠂ ︽ᠨᠡᠶᠢᠲᠡ ᠶᠢᠨ ᠲᠥᠯᠥᠭᠡ ᠵᠢᠳᠬᠦᠬᠦ ︾ ᠰᠠᠶᠢᠨ ᠲᠣᠷᠠᠴᠣᠳ᠂ ᠠᠷᠠᠳ ᠤᠨ ᠬᠢᠨᠠᠯᠲᠠ ᠲᠠᠯᠪᠢᠭᠴᠢ ᠵᠡᠷᠭᠡ 100 ᠭᠠᠷᠤᠶ ᠬᠥᠮᠦᠨ ᠶᠣᠰᠣᠯᠠᠯ ᠳᠤ ᠣᠷᠣᠯᠴᠠᠵᠠᠶ ᠃

 

 

ᠬᠤᠷᠠᠯ ᠳᠡᠭᠡᠷ᠎ᠡ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠳᠤᠭᠤᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠵᠢᠶᠦ᠋ᠨ ᠯᠢ  ᠡᠴᠡ ᠲᠤᠰ ᠬᠣᠷᠢᠶᠠᠨ ᠤ ᠣᠶᠢᠷ᠎ᠠ ᠶᠢᠨ ᠵᠢᠯ ᠳ᠋ᠡᠬᠢ ᠨᠡᠶᠢᠲᠡ ᠶᠢᠨ ᠠᠰᠢᠭᠲᠣ ᠵᠠᠷᠭᠤ ᠶᠢᠨ ᠪᠠᠶᠢᠴᠠᠭᠠᠬᠤ ᠠᠵᠢᠯ ᠵᠢᠴᠢ ᠣᠯᠤᠭᠰᠠᠨ ᠦᠷ᠎ᠡ ᠪᠦᠲᠦᠮᠵᠢ ᠶᠢ  ᠮᠡᠳᠡᠭᠡᠯᠡᠪᠡ᠃ ᠳᠠᠷᠠᠭ᠎ᠠ ᠨᠢ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠤᠳᠤᠷᠢᠳᠬᠤ ᠪᠠᠭ ᠠᠴᠠ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢᠳ ᠤᠨ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠵᠠᠢ᠃

 

 

ᠤᠷᠢᠨ ᠲᠣᠮᠢᠯᠠᠬᠤ ᠶᠣᠰᠣᠯᠠᠯ ᠤᠨ ᠳᠠᠷᠠᠭ᠎ᠠ᠂ ︽7·1 ᠤᠨ ᠭᠠᠪᠢᠶᠠᠨ ᠲᠡᠮᠳᠡᠭ ︾ ᠬᠦᠷᠲᠡᠭᠴᠢ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ︽ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ︾ ᠲᠢᠩ ᠪᠠᠭᠠᠲᠤᠷ  ᠨᠦᠬᠦᠷ ᠠᠴᠠ ᠥᠪᠡᠷ ᠦᠨ ᠥᠩᠭᠡᠷᠡᠯᠲᠡ ᠪᠠ ᠨᠡᠶᠢᠲᠡ ᠶᠢᠨ ᠠᠰᠢᠭᠲᠣ ᠵᠠᠷᠭᠤ ᠶᠢᠨ ᠪᠠᠶᠢᠴᠠᠭᠠᠬᠤ ᠠᠵᠢᠯ ᠤᠨ ᠲᠤᠬᠠᠶ ᠣᠶᠢᠯᠠᠭᠠᠯᠲᠠ ᠲᠠᠶ ᠪᠠᠨ ᠤᠶᠠᠯᠳᠤᠭᠤᠯᠤᠨ᠂ ᠲᠣᠪᠴᠢ ᠣᠶᠢᠯᠠᠭᠠᠮᠵᠢᠲᠠᠶ ᠦᠭᠡ ᠶᠠᠷᠢᠶ᠎ᠠ ᠪᠡᠷ ᠨᠡᠶᠢᠲᠡ ᠶᠢᠨ ᠠᠰᠢᠭᠲᠣ ᠵᠠᠷᠭᠤ ᠶᠢᠨ ᠭᠣᠸᠯ ᠠᠭᠤᠯᠭ᠎ᠠ᠂ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠶᠢᠨ ᠵᠢᠷᠤᠮᠯᠠᠬᠤ ᠲᠦᠷᠢᠮ ᠲᠣᠭᠲᠠᠭᠠᠯ᠂ ᠲᠠᠯ᠎ᠠ ᠨᠤᠲᠤᠭ᠂ ᠠᠮᠢ ᠠᠬᠤᠶ  ᠶᠢ ᠬᠠᠮᠠᠭᠠᠯᠠᠬᠤ ᠶᠢᠨ ᠴᠢᠬᠤᠯᠠ ᠴᠢᠨᠠᠷ ᠤᠨ ᠲᠣᠭᠣᠷᠢᠨ ᠳᠤ᠂  ᠠᠪᠠᠭ᠎ᠠ  ᠬᠤᠰᠢᠭᠤᠨ ᠤ ᠪᠠᠶᠢᠴᠠᠭᠠᠬᠤ ᠬᠣᠷᠢᠶᠠᠨ ᠤ ᠰᠢᠨ᠎ᠡ ᠪᠡᠷ ᠤᠷᠢᠭᠰᠠᠨ ᠨᠡᠶᠢᠲᠡ ᠶᠢᠨ ᠠᠰᠢᠭ ᠤᠨ  ᠰᠠᠬᠢᠨ ᠬᠠᠮᠠᠭᠠᠯᠠᠭᠴᠢᠳ ᠲᠤ ︽ᠨᠡᠶᠢᠲᠡ ᠶᠢᠨ ᠠᠰᠢᠭ ᠢ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠣᠣᠯ ᠰᠡᠳᠤᠪᠲᠤ ᠬᠢᠴᠢᠶᠡᠯ ᠣᠷᠣᠵᠠᠢ᠃ ᠲᠣᠰ ᠤᠳᠠᠭᠠᠨ  ᠤ ᠬᠢᠴᠢᠶᠡᠯ ᠨᠢ ᠠᠮᠢᠳᠤᠯᠢᠭ ᠰᠠᠶᠢᠬᠠᠨ ᠪᠥᠭᠡᠳ ᠠᠭᠤᠯᠭ᠎ᠠ ᠪᠠᠷ ᠪᠠᠶᠠᠯᠢᠭ ᠪᠠᠢᠵᠣ᠂ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢᠳ ᠲᠤ ᠨᠡᠶᠢᠲᠡ ᠶᠢᠨ ᠠᠰᠢᠭ ᠢ ᠬᠠᠮᠠᠭᠠᠯᠠᠬᠣ  ᠣᠨᠤᠯᠵᠢᠬᠤᠨ ᠢ ᠤᠯᠠᠮᠵᠢᠯᠠᠵᠤ᠂ ᠪᠥᠲᠥᠮᠵᠢᠲᠠᠢ ᠦᠷ᠎ᠡ ᠳ᠋ᠦᠩ ᠣᠯᠵᠠᠢ ᠃

 

 

ᠲᠣᠰ ᠤᠳᠠᠭᠠᠨ ᠤ  ᠰᠢᠷᠢᠰ ᠬᠥᠳᠡᠯᠭᠡᠭᠡᠨ ᠢᠶᠡᠷ ᠳᠡᠮᠵᠢᠨ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠬᠣᠶᠠᠳᠤᠭᠠᠷ ᠬᠤᠭᠤᠴᠠᠭᠠᠨ ᠤ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢ ᠶᠢ ᠤᠷᠢᠨ ᠲᠣᠮᠢᠯᠠᠬᠤ ᠠᠵᠢᠯ ᠢ  ᠠᠮᠵᠢᠯᠲᠠ ᠲᠢ ᠭᠦᠢᠴᠡᠳᠬᠡᠵᠤ᠂ ᠨᠡᠢᠲᠡ 107 ᠨᠡᠷᠡᠰ ᠨᠡᠶᠢᠲᠡ ᠶᠢᠨ ᠠᠰᠢᠭ ᠤᠨ ᠰᠠᠬᠢᠨ ᠬᠠᠮᠠᠭᠠᠯᠠᠭᠴᠢᠳ ᠢ ᠤᠷᠢᠨ ᠲᠤᠮᠢᠯᠠᠬᠤ  ᠶᠢᠨ ᠬᠠᠮᠲᠤ ᠴᠠᠭ ᠲᠤᠬᠠᠶ ᠳᠤᠨᠢ ︽ᠴᠠᠬᠢᠯᠭᠠᠨ ᠴᠡᠨᠡᠭᠯᠡᠵᠦ︾᠂ ᠨᠡᠶᠢᠲᠡ ᠶᠢᠨ ᠠᠰᠢᠭ ᠢ  ᠬᠠᠮᠠᠭᠠᠯᠠᠬᠤ ᠬᠦᠴᠦᠷᠬᠡᠭ ᠶᠡᠬᠡ ᠬᠦᠴᠦᠨ ᠢ ᠪᠦᠷᠢᠯᠳᠦᠭᠦᠯᠵᠦ᠂ ᠨᠡᠶᠢᠲᠡ ᠶᠢᠨ ᠠᠰᠢᠭᠲᠣ ᠵᠠᠷᠭᠤ ᠶᠢᠨ ᠨᠡᠶᠢᠭᠡᠮ ᠦᠨ ᠠᠯᠳᠠᠷᠰᠢᠯ  ᠢ ᠳᠡᠭᠡᠭᠰᠢᠯᠡᠭᠦᠯᠦᠨ᠂ ᠨᠡᠶᠢᠲᠡ ᠶᠢᠨ ᠠᠰᠢᠭᠲᠣ ᠵᠠᠷᠭᠤ ᠶᠢᠨ ᠪᠠᠢᠴᠠᠭᠠᠬᠤ ᠠᠵᠢᠯ ᠤᠨ ᠦᠷᠭᠡᠨ ᠳᠡᠯᠭᠡᠷ᠂ ᠴᠢᠩᠭ᠎ᠠ ᠡᠷᠴᠢᠮ ᠲᠠᠢ   ᠶᠠᠪᠤᠭᠳᠠᠬᠤ  ᠶᠢ  ᠲᠦᠯᠬᠢᠨ ᠠᠬᠢᠭᠤᠯᠵᠠᠢ᠃

 

 

ᠬᠣᠢᠰᠢᠳᠠ ᠶᠢᠨ ᠠᠵᠢᠯ ᠳᠦ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ︽ᠣᠯᠠᠨ ᠨᠡᠶᠢᠲᠡ ᠶᠢᠨ ᠠᠰᠢᠭ ᠲᠤᠰᠠ︾ ᠶᠢᠨ ᠲᠥᠯᠥᠭᠡᠯᠡᠭᠴᠢ ᠶᠢᠨ ᠳᠠᠷᠬᠠᠨ ᠡᠭᠦᠷᠭᠡ  ᠪᠠᠨ ᠰᠠᠢᠳᠣᠷ ᠭᠦᠶᠴᠡᠳᠬᠡᠵᠦ᠂ ︽ᠨᠡᠶᠢᠲᠡ ᠶᠢᠨ ᠠᠰᠢᠭ  ᠤᠨ ᠬᠠᠮᠠᠭᠠᠯᠠᠯᠲᠠ︾  ᠶᠢᠨ ᠨᠢᠭᠡ ᠬᠥᠯᠭᠡ ᠰᠢᠲᠠᠷ᠎ᠠ ᠶᠢ ᠬᠥᠭᠵᠢᠭᠡᠨ᠂ ᠨᠡᠶᠢᠲᠡ ᠶᠢᠨ ᠠᠰᠢᠭ ᠤᠨ ᠬᠠᠮᠠᠭᠠᠯᠠᠭᠴᠢᠳ ᠢ ᠳᠠᠢᠴᠢᠯᠠᠨ᠂ ᠨᠡᠶᠢᠲᠡ ᠶᠢᠨ ᠠᠰᠢᠭ ᠤᠨ ᠬᠠᠮᠠᠭᠠᠯᠠᠯᠲᠠ ᠶᠢᠨ ᠵᠠᠮ  ᠳᠤ ᠭᠠᠪᠰᠢᠭᠠᠢᠯᠠᠵᠤ᠂ ᠦᠨᠳᠦᠰᠦᠲᠡᠨ ᠦ ᠪᠦᠯᠬᠦᠮᠳᠡᠯ ᠢ ᠠᠬᠢᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠢᠭᠣᠯᠬᠣ ᠶᠢᠨ ᠬᠠᠮᠳᠣ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ ᠢ ᠬᠠᠮᠲᠤ ᠪᠠᠷ ᠪᠥᠲᠥᠭᠡᠨ ᠪᠠᠶᠢᠭᠤᠯᠬᠤ ᠵᠢᠴᠢ ᠨᠤᠮᠢᠨ ᠨᠤᠭᠤᠭᠠᠨ ᠠᠪᠠᠭ᠎ᠠ ᠬᠤᠰᠢᠭᠤ ᠶᠢ ᠰᠠᠬᠢᠨ ᠬᠠᠮᠠᠭᠠᠯᠠᠬᠤ ᠳᠤ ᠪᠠᠢᠴᠠᠭᠠᠬᠤ ᠬᠦᠴᠦᠨ ᠴᠢᠳᠠᠯ ᠢᠶᠠᠨ ᠡᠷᠭᠦᠨᠡᠮ ᠃

ᠢᠷᠡᠯᠲᠡ
ᠰᠢᠯᠢ ᠵᠢᠨ ᠭᠣᠣᠯ ᠠᠶᠢᠮᠠᠭ ᠤᠨ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro