ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ  ᠢᠷᠭᠡᠨ ᠦ ᠬᠡᠷᠡᠭ ᠦᠨ ᠬᠠᠭᠤᠷᠮᠠᠴᠢ ᠵᠠᠷᠭᠤ ᠳᠤ ᠴᠣᠬᠢᠯᠲᠠ  ᠥᠭᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ

2023-07-19 15:44:14
ᠵᠣᠬᠢᠶᠠᠭᠴᠢ
ᠰᠢᠶᠤᠤ ᠷᠦᠩ

 

ᠤᠯᠠᠨ ᠨᠡᠶᠢᠲᠡ ᠶᠢᠨ ᠢᠷᠭᠡᠨ ᠦ ᠬᠡᠷᠡᠭ ᠦᠨ ᠬᠠᠭᠤᠷᠮᠠᠴᠢ ᠵᠠᠷᠭᠤ ᠶᠢᠨ ᠲᠤᠬᠠᠶ ᠮᠡᠳᠡᠬᠦ ᠬᠡᠮᠵᠢᠶ᠎ᠡ ᠨᠢ ᠬᠡᠷᠡᠭ ᠦᠨ ᠭᠠᠳᠠᠨᠠᠬᠢ ᠬᠥᠮᠦᠨ ᠦ ᠬᠠᠤᠯᠢ ᠶᠣᠰᠣᠨ ᠤ ᠡᠷᠬᠡ ᠠᠰᠢᠭ ᠂ ᠦᠨᠡᠨᠴᠢ ᠢᠲᠡᠭᠡᠮᠵᠢᠲᠡᠶ ᠨᠡᠶᠢᠭᠡᠮ ᠦᠨ ᠪᠠᠶᠢᠭᠤᠯᠤᠯᠲᠠ  ᠪᠠ ᠬᠠᠤᠯᠢ ᠴᠠᠭᠠᠵᠠ ᠶᠢᠨ ᠲᠥᠪ ᠭᠣᠣᠯᠴᠢ ᠡᠷᠬᠡ ᠰᠦᠷ ᠲᠦ ᠬᠣᠯᠪᠣᠭᠳᠠᠵᠤ ᠪᠠᠶᠢᠳᠠᠭ᠃

ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠠᠷᠠᠳ ᠤᠯᠠᠨ ᠤ ᠬᠠᠤᠯᠢ ᠴᠠᠭᠠᠵᠠ ᠶᠢᠨ ᠲᠤᠬᠠᠢ ᠰᠡᠵᠢᠭᠯᠡᠯ ᠢ ᠠᠷᠢᠯᠭᠠᠬᠤ  ᠪᠡᠷ ᠪᠠᠷᠠᠬᠤ ᠦᠭᠡᠢ ᠨᠡᠩ ᠴᠤ ᠪᠠᠶᠢᠴᠠᠭᠠᠬᠤ ᠪᠠᠶᠢᠭᠤᠯᠭ᠎ᠠ ᠶᠢᠨ  ᠬᠠᠭᠤᠷᠮᠠᠴᠢ ᠵᠠᠷᠭᠤ  ᠶᠢ ᠪᠠᠭᠲᠠᠭᠠᠭᠰᠠᠨ ᠬᠠᠤᠯᠢ ᠠᠴᠠ ᠵᠥᠷᠢᠴᠡᠭᠰᠡᠨ ᠠᠯᠢᠪᠠ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠡᠷᠡᠰ ᠵᠣᠷᠢᠭ ᠪᠠ ᠢᠲᠡᠭᠡᠯ ᠢ ᠠᠷᠠᠳ ᠤᠯᠠᠨ ᠳᠤ ᠳᠡᠯᠭᠡᠨ ᠦᠵᠡᠭᠦᠯᠬᠦ ᠶᠢᠨ ᠲᠥᠯᠥᠭᠡ ᠶᠤᠮ᠃ ᠡᠭᠦᠨ ᠦ ᠲᠤᠯᠠᠳᠠ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠤᠶᠢᠷ᠎ᠠ ᠵᠢᠨ ᠡᠳᠦᠷ ︽ᠬᠠᠭᠤᠷᠮᠠᠴᠢ ᠵᠠᠷᠭᠤ ᠳᠤ ᠴᠢᠩᠭ᠎ᠠ ᠴᠣᠬᠢᠯᠲᠠ ᠥᠭᠴᠦ᠂ ᠦᠨᠡᠨᠴᠢ ᠢᠲᠡᠭᠡᠮᠵᠢᠲᠡᠶ ᠨᠡᠶᠢᠭᠡᠮ ᠦᠨ ᠣᠷᠴᠢᠨ ᠨᠥᠬᠥᠴᠡᠯ ᠢ ᠪᠤᠢ ᠪᠣᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃

 

 

ᠠᠵᠢᠯᠯᠠᠭ᠎ᠠ ᠶᠢᠨ ᠳᠤᠮᠳᠠ ᠪᠠᠶᠢᠴᠠᠭᠠᠬᠤ ᠠᠵᠢᠯᠳᠠᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠭᠤᠷᠮᠠᠴᠢ ᠵᠠᠷᠭᠤ  ᠶᠢᠨ ᠲᠤᠬᠠᠶ ᠮᠡᠳᠡᠯᠭᠡ ᠶᠢ ᠤᠯᠠᠨ ᠲᠦᠮᠡᠨ ᠳᠦ ᠢᠳᠡᠪᠬᠢᠲᠡᠶ ᠪᠡᠷ ᠤᠬᠠᠭᠤᠯᠪᠠ᠃ ᠡᠭᠦᠨ ᠦ ᠬᠠᠮᠲᠤ ᠲᠤᠬᠠᠶ ᠶᠢᠨ ᠲᠠᠯᠠᠪᠤᠷ ᠤᠨ ᠣᠯᠠᠨ ᠲᠦᠮᠡᠨ ᠢ ᠤᠷᠢᠵᠤ ︽ ᠬᠢᠶ᠎ᠠ ᠪᠠᠭᠰᠢ ᠪᠠᠶᠢᠴᠠᠭᠠᠬᠤ ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠰᠢᠷᠪᠢᠭᠦᠯᠵᠦ ᠂ ᠣᠯᠠᠨ ᠲᠦᠮᠡᠨ ᠳᠦ ᠢᠷᠭᠡᠨ ᠦ ᠬᠡᠷᠡᠭ ᠦᠨ ᠪᠠᠶᠢᠴᠠᠭᠠᠬᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠣᠶᠢᠯᠠᠭᠠᠭᠤᠯᠵᠤ ᠂ ᠬᠠᠸᠯᠢ ᠶᠣᠰᠣᠨ ᠤ ᠠᠷᠭ᠎ᠠ ᠵᠠᠮ ᠂ ᠵᠢᠷᠤᠮ  ᠢᠶᠠᠷ ᠵᠦᠶ ᠶᠣᠰᠣᠨ ᠤ ᠭᠣᠮᠣᠳᠠᠯ ᠱᠠᠭᠠᠷᠳᠠᠯᠭ᠎ᠠ ᠶᠢ ᠨᠢ ᠢᠯᠡᠳᠬᠡᠭᠦᠯᠵᠦ ᠂ ᠲᠣᠰ ᠪᠡᠶ᠎ᠡ ᠶᠢᠨ ᠬᠠᠸᠯᠢ ᠶᠣᠰᠣᠨ ᠤ ᠡᠷᠬᠡ ᠠᠰᠢᠭ ᠢ ᠨᠢ ᠬᠠᠸᠯᠢ ᠶᠣᠰᠣᠭᠠᠷ ᠬᠠᠮᠠᠭᠠᠯᠠᠭᠤᠯᠬᠤ ᠪᠠᠷ ᠬᠦᠲᠦᠯᠦᠨ ᠵᠢᠯᠤᠭᠤᠳᠪᠠ᠃ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠢᠷᠭᠡᠨ ᠦ ᠬᠡᠷᠡᠭ ᠦᠨ ᠬᠠᠭᠤᠷᠮᠠᠴᠢ ᠵᠠᠷᠭᠤ  ᠳᠤ ᠬᠢᠨᠠᠯᠲᠠ ᠲᠠᠯᠪᠢᠬᠤ ᠪᠣᠳᠠᠲᠠᠶ ᠡᠭᠦᠷᠭᠡ ᠴᠢᠳᠠᠪᠤᠷᠢ ᠶᠢ ᠶᠡᠬᠡ ᠪᠡᠷ ᠤᠬᠠᠭᠤᠯᠵᠤ ᠂ ᠣᠯᠠᠨ ᠲᠦᠮᠡᠨ ᠦ ᠬᠠᠸᠯᠢ ᠰᠠᠬᠢᠯᠭ᠎ᠠ ᠶᠢ ᠵᠢᠷᠤᠮᠯᠠᠬᠤ ᠤᠬᠠᠮᠰᠠᠷ ᠢ ᠳᠡᠭᠡᠭᠰᠢᠯᠡᠭᠦᠯᠵᠦ ᠂ ᠨᠠᠩ ᠴᠤ ᠣᠯᠠᠨ ᠲᠦᠮᠡᠨ ᠦ ᠬᠠᠭᠤᠷᠮᠠᠴᠢ ᠵᠠᠷᠭᠤ ᠶᠢᠨ ᠬᠡᠷᠡᠭ ᠦᠨ ᠰᠦᠪᠡᠭᠴᠢ ᠶᠢ ᠲᠤᠰᠬᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ ᠂ ᠬᠠᠭᠤᠷᠮᠠᠴᠢ ᠵᠠᠷᠭᠤ  ᠶᠢᠨ ᠬᠡᠷᠡᠭ ᠦᠨ ᠢᠷᠡᠯᠲᠡ ᠶᠢ ᠥᠷᠭᠡᠳᠬᠡᠬᠦ ᠳᠦ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠃

 

 

ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ ︽ᠢᠷᠭᠡᠨ ᠦ ᠬᠡᠷᠡᠭ ᠦᠨ ᠪᠠᠶᠢᠴᠠᠭᠠᠬᠤ ᠬᠢᠨᠠᠯᠲᠠ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠵᠤ ᠠᠷᠠᠳ ᠤᠨ ᠰᠡᠳᠬᠢᠯ ᠢ ᠰᠠᠬᠢᠬᠤ︾ ᠲᠤᠰᠬᠠᠢ ᠠᠵᠢᠯᠯᠠᠭ᠎ᠠ ᠪᠠᠷ ᠭᠠᠷᠳᠠᠴᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠢᠷᠭᠡᠨ ᠦ ᠬᠡᠷᠡᠭ ᠦᠨ  ᠬᠠᠭᠤᠷᠮᠠᠴᠢ ᠵᠠᠷᠭᠤ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠶᠢ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠭᠣᠣᠯᠳᠠᠯᠭ᠎ᠠ ᠪᠣᠯᠭᠠᠵᠤ᠂ ᠢᠳᠡᠪᠬᠢᠲᠡᠢ ᠤᠬᠠᠭᠤᠯᠵᠤ᠂ ᠬᠣᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠡᠪ ᠴᠢᠨᠠᠷ ᠢ ᠳᠡᠭᠡᠭᠰᠢᠯᠡᠭᠦᠯᠵᠦ᠂ ᠢᠷᠭᠡᠨ ᠦ ᠬᠡᠷᠡᠭ ᠦᠨ ᠪᠠᠶᠢᠴᠠᠭᠠᠬᠤ ᠪᠦᠬᠦᠯᠢ ᠴᠣᠭᠴᠠ ᠶᠢᠨ ᠠᠵᠢᠯ ᠢ ᠴᠢᠩᠭᠠᠳᠬᠠᠨ ᠳᠡᠭᠡᠭᠰᠢᠭᠦᠯᠦᠨ᠎ᠡ᠃

ᠢᠷᠡᠯᠲᠡ
ᠤᠷᠳᠤᠰ ᠬᠣᠲᠠ ᠵᠢᠨ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro