ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠠᠶᠢᠬᠠᠨ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠦᠬᠦ ᠣᠷᠣᠨ ᠤ ᠠᠩᠬᠠᠳᠠᠭᠴᠢ ᠠᠶᠤᠯᠲᠠᠢ ᠪᠠᠷ ᠲᠡᠷᠭᠡ ᠵᠢᠯᠣᠭᠤᠳᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠪᠠ

2023-07-20 16:30:39
ᠵᠣᠬᠢᠶᠠᠭᠴᠢ
ᠰᠢᠦ ᠯᠠᠨ


        ᠰᠢᠨ᠎ᠡ ᠴᠠᠭ ᠦᠶ᠎ᠡ ᠶᠢᠨ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠨᠢ ︽ᠬᠠᠤᠯᠢ ᠶᠣᠰᠣᠭᠠᠷ ᠬᠡᠷᠡᠭ ᠰᠢᠢᠳᠪᠦᠷᠢᠯᠡᠬᠦ︾ ᠪᠠᠷ ᠵᠣᠭᠰᠣᠬᠤ ᠦᠭᠡᠢ᠂ ᠣᠨᠴᠠᠭᠠᠶ ᠬᠡᠷᠡᠭ ᠤᠨ ᠲᠤᠷᠰᠢᠯᠭ᠎ᠠ ᠶᠢ ᠳ᠋ᠦᠩᠨᠡᠬᠦ ᠪᠠᠷ ᠳᠠᠮᠵᠢᠭᠤᠯᠤᠨ᠂ ᠠᠳᠠᠯᠢ ᠲᠥᠷᠥᠯ ᠤᠨ ᠬᠡᠷᠡᠭ ᠤᠨ ᠵᠢᠮ᠎ᠡ ᠶᠣᠰᠣ ᠶᠢ ᠲᠣᠳᠣᠷᠬᠠᠶ ᠣᠶᠢᠯᠠᠭᠠᠵᠤ ᠣᠯᠠᠨ ᠡᠰᠢᠲᠦ ᠶᠡᠷᠦᠩᠬᠡᠶᠢᠯᠡᠭᠰᠡᠨ ᠵᠠᠰᠠᠯᠲᠠ ᠶᠢ ᠥᠷᠨᠢᠭᠦᠯᠦᠨ᠂ ᠤᠷᠢᠳᠴᠢᠯᠠᠨ ᠰᠡᠷᠭᠡᠶᠢᠯᠡᠬᠦ ᠪᠣᠯ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠶ ᠪᠠᠷ ᠭᠦᠢᠴᠡᠳᠬᠡᠬᠦ ᠶᠠᠪᠤᠳᠠᠯ ᠮᠥᠨ᠂ ᠨᠠᠩ ᠴᠤ ᠰᠢᠨ᠎ᠡ ᠶᠢ ᠡᠭᠦᠳᠦᠨ ᠬᠥᠭᠵᠢᠭᠦᠯᠬᠦ ᠪᠠᠷ ᠳᠠᠮᠵᠢᠭᠤᠯᠤᠨ ᠡᠷᠡᠭᠦᠤ ᠶᠢᠨ ᠬᠡᠷᠡᠭ ᠤᠨ ᠬᠠᠤᠯᠢ ᠴᠠᠭᠠᠵᠠ ᠶᠢᠨ ᠬᠢᠨᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ᠂ ᠨᠡᠶᠢᠭᠡᠮ ᠤᠨ ᠣᠷᠳᠣ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠨ ᠤ ᠪᠣᠳᠠᠲᠠᠶ ᠢᠯᠡᠷᠡᠯ ᠮᠥᠨ᠃
     

 

 ᠰᠣᠭᠲᠣᠭᠤ ᠪᠠᠷ ᠲᠡᠷᠭᠡ ᠵᠢᠯᠣᠭᠤᠳᠤᠭᠰᠠᠨ ᠶᠠᠯᠠᠲᠤ ᠠᠵᠢᠯᠯᠠᠭ᠎ᠠ ᠣᠯᠠᠨᠲᠠ ᠡᠭᠦᠰᠬᠦ ᠶᠢ ᠬᠤᠷᠢᠭᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠬᠥᠩᠭᠡᠨ ᠶᠠᠯ᠎ᠠ ᠶᠢ ᠲᠦᠷᠭᠡᠨ ᠰᠢᠢᠳᠪᠦᠷᠢᠯᠡᠬᠦ ᠪᠠ ᠶᠡᠷᠦᠩᠬᠡᠶᠢᠯᠡᠨ ᠵᠠᠰᠠᠬᠤ ᠪᠦᠯᠬᠦᠮ︾ ᠨᠢ ᠥᠪᠥᠷ ᠮᠣᠩᠭᠤᠯ ᠤᠨ ᠱᠧᠩ ᠪᠠᠩ ᠮᠠᠰᠢᠨ ᠲᠡᠷᠭᠡ ᠵᠢᠯᠣᠭᠤᠳᠬᠤ ᠪᠣᠯᠪᠠᠰᠤᠷᠠᠭᠤᠯᠤᠯ ᠤᠨ ᠬᠢᠵᠠᠭᠠᠷᠲᠤ ᠺᠣᠮᠫᠠᠨᠢ ᠲᠠᠢ ᠬᠤᠯᠪᠣᠭᠠᠯᠠᠨ᠂ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠬᠤᠲᠠ ᠱᠧᠩ ᠪᠠᠩ ᠵᠢᠯᠣᠭᠤᠴᠢ ᠶᠢᠨ ᠰᠤᠷᠭᠠᠭᠤᠯᠢ ᠶᠢᠨ ᠶᠡᠷᠦᠩᠬᠡᠶ ᠲᠣᠭᠤᠷᠢᠭ ᠲᠤ ᠠᠶᠤᠯᠲᠠᠶ ᠪᠠᠷ ᠲᠡᠷᠭᠡ ᠵᠢᠯᠣᠭᠤᠳᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠤᠭᠰᠠᠨ ᠪᠠᠶᠢᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠦᠨᠳᠡᠯᠡᠨ ᠪᠢᠴᠢᠭᠡᠰᠦ ᠡᠯᠭᠦᠬᠦ᠂ ᠰᠤᠷᠭᠠᠨ ᠬᠥᠮᠦᠵᠢᠯ ᠤᠨ ᠹᠢᠯᠢᠮ ᠢ ᠨᠡᠪᠲᠡᠷᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠢ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠡᠷᠭᠡ ᠵᠢᠯᠣᠭᠤᠳᠬᠤ ᠳᠤ ᠠᠷᠢᠬᠢ ᠤᠤᠭᠤᠬᠤ ᠥᠬᠡᠶ᠂ ᠠᠷᠢᠬᠢ ᠤᠤᠭᠤᠭᠰᠠᠨ ᠤ ᠲᠠᠷᠠᠭ᠎ᠠ ᠲᠡᠷᠭᠡ ᠵᠢᠯᠣᠭᠤᠳᠬᠤ ᠥᠬᠡᠶ︾ ᠭᠡᠬᠦ ᠣᠨᠤᠯᠵᠢᠬᠤᠨ ᠢ ᠵᠢᠯᠣᠭᠤᠴᠢ ᠶᠢᠨ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠪᠥᠬᠦ ᠶᠠᠪᠤᠴᠠ ᠳᠤ ᠠᠭᠤᠰᠬᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ ᠶᠢ ᠬᠤᠷᠢᠭᠯᠠᠬᠤ ᠠᠮᠤᠷ ᠲᠦᠪᠰᠢᠨ ᠤ ᠦᠵᠡᠯ ᠤᠬᠠᠮᠰᠠᠷ ᠢ ᠲᠡᠭᠡᠭᠰᠢᠯᠡᠭᠦᠯᠪᠡ᠃
     

 

  ᠫᠠᠶᠢᠰᠠ ᠡᠯᠭᠦᠬᠦ ᠶᠣᠰᠣᠯᠠᠯ ᠤᠨ ᠲᠠᠷᠠᠭ᠎ᠠ᠂ ᠪᠠᠶᠢᠴᠠᠭᠠᠭᠴᠢ ᠪᠣᠯᠪᠠᠰᠤᠷᠠᠯ ᠬᠢᠵᠦ ᠪᠠᠶᠢᠭᠰᠠᠨ 35 ᠰᠤᠷᠤᠬᠴᠢ ᠳᠤ ᠰᠡᠷᠡᠮᠵᠢ ᠶᠢᠨ ᠬᠢᠴᠢᠶᠡᠯ ᠣᠷᠣᠵᠤ᠂ ᠰᠢᠢᠳᠪᠦᠷᠢᠯᠡᠭᠰᠡᠨ ᠦᠨᠡᠨ ᠪᠣᠳᠠᠲᠠᠢ ᠶᠠᠯᠠᠲᠤ ᠬᠡᠷᠡᠭ ᠤᠨ ᠵᠢᠱᠢᠶ᠎ᠡ ᠪᠠᠷ ᠰᠤᠷᠭᠠᠨ ᠬᠥᠮᠦᠵᠢᠯ ᠤᠨ ᠠᠴᠢᠶᠠᠯᠠᠪᠤᠷᠢ ᠪᠣᠯᠭᠠᠵᠤ᠂ ᠠᠷᠢᠬᠢ ᠤᠤᠭᠤᠭᠰᠠᠨ ᠤ ᠲᠠᠷᠠᠭ᠎ᠠ ᠮᠠᠰᠢᠨ ᠲᠡᠷᠭᠡ ᠵᠢᠯᠣᠭᠤᠳᠬᠤ ᠶᠢᠨ ᠬᠤᠣᠷ ᠬᠦᠨᠦᠭᠡᠯᠳᠦ ᠴᠢᠨᠠᠷ ᠢ ᠠᠮᠢᠳᠤᠯᠢᠭ ᠢᠶᠠᠷ ᠶᠠᠷᠢᠵᠤ᠂ ᠡᠷᠡᠭᠦᠦ ᠶᠢᠨ ᠬᠠᠤᠯᠢ ᠢ  ᠵᠦᠷᠢᠴᠡᠭᠰᠡᠨ ᠯᠤᠲᠤ ᠶᠡᠭᠡ ᠦᠨ᠎ᠡ ᠦᠷᠳᠡᠭ ᠢ ᠰᠢᠭᠤᠳ ᠢᠯᠡᠷᠡᠭᠦᠯᠵᠦ᠂ ᠬᠤᠪᠢ ᠬᠥᠮᠦᠨ ᠤ ᠬᠠᠤᠯᠢ ᠶᠢ ᠰᠠᠬᠢᠬᠤ ᠤᠬᠠᠮᠰᠠᠷ ᠪᠣᠯᠤᠨ ᠠᠮᠤᠷ ᠲᠦᠪᠰᠢᠨ ᠪᠣᠯᠪᠠᠰᠤᠨ ᠢᠶᠠᠷ ᠶᠠᠪᠤᠵᠤ ᠰᠠᠭᠤᠬᠤ ᠤᠬᠠᠮᠰᠠᠷ ᠢ ᠴᠢᠩᠭᠠᠳᠬᠠᠵᠠᠢ᠃ ᠰᠤᠷᠤᠭᠴᠢᠳ ᠢᠯᠡᠷᠬᠡᠶᠢᠯᠡᠬᠦ ᠳᠡᠭᠡᠨ᠂ ᠪᠣᠳᠠᠲᠠᠶ ᠬᠡᠷᠡᠭ ᠤᠨ ᠵᠢᠱᠢᠶ᠎ᠡ ᠶᠢ ᠰᠤᠷᠤᠯᠴᠠᠬᠤ ᠪᠠᠷ ᠳᠡᠮᠵᠢᠨ᠂ ︽ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ ᠶᠢ ᠴᠠᠭᠠᠵᠠᠯᠠᠬᠤ︾ ᠭᠡᠳᠡᠭ ᠨᠢ ᠨᠢᠭᠡ ᠮᠥᠷ ᠥᠰᠥᠭ ᠪᠢᠰᠢ ᠪᠣᠯᠵᠣ᠂ ᠲᠡᠭᠦᠨ ᠤ ᠤᠴᠠᠷᠠᠭᠤᠯᠵᠤ ᠮᠡᠳᠡᠬᠦ ᠬᠤᠤᠷ ᠬᠥᠨᠥᠭᠡᠯ ᠢ ᠠᠮᠢᠳᠤ ᠰᠣᠷᠭᠤᠭ ᠣᠯᠵᠤ ᠬᠠᠷᠠᠨ᠂ ᠬᠥᠮᠦᠰ ᠲᠤ ᠭᠦᠨ ᠰᠠᠭᠤᠭᠳᠠᠯ ᠥᠭᠭᠦᠭᠰᠡᠨ ᠪᠠᠶᠢᠨ᠎ᠠ ᠭᠡᠵᠡᠶ᠃
     

 

ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠡ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠳᠤ ᠲᠦᠰᠢᠭᠯᠡᠨ᠂ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠤᠨ ᠵᠠᠮ ᠬᠠᠷᠢᠯᠴᠠᠭᠠᠨ ᠤ ᠬᠠᠮᠢᠶᠠᠷᠤᠯᠲᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠯᠤᠭ᠎ᠠ ᠬᠤᠯᠪᠣᠭᠠᠯᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠥᠷᠨᠢᠭᠦᠯᠵᠦ᠂ ᠰᠢᠭᠦᠬᠦ ᠬᠤᠷᠢᠶ᠎ᠠ ᠲᠠᠢ  ᠬᠠᠷᠢᠯᠴᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠲᠣᠭᠲᠠᠭᠠᠵᠤ ᠲᠣᠭᠤᠷᠢᠨ ᠰᠢᠭᠦᠨ ᠲᠠᠰᠤᠯᠬᠤ ᠠᠵᠢᠯ ᠢ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠠᠶᠤᠯᠲᠠᠶ ᠪᠠᠷ ᠲᠡᠷᠭᠡ ᠵᠢᠯᠣᠭᠤᠳᠤᠭᠰᠠᠨ ᠶᠠᠯᠠᠲᠤ ᠠᠵᠢᠯᠯᠠᠭ᠎ᠠ ᠶᠢ ᠰᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠶᠢᠮᠦᠷᠬᠦ ᠲᠥᠷᠥᠯ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃
        ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠠᠯᠠᠲᠤ ᠠᠵᠢᠯᠯᠠᠭ᠎ᠠ ᠶᠢᠨ ᠨᠡᠶᠢᠭᠡᠮ ᠤᠨ ᠵᠠᠰᠠᠯᠲᠠ ᠶᠢᠨ ᠭᠦᠨ ᠳᠠᠪᠬᠤᠷᠭ᠎ᠠ ᠶᠢᠨ ᠠᠰᠠᠭᠤᠳᠠᠯ ᠳᠠᠬᠢ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳᠭᠡᠵᠤ᠂ ᠵᠠᠷᠭᠤ ᠶᠢᠨ ᠢᠷᠡᠯᠳᠡ ᠶᠢ ᠤᠷᠢᠳᠴᠢᠯᠠᠨ ᠰᠡᠷᠭᠡᠶᠢᠯᠡᠬᠦ ᠪᠠᠷ ᠤᠳᠤᠷᠢᠳᠤᠮᠵᠢ ᠪᠣᠯᠭᠠᠭᠰᠠᠨ ᠶᠡᠷᠦᠩᠬᠡᠶᠢᠯᠡᠨ ᠵᠠᠰᠠᠬᠤ ᠰᠢᠨ᠎ᠡ ᠬᠡᠪ ᠵᠠᠭᠪᠤᠷ ᠢ ᠬᠦᠴᠦᠯᠡᠨ ᠰᠦᠪᠡᠭᠴᠢᠯᠡᠨ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠠᠰᠠᠯᠲᠠ ᠳᠤ ᠭᠦᠨᠵᠡᠭᠡᠶ ᠣᠷᠣᠯᠴᠠᠨ᠂ ᠵᠠᠷᠭᠤ ᠶᠢᠨ ᠢᠷᠡᠯᠳᠡ ᠶᠢᠨ ᠵᠠᠰᠠᠯᠲᠠ ᠶᠢ ᠴᠢᠩᠭᠠᠳᠬᠠᠵᠤ᠂ ᠪᠠᠶᠢᠴᠠᠭᠠᠬᠤ ᠬᠠᠤᠯᠢ ᠪᠠᠷᠢᠬᠤ ᠬᠦᠴᠦᠨ ᠢ ᠭᠦᠢᠴᠡᠳ ᠬᠡᠷᠡᠭᠯᠡᠨ᠂ ᠳᠤᠮᠳᠠᠳᠤ ᠤᠯᠤᠰ ᠤᠨ ᠣᠳᠣᠬᠢᠴᠢᠯᠠᠯᠲᠠ ᠳᠤ ᠤᠶᠢᠯᠡᠴᠢᠯᠡᠨ᠎ᠠ᠃
       
        

ᠢᠷᠡᠯᠲᠡ
ᠬᠦᠬᠡᠬᠤᠲᠠ ᠵᠢᠨ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro