ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠤᠤᠷᠲᠦ ᠡᠳ᠋ ᠲᠤ ᠬᠤᠯᠪᠤᠭᠳᠠᠭᠰᠠᠨ ᠬᠡᠷᠡᠭ ᠤᠨ ᠲᠢᠩᠬᠢᠮ ᠦᠨ ᠰᠢᠭᠦᠯᠳᠡ ᠶᠢ ᠰᠣᠨᠣᠰᠣᠨ᠂ ᠵᠦᠪᠯᠡᠨ ᠲᠤᠭᠲᠠᠭᠠᠬᠤ ᠳᠤ ᠤᠷᠤᠯᠴᠠᠵᠤ᠂ ᠪᠦᠬᠦ ᠠᠶᠢᠮᠠᠭ ᠤᠨ ᠬᠤᠣᠷ ᠴᠠᠭᠠᠵᠠᠯᠠᠬᠤ ᠰᠡᠷᠭᠡᠶᠢᠯᠡᠯᠲᠡ ᠶᠢᠨ ᠱᠣᠭᠤᠮ ᠢ ᠪᠠᠬᠢᠵᠢᠭᠦᠯᠪᠡ

2023-07-24 15:23:45
ᠵᠣᠬᠢᠶᠠᠭᠴᠢ
ᠨᠠᠷᠠᠰᠦ

  
       ᠬᠤᠤᠷᠲᠦ ᠡᠳ᠋ ᠤᠨ ᠶᠠᠯᠠᠲᠦ ᠠᠵᠢᠯᠯᠠᠭ᠎ᠠ ᠢ ᠰᠢᠢᠳᠪᠦᠷᠢᠯᠡᠬᠦ ᠶᠠᠰᠦ ᠴᠢᠨᠠᠷ ᠪᠠ ᠦᠷ᠎ᠡ ᠪᠦᠲᠦᠮᠵᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠪᠠᠶᠢᠴᠠᠭᠠᠬᠤ ᠪᠠ  ᠴᠠᠭᠳᠠᠭ᠎ᠠ ᠵᠢᠨ ᠬᠠᠮᠲᠣᠷᠠᠨ ᠰᠣᠷᠣᠯᠴᠠᠬᠤ ᠦᠷ᠎ᠡ ᠪᠦᠲᠦᠮᠵᠢ ᠶᠢ ᠴᠢᠩᠭᠠᠳᠬᠠᠤ ᠶᠢᠨ ᠲᠦᠯᠦᠭᠡ᠂ ︽ᠲᠡᠯᠡᠬᠡᠢ ᠶᠢᠨ ᠬᠤᠤᠷ ᠴᠠᠭᠠᠵᠠᠯᠠᠬᠤ ᠡᠳᠦᠷ︾ ᠰᠢᠯᠢ ᠵᠢᠨ  ᠭᠣᠣᠯ ᠠᠶᠢᠮᠠᠭ ᠤᠨ ᠬᠤᠶᠠᠷ ᠱᠠᠳᠤᠨ ᠤ ᠪᠠᠶᠢᠴᠠᠭᠠᠬᠤ ᠪᠠᠶᠢᠭᠤᠯᠭ᠎ᠠ ᠰᠢᠯᠤᠭᠤᠨ ᠬᠦᠬᠡ ᠬᠤᠰᠢᠭᠤᠨ ᠤ ᠠᠷᠠᠳ ᠤᠨ ᠪᠠᠶᠢᠴᠠᠬᠠᠭᠤ ᠬᠤᠷᠢᠶᠠᠨ ᠳᠤ ᠴᠣᠭᠯᠠᠷᠠᠨ᠂ ᠬᠤᠤᠷᠠᠲᠦ ᠡᠳ᠋ ᠫᠠᠨᠽᠠᠯᠠᠭᠰᠠᠨ᠂ ᠲᠡᠭᠡᠭᠡᠪᠦᠷᠢᠯᠡᠭᠰᠡᠨ ᠬᠡᠷᠡᠭ ᠤᠨ ᠰᠢᠭᠦᠯᠲᠡ ᠶᠢᠨ  ᠲᠢᠩᠬᠢᠮ ᠦᠨ ᠰᠢᠭᠦᠯᠲᠠ ᠵᠢᠨ ᠦᠵᠡᠭᠦᠯᠦᠯᠭᠡ ᠬᠢᠪᠡ᠃

 

      

      ᠰᠢᠭᠦᠯᠲᠡ ᠳᠤ ᠠᠯᠪᠠᠨ ᠵᠠᠭᠠᠯᠳᠤᠭᠴᠢ ᠬᠡᠷᠡᠭ ᠤᠨ ᠮᠠᠷᠭᠤᠯᠳᠤᠭᠠᠨ ᠤ ᠲᠦᠪᠯᠡᠷᠡᠯ ᠤᠨ ᠴᠡᠭ ᠤᠨ ᠲᠤᠭᠤᠷᠢᠨ ᠳᠤ ᠲᠢᠩᠬᠢᠮ ᠤᠨ ᠪᠠᠶᠢᠴᠠᠭᠠᠯᠳᠠ ᠬᠢᠵᠦ᠂ ᠵᠠᠭᠠᠯᠳᠤᠭᠳᠠᠭᠴᠢ ᠠᠴᠠ ᠰᠢᠬᠦᠨ ᠠᠰᠠᠭᠤᠵᠦ᠂ ᠬᠡᠷᠡᠴᠢ ᠲᠡᠪᠰᠢᠭᠦᠯᠵᠦ ᠭᠡᠷᠡᠴᠢ ᠲᠣᠯᠭᠠᠭᠰᠠᠨ ᠯᠣᠬᠢᠭᠴᠢ ᠴᠢᠨᠠᠷ ᠨᠢ ᠴᠢᠩᠭ᠎ᠠ ᠮᠦᠷᠳᠡᠭᠡᠨ ᠲᠢᠩᠬᠢᠮ ᠤᠨ ᠮᠠᠷᠭᠤᠯᠳᠤᠭᠠᠨ ᠤ ᠨᠢᠴᠣᠭᠠᠬᠤ ᠬᠦᠴᠦᠨ ᠨᠢ ᠴᠢᠩᠭ᠎ᠠ ᠪᠠᠶᠢᠵᠣ᠂ ᠠᠯᠪᠠᠨ ᠵᠠᠭᠠᠯᠳᠤᠯᠭ᠎ᠠ ᠶᠢᠨ ᠰᠠᠨᠠᠯ ᠨᠢ ᠬᠠᠣᠯᠢ ᠪᠠ ᠰᠡᠳᠬᠢᠯᠭᠡ ᠬᠠᠷᠢᠯᠴᠠᠨ ᠠᠭᠤᠰᠤᠯᠴᠠᠵᠦ ᠲᠢᠩᠬᠢᠮ ᠤᠨ ᠰᠢᠭᠦᠯᠳᠡ ᠠᠮᠵᠢᠯᠳᠠ ᠲᠠᠢ ᠪᠤᠯᠤᠭᠰᠠᠨ ᠪᠠᠶᠢᠨ᠎ᠠ᠃
   

 

      ᠰᠢᠬᠦᠯᠳᠡ ᠶᠢᠨ ᠲᠠᠷᠠᠭ᠎ᠠ᠂ ᠰᠢᠭᠦᠯᠳᠡ ᠶᠢᠨ ᠦᠵᠡᠭᠦᠯᠦᠯᠭᠡ ᠳᠤ ᠤᠷᠤᠯᠴᠠᠭᠰᠠᠨ ᠪᠠᠶᠢᠴᠠᠭᠠᠬᠤ ᠠᠵᠢᠯᠲᠠᠳ ᠵᠢᠴᠢ ᠠᠷᠠᠳ ᠤᠨ ᠲᠦᠯᠦᠬᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠰᠢᠬᠦᠯᠳᠡ ᠶᠢ ᠵᠦᠪᠯᠡᠨ ᠲᠣᠭᠲᠠᠭᠠᠬᠤ ᠬᠤᠷᠠᠯ ᠳᠤ ᠤᠷᠤᠯᠴᠠᠪᠠ᠃ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠨᠢᠬᠡᠳᠦᠬᠡᠷ ᠪᠠᠶᠢᠴᠠᠭᠠᠬᠤ ᠬᠡᠯᠳᠡᠰ ᠤᠨ ᠡᠷᠬᠢᠯᠡᠭᠴᠢ ᠣᠷᠭᠤᠭ᠎ᠠ ᠵᠢᠴᠢ ᠰᠢᠯᠤᠭᠤᠨ ᠬᠦᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠰᠢᠦᠢ ᠶᠢᠨ ᠰᠢᠦ ᠠᠴᠠ ᠣᠶᠢᠷ᠎ᠠ ᠶᠢᠨ ᠵᠢᠯ ᠳᠤ ᠬᠤᠤᠷᠠᠲᠦ ᠡᠳ᠋ ᠤᠨ ᠶᠠᠯᠠᠲᠦ ᠠᠵᠢᠯᠯᠠᠭ᠎ᠠ ᠳᠤ ᠴᠤᠬᠢᠯᠳᠠ ᠦᠭᠬᠦᠭᠰᠡᠨ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠰᠢᠭᠦᠯᠳᠡ ᠶᠢᠨ ᠦᠵᠡᠭᠦᠯᠦᠯᠭᠡ ᠳᠤ ᠣᠷᠣᠯᠴᠠᠭᠰᠠᠨ ᠪᠠᠶᠢᠴᠠᠭᠠᠬᠤ ᠠᠵᠢᠯᠲᠠᠳ ᠲᠣᠰ ᠣᠳᠠᠭᠠᠨ ᠤ ᠲᠢᠩᠬᠢᠮ ᠤᠨ ᠬᠦᠳᠡᠯᠭᠡᠭᠡᠨ ᠤ ᠲᠣᠬᠠᠢ ᠬᠠᠯᠠᠭᠤᠨ ᠢᠶᠠᠷ ᠶᠠᠷᠢᠯᠴᠠᠵᠣ᠂ ᠲᠤᠰ ᠤᠳᠠᠭᠠᠨ ᠤ ᠰᠢᠬᠦᠯᠳᠡ ᠨᠢ ᠠᠯᠪᠠᠨ ᠵᠠᠭᠠᠯᠳᠤᠭᠴᠢ ᠶᠢᠨ ᠬᠠᠤᠯᠢ ᠴᠠᠭᠠᠵᠠ ᠶᠢᠨ ᠪᠤᠯᠪᠠᠰᠤᠷᠠᠯ ᠪᠠ ᠠᠯᠪᠠᠨ ᠵᠠᠭᠠᠯᠳᠤᠭ᠎ᠠ ᠶᠢᠨ ᠴᠢᠳᠠᠪᠣᠷᠢ ᠶᠢ ᠭᠦᠢᠴᠡᠳ ᠢᠯᠡᠷᠡᠬᠦᠯᠵᠦ᠂ ᠬᠡᠨᠡᠳᠳᠡ ᠶᠢᠨ ᠪᠠᠶᠢᠳᠠᠯ ᠢ ᠠᠷᠭᠠᠴᠠᠬᠤ ᠳᠤ ᠯᠠᠪᠳᠠᠭᠤᠨ ᠲᠤᠭᠳᠠᠭᠤᠨ ᠪᠠᠶᠢᠬᠤ ᠨᠢ ᠰᠤᠷᠤᠯᠴᠠᠭᠤᠰᠢᠲᠠᠢ ᠬᠡᠵᠦ ᠢᠯᠡᠷᠬᠡᠶᠢᠯᠡᠭᠰᠡᠨ ᠪᠦᠬᠡᠳ ᠰᠢᠨ᠎ᠡ ᠬᠦᠰᠡᠯ ᠡᠷᠡᠮᠡᠯᠵᠡᠯ ᠢᠶᠠᠨ ᠲᠤᠷᠠᠳᠤᠭᠰᠠᠨ ᠪᠠᠶᠢᠨ᠎ᠠ᠃
     

 

        ᠬᠤᠶᠢᠰᠢᠳᠠ ᠰᠢᠯᠤᠭᠤᠨ ᠬᠦᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠤᠤᠷᠲᠦ ᠡᠳ᠋ ᠤᠨ ᠶᠠᠯᠠᠲᠦ ᠠᠵᠢᠯᠯᠠᠭ᠎ᠠ ᠳᠤ ᠴᠤᠬᠢᠯᠳᠠ ᠦᠭᠬᠦ ᠡᠷᠴᠢᠮ ᠢᠶᠠᠨ ᠦᠷᠬᠦᠯᠵᠢᠯᠡᠨ ᠴᠢᠩᠭᠠᠳᠬᠠᠵᠦ᠂ ᠬᠠᠤᠯᠢ ᠲᠦᠬᠡᠮᠡᠯᠵᠢᠭᠦᠯᠬᠦ ᠤᠬᠠᠭᠤᠯᠭ᠎ᠠ ᠶᠢᠨ ᠬᠡᠯᠪᠡᠷᠢ ᠪᠠᠨ ᠦᠷᠬᠡᠳᠬᠡᠨ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠬᠡᠮ ᠢ ᠶᠡᠷᠦᠩᠬᠡᠶᠢᠯᠡᠨ ᠵᠠᠰᠠᠬᠤ ᠴᠢᠳᠠᠪᠦᠷᠢ ᠪᠠᠨ ᠪᠠᠳᠠᠷᠠᠭᠤᠯᠵᠦ᠂ ᠠᠷᠠᠳ ᠲᠦᠮᠡᠨ ᠤ ᠬᠤᠤᠷᠲᠦ ᠡᠳ᠋ ᠢ ᠰᠡᠷᠬᠡᠶᠢᠯᠡᠬᠦ᠂ ᠬᠤᠤᠷᠲᠦ ᠡᠳ᠋ ᠢ ᠡᠰᠡᠷᠭᠦᠴᠡᠬᠦ᠂ ᠬᠤᠤᠷᠲᠦ ᠡᠳ᠋ ᠶᠢ ᠴᠠᠭᠠᠵᠠᠠᠯᠠᠬᠤ ᠣᠬᠠᠮᠰᠠᠷ ᠢ ᠤᠯᠠᠮ ᠨᠢᠭᠡ ᠠᠯᠬᠤᠮ ᠲᠡᠬᠡᠭᠰᠢᠯᠡᠬᠦᠯᠦᠨ᠎ᠡ᠃

ᠢᠷᠡᠯᠲᠡ
ᠰᠢᠯᠤᠭᠤᠨ ᠬᠦᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro