ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

︽ᠪᠠᠶᠢᠴᠠᠭᠠᠬᠤ ᠠᠵᠢᠯ ᠤᠨ ᠬᠥᠬᠡ︾ ᠪᠠᠷ ︽ᠠᠮᠢ ᠠᠬᠤᠶ ᠶᠢᠨ ᠪᠣᠬᠢᠷᠲᠤᠯ︾ ᠢ ᠰᠠᠬᠢᠨ ᠬᠠᠮᠠᠭᠠᠯᠠᠵᠤ᠂ ᠨᠡᠶᠢᠲᠡ ᠶᠢᠨ ᠠᠰᠢᠭᠲᠤ ᠵᠠᠷᠭᠤ ᠨᠢ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠴᠡᠭᠴᠡᠯᠡᠨ ᠵᠠᠰᠠᠬᠤ ᠳᠤ ᠬᠦᠴᠦᠨ ᠨᠡᠮᠡᠷᠢᠯᠡᠪᠡ

2023-07-27 18:51:07
ᠵᠣᠬᠢᠶᠠᠭᠴᠢ
ᠦᠵᠡᠰᠭᠦᠯᠡᠩ

  
       ᠡᠨᠡ ᠵᠢᠯ ᠤᠨ 3 ᠰᠠᠷ᠎ᠠ ᠳᠤ᠂ ᠡᠵᠡᠨ ᠬᠤᠷᠤᠭ᠎ᠠ ᠬᠤᠰᠢᠭᠤᠨ ᠤ ᠪᠠᠶᠢᠴᠠᠭᠠᠬᠤ ᠬᠤᠷᠢᠶ᠎ᠠ ᠶᠢᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯᠲᠠᠨ ᠡᠵᠡᠨ ᠬᠤᠷᠤᠭ᠎ᠠ ᠬᠤᠰᠢᠭᠤᠨ ᠤ ᠡᠯ᠎ᠡ ᠪᠠᠯᠭᠠᠰᠤᠨ ᠤ ᠲᠠᠷᠢᠶᠠᠨ ᠭᠠᠵᠠᠷ ᠲᠤ ᠬᠦᠷᠴᠦ ᠰᠤᠷᠪᠤᠯᠵᠢᠯᠠᠬᠤ ᠳᠠᠭᠠᠨ᠂ ᠬᠡᠰᠡᠭ ᠲᠠᠷᠢᠶᠠᠨ ᠭᠠᠵᠠᠷ ᠨᠢ ᠮᠥᠨ ᠯᠡ ᠵᠢᠯ ᠠᠯᠤᠰᠯᠠᠭᠰᠠᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠳᠤ ᠪᠦᠷᠬᠦᠭᠳᠡᠵᠦ᠂ ᠶᠡᠭᠡ ᠬᠡᠪᠴᠢᠶ᠎ᠡ ᠤ ︽ᠴᠠᠭᠠᠨᠦᠩᠭᠡᠲᠦ ᠪᠣᠬᠢᠷᠲᠤᠯ︾ ᠶᠢ ᠪᠣᠶ ᠪᠤᠯᠭᠠᠵᠤ᠂ ᠰᠦᠯᠢᠶᠣᠣ ᠪᠦᠷᠬᠦᠪᠴᠢ ᠶᠢ ᠵᠠᠳᠠᠷᠠᠭᠤᠯᠬᠤ ᠳᠤ ᠪᠡᠷᠬᠡ ᠤᠴᠢᠷ ᠠᠴᠠ ᠣᠷᠳᠣ ᠬᠤᠭᠤᠴᠠᠭᠠᠨ ᠤ ᠦᠯᠡᠳᠡᠭᠳᠡᠯ ᠨᠢ ᠲᠠᠷᠢᠶᠠᠨ ᠭᠠᠵᠠᠷ ᠤᠨ ᠶᠠᠰᠤ ᠴᠢᠨᠠᠷ ᠢ ᠨᠥᠯᠥᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠬᠠᠷᠰᠢᠯᠠᠵᠤ ᠪᠠᠶᠢᠬᠤ ᠪᠠᠷ ᠪᠠᠷᠠᠬᠤ ᠥᠬᠡᠶ᠂ ᠪᠠᠰᠠ ᠠᠮᠢ ᠠᠬᠤᠶ ᠶᠢᠨ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠵᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠠᠶᠢᠬᠤ ᠶᠢ ᠣᠯᠵᠤ ᠮᠡᠳᠡᠵᠡᠶ᠃
     

 

      ᠡᠯ᠎ᠡ ᠪᠠᠯᠭᠠᠰᠤᠨ ᠤ ᠲᠠᠷᠢᠶᠠᠨ ᠭᠠᠵᠠᠷ ᠤᠨ ᠳᠣᠲᠣᠷᠠᠬᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠤᠷᠢᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢᠨ ᠲᠥᠯᠥᠭᠡ᠂ ᠪᠠᠶᠢᠴᠠᠭᠠᠬᠤ ᠠᠵᠢᠯᠳᠠᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠤᠬᠠᠶ ᠶᠢᠨ ᠬᠥᠮᠦᠨ ᠠᠴᠠ ᠯᠠᠪᠯᠠᠨ ᠠᠰᠠᠭᠤᠬᠤ᠂ ᠭᠡᠷᠡᠴᠢ ᠪᠠᠷᠢᠮᠲᠠ ᠰᠢᠯᠵᠢᠭᠦᠯᠦᠨ ᠠᠪᠬᠤ ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠯᠲᠠ ᠬᠢᠭᠰᠡᠨ ᠪᠥᠭᠡᠳ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ 6 ᠪᠠᠯᠭᠠᠰᠤᠨ ᠤ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠨᠡᠶᠢᠲᠡ ᠶᠢᠨ  ᠠᠰᠢᠭᠲᠤ ᠵᠠᠷᠭᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠤᠷᠢᠯᠠᠬᠦ ᠶᠢ ᠴᠢᠩᠭᠠᠳᠬᠠᠵᠤ᠂ ᠭᠠᠴᠠᠭᠠᠨ ᠤ ᠠᠷᠠᠳ ᠲᠤ ᠤᠬᠠᠭᠤᠯᠭ᠎ᠠ ᠬᠥᠮᠦᠵᠢᠯ ᠶᠠᠪᠤᠭᠳᠠᠭᠤᠯᠵᠤ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠴᠠᠭᠠᠬᠤ ᠰᠠᠨᠠᠭᠤᠯᠭ᠎ᠠ ᠶᠢ ᠣᠯᠤᠭᠰᠠᠨ ᠤ ᠲᠠᠷᠠᠭ᠎ᠠ᠂ ᠲᠠᠷᠢᠶᠠᠨ ᠭᠠᠵᠠᠷ ᠲᠤ ᠦᠯᠡᠳᠡᠭᠡᠭᠰᠡᠨ ᠲᠠᠷᠢᠶᠠᠯᠠᠩ ᠤᠨ ᠰᠦᠯᠢᠶᠣᠣ ᠪᠦᠷᠬᠦᠭᠦᠯ ᠵᠢᠴᠢ ᠪᠤᠰᠤᠳ ᠲᠠᠷᠢᠶᠠᠯᠠᠩ ᠤᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ᠂ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠬᠤ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ᠂ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠨ ᠡᠵᠡᠩᠨᠡᠭᠴᠢ ᠶᠢᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃
       

 

       ᠣᠶᠢᠷ᠎ᠠ ᠳᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠨᠡᠶᠢᠭᠡᠮ ᠨᠡᠶᠢᠲᠡ ᠶᠢᠨ ᠠᠰᠢᠭ ᠲᠤᠰᠠ ᠶᠢ ᠪᠦᠲᠦᠮᠵᠢᠲᠡᠶ ᠬᠠᠮᠠᠭᠠᠯᠠᠭᠰᠠᠨ ᠡᠰᠡᠬᠦ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ ᠲᠤᠰ ᠬᠤᠷᠢᠶ᠎ᠠ ᠲᠤᠰᠬᠠᠶᠢᠯᠠᠨ ᠲᠤᠯᠤᠭᠠᠨ ᠬᠡᠷᠡᠭ ᠤᠨ ᠭᠡᠷᠡᠴᠢᠯᠡᠭᠡ ᠰᠤᠨᠤᠰᠬᠤ ᠬᠠᠮᠲᠤᠷᠠᠭᠰᠠᠨ ᠬᠤᠷᠠᠯ ᠬᠤᠷᠠᠯᠳᠤᠭᠤᠯᠵᠤ ᠰᠤᠳᠤᠯᠤᠨ ᠮᠠᠭᠠᠳᠯᠠᠯᠲᠠ ᠬᠢᠪᠠ᠃ ᠬᠤᠷᠠᠯ ᠳᠡᠭᠡᠷ᠎ᠡ᠂ ᠪᠠᠶᠢᠴᠠᠭᠠᠬᠤ ᠲᠤᠰᠢᠶᠠᠯᠲᠠᠨ ᠬᠡᠷᠡᠭ ᠤᠨ ᠦᠨᠳᠦᠰᠦᠨ ᠪᠠᠶᠢᠳᠠᠯ᠂ ᠬᠤᠯᠪᠣᠭᠳᠠᠯ ᠪᠥᠬᠦᠶ ᠬᠠᠤᠯᠢ ᠵᠤᠷᠪᠤᠰ ᠤᠨ ᠬᠡᠷᠡᠭᠯᠡᠯᠲᠡ᠂ ᠪᠠᠶᠢᠴᠠᠭᠠᠬᠤ ᠰᠠᠨᠠᠭᠤᠯᠭ᠎ᠠ ᠶᠢᠨ ᠬᠠᠷᠢᠭᠤᠯᠲᠠ᠂ ᠡᠮᠦᠨ᠎ᠡ ᠬᠤᠶᠢᠨᠠᠬᠢ ᠬᠡᠷᠡᠯ ᠵᠢᠷᠤᠭ ᠶᠢ ᠬᠠᠷᠢᠴᠠᠭᠤᠯᠤᠭᠰᠠᠨ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠣᠯᠠᠨ ᠵᠠᠭᠤᠴᠢᠳᠤ ᠭᠡᠷᠡᠴᠢᠯᠡᠬᠦ ᠠᠷᠭ᠎ᠠ ᠮᠠᠶ᠋ᠢᠭ ᠢᠶᠠᠷ ᠭᠡᠷᠡᠴᠢ ᠪᠠᠷᠢᠮᠲᠠ ᠶᠢ ᠳᠡᠯᠭᠡᠨ ᠦᠵᠡᠭᠦᠯᠵᠦ᠂ ᠭᠡᠷᠡᠴᠢᠯᠡᠭᠡ ᠰᠣᠨᠣᠰᠤᠭᠴᠢ ᠳᠤ ᠪᠤᠰᠤᠳᠴᠢ᠂ ᠪᠦᠷᠢᠨ ᠭᠦᠢᠴᠡᠳ ᠮᠠᠭᠠᠳᠯᠠᠬᠤ ᠦᠨᠳᠦᠰᠦᠯᠡᠯ ᠬᠠᠩᠭᠠᠭᠰᠠᠨ ᠪᠠᠶᠢᠨ᠎ᠠ᠃ ᠭᠡᠷᠡᠴᠢᠯᠡᠭᠡ ᠰᠣᠨᠣᠰᠤᠭᠴᠢ ᠬᠡᠷᠡᠭ ᠢ ᠰᠢᠢᠳᠪᠤᠷᠢᠯᠡᠭᠰᠡᠨ ᠪᠠᠶᠢᠳᠠᠯ ᠪᠠ ᠬᠡᠷᠡᠭ ᠢ ᠰᠢᠢᠳᠪᠤᠷᠢᠯᠡᠭᠰᠡᠨ ᠰᠠᠨᠠᠯ ᠳᠤ ᠴᠢᠭᠯᠡᠭᠦᠯᠦᠨ ᠠᠰᠠᠭᠤᠯᠲᠠ ᠳᠤᠷᠠᠳᠴᠤ᠂ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠡᠷᠡᠭ ᠲᠤ ᠬᠤᠯᠪᠣᠭᠳᠠᠭᠰᠠᠨ ᠠᠰᠠᠭᠤᠳᠠᠯ ᠳᠤ ᠴᠢᠭᠯᠡᠭᠦᠯᠦᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠲᠣᠳᠣᠷᠬᠠᠶᠢᠯᠠᠪᠠ᠃ ᠦᠨᠡᠯᠡᠨ ᠶᠠᠷᠢᠯᠴᠠᠬᠤ ᠪᠠᠷ ᠳᠠᠮᠵᠢᠭᠠᠳ ᠰᠠᠨᠠᠯ ᠰᠣᠨᠣᠰᠤᠭᠴᠢ ᠠᠴᠠ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠨᠲᠡ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠪᠦᠲᠦᠮᠵᠢᠲᠡᠶ ᠪᠠᠷ ᠬᠠᠮᠠᠭᠠᠯᠠᠪᠠ ᠭᠡᠵᠦ ᠰᠠᠨᠠᠯ ᠨᠢᠭᠡᠲᠡᠶ ᠦᠵᠡᠪᠡ᠃
       ᠲᠠᠷᠠᠭᠠᠴᠢ ᠶᠢᠨ ᠠᠯᠬᠤᠮ ᠳᠤ᠂  ᠡᠵᠡᠨ ᠬᠤᠷᠤᠭ᠎ᠠ ᠬᠤᠰᠢᠭᠤᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠠᠵᠢᠯ ᠤᠨ ᠨᠡᠶᠢᠲᠡ ᠶᠢᠨ  ᠠᠰᠢᠭᠲᠤ ᠵᠠᠷᠭᠤ ᠶᠢᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠠᠮᠲᠤ ᠪᠠᠷ ᠲᠠᠷᠢᠶᠠᠯᠠᠩ ᠤᠨ ᠪᠦᠷᠬᠦᠪᠴᠢ ᠶᠢᠨ ᠪᠣᠬᠢᠷᠲᠤᠯ ᠢ ᠬᠢᠨᠠᠨ ᠬᠠᠮᠢᠶᠠᠷᠴᠤ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠪᠠ ᠵᠠᠰᠠᠯᠲᠠ ᠶᠢ ᠬᠦᠴᠦᠲᠡᠶ ᠳᠥᠯᠭᠢᠨ ᠠᠬᠢᠭᠤᠯᠤᠨ᠎ᠠ᠃

ᠢᠷᠡᠯᠲᠡ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro