ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠥᠬᠡᠬᠤᠲᠠ ᠶᠢᠨ  ᠢᠤᠢ ᠴᠢᠣᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︽ ᠳᠤᠮᠳᠠᠳᠤ ᠶᠢᠨ ᠬᠦᠰᠡᠯᠡᠩ ᠢᠶᠡᠨ ᠬᠠᠮᠲᠤᠪᠠᠷ ᠪᠡᠶᠡᠯᠡᠭᠦᠯᠵᠦ ᠂ ᠪᠠᠶᠢᠴᠠᠭᠠᠬᠤ ᠵᠢᠨ ᠰᠢᠨ᠎ᠡ ᠠᠶᠠᠨ  ᠳᠦ  ᠬᠦᠴᠦᠨ ᠨᠠᠮᠡᠷᠢᠯᠡᠶ᠎ᠠ︾ ᠭᠡᠬᠦ ᠭᠤᠣᠯ ᠰᠡᠳᠦᠪᠲᠦ ᠨᠠᠮ ᠤᠨ  ᠡᠳᠦᠷᠯᠢᠭ ᠤᠨ ᠠᠵᠢᠯᠯᠠᠭ᠎ᠠ ᠶᠢ  ᠥᠷᠨᠢᠭᠦᠯᠪᠡ

2023-08-03 09:11:11
ᠵᠣᠬᠢᠶᠠᠭᠴᠢ
ᠪᠣᠣ ᠰᠢᠨ ᠬᠣᠤ

 

 

2023 ᠣᠨ ᠤ 7 ᠰᠠᠷ᠎ᠠ ᠶᠢᠨ 19  ᠤ ᠡᠳᠦᠷ᠂ ᠢᠤᠢ ᠴᠢᠣᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠦᠬᠦ ᠨᠠᠮ ᠤᠨ  ᠭᠡᠰᠢᠭᠦᠳ ᠢᠯᠢ  ᠵᠢᠨ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ  ᠬᠣᠲᠠ ᠶᠢᠨ ᠪᠦᠬᠦ ᠪᠥᠮᠪᠥᠷᠴᠡᠭ ᠤᠨ ᠤᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠬᠦᠷᠴᠦ ︽ ᠳᠤᠮᠳᠠᠳᠤ ᠶᠢᠨ ᠬᠦᠰᠡᠯᠡᠩ ᠢᠶᠡᠨ ᠬᠠᠮᠲᠤᠪᠠᠷ ᠪᠡᠶᠡᠯᠡᠭᠦᠯᠵᠦ ᠂ ᠪᠠᠶᠢᠴᠠᠭᠠᠬᠤ ᠵᠢᠨ ᠰᠢᠨ᠎ᠡ ᠠᠶᠠᠨ  ᠳᠦ  ᠬᠦᠴᠦᠨ ᠨᠠᠮᠡᠷᠢᠯᠡᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ᠃
     

 

ᠦᠵᠡᠭᠦᠯᠦᠯᠭᠡ ᠶᠢᠨ ᠲᠢᠩᠬᠢᠮ ᠳᠤ᠂ ᠶᠠᠭᠤᠨ ᠤ ᠡᠮᠦᠨ᠎ᠡ ᠨᠡᠭᠦᠳᠡᠯ ᠬᠠᠳᠠᠭ ᠤᠨ ᠤᠷᠠᠯᠢᠭ ᠤᠨ ᠲᠥᠬᠦᠭᠡᠷᠦᠮᠵᠢ ᠬᠠᠷᠠᠭᠳᠠᠨ᠎ᠠ᠂ ᠤᠯᠠᠨ ᠢᠶᠠᠷ ᠢᠶᠠᠨ ᠬᠠᠳᠠᠭ ᠤᠨ ᠰᠠᠶᠢᠨ ᠰᠠᠶᠢᠬᠠᠨ ᠵᠥᠩᠨᠡᠯ ᠢ ᠡᠪᠦᠷᠯᠡᠨ ᠢᠯᠢ ᠶᠢᠨ ᠡᠭᠦᠯᠡᠨ ᠵᠢᠷᠤᠭ  ᠢ ᠰᠤᠨᠢᠷᠬᠠᠵᠤ᠂ ᠵᠢᠪᠦᠮᠡᠯ ᠮᠠᠶ᠋ᠢᠭ ᠤᠨ ᠪᠥᠬᠦ ᠦᠵᠡᠮᠵᠢ ᠶᠢᠨ ᠡᠯᠡᠰᠦᠨ ᠲᠠᠪᠠᠭ ᠠᠴᠠ ᠢᠯᠢ ᠶᠢᠨ ᠡᠷᠡᠭᠦᠯ ᠮᠡᠨᠳᠦ ᠶᠢᠨ  ᠬᠣᠲᠠ ᠶᠢᠨ ᠪᠥᠬᠦ ᠲᠠᠯ᠎ᠠ ᠶᠢᠨ ᠲᠥᠯᠦᠪᠵᠢᠭᠦᠯᠭᠡ ᠶᠢᠨ ᠪᠠᠶᠢᠳᠠᠯ ᠪᠠ ᠢᠯᠢ  ᠪᠦᠯᠦᠭᠯᠡᠯ ᠤᠨ ᠲᠣᠶᠢᠮᠣ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠪᠦᠬᠦ ᠨᠠᠮ ᠤᠨ ᠭᠡᠰᠢᠭᠦᠳ ︽ᠰᠦᠨ ᠲᠠᠯᠬ᠎ᠠ ᠶᠢᠨ ᠤᠳᠤᠨ ᠪᠥᠮᠪᠥᠷᠴᠡᠭ︾᠂ ︽ᠰᠢᠩᠭᠡᠨ ᠲᠤᠯᠤᠪᠲᠤ ᠰᠦᠨ ᠤ ᠤᠳᠤᠨ ᠪᠥᠮᠪᠥᠷᠴᠡᠭ︾ ᠪᠣᠯᠣᠨ ᠪᠦᠲᠦᠭᠡᠭᠳᠡᠬᠦᠨ ᠤ ᠲᠤᠰᠬᠠᠢ ᠣᠷᠣᠨ ᠢᠶᠠᠷ ᠲᠣᠭᠤᠷᠢᠨ ᠦᠵᠡᠵᠦ᠂  ᠰᠢᠨᠵᠢᠯᠡᠬᠦ ᠤᠬᠠᠭᠠᠨ ᠮᠡᠷᠭᠡᠵᠢᠯ ᠤᠨ  ᠪᠣᠬᠢᠷᠲᠤᠯ ᠦᠭᠡᠢ ᠠᠵᠤ ᠦᠢᠯᠡᠰ ᠲᠦ ᠡᠨᠧᠷᠭᠢ ᠣᠯᠭᠤᠬᠤ ᠬᠦᠴᠦᠷᠬᠡᠭ ᠶᠡᠭᠡ ᠬᠦᠴᠦᠨ ᠢ ᠰᠢᠭᠤᠳ ᠲᠠᠨᠢᠵᠤ᠂ ᠪᠣᠬᠢᠷᠲᠤᠯ ᠦᠭᠡᠢ ᠬᠥᠭᠵᠢᠯᠲᠡ ᠶᠢᠨ ᠣᠨᠤᠯᠵᠢᠬᠤᠨ ᠨᠢ ᠪᠠᠰᠠ ᠰᠣᠶᠣᠯ ᠢᠷᠭᠡᠨᠰᠢᠯ ᠤᠨ ᠣᠨᠴᠠᠯᠢᠭ ᠢ ᠬᠦᠷᠲᠡᠭᠡᠵᠦ᠂ ᠪᠦᠬᠦ ᠪᠥᠮᠪᠥᠷᠴᠡᠭ ᠤᠨ ᠰᠦᠨ ᠪᠦᠲᠦᠭᠡᠭᠳᠡᠬᠦᠨ ᠤ ᠣᠶᠤᠨᠴᠢ ᠦᠢᠯᠡᠳᠬᠦ ᠦᠢᠯᠡᠰ ᠤᠨ ᠬᠠᠮᠤᠭ ᠤᠨ ᠥᠨᠳᠥᠷ ᠪᠠᠷᠢᠮᠵᠢᠶ᠎ᠠ ᠪᠣᠯᠣᠨ ᠳᠤᠮᠳᠠᠳᠤ ᠤᠯᠤᠰ ᠤᠨ ᠤᠯᠠᠨ ᠲᠦᠮᠡᠨ ᠳᠤ ᠪᠠᠨ ᠦᠨᠳᠦᠰᠦᠯᠡᠭᠰᠡᠨ ︽ᠳᠤᠮᠳᠠᠳᠤ ᠤᠯᠤᠰ ᠤᠨ ᠨᠡᠷᠡᠳᠦ ᠰᠦ︾ ᠶᠢ ᠡᠭᠦᠳᠴᠡᠢ᠃
 

   

 

ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂  ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ  ᠳᠤ ᠪᠠᠨ ︽ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ︾ ᠭᠡᠵᠦ ᠴᠢᠬᠤᠯᠠᠴᠢᠯᠠᠭᠰᠠᠨ ᠢ ᠤᠯᠠᠮ ᠭᠦᠨᠵᠡᠭᠡᠢ  ᠮᠡᠳᠡᠷᠡᠵᠡᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠡᠢ᠃ 
       ᠳᠠᠷᠠᠭᠠᠴᠢ ᠶᠢᠨ ᠠᠯᠬᠤᠮ ᠳᠤ᠂ ᠢᠤᠢ ᠴᠢᠣᠸᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠪᠦᠬᠦ ᠨᠠᠮ ᠤᠨ ᠭᠡᠰᠢᠭᠦᠨ ᠦᠷᠭᠦᠯᠵᠢᠯᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠶᠢᠴᠠᠭᠠᠬᠤ ᠬᠦᠴᠦᠨ ᠢᠶᠠᠨ ᠡᠷᠭᠦᠨ᠎ᠡ᠃
       ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ᠮᠠᠷᠺᠰ ᠤᠨ ᠦᠵᠡᠯ ᠤᠨ ᠵᠢᠭᠠᠨ ᠰᠤᠳᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ︽ᠯᠢ ᠶᠠᠨ ᠹᠸᠨ ᠨᠡᠷᠡᠳᠦ ᠪᠠᠭᠰᠢ ᠶᠢᠨ ᠠᠵᠢᠯ ᠤᠨ ᠲᠠᠰᠤᠭ︾ ᠵᠢᠴᠢ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠥᠬᠡ ᠮᠣᠷᠢᠨ ᠤ ᠠᠶᠠᠯᠠᠯ︾  ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠡᠭ ᠪᠠᠭᠰᠢ ᠪᠣᠯᠣᠨ ᠬᠠᠮᠲᠤ ᠰᠤᠷᠤᠭᠴᠢᠳ ᠲᠤᠰ ᠤᠳᠠᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠣᠯ ᠰᠡᠳᠦᠪᠲᠦ ᠨᠠᠮ ᠤᠨ  ᠡᠳᠦᠷᠯᠢᠭ ᠤᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ
ᠢᠤᠢ ᠴᠢᠣᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro