ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠣᠷᠳᠣᠰ ᠬᠣᠲᠠ  ᠶᠢᠨ ᠠᠷᠠᠳ ᠤᠨ ᠪᠠᠶᠢᠴᠠᠭᠠᠬᠤ ᠬᠣᠷᠢᠶ᠎ᠠ ᠬᠢᠶ᠎ᠠ ᠪᠠᠭᠰᠢ ᠲᠣᠭᠣᠷᠢᠭ ᠤᠨ ᠪᠠᠶᠢᠴᠠᠭᠠᠬᠤ ᠬᠣᠷᠢᠶ᠎ᠠ ᠂ ᠲᠣᠭᠣᠷᠢᠭ ᠤᠨ ᠬᠥᠳᠡᠯᠮᠦᠷᠢ  ᠶᠢᠨ ᠬᠢᠨᠠᠨ ᠪᠠᠶᠢᠴᠠᠭᠠᠯᠲᠠ  ᠶᠢᠨ ᠶᠡᠬᠡ ᠠᠩᠭᠢ ᠲᠠᠶ ᠬᠠᠮᠲᠤᠷᠠᠨ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ

2023-08-21 21:14:05
ᠵᠣᠬᠢᠶᠠᠭᠴᠢ
ᠰᠢᠶᠤᠤ ᠷᠦᠩ

 

 

︽ᠠᠷᠠᠳ ᠲᠦᠮᠡᠨ ᠢᠶᠡᠷ ᠭᠣᠣᠯ ᠪᠣᠯᠭᠠᠬᠤ》 ᠬᠠᠤᠯᠢ ᠪᠠᠷᠢᠬᠤ ᠤᠨᠤᠯᠵᠢᠬᠤᠨ ᠢ ᠦᠢᠯᠡᠳᠦᠯᠭᠡᠵᠢᠭᠦᠯᠵᠦ᠂ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠡᠭᠦᠷᠭᠡ ᠴᠢᠳᠠᠪᠤᠷᠢ ᠶᠢ ᠣᠶᠢᠯᠠᠭᠠᠬᠤ ᠬᠡᠮᠵᠢᠶ᠎ᠡ ᠶᠢ ᠨᠡᠮᠡᠭᠳᠡᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ  ᠶᠢᠨ ᠲᠦᠯᠦᠭᠡ 8 ᠰᠠᠷ᠎ᠠ  ᠶᠢᠨ 1 ᠦ ᠡᠳᠦᠷ ᠂ ᠣᠷᠳᠣᠰ ᠬᠣᠲᠠ  ᠶᠢᠨ ᠪᠠᠶᠢᠴᠠᠭᠠᠬᠤ ᠬᠣᠷᠢᠶ᠎ᠠ ᠬᠢᠶ᠎ᠠ ᠪᠠᠭᠰᠢ ᠲᠣᠭᠣᠷᠢᠭ ᠤᠨ ᠪᠠᠶᠢᠴᠠᠭᠠᠬᠤ ᠬᠣᠷᠢᠶ᠎ᠠ ᠂ ᠲᠣᠭᠣᠷᠢᠭ ᠤᠨ ᠬᠥᠳᠡᠯᠮᠦᠷᠢ  ᠶᠢᠨ ᠬᠢᠨᠠᠨ ᠪᠠᠶᠢᠴᠠᠭᠠᠯᠲᠠ  ᠶᠢᠨ ᠶᠡᠬᠡ ᠠᠩᠭᠢ ᠲᠠᠶ ᠬᠠᠮᠲᠤᠷᠠᠨ ᠪᠠᠷᠢᠯᠭ᠎ᠠ  ᠶᠢᠨ ᠭᠠᠵᠠᠷ ᠲᠤ ᠭᠦᠨᠵᠡᠭᠡᠶᠢᠷᠡᠵᠦ ᠂ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ ᠃

 

 

ᠠᠵᠢᠯᠯᠠᠭ᠎ᠠ  ᠶᠢᠨ ᠳᠤᠮᠳᠠ ᠂ ᠪᠠᠶᠢᠴᠠᠭᠠᠬᠤ ᠠᠵᠢᠯᠲᠠᠨ ᠬᠥᠨᠳᠡᠯᠡᠨ ᠪᠢᠴᠢᠭᠡᠰᠦ ᠡᠯᠭᠦᠬᠦ ᠂ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠳᠡᠮᠵᠢᠬᠦ ᠵᠠᠭᠠᠯᠳᠤᠯᠭ᠎ᠠ  ᠶᠢᠨ ᠤᠬᠠᠭᠤᠯᠭ᠎ᠠ  ᠶᠢᠨ ᠳᠡᠪᠲᠡᠷ ᠲᠠᠷᠬᠠᠭᠠᠬᠤ ᠂ ︽ ᠬᠥᠯᠥᠰᠥᠨ ᠠᠵᠢᠯᠴᠢᠨ ᠤ ᠴᠠᠯᠢᠩ  ᠥᠭᠬᠦ ᠶᠢ ᠪᠠᠲᠤᠯᠠᠬᠤ ᠲᠦᠷᠢᠮ ︾ ᠢ ᠲᠠᠶᠢᠯᠪᠤᠷᠢᠯᠠᠬᠤ ᠂ ᠲᠤᠬᠠᠶ  ᠶᠢᠨ ᠲᠠᠯᠠᠪᠤᠷ ᠲᠤ ᠮᠠᠳᠠᠭ ᠲᠠᠶ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠪᠠᠷᠢᠯᠭ᠎ᠠ  ᠶᠢᠨ ᠭᠠᠵᠠᠷ ᠤᠨ ᠬᠥᠯᠥᠰᠥᠨ ᠠᠵᠢᠯᠴᠢᠨ ᠳᠤ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠳᠡᠮᠵᠢᠬᠦ ᠵᠠᠭᠠᠯᠳᠤᠯᠭ᠎ᠠ  ᠶᠢᠨ ᠬᠡᠪᠴᠢᠶ᠎ᠡ ᠪᠠ ᠭᠥᠯᠢᠶᠡᠨ ᠠᠪᠴᠤ ᠰᠢᠶᠳᠪᠦᠷᠢᠯᠡᠬᠦ ᠨᠥᠬᠥᠴᠡᠯ ᠢ ᠨᠠᠷᠢᠨ ᠲᠠᠨᠢᠯᠴᠠᠭᠤᠯᠵᠤ ᠂ ᠴᠠᠯᠢᠩ ᠨᠡᠬᠡᠬᠦ ᠪᠣᠳᠠᠲᠠᠶ ᠠᠷᠭ᠎ᠠ ᠵᠠᠮ ᠪᠠ ᠠᠷᠭ᠎ᠠ ᠶᠢ ᠲᠠᠶᠢᠯᠪᠤᠷᠢᠯᠠᠪᠠ ᠃ᠡᠭᠦᠨ ᠦ ᠬᠠᠮᠲᠤ᠂ ᠪᠠᠶᠢᠴᠠᠭᠠᠬᠤ ᠲᠤᠰᠢᠶᠠᠯᠲᠠᠨ ᠪᠠᠰᠠ ᠬᠥᠯᠥᠰᠥᠨ ᠠᠵᠢᠯᠴᠢᠨ ᠠᠴᠠ ᠪᠠᠷᠢᠯᠭ᠎ᠠ  ᠶᠢᠨ ᠭᠠᠵᠠᠷ ᠤᠨ ᠬᠠᠮᠢᠶᠠᠷᠤᠯᠲᠠ᠂ ᠴᠠᠯᠢᠩ ᠥᠭᠬᠦ᠂ ᠬᠥᠳᠡᠯᠮᠦᠷᠢ  ᠶᠢᠨ ᠪᠠᠲᠤᠯᠠᠭ᠎ᠠ ᠵᠡᠷᠭᠡ ᠪᠠᠶᠢᠳᠠᠯ ᠢ ᠣᠶᠢᠯᠠᠭᠠᠪᠠ᠃

 

 

ᠲᠠᠷᠠᠭᠠᠴᠢ  ᠶᠢᠨ ᠠᠯᠬᠤᠮ ᠳᠤ ᠂ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠵᠠᠭᠠᠯᠳᠤᠯᠭ᠎ᠠ ᠶᠢ ᠳᠡᠮᠵᠢᠬᠦ ᠪᠠᠶᠢᠴᠠᠭᠠᠬᠤ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ ᠂ ᠲᠣᠰ ᠤᠳᠠᠭᠠᠨ ᠤ ᠤᠬᠠᠭᠤᠯᠭ᠎ᠠ ᠪᠠᠷ ᠲᠣᠬᠢᠶᠠᠯ ᠪᠣᠯᠭᠠᠨ ᠂ ᠵᠠᠭᠠᠯᠳᠤᠯᠭ᠎ᠠ ᠶᠢ ᠳᠡᠮᠵᠢᠬᠦ ᠬᠠᠸᠯᠢ ᠲᠦᠭᠡᠮᠡᠯᠵᠢᠭᠦᠯᠬᠦ ᠤᠬᠠᠭᠤᠯᠭ᠎ᠠ  ᠶᠢᠨ ᠬᠦᠷᠢᠶ᠎ᠡ ᠬᠡᠪᠴᠢᠶ᠎ᠡ ᠪᠡᠨ ᠲᠠᠰᠤᠷᠠᠯᠲᠠ ᠥᠬᠡᠶ ᠥᠷᠭᠡᠳᠬᠡᠵᠦ ᠂ ᠰᠡᠳᠬᠢᠮᠵᠢ ᠪᠡᠨ ᠥᠷᠭᠡᠳᠬᠡᠨ ᠂ ᠣᠯᠠᠨ ᠵᠦᠶᠯ ᠦᠨ ᠠᠷᠭ᠎ᠠ ᠬᠡᠮᠵᠢᠶ᠎ᠡ ᠶᠢ ᠵᠡᠷᠭᠡ ᠪᠡᠷ ᠬᠡᠷᠡᠭᠯᠡᠵᠦ ᠂ ᠤᠬᠠᠭᠤᠯᠭ᠎ᠠ  ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠬᠥᠯᠥᠰᠥᠨ ᠠᠵᠢᠯᠴᠢᠨ ᠤ ᠡᠷᠬᠡ ᠪᠡᠨ ᠬᠠᠮᠠᠭᠠᠯᠠᠬᠤ ᠳᠤ ᠬᠦᠴᠦᠨ ᠨᠡᠮᠡᠷᠢᠯᠡᠵᠦ ᠂ ᠬᠥᠯᠥᠰᠥᠨ ᠠᠵᠢᠯᠴᠢᠨ ᠤ ᠴᠠᠯᠢᠩ ᠢ ᠬᠠᠷᠰᠢᠯᠠᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠨ ᠂ ᠠᠷᠠᠳ ᠣᠯᠠᠨ ᠳᠤ ᠪᠠᠶᠢᠴᠠᠭᠠᠬᠤ ᠬᠠᠯᠠᠭᠤᠨ ᠳᠤᠯᠠᠭᠠᠨ ᠤ ᠬᠡᠮᠵᠢᠶ᠎ᠡ ᠶᠢ ᠦᠨᠡᠨ ᠬᠦ ᠮᠡᠳᠡᠷᠡᠭᠦᠯᠦᠨ᠎ᠡ ᠃

 

ᠢᠷᠡᠯᠲᠡ
ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro