ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠨᠠᠮ  ᠦᠨ ᠪᠠᠶᠢᠭᠤᠯᠤᠯᠲᠠ ᠪᠠᠷ  ᠬᠦᠲᠦᠯᠦᠭᠦᠯᠦᠨ ᠬᠦᠴᠦᠨ ᠴᠢᠳᠠᠪᠤᠷᠢ ᠪᠠᠨ ᠪᠠᠳᠠᠷᠠᠭᠤᠯᠵᠤ᠂ ᠨᠡᠶᠢᠲᠡ ᠶᠢᠨ ᠠᠰᠢᠭᠲᠣ ᠵᠠᠷᠭᠤ ᠪᠠᠷ ᠨᠡᠶᠢᠲᠡ ᠶᠢᠨ ᠲᠥᠯᠥᠭᠡ ᠵᠢᠳᠬᠦᠨ᠎ᠡ

2023-09-11 16:34:17
ᠵᠣᠬᠢᠶᠠᠭᠴᠢ
ᠶᠢᠷᠲᠢᠨᠴᠦ

ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠰᠢᠶᠠᠩ ᠪᠠᠯᠭᠠᠰᠤ ᠲᠣᠰᠬᠣᠨ ᠨᠢᠭᠡᠳᠦᠯ ᠳᠦ ᠂ ᠬᠠᠷᠰᠢ ᠰᠠᠭᠠᠳ ᠥᠬᠡᠶ ᠲᠥᠬᠥᠭᠡᠷᠦᠮᠵᠢ ᠨᠢ ᠪᠦᠷᠢᠨ ᠲᠡᠭᠦᠯᠳᠡᠷ ᠪᠤᠰᠤ ᠴᠡᠴᠡᠷᠯᠢᠭ ᠦᠨ ᠠᠭᠤᠳᠠᠮ ᠲᠠᠯᠠᠪᠠᠶ ᠳᠤ ᠂ ᠬᠣᠸᠷ ᠬᠥᠨᠥᠭᠡᠯ ᠲᠡᠶ ᠢᠳᠡᠭᠡᠨ ᠦ ᠵᠦᠶᠯ ᠪᠤᠶᠤ ᠬᠠᠭᠤᠷᠮᠠᠭ ᠮᠠᠭᠤ ᠡᠮ ᠦᠶᠯᠡᠳᠴᠦ ᠪᠣᠷᠣᠯᠠᠭᠤᠯᠤᠭᠰᠠᠨ ᠬᠡᠷᠡᠭ ᠦᠨ ᠲᠤᠬᠠᠶ ᠶᠢᠨ ᠲᠠᠯᠠᠪᠤᠷ ᠲᠤ ᠪᠠᠢᠴᠠᠭᠠᠬᠣ ᠳᠣᠰᠢᠶᠠᠯᠲᠠᠨ ᠤ  ᠪᠠᠷ᠎ᠠ ᠶᠡᠷᠦ ᠨᠢ ᠬᠠᠷᠠᠭᠳᠠᠭᠠᠳ ᠪᠠᠶᠢᠳᠠᠭ᠃

ᠬᠥᠬᠡᠮᠳᠦᠭ ᠤᠰᠤ ᠬᠥᠬᠡ ᠣᠭᠲᠠᠷᠭᠤᠢ ᠵᠢᠨ ᠬᠠᠮᠠᠭᠠᠯᠠᠯᠲᠠ ᠠᠴᠠ  ᠢᠳᠡᠵᠦ ᠡᠮᠦᠰᠬᠦ ᠶᠠᠪᠤᠵᠤ ᠰᠠᠭᠤᠬᠤ ᠬᠦᠷᠲᠡᠯ᠎ᠡ᠂ ᠣᠨᠴᠠᠭᠠᠢ ᠬᠠᠮᠲᠤ  ᠡᠴᠡ ᠦᠷᠡᠭᠳᠡᠭᠰᠡᠨ ᠪᠠᠭᠠᠲᠤᠷᠴᠤᠳ ᠤᠨ ᠪᠠᠭᠤᠷᠢ ᠬᠦᠷᠲᠡᠯ᠎ᠡ ᠁ ᠤᠢᠢᠷ᠎ᠠ ᠶᠢᠨ ᠵᠢᠯ ᠳᠦ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠢ᠎ᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠶᠢᠴᠠᠭᠠᠬᠤ ᠦᠢᠯᠡᠰ ᠦᠨ ᠬᠥᠭᠵᠢᠯᠲᠡ ᠶᠢᠨ ︽ᠨᠢᠭᠡᠳᠦᠭᠡᠷ ᠬᠥᠳᠡᠯᠭᠡᠭᠦᠷ︾ ᠪᠣᠯᠭᠠᠵᠤ᠂ ᠨᠡᠶᠢᠲᠡ ᠶᠢᠨ ᠠᠰᠢᠭᠲᠤ ᠵᠠᠷᠭᠤ  ᠵᠢᠨ ᠬᠡᠷᠡᠭ ᠰᠢᠢᠳᠪᠦᠷᠢᠯᠡᠬᠦ ᠬᠦᠷᠢᠢ᠎ᠡ ᠶᠢ ᠳᠠᠰᠤᠷᠠᠯᠳᠠ ᠦᠬᠡᠢ ᠥᠷᠭᠡᠳᠬᠡᠵᠦ᠂ ᠨᠡᠶᠢᠲᠡ ᠶᠢᠨ ᠠᠰᠢᠭᠲᠤ ᠵᠠᠷᠭᠤ ᠵᠢᠨ ᠲᠡᠮᠲᠡᠷᠢᠭᠦᠯ  ᠢᠶᠡᠨ ᠤᠷᠳᠤᠳᠬᠠᠵᠤ᠂ ᠯᠠᠪᠳᠠᠭᠤᠨ ᠪᠠᠲᠤᠲᠠᠢ ᠬᠡᠷᠡᠭ ᠰᠢᠢᠳᠪᠦᠷᠢᠯᠡᠭᠰᠡᠨ ᠦᠷ᠎ᠡ ᠪᠦᠲᠦᠮᠵᠢ ᠪᠡᠷ ᠠᠷᠠᠳ ᠤᠯᠠᠨ ᠤ ᠰᠠᠢᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠦ ᠬᠠᠷᠢᠭᠤᠯᠲᠠ ᠥᠭᠴᠡᠢ᠃

 

 

ᠨᠢᠭᠡ᠂ ᠨᠠᠮ ᠤᠨ ᠪᠠᠶᠢᠭᠤᠯᠤᠯᠲᠠ ᠪᠠᠷ ᠠᠷᠠᠳ ᠤᠨ ᠲᠥᠯᠥᠭᠡ ᠬᠠᠤᠯᠢ ᠪᠠᠷᠢᠬᠤ ᠶᠢ ᠴᠢᠩᠭᠠᠳᠬᠠᠬᠤ ᠶᠢ  ᠳᠠᠭᠠᠭᠤᠯᠪᠠ

ᠨᠠᠮ ᠤᠨ ᠡᠭᠦᠷ ᠦᠨ ᠱᠦᠵᠢ ᠪᠡᠶ᠎ᠡ ᠪᠡᠷ ᠢᠶᠡᠨ ᠲᠡᠷᠢᠭᠦᠯᠡᠨ《ᠨᠡᠶᠢᠲᠡ ᠶᠢᠨ  ᠠᠰᠢᠭᠲᠣ ᠵᠠᠷᠭᠤ ᠶᠢᠨ ᠬᠣᠰᠢᠭᠤᠴᠢ ᠠᠨᠭᠬᠢ》 ᠶᠢ ᠵᠣᠬᠢᠶᠠᠨ ᠪᠠᠶᠢᠭᠤᠯᠵᠤ᠂ 《ᠨᠠᠮ ᠤᠨ ᠪᠠᠶᠢᠭᠤᠯᠤᠯᠲᠠ + ᠨᠡᠶᠢᠲᠡ ᠶᠢᠨ ᠠᠰᠢᠭᠲᠣ ᠵᠠᠷᠭᠤ》 ᠶᠢᠨ ᠠᠵᠢᠯ ᠤᠨ ᠵᠠᠭᠪᠤᠷ ᠢᠶᠠᠷ ᠨᠡᠶᠢᠲᠡ ᠶᠢᠨ ᠠᠰᠢᠭᠲᠣ ᠵᠠᠷᠭᠤ ᠶᠢᠨ ᠠᠵᠢᠯ ᠢ ᠳᠦᠯᠬᠢᠨ ᠠᠬᠢᠭᠣᠯᠵᠣ᠂ ᠦᠯᠢᠭᠡᠷ ᠳᠠᠭᠣᠷᠢᠶᠠᠯ ᠪᠣᠯᠵᠤ᠂ ᠵᠢᠱᠢᠶ᠎ᠡ ᠦᠵᠡᠭᠦᠯᠵᠦ᠂ ᠡᠮᠦᠨ᠎ᠡ ᠡᠩᠨᠡᠭᠡᠨ ᠳᠦ  ᠶᠠᠪᠣᠨ᠎ᠠ᠃ ᠲᠥᠯᠥᠭᠡᠯᠡᠭᠴᠢᠳ ᠦᠨ ᠰᠠᠨᠠᠭᠤᠯᠭ᠎ᠠ ᠂ ᠭᠡᠰᠢᠭᠦᠳ ᠦᠨ ᠰᠠᠨᠠᠯ ᠳᠤᠷᠠᠳᠤᠯᠭ᠎ᠠ ᠪᠣᠯᠤᠨ ᠪᠠᠶᠢᠴᠠᠭᠠᠬᠤ ᠰᠠᠨᠠᠭᠤᠯᠭ᠎ᠠ ᠶᠢ ᠵᠣᠯᠭᠠᠭᠤᠯᠤᠨ ᠬᠤᠪᠢᠷᠠᠭᠤᠯᠬᠤ ᠠᠵᠢᠯ ᠤᠨ ᠲᠣᠭᠲᠠᠴᠠ  ᠶᠢ ᠪᠠᠶᠢᠭᠤᠯᠵᠤ ᠂ 《ᠪᠠᠶᠢᠴᠠᠭᠠᠬᠤ ᠠᠵᠢᠯ ᠳᠤ ᠬᠢᠨᠠᠯᠲᠠ ᠲᠠᠯᠪᠢᠬᠤ + ᠪᠣᠳᠠᠲᠠᠶ ᠭᠠᠵᠠᠷ ᠲᠤᠨᠢ ᠪᠡᠶᠡᠴᠢᠯᠡᠨ ᠣᠶᠢᠯᠠᠭᠠᠬᠤ + ᠢᠯᠡ ᠪᠡᠷ ᠭᠡᠷᠡᠴᠢᠯᠡᠭᠡ ᠰᠣᠨᠣᠰᠬᠤ 》 ᠭᠤᠷᠪᠠ ᠶᠢ ᠨᠢᠭᠡ ᠴᠤᠭᠴᠠᠵᠢᠭᠤᠯᠤᠭᠰᠠᠨ ᠬᠡᠷᠡᠭ ᠰᠢᠶᠳᠪᠦᠷᠢᠯᠡᠬᠦ ᠵᠠᠭᠪᠤᠷ ᠢᠶᠠᠷ ᠳᠠᠮᠵᠢᠭᠤᠯᠤᠨ ᠂ ᠭᠠᠭᠴᠠᠬᠠᠨ ᠬᠡᠷᠡᠭ ᠡᠴᠡ ᠡᠬᠢᠯᠡᠨ ᠠᠳᠬᠤᠵᠤ ᠂ ᠴᠡᠭ ᠢᠶᠡᠷ ᠨᠡᠶᠢᠳᠡᠮ ᠢ ᠳᠠᠶᠢᠴᠢᠯᠠᠨ ᠂ ᠪᠥᠬᠥ ᠬᠣᠰᠢᠭᠤᠨ ᠤ ᠬᠠᠷᠰᠢ ᠰᠠᠭᠠᠳ ᠥᠬᠡᠶ ᠲᠥᠬᠥᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ《 ᠪᠠᠶᠢᠬᠤ ᠡᠰᠡᠬᠦ》 ᠠᠴᠠ 《 ᠰᠠᠶᠢᠨ ᠡᠰᠡᠬᠦ 》ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ ᠂ ᠡᠭᠦᠨ ᠦ ᠤᠯᠠᠮ ᠢᠶᠠᠷ ᠪᠥᠬᠥ ᠨᠡᠶᠢᠭᠡᠮ ᠦᠨ ᠵᠡᠮᠳᠡᠭ ᠬᠥᠮᠦᠰ ᠦᠨ ᠭᠦᠨ ᠲᠠᠰ ᠳᠠᠪᠬᠤᠷᠭ᠎ᠠ ᠶᠢᠨ ᠨᠡᠶᠢᠭᠡᠮ ᠦᠨ ᠵᠠᠰᠠᠯᠲᠠ ᠶᠢᠨ ᠦᠷ᠎ᠡ ᠪᠦᠲᠦᠮᠵᠢ ᠤᠯᠬᠤ ᠶᠢ ᠪᠠᠲᠣᠯᠣᠨ ᠂《 ᠬᠠᠢᠷ᠎ᠠ 》ᠪᠡᠷ ︽ ᠬᠠᠷᠰᠢ ᠰᠠᠭᠠᠳ ᠥᠬᠡᠶ ︾ ᠪᠠᠶᠢᠬᠤ ᠶᠢ ᠠᠬᠢᠭᠤᠯᠵᠤ ᠂ ᠰᠢᠶᠳᠪᠦᠷᠢᠯᠡᠭᠰᠡᠨ ᠬᠡᠷᠡᠭ ᠨᠢ ᠥᠪᠥᠷ ᠮᠣᠩᠭᠣᠯ ᠤᠨ ᠪᠠᠶᠢᠴᠠᠭᠠᠬᠤ  ᠪᠠᠶᠢᠭᠤᠯᠭ᠎ᠠ ᠶᠢᠨ ᠬᠠᠷᠰᠢ ᠰᠠᠭᠠᠳ ᠥᠬᠡᠶ ᠣᠷᠴᠢᠨ ᠲᠣᠭᠣᠷᠢᠨ ᠤ ᠪᠥᠲᠥᠭᠡᠨ ᠪᠠᠶᠢᠭᠤᠯᠤᠯᠲᠠ ᠶᠢᠨ ᠨᠡᠶᠢᠲᠡ ᠶᠢᠨ ᠠᠰᠢᠭᠲᠣ ᠵᠠᠷᠭᠤ ᠶᠢᠨ ᠨᠡᠶᠢᠲᠡᠯᠢᠭ ᠬᠡᠷᠡᠭ ᠦᠨ ᠵᠢᠱᠢᠶ᠎ᠡ ᠪᠡᠷ ᠦᠨᠡᠯᠡᠭᠳᠡᠪᠡ ᠃

 

 

ᠬᠣᠶᠠᠷ᠂ ᠨᠠᠮ ᠤᠨ ᠭᠡᠰᠢᠭᠦᠨ ᠦ ᠵᠢᠱᠢᠶ᠎ᠡ ᠦᠵᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠶ ᠭᠦᠢᠴᠡᠳᠬᠡᠬᠦ ᠶᠢ  ᠰᠢᠯᠢᠳᠡᠭᠵᠢᠭᠦᠯᠪᠡ

ᠨᠠᠮ ᠤᠨ ᠭᠡᠰᠢᠭᠦᠨ ᠦ ᠵᠢᠱᠢᠶᠡᠴᠢ ᠳᠠᠭᠣᠷᠢᠶᠠᠯ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ ᠂ 《 ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ + 》 《 ᠨᠠᠮ ᠤᠨ ᠡᠭᠦᠷ ᠦᠨ ᠱᠦᠵᠢ + 》 ᠪᠠ 《 ᠨᠠᠮ ᠤᠨ ᠭᠡᠰᠢᠭᠦᠨ + 》 ᠭᠤᠷᠪᠠᠨ ᠵᠦᠢᠯ ᠦᠨ ᠬᠡᠯᠪᠡᠷᠢ ᠪᠡᠷ ᠨᠡᠶᠢᠲᠡ ᠶᠢᠨ ᠠᠰᠢᠭᠲᠣ ᠵᠠᠷᠭᠤ ᠶᠢᠨ ᠨᠠᠮ ᠤᠨ ᠭᠡᠰᠢᠭᠦᠨ ᠦ ᠬᠡᠷᠡᠭ ᠰᠢᠶᠳᠪᠦᠷᠢᠯᠡᠬᠦ ᠳᠤᠭᠤᠶᠢᠯᠠᠩ ᠢ ᠰᠢᠨ᠎ᠡ ᠪᠡᠷ ᠡᠭᠦᠳᠦᠨ ᠪᠠᠶᠢᠭᠤᠯᠵᠤ ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠨᠢᠭᠡᠴᠡ ᠲᠡᠶ ᠬᠣᠯᠪᠣᠭᠠᠯᠠᠨ ᠲᠣᠭᠲᠠᠭᠰᠠᠨ ᠬᠤᠭᠤᠴᠠᠭ᠎ᠠ  ᠲᠠᠶ  ᠪᠠᠷ ᠬᠠᠲᠤᠨ ᠭᠣᠣᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠣᠷᠢᠨ ᠢ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠵᠦ ᠂ ᠵᠢᠯᠣᠭᠣᠴᠢ ᠥᠬᠡᠶ ᠨᠢᠰᠬᠡᠯ ᠢᠶᠡᠷ ᠬᠠᠶᠢᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠭᠣᠸᠯ ᠤᠨ ᠵᠠᠮ ᠤᠨ ᠣᠷᠴᠢᠨ ᠲᠣᠭᠣᠷᠢᠨ ᠢ ᠴᠡᠭᠴᠡᠯᠡᠨ ᠵᠠᠰᠠᠬᠤ ᠵᠢᠴᠢ ᠦᠶᠡᠷ ᠢ ᠰᠡᠷᠭᠡᠢᠯᠡᠨ ᠠᠮᠤᠷ ᠲᠦᠪᠰᠢᠨ ᠢ ᠬᠠᠮᠠᠭᠠᠯᠠᠬᠣ ᠵᠡᠷᠭᠡ ᠪᠠᠶᠢᠳᠠᠯ ᠢ ᠲᠣᠭᠣᠷᠢᠨ ᠪᠠᠶᠢᠴᠠᠭᠠᠬᠤ ᠶᠢᠨ ᠬᠠᠮᠲᠤ ᠂ ︽ᠭᠣᠸᠯ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾  ᠶᠢᠨ ᠲᠣᠭᠲᠠᠴᠠ ᠶᠢ ᠭᠦᠶᠴᠡᠳ ᠠᠰᠢᠭᠯᠠᠨ ᠂ ᠶᠡᠷᠦᠳᠡ ᠶᠢᠨ ᠭᠣᠸᠯ ᠢ ᠲᠣᠭᠣᠷᠢᠨ ᠪᠠᠶᠢᠴᠠᠭᠠᠬᠤ ᠵᠢᠴᠢ ᠡᠳᠦᠷ ᠲᠤᠲᠤᠮ ᠤᠨ ᠰᠦᠪᠡᠭᠴᠢ ᠶᠢ ᠴᠤᠭᠯᠠᠭᠤᠯᠤᠭᠰᠠᠨ ᠪᠦᠬᠦᠯᠢ ᠴᠣᠭᠴᠠ ᠶᠢᠨ ᠪᠠᠶᠢᠳᠠᠯ  ᠲᠠᠶ ᠤᠶᠠᠯᠳᠤᠭᠤᠯᠤᠨ ᠂ ᠬᠠᠮᠵᠢᠯᠴᠠᠭ᠎ᠠ ᠪᠠᠨ ᠴᠢᠩᠭᠠᠳᠬᠠᠵᠤ ᠂ ᠣᠯᠠᠨ ᠲᠠᠯ᠎ᠠ ᠪᠠᠷ ᠬᠣᠯᠪᠣᠭᠠᠯᠠᠨ ᠬᠥᠳᠡᠯᠦᠯᠴᠡᠵᠦ ᠂ ᠨᠡᠶᠢᠯᠡᠮᠡᠯ ᠬᠦᠴᠦᠨ ᠢ ᠪᠦᠷᠢᠯᠳᠦᠭᠦᠯᠦᠨ ᠂  ᠬᠠᠲᠤᠨ ᠭᠣᠸᠯ ᠤᠨ ᠴᠡᠩᠬᠡᠭ ᠣᠰᠣ ᠣᠷᠳᠣ ᠤᠷᠤᠰᠬᠠᠯ ᠢ ᠭᠠᠷ ᠬᠣᠯᠪᠣᠨ ᠬᠠᠮᠲᠤ ᠪᠠᠷ  ᠬᠠᠮᠠᠭᠠᠯᠠᠪᠠ᠃

 

 

ᠭᠣᠷᠪᠠ᠂ ᠨᠠᠮ ᠤᠨ ᠪᠠᠶᠢᠭᠤᠯᠤᠯᠲᠠ ᠪᠠᠷ ᠵᠠᠭᠤᠴᠢ ᠪᠣᠯᠭᠠᠵᠤ ᠬᠣᠯᠪᠣᠭᠠᠯᠠᠨ ᠬᠢᠨᠠᠯᠲᠠ ᠲᠠᠯᠪᠢᠬᠤ ᠶᠢ  ᠭᠦᠨᠵᠡᠭᠡᠶᠢᠷᠡᠭᠦᠯᠪᠡ

ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠪᠣᠯᠤᠨ ᠲᠤᠬᠠᠶᠢᠯᠠᠭᠰᠠᠨ ᠠᠵᠢᠯ ᠤᠨ ᠨᠡᠶᠢᠲᠡᠯᠢᠭ ᠵᠢᠱᠢᠢ᠎ᠡ ᠶᠢ ᠠᠭᠤᠰᠤᠯᠴᠠᠭᠤᠯᠤᠨ ᠪᠦᠲᠦᠭᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠵᠠᠭᠤᠴᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠣᠯᠪᠣᠭ᠎ᠠ ᠶᠢ ᠬᠠᠮᠲᠤᠪᠠᠷ ᠪᠠᠶᠢᠭᠤᠯᠬᠤ ᠠᠵᠢᠯ ᠤᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠣᠯᠪᠣᠭᠠᠯᠠᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ   ᠭᠦᠨᠵᠡᠭᠡᠶᠢᠷᠡᠭᠦᠯᠪᠡ᠃ ᠬᠣᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠲᠠᠶ ᠬᠠᠮᠲᠤᠷᠠᠨ ᠭᠣᠣᠯ ᠰᠡᠳᠦᠪᠲᠦ ᠨᠠᠮ ᠤᠨ ᠡᠳᠦᠷᠯᠢᠭ ᠦᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠠᠵᠢᠯᠯᠠᠭ᠎ᠠ ᠪᠠᠷ ᠳᠠᠮᠵᠢᠭᠤᠯᠤᠨ ᠠᠵᠢᠯ ᠲᠥᠷᠥᠯ ᠦᠨ ᠬᠠᠷᠰᠢ ᠰᠠᠭᠠᠳ ᠢ ᠡᠪᠳᠡᠵᠦ᠂ ᠨᠤᠭᠤ ᠭᠠᠵᠠᠷ ᠤᠨ ᠪᠦᠲᠦᠭᠡᠨ ᠪᠠᠶᠢᠭᠤᠯᠤᠯᠲᠠ᠂ ᠨᠡᠭᠦᠳᠡᠯ ᠦᠨ ᠰᠢᠪᠠᠭᠤᠨ ᠤ ᠬᠠᠮᠠᠭᠠᠯᠠᠯᠲᠠ᠂ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠪᠠ ᠳᠠᠷᠢᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠬᠢ ᠪᠠᠶᠠᠯᠢᠭ ᠤᠨ ᠬᠠᠮᠠᠭᠠᠯᠠᠯᠲᠠ ᠶᠢᠨ ᠬᠡᠷᠡᠭ ᠢ ᠰᠢᠶᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠬᠠᠮᠢᠶ᠎ᠠ ᠪᠥᠬᠥᠶ ᠪᠣᠳᠠᠲᠠᠶ ᠠᠵᠢᠯ ᠤᠨ ᠲᠤᠬᠠᠶ ᠵᠥᠪᠳᠡᠯᠴᠡᠵᠦ᠂ ᠨᠠᠮ ᠤᠨ ᠪᠠᠶᠢᠭᠤᠯᠤᠯᠲᠠ ᠶᠢᠨ ︽ᠬᠦᠷᠦᠯᠴᠡᠬᠦ ᠴᠡᠭ︾ ᠢ ᠨᠡᠶᠢᠲᠡ ᠶᠢᠨ ᠠᠰᠢᠭᠲᠣ ᠵᠠᠷᠭᠤ ᠶᠢᠨ ᠪᠠᠶᠢᠴᠠᠭᠠᠬᠤ ᠠᠵᠢᠯ  ᠲᠠᠢ ᠬᠣᠯᠪᠣᠭᠠᠯᠠᠨ ᠲᠤᠰ ᠬᠣᠰᠢᠭᠤᠨ ᠤ ᠪᠠᠨ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠵᠠᠰᠠᠯᠲᠠ ᠳᠤ ᠪᠠᠶᠢᠴᠠᠭᠠᠬᠤ ᠬᠦᠴᠦᠨ  ᠨᠡᠮᠡᠷᠢᠯᠡᠪᠡ᠃

ᠡᠷᠭᠢᠵᠦ ᠬᠠᠷᠠᠬᠤ ᠳᠤ ᠬᠥᠩᠭᠡᠨ ᠵᠠᠪᠢ ᠲᠦᠮᠡᠨ ᠳᠠᠪᠬᠤᠷ ᠠᠭᠤᠯᠠ ᠶᠢ ᠳᠠᠪᠠᠪᠠ᠃ ᠤᠷᠤᠬᠰᠢ ᠪᠠᠨ ᠬᠠᠷᠠᠬᠤ ᠳᠤ ᠡᠮᠦᠨᠡᠬᠢ ᠵᠠᠮ ᠨᠢ ᠴᠦ ᠣᠷᠲᠣ ᠭᠡᠰᠡᠨ ᠴᠦ ᠭᠡᠷᠡᠯ ᠭᠢᠯᠪᠠᠭ᠎ᠠ ᠰᠠᠴᠣᠷᠠᠨ᠎ᠠ᠃  ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠦᠷᠭᠦᠯᠵᠢᠯᠡᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠠᠭᠤᠷᠢ ᠥᠩᠭᠡ ᠪᠡᠨ ᠵᠣᠵᠠᠭᠠᠯᠠᠠᠵᠣ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠶᠴᠡᠳᠬᠡᠬᠦ ᠬᠡᠷᠡᠯ ᠭᠢᠯᠪᠠᠭ᠎ᠠ ᠪᠠᠨ ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠨᠢᠭᠡ ᠴᠤᠭᠴᠠᠵᠢᠭᠤᠯᠤᠨ ᠲᠥᠯᠥᠪᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ ᠂ ᠬᠣᠶᠠᠷ ᠢ ᠠᠬᠢᠭᠤᠯᠤᠨ ᠬᠣᠶᠠᠷ ᠢ ᠠᠭᠤᠰᠤᠯᠴᠠᠭᠤᠯᠵᠤ ᠂ ᠨᠠᠮ ᠪᠠ ᠠᠷᠠᠳ ᠲᠦᠮᠡᠨ ᠦ ᠰᠠᠨᠠᠭᠠᠨ ᠳᠤ ᠨᠡᠶᠢᠴᠡᠭᠰᠡᠨ ᠨᠡᠶᠢᠲᠡ ᠶᠢᠨ  ᠠᠰᠢᠭᠲᠣ ᠵᠠᠷᠭᠤ ᠶᠢᠨ ᠪᠠᠶᠢᠴᠠᠭᠠᠯᠲᠠ ᠶᠢᠨ ᠬᠠᠷᠢᠭᠣ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃

 

ᠢᠷᠡᠯᠲᠡ
ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro