ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠶᠢᠴᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠤᠯᠪᠤᠭᠠᠯᠡᠨ ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ

2023-09-11 16:48:45
ᠵᠣᠬᠢᠶᠠᠭᠴᠢ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ

ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ 《 ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠬᠠᠮᠠᠭᠠᠯᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠱᠠᠯᠠᠪᠳᠠᠭᠤᠯᠬᠤ ᠨᠠᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠳᠤᠬᠠᠢ ᠰᠠᠨᠠᠭᠤᠯᠤᠮᠵᠢ 》 ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠪᠤᠢ ᠪᠤᠯᠭᠠᠵᠤ᠂  ᠡᠵᠡᠨ ᠬᠤᠷᠤᠭ᠎ᠠ ᠬᠤᠰᠢᠭᠤᠨ ᠤ ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠦᠯᠤᠭᠡ 8 ᠰᠠᠷ᠎ᠠ ᠶᠢᠨ 24 ᠤ ᠡᠳᠤᠷ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠡᠵᠡᠨ ᠬᠤᠷᠤᠭ᠎ᠠ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠳᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠠ᠂ ᠭᠠᠯ ᠰᠡᠷᠭᠡᠶᠢᠯᠡᠵᠤ ᠭᠠᠯ ᠤᠨᠲᠠᠷᠠᠭᠠᠬᠤ ᠠᠪᠤᠷᠡᠨ ᠳᠤᠰᠠᠯᠠᠬᠤ ᠶᠡᠭᠡ ᠠᠩᠭᠢ ᠵᠡᠷᠭᠡ ᠤᠯᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢ ᠤᠷᠢᠵᠤ᠂ ᠲᠤᠰ ᠬᠤᠰᠢᠭᠤᠨ ᠤ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠲᠦᠪᠯᠡᠷᠡᠩᠭᠦᠢ ᠰᠤᠷᠪᠤᠯᠵᠢᠯᠠᠭ᠎ᠠ ᠬᠢᠯᠭᠡᠪᠡ᠃
     

 

 ᠲᠤᠰ ᠤᠳᠠᠭᠠᠨ ᠤ ᠠᠵᠢᠯᠯᠠᠭ᠎ᠠ ᠨᠢ ᠨᠠᠶᠢᠲᠡ 9 ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠰᠤᠷᠪᠤᠯᠵᠢᠯᠠᠵᠤ᠂ ᠦᠵᠡᠮᠵᠢ ᠶᠢᠨ ᠤᠷᠤᠨ ᠤ ᠬᠠᠮᠢᠶᠠᠷᠤᠯᠲᠠ ᠪᠠ ᠵᠠᠭᠠᠯᠳᠤᠯᠭ᠎ᠠ ᠶᠢᠨ ᠡᠬᠡ ᠳᠠᠩᠰᠠ ᠶᠢ ᠪᠠᠶᠢᠴᠠᠭᠠᠨ ᠦᠵᠡᠬᠦ᠂ ᠵᠢᠭᠤᠯᠴᠢᠯᠠᠭᠰᠠᠳ ᠲᠤ ᠬᠠᠤᠯᠢ ᠲᠦᠭᠡᠮᠡᠯᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠦᠵᠡᠮᠵᠢ ᠶᠢᠨ ᠤᠷᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ ᠬᠠᠷᠰᠢ ᠰᠠᠭᠠᠳ ᠦᠭᠡᠢ ᠳᠦᠬᠦᠭᠡᠷᠡᠮᠵᠢ ᠶᠢᠨ ᠪᠦᠳᠤᠭᠡᠨ ᠪᠠᠶᠢᠭᠤᠯᠤᠯᠲᠠ᠂ ᠭᠠᠯ ᠰᠡᠷᠭᠡᠶᠢᠯᠡᠯᠲᠡ ᠶᠢᠨ ᠠᠮᠤᠷ ᠳᠦᠪᠰᠢᠨ ᠵᠡᠷᠭᠡ ᠠᠰᠠᠭᠤᠳᠠᠯ ᠢ ᠨᠢᠭᠡᠳ ᠨᠢᠭᠡ ᠪᠠᠷ ᠪᠠᠶᠢᠴᠠᠭᠠᠪᠠ᠃ ᠰᠤᠷᠪᠤᠯᠵᠢᠯᠠᠬᠤ ᠳᠤᠮᠳᠠ ᠤᠯᠵᠤ ᠮᠡᠳᠡᠭᠰᠡᠨ ᠨᠢ᠂ ᠭᠡᠰᠡᠭ ᠦᠵᠡᠮᠵᠢ ᠶᠢᠨ ᠤᠷᠤᠨ ᠳᠤ ᠬᠤᠭᠤᠯᠡᠨ ᠲᠢᠩᠬᠢᠮ ᠤᠨ ᠠᠵᠢᠯᠲᠡᠨ ᠤ ᠡᠷᠡᠭᠦᠯ ᠮᠡᠨᠳᠤ ᠶᠢᠨ ᠦᠨᠡᠮᠯᠡᠯ ᠪᠦᠷᠢᠨ ᠪᠤᠰᠤ᠂ ᠭᠠᠯ ᠰᠡᠷᠭᠡᠶᠢᠯᠡᠵᠤ ᠭᠠᠯ ᠤᠨᠲᠠᠷᠠᠭᠠᠬᠤ ᠪᠠᠭᠠᠵᠢ ᠶᠢᠨ ᠲᠤᠭ᠎ᠠ ᠬᠡᠮᠵᠢᠶ᠎ᠡ ᠬᠦᠷᠤᠯᠴᠡᠬᠦ ᠦᠭᠡᠢ ᠵᠡᠷᠭᠡ ᠠᠰᠠᠭᠠᠤᠳᠠᠯ ᠤᠷᠤᠰᠢᠵᠤ᠂ ᠪᠠᠶᠢᠴᠠᠭᠠᠬᠤ ᠠᠵᠢᠯᠲᠡᠨ ᠳᠤᠬᠠᠢ ᠶᠢᠨ ᠲᠠᠯᠠᠪᠤᠷ ᠲᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠰᠢᠪᠡᠳᠡᠨ ᠡᠭᠦᠷᠭᠡ ᠳᠤᠰᠢᠶᠠᠯ ᠢᠶᠠᠨ ᠢᠳᠡᠪᠬᠢᠲᠠᠢ ᠭᠦᠢᠴᠡᠳᠭᠡᠭᠦᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠳᠡᠭᠡᠷ᠎ᠡ ᠳᠤᠷᠠᠳᠤᠭᠰᠠᠨ ᠠᠰᠠᠭᠤᠳᠠᠯ ᠢ ᠴᠠᠭ ᠳᠤᠬᠠᠢ ᠳᠤᠨᠢ ᠴᠡᠭᠴᠡᠯᠡᠨ ᠵᠠᠰᠠᠵᠤ᠂ ᠬᠡᠷᠡᠭᠯᠡᠭᠴᠢᠳ ᠤᠨ ᠢᠳᠡᠭᠡᠨ ᠤ ᠵᠤᠶᠢᠯ ᠤᠨ ᠠᠮᠤᠷ ᠲᠦᠪᠰᠢᠨ ᠪᠠ ᠦᠵᠡᠮᠵᠢ ᠶᠢᠨ ᠤᠷᠤᠨ ᠤ ᠭᠠᠯ ᠰᠡᠷᠭᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠭᠦᠢᠴᠡᠳ ᠪᠠᠲᠤᠯᠠᠭ᠎ᠠ ᠶᠢ ᠪᠠᠲᠤᠯᠠᠪᠠ᠃
     

 

ᠲᠤᠰ ᠤᠳᠠᠭᠠᠨ ᠤ ᠬᠠᠮᠲᠤᠷᠠᠭᠰᠠᠨ ᠰᠤᠷᠪᠤᠯᠵᠢᠯᠠᠭ᠎ᠠ ᠶᠢᠨ ᠶᠠᠪᠤᠴᠠ ᠳᠤ᠂ ᠪᠠᠶᠢᠴᠠᠭᠠᠬᠤ ᠪᠠᠶᠢᠭᠤᠯᠭ᠎ᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ  ᠲᠤᠰ ᠬᠤᠰᠢᠭᠤᠨ ᠤ ᠵᠢᠭᠤᠯᠴᠢᠯᠠᠯ ᠤᠨ ᠠᠵᠤ ᠤᠶᠢᠯᠡᠰ ᠤᠨ ᠬᠠᠮᠠᠭᠠᠯᠠᠯᠲᠠ ᠪᠠ ᠬᠦᠭᠵᠢᠯᠲᠡ ᠶᠢᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠵᠤ᠂ ᠦᠵᠡᠮᠵᠢ ᠶᠢᠨ ᠤᠷᠤᠨ ᠤ ᠬᠠᠮᠠᠭᠠᠯᠠᠯᠲᠠ ᠶᠢᠨ ᠤᠯᠡᠨ ᠲᠠᠯ᠎ᠠ ᠶᠢᠨ ᠬᠠᠮᠲᠤᠷᠡᠨ ᠬᠦᠳᠡᠯᠤᠯᠴᠡᠬᠦ ᠰᠢᠨ᠎ᠡ ᠪᠠᠶᠢᠳᠠᠯ ᠢ ᠪᠤᠢ ᠪᠤᠯᠭᠠᠵᠤ᠂ ᠤᠯᠡᠨ ᠲᠠᠯ᠎ᠠ ᠶᠢᠨ ᠠᠵᠢᠯ ᠤᠨ ᠨᠠᠶᠢᠯᠡᠮᠡᠯ ᠭᠦᠴᠤᠨ ᠤ ᠳᠤᠭᠲᠠᠴᠠ ᠶᠢ ᠪᠠᠶᠢᠭᠤᠯᠵᠤ᠂ ᠬᠠᠷᠢᠶ᠎ᠠ ᠤᠷᠤᠨ ᠤ ᠰᠤᠶᠤᠯ ᠵᠢᠭᠤᠯᠴᠢᠯᠠᠯ ᠤᠨ ᠠᠵᠤ ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠦᠵᠡᠰᠭᠦᠯᠡᠩᠲᠤ ᠰᠠᠶᠢᠬᠠᠨ ᠨᠤᠭᠤᠭᠠᠨ ᠬᠤᠲᠠ ᠡᠵᠡᠨ ᠬᠤᠷᠤᠭ᠎ᠠ ᠶᠢ ᠪᠦᠳᠤᠭᠡᠨ ᠪᠠᠶᠢᠭᠤᠯᠬᠤ ᠳᠤ ᠪᠠᠶᠢᠴᠠᠭᠠᠬᠤ ᠭᠦᠴᠤᠨ ᠢᠶᠠᠨ ᠡᠷᠭᠦᠶ᠎ᠡ᠃

ᠢᠷᠡᠯᠲᠡ
ᠰᠤᠯᠤᠩᠭ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro