ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠷᠤ ᠬᠤᠷᠴᠢᠨ ᠬᠤᠰᠢᠭᠤᠨ ᠤ ᠠᠷᠠᠳ ᠶᠢᠨ ᠪᠠᠶᠢᠴᠠᠭᠠᠬᠤ ᠬᠤᠷᠢᠶ᠎ᠠ ᠬᠤᠶᠠᠷ ᠬᠦᠨᠳᠦ ᠨᠤᠴᠢᠳᠠᠢ ᠡᠷᠡᠬᠦᠦ ᠶᠢᠨ ᠬᠡᠷᠡᠭ ᠲᠤ ᠤᠷᠢᠳᠴᠢᠯᠠᠨ ᠤᠷᠤᠯᠴᠠᠪᠠ     

2023-09-19 14:49:21
ᠵᠣᠬᠢᠶᠠᠭᠴᠢ
ᠬᠦᠰᠡᠯᠡᠷᠳᠡᠨᠢ

 
      2023 ᠤᠨ ᠤ 9 ᠰᠠᠷ᠎ᠠ ᠶᠢᠨ 5 ᠤ ᠡᠳᠦᠷ᠂ ᠠᠷᠤ ᠬᠤᠷᠴᠢᠨ ᠬᠤᠰᠢᠭᠤᠨ ᠤ ᠠᠷᠠᠳ ᠶᠢᠨ ᠪᠠᠶᠢᠴᠠᠭᠠᠬᠤ ᠬᠤᠷᠢᠶ᠎ᠠ ᠵᠤᠷᠢᠭᠤᠳᠠ ᠬᠦᠮᠦᠨ ᠠᠯᠠᠭᠰᠠᠨ ᠬᠤᠶᠠᠷ ᠬᠦᠨᠳᠦ ᠶᠡᠭᠡ ᠡᠷᠡᠬᠦᠦ ᠶᠢᠨ ᠬᠡᠷᠡᠭ ᠲᠤ ᠰᠠᠨᠠᠭᠠᠴᠢᠯᠠᠭ᠎ᠠ ᠲᠠᠢ ᠪᠠᠷ ᠤᠷᠢᠳᠴᠢᠯᠠᠨ ᠤᠷᠤᠯᠴᠠᠪᠠ᠃ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠡᠷᠡᠭ ᠭᠠᠷᠤᠭᠰᠠᠨ ᠲᠠᠷᠤᠢ ᠳᠤ ᠬᠡᠷᠡᠭ ᠤᠨ ᠪᠤᠷᠤ ᠮᠠᠲ᠋ᠧᠷᠢᠶᠠᠯ ᠢ ᠠᠪᠴᠢᠷᠠᠨ ᠦᠵᠡᠬᠦ᠂ ᠬᠡᠷᠡᠭ ᠮᠦᠷᠳᠡᠭᠴᠢ ᠲᠠᠢ ᠶᠠᠷᠢᠯᠴᠠᠨ ᠪᠠᠶᠢᠳᠠᠯ ᠢ ᠤᠶᠢᠯᠠᠭᠠᠬᠤ᠂ ᠲᠤᠬᠠᠢ ᠶᠢᠨ ᠬᠦᠮᠦᠨ ᠤ ᠢᠵᠢᠯ ᠠᠯᠬᠤᠮᠳᠣ ᠲᠠᠭᠤ ᠲᠦᠷᠰᠦ ᠰᠢᠩᠬᠡᠬᠡᠯᠳᠡ ᠶᠢ ᠲᠠᠯᠪᠢᠨ ᠰᠣᠨᠣᠰᠬᠤ ᠮᠡᠳᠦ ᠶᠢᠨ ᠠᠷᠭ᠎ᠠ ᠪᠠᠷ ᠲᠤᠰ ᠬᠡᠷᠡᠭ ᠲᠤ ᠤᠷᠢᠳᠴᠢᠯᠠᠨ ᠤᠷᠤᠯᠴᠠᠵᠦ᠂ ᠲᠤᠳᠣᠭᠠᠳᠣ ᠶᠢ ᠬᠠᠮᠠᠭᠠᠯᠠᠬᠤ ᠲᠤᠪᠴᠢᠶᠠᠨ ᠤ ᠬᠡᠷᠡᠭ ᠤᠨ ᠮᠦᠷᠳᠡᠭᠴᠢ ᠲᠠᠢ ᠲᠤᠰ ᠬᠡᠷᠡᠭ ᠤᠨ ᠪᠤᠳᠠᠳᠣ ᠶᠠᠪᠤᠳᠠᠯ᠂ ᠶᠠᠯ᠎ᠠ ᠶᠢᠨ ᠨᠡᠷ᠎ᠡ ᠶᠢ ᠲᠤᠭᠳᠠᠭᠠᠬᠤ᠂ ᠬᠡᠷᠡᠴᠢ ᠴᠤᠭᠯᠠᠭᠤᠯᠬᠤ ᠲᠠᠯ᠎ᠠ ᠪᠠᠷ ᠪᠤᠳᠤᠯ ᠢᠶᠠᠨ ᠰᠤᠯᠢᠯᠴᠠᠨ ᠰᠠᠨᠠᠯ ᠢᠶᠠᠨ ᠲᠡᠪᠰᠢᠬᠦᠯᠦᠭᠰᠡᠨ ᠪᠠᠶᠢᠨ᠎ᠠ᠃ ᠠᠷᠤ ᠬᠤᠷᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠶᠢᠨᠬᠦ ᠡᠷᠡᠬᠦᠦ ᠶᠢᠨ ᠬᠡᠷᠡᠭ ᠤᠨ ᠮᠦᠷᠳᠡᠯᠳᠡ ᠳᠤ ᠤᠷᠢᠳᠴᠢᠯᠠᠨ ᠤᠷᠤᠯᠴᠠᠭᠰᠠᠨ ᠢᠶᠠᠷ ᠲᠤᠳᠣᠭᠠᠳᠣ ᠶᠢ ᠬᠠᠮᠠᠭᠠᠯᠠᠬᠤ ᠲᠤᠪᠴᠢᠶᠠᠨ ᠤ ᠬᠡᠷᠡᠴᠢ ᠴᠤᠭᠯᠠᠭᠤᠯᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠠᠬᠢᠭᠤᠯᠤᠭᠰᠠᠨ ᠢᠶᠠᠷ ᠪᠠᠷᠠᠬᠤ ᠦᠬᠡᠢ ᠬᠤᠵᠢᠮ ᠤᠨ ᠵᠠᠷᠭᠤ ᠶᠢᠨ ᠠᠵᠢᠯ ᠳᠠᠭᠠᠨ ᠴᠤ ᠪᠦᠷᠢᠨ ᠬᠦᠢᠴᠡᠳ ᠪᠡᠯᠡᠳᠬᠡᠯ ᠬᠢᠵᠦ ᠦᠭᠪᠡ᠃ ᠡᠬᠦᠨ ᠤ ᠲᠠᠭᠤ ᠳᠤ ᠪᠠᠶᠢᠴᠠᠭᠠᠬᠤ ᠪᠠᠶᠢᠭᠤᠯᠭ᠎ᠠ ᠶᠢᠨ ᠡᠷᠡᠬᠦᠦ ᠶᠢᠨ ᠬᠡᠷᠡᠭ ᠤᠨ ᠲᠤᠷᠰᠢᠨ ᠪᠠᠶᠢᠴᠠᠭᠠᠯᠳᠠ ᠳᠤ ᠬᠢᠨᠠᠯᠳᠠ ᠲᠠᠯᠪᠢᠬᠤ ᠡᠬᠦᠷᠬᠡ ᠴᠢᠳᠠᠪᠬᠢ ᠪᠠᠨ ᠰᠠᠶᠢᠳᠣᠷ ᠪᠠᠳᠠᠷᠠᠭᠤᠯᠤᠨ᠂ ᠬᠡᠷᠡᠭ ᠤᠨ ᠲᠤᠬᠠᠢ ᠶᠢᠨ ᠬᠦᠮᠦᠨ ᠤ ᠬᠠᠤᠯᠢ ᠶᠤᠰᠣᠨ ᠤ ᠡᠷᠬᠡ ᠠᠰᠢᠭ ᠢ ᠬᠦᠢᠴᠡᠳ ᠬᠠᠮᠠᠭᠠᠯᠠᠭᠰᠠᠨ ᠪᠠᠶᠢᠨ᠎ᠠ᠃
      ᠲᠠᠷᠠᠭᠠᠴᠢ ᠶᠢᠨ ᠠᠵᠢᠯ ᠳᠠᠭᠠᠨ᠂ ᠠᠷᠤ ᠬᠤᠷᠴᠢᠨ ᠬᠤᠰᠢᠭᠤᠨ ᠤ ᠠᠷᠠᠳ ᠶᠢᠨ ᠪᠠᠶᠢᠴᠠᠭᠠᠬᠤ ᠬᠤᠷᠢᠶ᠎ᠠ ᠨᠢ ᠬᠦᠨᠳᠦ᠂  ᠪᠤᠳᠣᠯᠢᠶᠠᠨᠳᠣ ᠡᠷᠡᠬᠦᠦ ᠶᠢᠨ ᠬᠡᠷᠡᠭ ᠤᠨ ᠮᠦᠷᠳᠡᠯᠳᠡ ᠳᠤ ᠤᠷᠢᠳᠴᠢᠯᠠᠨ ᠤᠷᠤᠯᠴᠠᠬᠤ ᠬᠦᠴᠦᠯᠡᠴᠡ ᠪᠠᠨ ᠴᠢᠩᠭᠠᠷᠠᠭᠤᠯᠤᠨ᠂ ᠲᠤᠷᠰᠢᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠴᠢ ᠴᠤᠭᠯᠠᠭᠤᠯᠬᠤ ᠠᠵᠢᠯ ᠢ ᠰᠠᠶᠢᠳᠣᠷ ᠬᠦᠳᠥᠯᠥᠨ ᠵᠢᠯᠤᠭᠤᠳᠴᠤ᠂ ᠬᠡᠷᠡᠭ ᠤᠨ ᠭᠠᠷᠳᠠᠯᠳᠠ ᠶᠢᠨ ᠴᠢᠨᠠᠷ ᠴᠢᠨᠰᠠᠭ᠎ᠠ ᠶᠢ ᠦᠨᠡᠨᠬᠦ ᠪᠠᠳᠣᠯᠠᠨ᠂ ᠶᠠᠯᠠᠳᠣ ᠡᠳᠡᠬᠡᠳ ᠲᠤ ᠴᠢᠩᠭ᠎ᠠ ᠴᠤᠬᠢᠯᠳᠠ ᠦᠭᠴᠦ᠂ ᠠᠷᠠᠳ ᠢᠷᠭᠡᠳ ᠤᠨ ᠬᠠᠤᠯᠢ ᠶᠤᠰᠣᠨ ᠤ ᠡᠷᠬᠡ ᠠᠰᠢᠭ ᠢ ᠬᠦᠢᠴᠡᠳ ᠬᠠᠮᠠᠭᠠᠯᠠᠬᠤ ᠪᠠᠷ ᠴᠢᠷᠮᠠᠶᠢᠬᠤ ᠪᠤᠯᠤᠨ᠎ᠠ᠃
    
    


             

ᠢᠷᠡᠯᠲᠡ
ᠠᠷᠤ ᠬᠤᠷᠴᠢᠨ ᠬᠤᠰᠢᠭᠤᠨ ᠤ ᠠᠷᠠᠳ ᠶᠢᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro