ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠬᠠᠷᠢᠶ᠎ᠠ ᠣᠷᠣᠨ ᠤ ᠳᠣᠲᠣᠷ᠎ᠠ ᠭᠠᠳᠠᠨ᠎ᠠ ᠠᠴᠠ ᠢᠷᠡᠭᠰᠡᠨ ᠪᠣᠳᠠᠰ ᠤᠨ ᠳᠦᠷᠰᠦ  《ᠥᠷᠭᠡᠰᠦᠲᠦ ᠴᠡᠴᠡᠭᠲᠦ ᠯᠤᠤᠲᠤ ᠴᠡᠴᠡᠭ 》 ᠤᠨ ᠨᠡᠶᠢᠲᠡ ᠶᠢᠨ ᠠᠰᠢᠭᠲᠤ ᠵᠠᠷᠭᠤ ᠶᠢᠨ ᠠᠵᠢᠯ ᠢ ᠥᠷᠨᠢᠭᠦᠯᠪᠡ

2023-09-19 14:48:50
ᠵᠣᠬᠢᠶᠠᠭᠴᠢ
ᠰᠠᠷᠠᠭᠤᠯ

 

 

ᠣᠶᠢᠷ᠎ᠠ ᠳᠤ ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠂ ᠰᠠᠶᠢᠬᠠᠨ ᠲᠣᠭᠣᠷᠢᠭ ᠤᠨ ᠲᠢᠶᠠᠨ ᠮᠢ ᠯᠢᠶᠠᠩ ᠲᠣᠰᠬᠣᠨ ᠤ ᠭᠠᠳᠠᠨ᠎ᠠ ᠭᠠᠳᠠᠨ᠎ᠠ  ᠠᠴᠠ ᠣᠷᠣᠵᠤ ᠢᠷᠡᠭᠰᠡᠨ《ᠥᠷᠭᠡᠰᠦᠲᠦ ᠴᠡᠴᠡᠭᠲᠦ ᠯᠤᠤᠲᠤ ᠴᠡᠴᠡᠭ 》  ᠭᠡᠬᠦ ᠰᠡᠵᠢᠭᠲᠡᠶ ᠨᠢᠭᠡ ᠪᠦᠯᠦᠭ ᠳᠦᠷᠰᠦ ᠪᠠᠶᠢᠬᠤ ᠶᠢ ᠣᠯᠵᠤ ᠮᠡᠳᠡᠵᠡᠶ ᠂ ᠲᠣᠰ ᠤᠷᠭᠤᠮᠠᠯ ᠨᠢ ᠲᠠᠷᠢᠮᠠᠯ ᠵᠢᠴᠢ ᠡᠪᠡᠰᠦ ᠪᠡᠯᠴᠢᠭᠡᠷ ᠦᠨ ᠤᠨᠠᠯᠲᠠ ᠪᠠ ᠶᠠᠰᠤ ᠴᠢᠨᠠᠷ ᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ ᠃

ᠲᠤᠬᠠᠶ ᠶᠢᠨ ᠭᠠᠵᠠᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠂ ᠠᠮᠢ ᠠᠬᠤᠶ ᠶᠢᠨ ᠣᠷᠴᠢᠨ ᠨᠥᠬᠥᠴᠡᠯ ᠦᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠬᠥᠬᠡᠬᠣᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶ᠎ᠠ ᠶᠢᠨ ᠰᠠᠶᠢᠬᠠᠨ ᠬᠠᠨ ᠤ ᠬᠤᠪᠢᠶᠠᠷᠢ ᠲᠣᠪᠴᠢᠶ᠎ᠠ ᠶᠢᠨ ᠬᠠᠮᠠᠭᠠᠯᠠᠯᠲᠠ ᠶᠢᠨ ᠲᠥᠪ ᠦᠨ ᠳᠡᠳ᠋ ᠡᠷᠬᠢᠯᠡᠭᠴᠢ ᠂ ᠲᠣᠰ ᠬᠣᠷᠢᠶ᠎ᠠ ᠶᠢᠨ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠶᠢ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠵᠤ ᠂ ᠢᠯᠡᠷᠡᠭᠦᠯᠦᠭᠰᠡᠨ ᠪᠣᠳᠠᠰ ᠤᠨ ᠲᠥᠷᠥᠯ ᠨᠢ ᠦᠨᠡᠬᠡᠷ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ᠪᠣᠯᠬᠤ 《 ᠥᠷᠭᠡᠰᠦᠲᠦ ᠴᠡᠴᠡᠭᠲᠦ ᠯᠤᠤᠲᠤ ᠴᠡᠴᠡᠭ  》 ᠪᠣᠯᠬᠤ ᠶᠢ ᠨᠤᠲᠠᠯᠠᠵᠤ ᠂ ᠡᠷᠬᠡᠪᠰᠢ ᠲᠦᠷᠭᠡᠬᠡᠨ ᠠᠷᠢᠯᠭᠠᠬᠤ ᠬᠡᠷᠡᠭᠲᠡᠶ ᠭᠡᠵᠡᠶ ᠃

ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠢ᠎ᠠ ᠲᠡᠷᠡ ᠳᠠᠷᠤᠢ ᠳᠤᠨᠢ ᠤᠢ ᠰᠢᠭᠤᠢ ᠪᠠ ᠨᠤᠲᠤᠭ ᠪᠡᠯᠴᠢᠭᠡᠷ ᠦᠨ ᠲᠣᠪᠴᠢᠢ᠎ᠠ ᠶᠢᠨ ᠰᠠᠶᠢᠬᠠᠨ ᠲᠣᠭᠣᠷᠢᠭ ᠤᠨ ᠬᠤᠪᠢᠶᠠᠷᠢ ᠲᠣᠪᠴᠢᠢ᠎ᠠ ᠲᠠᠶ《ᠨᠡᠶᠢᠭᠡᠮ ᠦᠨ ᠬᠦᠴᠦᠨ ᠢ ᠥᠷᠭᠡᠨ ᠢᠶᠡᠷ ᠲᠠᠢᠢᠴᠢᠯᠠᠵᠤ᠂ ᠪᠣᠳᠠᠰ ᠤᠨ ᠲᠦᠷᠦᠯ ᠦᠨ ᠬᠠᠮᠠᠭᠠᠯᠠᠯᠲᠠ ᠶᠢ ᠬᠠᠮᠲᠤ ᠪᠠᠷ ᠠᠬᠢᠭᠤᠯᠤᠶ᠎ᠠ 》 ᠭᠡᠬᠦ ᠭᠣᠣᠯ ᠰᠡᠳᠦᠪᠲᠦ ᠨᠠᠮ ᠤᠨ ᠡᠳᠦᠷᠯᠢᠭ ᠵᠢᠴᠢ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠦᠷᠦᠯ ᠢ ᠠᠷᠢᠯᠭᠠᠬᠤ ᠠᠵᠢᠯᠯᠠᠭ᠎ᠠ ᠥᠷᠨᠢᠭᠦᠯᠵᠦ᠂ ᠰᠡᠷᠭᠡᠶᠢᠯᠡᠨ ᠠᠷᠢᠯᠭᠠᠬᠤ ᠮᠡᠷᠭᠡᠵᠢᠯ ᠦᠨ ᠭᠣᠣᠯᠳᠠᠯᠭ᠎ᠠ ᠶᠢ ᠦᠨᠳᠦᠰᠦᠯᠡᠨ ᠠᠷᠢᠯᠭᠠᠭᠳᠠᠭᠰᠠᠨ ᠤᠷᠭᠤᠮᠠᠯ ᠢ ᠲᠥᠪᠯᠡᠷᠡᠭᠦᠯᠦᠨ ᠭᠦᠨ ᠪᠤᠯᠠᠵᠤ ᠤᠰᠠᠳᠬᠠᠪᠠ᠃ᠬᠣᠶᠠᠷ ᠲᠠᠯ᠎ᠠ ᠪᠠᠷ ᠢᠶᠠᠨ《ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠦᠯ ᠦᠨ ᠲᠦᠷᠢᠯᠲᠡ ᠶᠢ ᠡᠰᠡᠷᠭᠦᠴᠡᠶ᠎ᠡ》ᠭᠡᠬᠦ ᠭᠣᠣᠯ ᠰᠡᠳᠦᠪᠲᠦ ᠤᠬᠠᠭᠤᠯᠭ᠎ᠠ ᠶᠢᠨ ᠸᠢᠳᠢᠣ᠋ ᠶᠢ ᠬᠠᠮᠲᠤᠪᠠᠷ ᠰᠡᠭᠦᠳᠡᠷᠯᠡᠵᠦ᠂ ᠬᠠᠷᠢᠶ᠎ᠠ ᠣᠷᠣᠨ ᠳᠠᠭᠠᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ 《ᠥᠷᠭᠡᠰᠦᠲᠦ ᠴᠡᠴᠡᠭᠲᠦ ᠯᠤᠤᠲᠤ ᠴᠡᠴᠡᠭ 》 ᠢ ᠰᠡᠷᠭᠡᠶᠢᠯᠡᠨ ᠡᠵᠡᠮᠳᠡᠵᠦ ᠵᠠᠰᠠᠬᠤ ᠠᠵᠢᠯ ᠢ ᠰᠠᠶᠢᠲᠤᠷ ᠬᠢᠪᠡ᠃

 

ᠢᠷᠡᠯᠲᠡ
ᠬᠦᠬᠡᠬᠤᠲᠠ ᠵᠢᠨ ᠰᠠᠶᠢᠬᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro