ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠰᠢᠢᠳᠪᠦᠷᠢᠯᠡᠭᠰᠡᠨ ᠨᠢᠭᠡᠨ ᠬᠡᠷᠡᠭ  ᠨᠢ ᠦᠪᠦᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠠᠭᠤᠯᠠ ᠣᠢ ᠶᠢ ᠬᠠᠮᠠᠭᠠᠯᠠᠬᠤ ᠬᠠᠮᠵᠢᠯᠴᠠᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠨᠡᠶᠢᠲᠡᠯᠢᠭ ᠬᠡᠷᠡᠭ  ᠢᠶᠠᠷ ᠰᠣᠩᠭᠤᠭᠳᠠᠪᠠ

2023-09-27 15:34:50
ᠵᠣᠬᠢᠶᠠᠭᠴᠢ
ᠰᠤᠷᠤᠨ᠎ᠠ


    ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ ᠢᠮᠬᠠᠲᠠ ᠪᠠᠶᠢᠴᠠᠭᠠᠬᠤ ᠨᠡᠶᠢᠲᠡ ᠶᠢᠨ ᠠᠰᠢᠭᠲᠤ ᠵᠠᠷᠭᠤ ᠶᠢᠨ ᠭᠤᠣᠯ ᠲᠠᠯᠠᠪᠦᠷ ᠪᠣᠯᠣᠭᠰᠠᠭᠠᠷ ᠢᠷᠡᠪᠡ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ 《 ᠠᠭᠤᠯᠠ ᠣᠢ ᠶᠢ ᠬᠠᠮᠠᠭᠠᠯᠠᠬᠤ 》 ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ ᠲᠠᠢ ᠣᠶᠠᠯᠳᠣᠭᠤᠯᠣᠨ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠠᠭᠤᠯᠠ ᠣᠢ ᠶᠢ ᠬᠠᠮᠠᠭᠠᠯᠠᠬᠤ ᠬᠠᠮᠵᠢᠯᠴᠠᠭᠠᠨ ᠤ  6 ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠭᠠᠷᠭᠠᠵᠦ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠰᠢᠢᠳᠪᠦᠷᠢᠯᠡᠭᠰᠡᠨ ᠡᠦ ᠵᠢᠶᠣᠣ ᠹᠧᠩ ᠤᠨ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠪᠠᠳᠡᠨ ᠬᠠᠮᠠᠭᠠᠯᠠᠬᠤ ᠠᠵᠢᠯ ᠠᠮᠵᠢᠯᠲᠡ ᠲᠠᠢ ᠪᠠᠷ ᠰᠣᠩᠭᠤᠭᠳᠠᠪᠠ᠃
   

   ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤ ᠬᠤᠷᠴᠢᠨ ᠤ ᠡᠯᠡᠰᠦᠷᠬᠡᠭ ᠣᠷᠣᠨ ᠤ ᠬᠤᠶᠢᠲᠣ ᠬᠡᠰᠡᠭ ᠲᠤ ᠪᠠᠶᠢᠷᠢᠯᠠᠵᠤ᠂  ᠴᠦᠯᠡᠵᠢᠯᠲᠡ ᠪᠣᠯᠣᠨ ᠡᠯᠡᠰᠦᠷᠬᠡᠭᠵᠢᠯᠲᠡ ᠨᠡᠯᠢᠶᠡᠳ ᠬᠦᠨᠳᠦ ᠨᠣᠴᠢᠲᠡᠢ ᠪᠠᠶᠢᠨ᠎ᠠ᠃ ᠪᠠᠲᠣᠴᠠᠭᠠᠨ ᠪᠣᠯ ᠬᠤᠷᠴᠢᠨ ᠡᠯᠡᠰᠦᠷᠬᠡᠭ ᠭᠠᠵᠠᠷ ᠲᠡᠬᠢ ᠠᠮᠢᠵᠢᠷᠠᠯ ᠤᠨ ᠬᠦᠴᠦᠨ ᠲᠠᠢ ᠡᠯᠡᠰᠦ ᠮᠠᠩᠬ᠎ᠠ ᠶᠢ ᠰᠡᠷᠭᠡᠶᠢᠯᠡᠨ ᠪᠠᠬᠢᠵᠢᠭᠦᠯᠬᠦ ᠣᠷᠭᠤᠮᠠᠯ ᠪᠣᠯᠣᠨ᠎ᠠ᠂ ᠭᠡᠪᠡᠴᠦ ᠣᠶᠢᠷ᠎ᠠ ᠶᠢᠨ ᠵᠢᠯ ᠠᠴᠠ ᠪᠠᠲᠣᠴᠠᠭᠠᠨ ᠤ ᠬᠤᠷᠣᠬᠠᠶᠢᠲᠣᠬᠤ ᠨᠣᠷᠮ᠎ᠠ 80% ᠳᠤ ᠬᠦᠷᠴᠦ᠂ ᠡᠭᠦᠨ ᠤ ᠳᠡᠭᠡᠷ᠎ᠡ ᠬᠠᠦᠯᠢ ᠪᠣᠰᠦ ᠪᠠᠷ ᠮᠠᠯ ᠮᠠᠯᠵᠢᠬᠤ᠂ ᠵᠢᠮᠢᠰ ᠲᠡᠭᠦᠬᠦ ᠵᠡᠷᠭᠡ ᠬᠦᠮᠦᠨ ᠲᠦᠷᠦᠯᠬᠢᠲᠡᠨ ᠡᠴᠡ ᠪᠤᠯᠤᠭᠰᠠᠨ  ᠣᠨᠳᠣᠣ ᠨᠦᠭᠦᠴᠡᠯ ᠣᠷᠣᠰᠢᠵᠦ᠂ ᠪᠠᠲᠣᠴᠠᠭᠠᠨ ᠤ ᠨᠢᠯᠬ᠎ᠠ ᠴᠢᠬᠢ ᠶᠢᠨ ᠠᠶᠠᠨᠳᠠᠭᠠᠨ ᠪᠣᠶᠢᠵᠢᠬᠤ ᠨᠣᠷᠮ᠎ᠠ ᠨᠢ ᠲᠦᠢᠯ ᠤᠨ ᠳᠣᠣᠷ᠎ᠠ ᠪᠠᠶᠢᠵᠤ᠂ ᠪᠠᠷᠤᠭ ᠰᠢᠨ᠎ᠡ ᠠᠮᠢ ᠠᠬᠤᠢ ᠶᠢᠨ ᠣᠢ ᠮᠣᠳᠣ ᠦᠭᠡᠢ ᠪᠣᠯᠵᠦ᠂ ᠬᠤᠷᠴᠢᠨ ᠤ ᠡᠯᠡᠰᠦᠷᠬᠡᠭ ᠭᠠᠵᠠᠷ ᠣᠷᠣᠨ ᠤ ᠠᠮᠢ ᠠᠬᠤᠢ ᠶᠢᠨ ᠠᠮᠦᠷ ᠲᠦᠪᠰᠢᠨ ᠢ ᠨᠦᠯᠦᠭᠡᠯᠡᠵᠦ ᠪᠣᠢ᠃
    ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠦᠴᠠ ᠳᠠᠭᠠᠨ ᠲᠣᠰ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠤᠨ ᠰᠦᠪᠡᠭᠴᠢ ᠶᠢ ᠢᠯᠡᠷᠡᠭᠦᠯᠵᠦ᠂ ᠡᠦ ᠵᠢᠶᠣᠣ ᠹᠧᠩ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠣᠯᠲᠠ ᠶᠢᠨ ᠲᠣᠪᠴᠢᠶ᠎ᠠ᠂ ᠬᠤᠰᠢᠭᠤᠨ ᠤ ᠣᠢ ᠰᠢᠭᠤᠢ ᠪᠣᠯᠣᠨ ᠲᠠᠯ᠎ᠠ ᠨᠣᠲᠤᠭ ᠤᠨ ᠲᠣᠪᠴᠢᠶ᠎ᠠ ᠶᠢᠨ ᠣᠶᠢᠷ᠎ᠠ ᠬᠠᠪᠢ ᠶᠢᠨ ᠳᠦᠷᠪᠡᠨ ᠰᠣᠮᠦ ᠪᠠᠯᠭᠠᠰᠣᠨ ᠤ ᠵᠠᠰᠠᠭ ᠤᠨ ᠣᠷᠳᠣᠨ ᠤ ᠨᠡᠶᠢᠲᠡ ᠶᠢᠨ ᠠᠰᠢᠭᠲᠤ ᠵᠠᠷᠭᠤ ᠶᠢ ᠬᠡᠷᠡᠭ ᠪᠣᠯᠭᠠᠨ ᠳᠠᠩᠰᠠᠯᠠᠵᠦ᠂ ᠲᠣᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠣᠳᠣᠷᠢᠳᠣᠯᠭ᠎ᠠ᠂ ᠦᠪᠡᠷᠲᠡᠭᠡᠨ ᠵᠠᠰᠠᠬᠤ ᠣᠷᠣᠨ ᠤ ᠡᠪᠡᠳᠴᠢᠨ ᠬᠤᠷᠣᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠲᠣᠰᠬᠠᠢ ᠮᠡᠷᠭᠡᠵᠢᠯᠲᠡᠨ᠂ ᠵᠢᠷᠭᠤᠭᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢ ᠣᠷᠢᠵᠦ ᠢᠯᠡ ᠪᠠᠷ ᠭᠡᠷᠡᠴᠢ ᠰᠣᠨᠣᠰᠣᠭᠤᠯᠵᠦ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠪᠠᠲᠣᠴᠠᠭᠠᠨ ᠤ ᠬᠠᠮᠠᠭᠠᠯᠠᠯᠲᠠ ᠶᠢᠨ 《 ᠵᠠᠰᠠᠭ  ᠤᠨ ᠣᠷᠳᠣᠨ 》《 ᠪᠠᠶᠢᠴᠠᠭᠠᠬᠤ ᠬᠤᠷᠢᠶ᠎ᠠ 》 ᠬᠤᠯᠪᠣᠭᠠᠯᠡᠨ ᠬᠦᠲᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠦ᠂ ᠡᠦ ᠵᠢᠶᠣᠣ ᠹᠧᠩ ᠠᠮᠢ ᠠᠬᠤᠢ ᠶᠢ ᠬᠠᠮᠠᠭᠠᠯᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠪᠠ᠃
    ᠣᠳᠥ ᠪᠣᠯᠲᠠᠯ᠎ᠠ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤ 6 ᠲᠦᠮᠡ ᠭᠠᠷᠣᠢ ᠮᠦ ᠡᠪᠡᠳᠴᠢᠨ ᠬᠤᠷᠣᠬᠠᠢ ᠶᠢᠨ ᠬᠦᠨᠦᠭᠡᠯ ᠢ ᠪᠠᠶᠢᠴᠠᠭᠠᠵᠦ᠂ 4 ᠲᠦᠮᠡ ᠭᠠᠷᠣᠢ ᠮᠦ ᠬᠤᠷᠣᠬᠠᠢ ᠠᠯᠠᠵᠦ᠂ ᠪᠠᠲᠣᠴᠠᠭᠠᠨ ᠤ ᠡᠪᠡᠳᠴᠢᠨ ᠬᠤᠷᠣᠬᠠᠢ ᠶᠢᠨ ᠬᠦᠨᠦᠭᠡᠯ ᠤᠨ ᠨᠣᠷᠮ᠎ᠠ ᠨᠢᠭᠡᠨᠲᠡ ᠢᠯᠡᠷᠬᠡᠢ ᠪᠠᠭᠤᠷᠠᠵᠡᠢ᠃ 2023 ᠣᠨ ᠤ 4 ᠰᠠᠷ᠎ᠠ ᠳᠤ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 《 ᠡᠦ ᠵᠢᠶᠣᠣ ᠹᠧᠩ ᠠᠮᠢ ᠠᠬᠤᠢ ᠶᠢ ᠰᠡᠷᠭᠦᠭᠡᠬᠦ ᠰᠠᠭᠤᠷᠢᠨ 》 ᠢ ᠪᠠᠶᠢᠭᠤᠯᠵᠦ᠂ 4 ᠠᠮᠢ ᠠᠬᠤᠢ ᠶᠢ ᠬᠤᠬᠢᠷᠠᠭᠤᠯᠣᠭᠰᠠᠨ ᠬᠡᠷᠡᠭ ᠢ ᠵᠣᠬᠢᠴᠠᠭᠤᠯᠵᠦ᠂ ᠬᠡᠷᠡᠭ ᠦᠨ ᠲᠣᠬᠠᠢ ᠶᠢᠨ ᠬᠦᠮᠦᠨ ᠳᠦᠷᠦᠯᠵᠢ ᠣᠢ ᠰᠢᠭᠤᠢ ᠶᠢᠨ ᠲᠠᠯᠠᠪᠠᠢ ᠳᠤ 7.08 ᠲᠦᠮᠡᠨ ᠲᠦᠭᠦᠷᠢᠭ ᠤᠨ ᠨᠡᠶᠢᠲᠡ ᠶᠢᠨ ᠠᠰᠢᠭᠲᠤ ᠬᠤᠬᠢᠷᠠᠯ ᠤᠨ ᠲᠦᠯᠦᠪᠦᠷᠢ ᠮᠦᠩᠬᠦ ᠣᠷᠣᠭᠤᠯᠬᠤ ᠶᠢ ᠨᠠᠶᠢᠳᠠᠵᠦ᠂ ᠣᠨᠳᠣᠦ ᠭᠠᠵᠠᠷ ᠲᠤ 32 ᠮᠦ ᠡᠪᠡᠰᠦ ᠮᠣᠳᠣ ᠲᠠᠷᠢᠵᠦ᠂ ᠡᠦ ᠵᠢᠶᠣᠣ ᠹᠧᠩ ᠠᠮᠢ ᠠᠬᠤᠢ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠪᠠ᠃
    ᠪᠠᠲᠣᠴᠠᠭᠠᠨ ᠤ ᠡᠪᠡᠳᠴᠢᠨ ᠬᠤᠷᠣᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠨᠢ ᠬᠤᠷᠴᠢᠨ ᠤ ᠡᠯᠡᠰᠦᠷᠬᠡᠭ ᠭᠠᠵᠠᠷ ᠤᠨ ᠲᠠᠯ᠎ᠠ ᠨᠣᠲᠤᠭ ᠤᠨ ᠠᠮᠢ ᠠᠬᠤᠢ ᠶᠢᠨ ᠠᠮᠦᠷ ᠲᠦᠪᠰᠢᠨ ᠲᠠᠢ ᠬᠤᠯᠪᠣᠭᠳᠠᠨ᠎ᠠ᠃ ᠪᠠᠶᠢᠴᠠᠭᠠᠬᠤ ᠪᠠᠶᠢᠭᠤᠯᠭ᠎ᠠ ᠨᠢ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ  ᠪᠠᠷ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠮᠵᠢᠯᠭᠡ ᠶᠢ  ᠣᠯᠵᠦ᠂ ᠪᠠᠲᠣᠴᠠᠭᠠᠨ ᠢ ᠬᠠᠮᠠᠭᠠᠯᠠᠬᠤ ᠬᠠᠮᠲᠦ ᠶᠢᠨ ᠲᠠᠨᠢᠯᠲᠠ ᠶᠢ ᠨᠢᠭᠲᠠᠷᠠᠭᠤᠯᠪᠠ᠃

 

 

ᠢᠷᠡᠯᠲᠡ
ᠬᠢᠩᠭᠠᠨ ᠠᠶᠢᠮᠠᠭ  ᠤᠨ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro