ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠵᠠᠷᠤᠳ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠡ ᠲᠤᠭᠠᠵᠢᠭᠤᠯᠤᠭᠰᠠᠨ ᠵᠠᠭᠪᠤᠷ ᠢ ᠰᠤᠳᠤᠯᠤᠨ ᠨᠡᠬᠡᠬᠡᠵᠦ ︽  ᠪᠤᠳᠠᠲᠠᠢ ᠳᠤ ᠤᠷᠤᠰᠢᠵᠤ ᠪᠠᠶᠢᠭ᠎ᠠ ᠦᠨᠦᠴᠢᠨ ᠬᠡᠦᠬᠡᠳ︾ ᠢ  ᠬᠠᠯᠠᠮᠵᠢᠯᠠᠨ ᠬᠠᠮᠠᠭᠠᠯᠠᠵᠤ ᠪᠣᠢ     

2023-09-27 17:03:10
ᠵᠣᠬᠢᠶᠠᠭᠴᠢ
ᠦᠷᠡᠨᠲᠤᠶᠠᠭ᠎ᠠ

 
        ᠵᠠᠷᠤᠳ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠡ ︽ᠬᠢᠨᠠᠨ ᠬᠠᠮᠠᠭᠠᠯᠠᠯᠲᠠ ᠳᠤᠲᠠᠭᠳᠠᠭᠰᠠᠨ ᠲᠤᠮᠤ ᠳ᠋ᠠᠢᠲ᠋ᠠ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠯᠲᠠ ᠲᠠᠯᠪᠢᠬᠤ︾ ᠲᠤᠭᠠᠵᠢᠭᠤᠯᠤᠭᠰᠠᠨ ᠬᠡᠷᠡᠭᠯᠡᠭᠡᠨ ᠤ ᠵᠠᠭᠪᠤᠷ ᠢ ᠰᠤᠳᠤᠯᠤᠨ ᠨᠡᠬᠡᠭᠡᠵᠦ᠂  ᠲᠤᠭᠠᠵᠢᠭᠤᠯᠤᠯᠲᠠ ᠪᠠᠷ ᠡᠨᠧᠷᠬᠢ ᠤᠯᠭᠤᠬᠤ᠂ ᠤᠨᠢᠨ ᠳᠡᠭᠡᠷ᠎ᠡ ᠨᠢ ᠦᠨᠳᠦᠷ ᠪᠦᠲᠦᠮᠵᠢᠲᠠᠢ᠂ ᠪᠦᠬᠦ ᠲᠠᠯ᠎ᠡ  ᠢᠶᠡᠷ ᠪᠦᠷᠬᠦᠭᠦᠯᠬᠦ︾ ᠬᠦᠴᠢᠷᠳᠡᠯᠲᠠᠢ ᠬᠡᠦᠬᠡᠳ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠰᠢᠰᠲ᠋ᠧᠮ ᠢ ᠰᠦᠪᠡᠭᠴᠢᠯᠡᠨ ᠪᠠᠢᠭᠤᠯᠵᠤ᠂ ᠤᠯᠤᠰ ᠤᠨ ᠪᠠᠲᠤᠯᠠᠭ᠎ᠠ ᠶᠢᠨ ᠲᠦᠷᠤ ᠶᠢᠨ ᠪᠤᠳᠥᠯᠭ᠎ᠠ᠂ ᠲᠤᠰᠬᠠᠢ ᠮᠡᠷᠭᠡᠵᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠳᠤᠤᠷ᠎ᠡ ︽ ᠪᠤᠳᠠᠲᠠᠢ ᠳᠤ ᠤᠷᠤᠰᠢᠵᠤ ᠪᠠᠶᠢᠭ᠎ᠠ ᠦᠨᠦᠴᠢᠨ ᠬᠡᠦᠬᠡᠳ︾  ᠤᠨ ᠡᠷᠡᠭᠦᠯ ᠢᠶᠠᠷ ᠦᠰᠦᠨ ᠪᠣᠶᠢᠵᠢᠬᠤ ᠶᠢ ᠦᠨᠡᠨᠬᠦ ᠪᠠᠲᠤᠯᠠᠨ᠎ᠠ᠃
        ᠲᠤᠰ ᠬᠤᠷᠢᠶ᠎ᠡ ᠪᠤᠲᠠᠳᠤ ᠬᠡᠷᠡᠭ ᠢ ᠰᠢᠢᠳᠪᠦᠷᠢᠯᠡᠬᠦ ᠶᠠᠪᠤᠴᠡ ᠳᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠪᠠᠬᠢᠯᠡᠯᠲᠡ ᠳᠤ ᠬᠢᠵᠠᠭᠠᠷᠯᠠᠭᠳᠠᠬᠤ᠂ ᠬᠠᠦᠯᠢ ᠴᠠᠭᠠᠵᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠦᠯᠦ ᠬᠠᠮᠲᠤ ᠪᠠᠷ ᠡᠳᠡᠯᠬᠦ  ᠠᠴᠠ ᠪᠤᠯᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠢᠶᠠᠩ ᠪᠠᠯᠭᠠᠰᠤᠨ ᠤ ᠬᠦᠮᠦᠨ ᠤ ᠬᠦᠴᠦ ᠪᠠᠷ ᠵᠢᠬᠰᠠᠭᠠᠨ ᠪᠠᠢᠴᠠᠭᠠᠬᠤ ᠪᠠ ᠲᠤᠬᠠᠢ ᠶᠢᠨ ᠬᠦᠮᠦᠨ ᠦᠪᠡᠷ ᠢᠶᠠᠨ ᠡᠵᠡᠨ ᠮᠡᠳᠡᠵᠦ ᠭᠤᠶᠤᠴᠢᠯᠠᠬᠤ ᠳᠤ ᠲᠦᠰᠢᠭᠯᠡᠬᠦ ᠠᠴᠠ ᠭᠠᠳᠠᠨ᠎ᠠ᠂  ᠡᠷᠡᠭᠦᠦ ᠰᠢᠢᠳᠬᠡᠯ ᠭᠦᠢᠴᠡᠳᠬᠡᠨ ᠬᠤᠷᠢᠭᠳᠠᠵᠤ ᠪᠠᠢᠭ᠎ᠠ᠂ ᠬᠤᠤᠷ ᠲᠠᠲᠠᠬᠤ ᠶᠢ ᠨᠢ ᠵᠤᠭᠰᠤᠭᠠᠬᠠᠬᠤ ᠪᠠᠷ ᠠᠯᠪᠠᠳᠠᠨ  ᠲᠤᠰᠠᠭᠠᠷᠯᠠᠵᠤ ᠪᠠᠶᠢᠭ᠎ᠠ ᠵᠡᠷᠭᠡ ᠪᠡᠶ᠎ᠡ ᠶᠢᠨ ᠡᠷᠬᠡ ᠴᠢᠯᠦᠭᠡ ᠶᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠬᠦᠮᠦᠰ ᠤᠨ ᠦᠷ᠎ᠡ ᠬᠡᠦᠬᠡᠳ ᠤᠨ ᠪᠠᠢᠳᠠᠯ ᠢ ᠴᠠᠭ ᠲᠤᠬᠠᠢ ᠳᠤ ᠨᠢ ᠡᠵᠡᠮᠰᠢᠬᠦ ᠳᠤ ᠮᠠᠰᠢ ᠬᠦᠴᠢᠷ ᠪᠠᠢᠵᠤ᠂ ᠨᠢᠭᠡ ᠬᠡᠰᠡᠭ ᠦᠨᠦᠴᠢᠨ ᠬᠡᠦᠬᠡᠳ ᠪᠠᠲᠤᠯᠠᠭ᠎ᠠ ᠶᠢᠨ ᠭᠠᠳᠠᠨ᠎ᠠ ᠤᠷᠬᠢᠭᠳᠠᠭᠰᠠᠨ ᠮᠠᠭᠠᠳ  ᠦᠭᠡᠢ ᠭᠡᠳᠡᠭ ᠢ ᠣᠯᠵᠤ ᠮᠡᠳᠡᠭᠰᠡᠨ ᠪᠠᠶᠢᠨ᠎ᠠ᠃ ᠬᠠᠦᠯᠢ ᠶᠤᠰᠤᠭᠠᠷ ᠲᠤᠬᠢᠲᠠᠢ ᠬᠠᠷᠠᠭᠠᠯᠵᠠᠨ ᠬᠠᠮᠠᠭᠠᠯᠠᠬᠤ ᠪᠠ ᠠᠪᠤᠷᠠᠨ ᠲᠤᠰᠠᠯᠠᠵᠤ᠂ ᠨᠠᠰᠤᠨ ᠳᠤ ᠦᠯᠦ ᠬᠦᠷᠦᠭᠰᠡᠳ ᠢ ᠬᠠᠪᠰᠤᠷᠴᠤ ᠬᠢᠨᠠᠨ ᠬᠠᠮᠠᠭᠠᠯᠠᠯᠲᠠ ᠳᠤᠲᠠᠭᠳᠠᠭᠰᠠᠨ ᠬᠦᠴᠢᠷᠳᠡᠯ ᠠᠴᠠ ᠠᠩᠭᠢᠵᠢᠷᠠᠭᠤᠯᠬᠤ  ᠵᠢᠨ ᠲᠦᠯᠦᠭᠡ᠂ ᠲᠤᠰ ᠬᠤᠷᠢᠶ᠎ᠡ  ᠲᠤᠲᠤᠭᠠᠳᠤ  ᠵᠢᠨ ᠬᠠᠮᠠᠭᠠᠯᠠᠬᠤ᠂ ᠠᠷᠠᠳ ᠤᠨ ᠶᠠᠪᠤᠳᠠᠯ᠂ ᠬᠠᠦᠯᠢ ᠴᠠᠭᠠᠵᠠ᠂ ᠨᠡᠢᠭᠡᠮ ᠲᠤᠭᠤᠷᠢᠭ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠲᠠᠢ ᠪᠠᠷ  ᠵᠤᠯᠭᠠᠯᠳᠤᠵᠤ᠂ ︽ ᠲᠤᠭᠠᠵᠢᠭᠤᠯᠤᠭᠰᠠᠨ ᠪᠠᠢᠴᠠᠭᠠᠯᠲᠠ ᠪᠠᠷ ᠦᠨᠦᠴᠢᠨ ᠬᠡᠦᠬᠡᠳ ᠢ ᠢᠯᠡᠷᠡᠭᠦᠯᠦᠭᠰᠡᠨ ︾ ᠢᠶᠠᠷ ᠰᠡᠳᠦᠪ ᠪᠤᠯᠠᠭᠠᠨ᠂ ᠬᠡᠷᠡᠭᠴᠡᠭᠡ ᠱᠠᠭᠠᠷᠳᠠᠯᠭ᠎ᠠ ᠶᠢᠨ ᠪᠠᠢᠴᠠᠭᠠᠨ ᠰᠤᠳᠤᠯᠤᠯᠲᠠ᠂ ᠲᠤᠭ᠎ᠠ ᠪᠠᠷᠢᠮᠲᠠ ᠶᠢᠨ ᠴᠤᠭᠯᠠᠷᠠᠯ᠂ ᠵᠠᠭᠪᠤᠷ ᠪᠠᠢᠭᠤᠯᠤᠨ ᠵᠠᠳᠠᠯᠤᠯᠲᠠ ᠬᠢᠬᠦ ᠶᠢ ᠦᠷᠨᠢᠭᠦᠯᠪᠡ᠃
        ︽ᠬᠢᠨᠠᠨ ᠬᠠᠮᠠᠭᠠᠯᠠᠯᠲᠠ ᠳᠤᠲᠠᠭᠳᠠᠵᠤ ᠪᠠᠢᠭ᠎ᠠ ᠲᠤᠮᠤ ᠳ᠋ᠠᠢᠲ᠋ᠠ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠯᠲᠠ ᠲᠠᠯᠪᠢᠬᠤ︾ ᠲᠤᠭᠠᠵᠢᠭᠤᠯᠤᠭᠰᠠᠨ ᠬᠡᠷᠡᠭᠯᠠᠭᠡᠨ ᠤ ᠵᠠᠭᠪᠤᠷ ᠨᠢ ᠬᠠᠷᠢᠶᠠᠲᠤ ᠤᠷᠤᠨ ᠤ ᠪᠠᠢᠩᠭᠤ ᠰᠠᠭᠤᠭ᠎ᠠ ᠬᠦᠮᠦᠨ ᠠᠮᠠ ᠶᠢᠨ ᠳᠤᠲᠤᠷᠠᠬᠢ ᠨᠠᠰᠤᠨ ᠳᠤ ᠦᠯᠦ ᠬᠦᠷᠦᠭᠰᠡᠳ ᠤᠨ ᠮᠡᠳᠡᠭᠡ ᠵᠠᠩᠬᠢ ᠶᠢ ᠲᠦᠪᠯᠡᠷᠡᠭᠦᠯᠵᠦ᠂ ᠡᠭᠦᠨ ᠤ ᠬᠠᠮᠲᠤ ᠡᠴᠢᠭᠡ ᠡᠬᠡ ᠵᠡᠷᠭᠡ ᠬᠢᠨᠠᠨ ᠬᠠᠮᠠᠭᠠᠯᠠᠭᠴᠢ ᠶᠢᠨ ᠮᠡᠳᠡᠭᠡ ᠵᠠᠩᠬᠢ ᠲᠠᠢ ᠬᠤᠯᠪᠤᠭᠳᠠᠭᠤᠯᠤᠨ᠂ ᠨᠠᠰᠤᠨ ᠳᠤ ᠦᠯᠦ ᠬᠦᠷᠦᠭᠰᠡᠳ ᠵᠢᠴᠢ ᠲᠡᠭᠦᠨ ᠤ ᠡᠴᠢᠭᠡ ᠡᠬᠡ  ᠵᠢᠨ ᠮᠡᠳᠡᠭᠡ ᠵᠠᠩᠬᠢ ᠶᠢᠨ ᠲᠤᠭ᠎ᠠ ᠪᠠᠷᠢᠮᠲᠠ ᠶᠢᠨ ᠪᠦᠬᠦ ᠲᠤᠭᠠᠨ ᠤ ᠰᠠᠭᠤᠷᠢ ᠬᠦᠮᠦᠷᠭᠡ ᠶᠢ ᠪᠠᠢᠭᠤᠯᠵᠠᠢ᠃ ᠡᠭᠦᠨ  ᠤ ᠳᠠᠷᠠᠭ᠎ᠠ ᠡᠯ᠎ᠡ ᠲᠤᠭ᠎ᠠ ᠪᠠᠷᠢᠮᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠤᠯᠠᠨ ᠤᠳᠠᠭ᠎ᠠ ᠵᠤᠯᠭᠠᠭᠤᠯᠵᠤ᠂ ᠲᠤᠭ᠎ᠠ ᠪᠠᠷᠢᠮᠲᠠ ᠶᠢ ᠬᠠᠮᠲᠤᠪᠠᠷ ᠡᠳᠡᠯᠬᠦ ᠵᠠᠮ ᠢ ᠨᠡᠪᠲᠡᠷᠡᠭᠦᠯᠵᠦ᠂ ᠪᠦᠬᠦ ᠬᠡᠮᠵᠢᠶᠡᠨ ᠤ ᠰᠠᠭᠤᠷᠢ ᠬᠦᠮᠦᠷᠭᠡ ᠶᠢ ︽ᠠᠯᠪᠠᠳᠠᠯᠭ᠎ᠠ ᠪᠠᠷ ᠲᠤᠰᠠᠭᠠᠷᠯᠠᠵᠤ ᠬᠤᠤᠷ  ᠲᠠᠲᠠᠬᠤ ᠶᠢ ᠨᠢ ᠵᠤᠭᠰᠤᠭᠠᠬᠤ︾᠂ ︽ᠡᠷᠡᠭᠦᠦ  ᠰᠢᠢᠳᠬᠡᠯ ᠭᠦᠢᠴᠡᠳᠭᠡᠬᠦ ︾᠂ ︽ᠬᠦᠨᠳᠦ ᠵᠡᠮᠳᠡᠭ  ︾᠂ ︽ᠦᠬᠦᠬᠦ ︾᠂ ︽ᠪᠠᠷᠢᠪᠴᠢᠯᠠᠬᠤ︾ ᠵᠡᠷᠭᠡ ᠲᠠᠪᠤᠨ ᠶᠡᠭᠡ ᠳ᠋ᠠᠢᠲ᠋ᠠ ᠶᠢᠨ ᠬᠦᠮᠦᠷᠭᠡ ᠶᠢ ᠠᠦ᠋ᠲ᠋ᠤ᠋ ᠪᠠᠷ ᠬᠠᠷᠢᠴᠠᠭᠤᠯᠤᠨ  ᠬᠠᠷᠭᠤᠭᠤᠯᠵᠤ᠂ ᠡᠭᠦᠨ ᠤ ᠤᠯᠠᠮ ᠪᠠᠷ ᠠᠰᠠᠷᠠᠬᠤ ᠬᠠᠮᠠᠭᠠᠯᠠᠯᠲᠠ ᠪᠠᠨ ᠠᠯᠳᠠᠭᠰᠠᠨ ᠪᠤᠶᠤ ᠬᠢᠨᠠᠨ ᠬᠠᠮᠢᠶᠠᠷᠬᠤ ᠬᠦᠮᠦᠨ ᠦᠭᠡᠢ ᠬᠡᠦᠬᠡᠳ ᠤᠨ ᠰᠦᠪᠡᠭᠴᠢ ᠶᠢ ᠨᠠᠷᠢᠯᠢᠭ ᠤᠨᠤᠪᠴᠢᠲᠠᠢ ᠪᠠᠷ ᠢᠯᠡᠷᠡᠭᠦᠯᠪᠡ᠃ ᠰᠤᠳᠤᠯᠤᠨ ᠮᠠᠭᠠᠳᠯᠠᠭᠰᠠᠨ ᠮᠡᠳᠡᠭᠦᠯᠦᠯᠲᠡ ᠶᠢ ᠭᠠᠷᠭᠠᠬᠤ ᠪᠠᠷ ᠳᠠᠮᠵᠢᠨ᠂ ᠰᠤᠳᠤᠯᠤᠨ ᠮᠠᠭᠠᠳᠯᠠᠭᠰᠠᠨ ᠮᠡᠳᠡᠭᠦᠯᠦᠯᠲᠡ ᠶᠢ ᠲᠤᠬᠠᠢ ᠶᠢᠨ ᠭᠠᠵᠠᠷ ᠲᠤᠨᠢ ᠬᠠᠷᠠᠭᠤᠯᠤᠨ ᠪᠠᠢᠴᠠᠭᠠᠵᠤ᠂ ᠡᠭᠦᠨ ᠤ ᠳᠤᠲᠤᠷᠠᠬᠢ ᠳᠤᠯᠤᠭᠠᠨ ᠬᠡᠦᠬᠡᠳ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠤᠭᠠᠳᠤᠢ ᠪᠠᠢᠬᠤ ᠶᠢ ᠤᠯᠵᠤ ᠮᠡᠳᠡᠪᠡ᠃ ᠨᠠᠰᠤᠨ ᠳᠤ ᠦᠯᠦ ᠬᠦᠷᠦᠭᠰᠡᠳ ᠤᠨ ᠨᠡᠢᠭᠡᠮ ᠤᠨ ᠵᠠᠰᠠᠯᠲᠠ ᠶᠢ ᠠᠬᠢᠭᠤᠯᠵᠤ᠂ ᠡᠭᠦᠷᠭᠡ ᠴᠢᠳᠠᠪᠦᠷᠢᠲᠦ ᠰᠠᠯᠠᠭ᠎ᠠ ᠮᠦᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠳᠤ ᠬᠢᠨᠠᠯᠲᠠ ᠲᠠᠯᠪᠢᠬᠤ ᠤᠶᠤᠨ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠲᠤᠰ ᠬᠤᠷᠢᠶ᠎ᠡ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢ ᠰᠢᠪᠡᠳᠡᠵᠦ ᠪᠠᠢᠭᠠᠳ ᠡᠨᠡᠬᠦ ᠳᠤᠯᠤᠭᠠᠨ ᠬᠡᠦᠬᠡᠳ ᠢ ᠪᠦᠬᠦᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠵᠤ᠂  ᠬᠠᠮᠢᠶ᠎ᠡ ᠪᠦᠬᠦᠢ ᠡᠷᠬᠡ ᠲᠤᠰᠢᠶᠠᠯᠲᠤ ᠰᠠᠯᠠᠭ᠎ᠠ ᠮᠦᠴᠢᠷ ᠲᠠᠢ ᠬᠤᠯᠪᠤᠭᠠᠯᠠᠨ ᠲᠡᠭᠦᠨ ᠳᠤ ᠬᠢᠨᠠᠨ ᠬᠠᠮᠠᠭᠠᠯᠠᠭᠴᠢ ᠵᠢᠭᠠᠨ ᠲᠤᠭᠲᠠᠭᠠᠵᠠᠢ᠃ ᠡᠭᠦᠨ ᠤ ᠬᠠᠮᠲᠤ ᠳᠦᠷᠪᠡᠨ ᠶᠡᠭᠡ ᠪᠠᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠶᠡᠷᠦᠩᠬᠡᠢᠯᠡᠨ ᠭᠦᠢᠴᠡᠳᠭᠡᠬᠦ ᠡᠭᠦᠷᠭᠡ ᠴᠢᠳᠠᠪᠦᠷᠢ ᠲᠠᠢ ᠤᠶᠠᠯᠳᠤᠭᠤᠯᠤᠨ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠨᠠᠰᠤᠨ ᠳᠤ ᠦᠯᠦ ᠬᠦᠷᠦᠭᠰᠡᠳ ᠤᠨ ᠬᠤᠤᠷᠯᠠᠭᠳᠠᠭᠴᠢ ᠶᠢᠨ ᠢᠷᠭᠡᠨ ᠤ ᠬᠡᠷᠡᠭ ᠤᠨ ᠤᠶᠤᠨ ᠰᠠᠨᠠᠭᠠᠨ ᠤ ᠬᠤᠬᠢᠷᠠᠯ ᠤᠨ ᠲᠦᠯᠦᠪᠦᠷᠢ ᠶᠢ ᠳᠡᠮᠵᠢᠵᠦ ᠵᠠᠭᠠᠯᠳᠤᠭᠰᠠᠨ 3 ᠬᠡᠷᠡᠭ ᠂ ᠬᠠᠦᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ4 ᠬᠡᠷᠡᠭ ᠢ ᠰᠢᠢᠳᠪᠦᠷᠢᠯᠡᠵᠦ᠂ ᠬᠢᠨᠠᠨ ᠬᠠᠮᠠᠭᠠᠯᠠᠯᠲᠠ ᠳᠤᠲᠠᠭᠲᠠᠵᠤ ᠪᠠᠢᠭ᠎ᠠ ᠭᠡᠷ ᠪᠦᠯᠢ ᠪᠠ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠯᠦ ᠬᠦᠢᠴᠡᠳᠬᠡᠭᠰᠡᠨ 9 ᠭᠡᠷ ᠪᠦᠯᠢ ᠳᠤ  ᠬᠢᠨᠠᠨ ᠬᠠᠮᠠᠭᠠᠯᠠᠯᠲᠠ ᠶᠢ ᠰᠢᠪᠠᠳᠠᠬᠤ ᠵᠠᠷᠯᠢᠭ ᠪᠠᠭᠤᠯᠭᠠᠵᠤ᠂ ᠨᠡᠢᠲᠡ ᠶᠢᠨ  ᠠᠰᠢᠭᠲᠤ ᠵᠠᠷᠭᠤ ᠶᠢᠨ ᠬᠡᠷᠡᠭ ᠢ ᠰᠢᠢᠳᠪᠦᠷᠢᠯᠡᠬᠦ ᠶᠢᠨ ᠬᠠᠮᠲᠤ ᠬᠤᠯᠪᠤᠭᠳᠠᠯ ᠪᠦᠬᠦᠢ ᠡᠭᠦᠷᠭᠡ ᠴᠢᠳᠠᠪᠦᠷᠢᠲᠦ ᠰᠠᠯᠠᠭ᠎ᠠ ᠮᠦᠴᠢᠷ ᠲᠤ 4 ᠬᠤᠪᠢ ᠪᠠᠢᠴᠠᠭᠠᠬᠤ ᠰᠠᠨᠠᠭᠤᠯᠭ᠎ᠠ ᠶᠢ ᠦᠢᠯᠡᠳᠦᠨ ᠲᠠᠷᠬᠠᠭᠠᠵᠤ᠂ ᠨᠡᠢᠭᠡᠮ ᠤᠨ ᠵᠠᠰᠠᠯᠲᠠ ᠶᠢᠨ ᠲᠦᠷᠦᠯ ᠤᠨ ᠪᠠᠢᠴᠠᠭᠠᠬᠤ ᠰᠠᠨᠠᠭᠤᠯᠭ᠎ᠠ ᠶᠢ 5 ᠬᠤᠪᠢ ᠦᠢᠯᠡᠳᠦᠨ ᠲᠠᠷᠬᠠᠭᠠᠪᠠ᠃
        ᠳᠠᠷᠠᠭᠠᠴᠢ ᠶᠢᠨ ᠠᠯᠬᠤᠮ ᠳᠤ᠂ ᠲᠤᠰ ᠬᠤᠷᠢᠶ᠎ᠡ ᠨᠢ ᠰᠢᠭᠦᠬᠦ ᠬᠤᠷᠢᠶ᠎ᠡ᠂ ᠳᠤᠲᠤᠭᠠᠲᠤ ᠶᠢ ᠬᠠᠮᠠᠭᠠᠯᠠᠬᠤ ᠲᠤᠪᠴᠢᠶ᠎ᠡ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠲᠠᠢ ᠵᠦᠪᠳᠡᠯᠴᠡᠬᠦ ᠪᠠᠨ ᠦᠷᠬᠦᠯᠵᠢᠯᠡᠨ ᠴᠢᠩᠭᠠᠳᠬᠠᠵᠤ᠂ ᠠᠰᠠᠷᠠᠨ ᠲᠡᠵᠢᠭᠡᠬᠦ ᠬᠦᠮᠦᠨ ᠦᠭᠡᠢ ᠬᠡᠦᠬᠡᠳ ᠢ ᠪᠠᠲᠤᠯᠠᠬᠤ ᠠᠵᠢᠯ ᠢ ᠴᠢᠩᠭᠤᠬᠠᠵᠤ ᠬᠠᠮᠵᠢᠯᠴᠠᠬᠤ ᠲᠤᠭᠳᠠᠴᠠ ᠶᠢ ᠨᠡᠢᠲᠡᠯᠡᠵᠦ᠂ ᠰᠠᠯᠠᠭ᠎ᠠ ᠮᠦᠴᠢᠷ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠮᠡᠳᠡᠭᠡ ᠵᠠᠩᠬᠢ ᠶᠢ ᠬᠠᠮᠲᠤ ᠪᠠᠷ ᠡᠳᠡᠯᠬᠦ ᠶᠢ ᠨᠡᠪᠲᠡᠷᠡᠭᠦᠯᠵᠦ᠂ ᠪᠢᠲᠡᠭᠦᠦ ᠬᠠᠮᠢᠶᠠᠷᠤᠯᠲᠠ ᠶᠢ ᠨᠠᠢᠲᠠᠪᠤᠷᠢᠵᠢᠭᠤᠯᠬᠤ ᠪᠠᠷ ᠳᠠᠮᠵᠢᠭᠤᠯᠤᠨ᠂ ︽ ᠪᠤᠳᠠᠲᠠᠢ ᠳᠤ ᠤᠷᠤᠰᠢᠵᠤ ᠪᠠᠶᠢᠭ᠎ᠠ ᠦᠨᠦᠴᠢᠨ ᠬᠡᠦᠬᠡᠳ︾ ᠢ ᠠᠪᠤᠷᠠᠨ ᠲᠤᠰᠠᠯᠠᠬᠤ ᠪᠠᠲᠤᠯᠠᠭ᠎ᠠ ᠶᠢ ︽ᠨᠢᠭᠡ ᠶᠢ ᠴᠦ ᠤᠷᠭᠢᠭᠳᠠᠭᠤᠯᠬᠤ ᠦᠭᠡᠢ︾᠂ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠶᠢ ︽ᠨᠢᠭᠡ ᠡᠳᠦᠷ ᠴᠦ ᠵᠦᠷᠢᠭᠦᠯᠬᠦ ᠦᠭᠡᠢ︾ ᠪᠠᠷ ᠴᠢᠷᠮᠠᠢᠨ ᠪᠡᠶᠡᠯᠡᠭᠦᠯᠵᠦ᠂ ᠬᠠᠦᠯᠢ ᠴᠠᠭᠠᠵᠠ ᠶᠢᠨ ᠬᠠᠢᠷ᠎ᠠ ᠬᠠᠯᠠᠮᠵᠢ ᠪᠠᠷ ︽ᠦᠨᠦᠴᠢᠨ ᠬᠡᠦᠬᠡᠳ︾ ᠢ ᠬᠠᠮᠠᠭᠠᠯᠠᠨ ᠬᠦᠴᠢᠷᠳᠡᠯ ᠠᠴᠠ ᠠᠩᠭᠢᠵᠢᠷᠠᠭᠤᠯᠵᠤ᠂ ᠭᠠᠭᠴᠠᠭᠠᠷᠳᠠᠭᠤᠯᠬᠤ ᠦᠭᠡᠢ ᠪᠣᠯᠭᠠᠨ᠎ᠠ᠃

 

ᠢᠷᠡᠯᠲᠡ
ᠲᠦᠩᠯᠢᠶᠤᠤ ᠬᠣᠲᠠ ᠵᠢᠨ ᠵᠠᠷᠤᠳ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro