ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠴᠤᠸᠠᠨ ᠰᠢᠶᠠᠨ ᠤ ᠠᠷᠠᠳ ᠤᠨ ᠪᠠᠶᠢᠴᠠᠭᠠᠬᠤ ᠬᠣᠷᠢᠶ᠎ᠠ ︽ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠡᠬᠢᠵᠢᠭᠦᠯᠦᠶ᠎ᠡ ︾ ᠭᠡᠬᠦ ᠭᠣᠸᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ 

2023-09-28 11:05:06
ᠵᠣᠬᠢᠶᠠᠭᠴᠢ
ᠶᠤᠸᠠᠨ ᡁᠢ ᠪᠦᠧᠧ

 

ᠨᠠᠮ ᠤᠨ ᠬᠣᠷᠢᠳᠤᠭᠠᠷ ᠶᠡᠬᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ  ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ  ᠤ ᠠᠵᠢᠯ   ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠥᠬᠥ ᠲᠠᠯ᠎ᠠ ᠪᠠᠷ  ᠨᠠᠶᠢᠳᠠᠪᠤᠷᠢᠵᠢᠭᠤᠯᠵᠦ᠂ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ  ᠢ ᠳᠡᠯᠭᠡᠷᠡᠭᠦᠯᠬᠦ ᠡᠷᠴᠢᠮ  ᠢ ᠴᠢᠩᠭᠠᠳᠬᠠᠬᠤ ᠶᠢᠨ ᠲᠥᠯᠦᠭᠡ᠂ 9 ᠳ᠋ᠦ᠋ᠭᠡᠷ ᠰᠠᠷ᠎ᠠ ᠶᠢᠨ 14 ᠦ ᠡᠳᠦᠷ ᠂ ᠦᠴᠤᠸᠠᠨ ᠰᠢᠶᠠᠨ ᠤ ᠪᠠᠶᠢᠴᠠᠭᠠᠬᠤ ᠬᠣᠷᠢᠶ᠎ᠠ  ᠰᠢᠨ᠎ᠡ ᠶᠢᠷᠲᠢᠨᠴᠦ ᠠᠭᠤᠳᠠᠮ ᠲᠠᠯᠠᠪᠠᠶ ᠳᠤ ︽ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠡᠬᠢᠵᠢᠭᠦᠯᠦᠶ᠎ᠡ ︾ ᠭᠡᠬᠦ ᠭᠣᠸᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ ᠃

ᠠᠵᠢᠯᠯᠠᠭ᠎ᠠ ᠶᠢᠨ ᠳᠤᠮᠳᠠ ᠂ ᠪᠠᠶᠢᠴᠠᠭᠠᠬᠤ  ᠠᠵᠢᠯᠲᠠᠳ ᠣᠯᠠᠨ ᠲᠦᠮᠡᠨ ᠳᠦ ︽ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ︿ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠦᠨ ᠬᠠᠸᠯᠢ ﹀ ᠶᠢ ᠬᠡᠷᠡᠭᠵᠢᠭᠦᠯᠬᠦ ᠠᠷᠭ᠎ᠠ ︾ ︽︿ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠥ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ ﹀ ᠤᠨ ᠲᠠᠶᠢᠯᠤᠮᠵᠢ ︾ ᠵᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ ᠃ ᠡᠭᠦᠨ ᠦ ᠬᠠᠮᠲᠤ ᠲᠤᠰ ᠠᠷᠭ᠎ᠠ  ᠪᠠ ᠲᠦᠷᠢᠮ ᠢ ᠢᠳᠡᠪᠬᠢᠲᠡᠶ ᠲᠠᠶᠢᠯᠪᠤᠷᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠲᠤᠬᠠᠢ ᠲᠠᠶᠢᠯᠪᠤᠷᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠶᠢᠨ ᠠᠴᠢ ᠬᠣᠯᠪᠣᠭᠳᠠᠯ ᠢ ᠤᠯᠠᠨ ᠳᠤ ᠨᠡᠩ ᠭᠦᠨᠵᠡᠭᠡᠶ ᠣᠶᠢᠯᠠᠭᠠᠭᠤᠯᠵᠤ᠂ ᠡᠳᠦᠷ ᠲᠤᠳᠤᠮ ᠤᠨ ᠠᠮᠢᠳᠤᠷᠠᠯ ᠤᠨ ᠳᠤᠮᠳᠠ ᠨᠡᠶᠢᠳᠡᠮ ᠬᠡᠷᠡᠭᠯᠡᠬᠦ ᠦᠭᠡ ᠬᠡᠯᠡ ᠪᠡᠷ ᠶᠠᠷᠢᠬᠤ ᠳᠠᠳᠬᠠᠯ ᠲᠠᠶ ᠪᠣᠯᠬᠤ ᠶᠢ ᠰᠠᠨᠠᠭᠠᠴᠢᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠡᠵᠡᠮᠰᠢᠬᠦ ᠶᠢᠨ ᠴᠢᠬᠤᠯᠠ ᠴᠢᠨᠠᠷ ᠤᠨ ᠲᠤᠬᠠᠶ ᠤᠯᠠᠨ ᠤ ᠲᠠᠨᠢᠯᠲᠠ ᠶᠢ ᠬᠥᠲᠥᠯᠥᠨ ᠵᠢᠯᠣᠭᠣᠳᠴᠤ᠂ ᠦᠨᠳᠦᠰᠦᠲᠡᠨ ᠨᠦᠭᠦᠳ ᠦᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠬᠤ ᠬᠡᠷᠡᠭᠲᠡᠶ ᠭᠡᠵᠦ ᠰᠤᠷᠲᠠᠯᠴᠢᠯᠠᠵᠠᠢ᠃

ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠤᠯᠠᠨ ᠲᠦᠮᠡᠨ ᠦ ᠨᠡᠶᠢᠳᠡᠮ ᠬᠡᠷᠡᠭᠯᠡᠬᠦ ᠦᠭᠡ ᠬᠡᠯᠡ ᠶᠢ ᠰᠤᠷᠤᠯᠴᠠᠬᠤ ᠪᠠ ᠬᠡᠷᠡᠭᠯᠡᠬᠦ ᠢᠳᠡᠪᠬᠢᠵᠢᠯ ᠢ ᠳᠠᠶᠢᠴᠢᠯᠠᠵᠦ᠂ ᠨᠠᠮ ᠪᠠ ᠤᠯᠤᠰ ᠤᠨ ᠦᠨᠳᠦᠰᠦᠲᠡᠨ ᠦ ᠲᠦᠷᠦ ᠶᠢᠨ ᠪᠤᠳᠤᠯᠭ᠎ᠠ ᠶᠢᠨ ᠲᠤᠬᠠᠶ ᠤᠯᠠᠨ ᠲᠦᠮᠡᠨ ᠦ ᠣᠶᠢᠯᠠᠭᠠᠯᠲᠠ ᠶᠢ ᠴᠢᠩᠭᠠᠳᠬᠠᠵᠠᠶ᠃ ᠬᠣᠶᠢᠰᠢᠳᠠ᠂ ᠦᠴᠤᠸᠠᠨ ᠰᠢᠶᠠᠨ ᠤ ᠪᠠᠶᠢᠴᠠᠭᠠᠬᠤ ᠬᠣᠷᠢᠢ᠎ᠠ ᠤᠯᠠᠨ ᠬᠠᠷᠠᠭᠠᠰᠤ  ᠠᠴᠠ᠂ ᠪᠠᠶᠢᠩᠭᠤ ᠶᠢᠨ ᠴᠢᠨᠠᠷᠲᠠᠢ  ᠠᠵᠢᠯᠯᠠᠭ᠎ᠠ ᠶᠢ ᠨᠡᠩ ᠥᠷᠭᠡᠨ ᠳᠡᠯᠭᠡᠷᠡᠩᠭᠦᠢ ᠪᠡᠷ ᠥᠷᠨᠢᠭᠦᠯᠵᠦ᠂ ︽ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠭ᠎ᠠ ᠬᠥᠮᠦᠵᠢᠯ ᠦᠨ ᠠᠵᠢᠯ  ᠢ  ᠣᠯᠠᠨ  ᠬᠡᠯᠪᠡᠷᠢ  ᠪᠡᠷ᠂ ᠭᠦᠨᠵᠡᠭᠡᠢ᠂ ᠪᠦᠲᠦᠮᠵᠢᠲᠡᠢ ᠥᠷᠨᠢᠭᠦᠯᠬᠦ  ᠶᠢ ᠦᠷᠭᠦᠯᠵᠢᠯᠡᠨ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃

 

 

ᠢᠷᠡᠯᠲᠡ
ᠬᠦᠬᠡᠬᠤᠲᠠ ᠵᠢᠨ ᠦᠴᠤᠸᠠᠨ ᠰᠢᠶᠠᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro