ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠣᠲᠣᠭ ᠤᠨ ᠡᠮᠦᠨᠡᠲᠦ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ 《 ᠭᠤᠷᠪᠠ ᠶᠢ ᠪᠠᠷᠢᠮᠲᠠᠯᠠᠬᠤ 》ᠪᠠᠷ ᠬᠠᠤᠯᠢ ᠲᠦᠭᠡᠮᠡᠯᠵᠢᠭᠦᠯᠬᠦ ᠴᠢᠨᠠᠷ ᠪᠦᠲᠦᠮᠵᠢ ᠶᠢ ᠳᠡᠭᠡᠭᠰᠢᠯᠡᠭᠦᠯᠪᠡ

2023-10-12 17:29:42
ᠵᠣᠬᠢᠶᠠᠭᠴᠢ
ᠤᠷᠳᠤᠰ ᠬᠣᠲᠠ ᠵᠢᠨ ᠣᠲᠣᠭ ᠤᠨ ᠡᠮᠦᠨᠡᠲᠦ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ 

 

2023 ᠣᠨ ᠠᠴᠠ ᠨᠠᠭᠠᠰᠢ ᠣᠲᠣᠭ ᠤᠨ ᠡᠮᠦᠨᠡᠲᠦ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠳᠤᠮᠳᠠᠳᠤ ᠤᠯᠤᠰ ᠤᠨ ᠣᠨᠴᠠᠯᠢᠭ ᠪᠥᠬᠥᠶ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠲᠣᠭᠣᠷᠢᠨ ᠳᠤ ᠂ 《 ᠨᠠᠶᠮᠠᠳᠤᠭᠠᠷ ᠲᠠᠪᠤᠨ ᠵᠢᠯ 》  ᠤᠨ ᠬᠠᠤᠯᠢ ᠲᠦᠭᠡᠮᠡᠯᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠬᠠᠤᠯᠢ ᠪᠠᠷ ᠵᠠᠰᠠᠬᠤ ᠤᠨᠤᠯᠵᠢᠬᠤᠨ ᠢ ᠪᠣᠶ ᠪᠣᠯᠭᠠᠨ᠂ ᠬᠠᠤᠯᠢ ᠲᠦᠭᠡᠮᠡᠯᠵᠢᠭᠦᠯᠬᠦ ᠬᠡᠪᠴᠢᠶ᠎ᠡ ᠶᠢ ᠬᠡᠷᠬᠢᠨ ᠥᠷᠭᠡᠳᠬᠡᠬᠦ ᠂ ᠬᠠᠤᠯᠢ ᠲᠦᠭᠡᠮᠡᠯᠵᠢᠭᠦᠯᠬᠦ ᠢ ᠬᠡᠷᠬᠢᠨ  ᠭᠦᠨᠵᠡᠭᠡᠢᠷᠡᠭᠦᠯᠬᠦ ᠂ ᠬᠠᠤᠯᠢ ᠲᠦᠭᠡᠮᠡᠯᠵᠢᠭᠦᠯᠬᠦ ᠬᠡᠯᠪᠡᠷᠢ ᠶᠢᠨ ᠲᠠᠰᠤᠷᠠᠯᠲᠠ ᠥᠬᠡᠶ ᠰᠢᠨ᠎ᠡ ᠶᠢ ᠡᠭᠦᠳᠬᠦ ᠶᠢ ᠢᠳᠡᠪᠬᠢᠲᠡᠶ ᠪᠣᠳᠣᠯᠬᠢᠯᠠᠵᠤ ᠂ 《 ᠭᠤᠷᠪᠠ ᠶᠢ ᠪᠠᠷᠢᠮᠲᠠᠯᠠᠬᠤ 》  ᠪᠠᠷ 《 ᠨᠠᠶᠮᠠᠳᠤᠭᠠᠷ ᠲᠠᠪᠤᠨ ᠵᠢᠯ 》  ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ 

ᠤᠬᠠᠭᠤᠯᠭ᠎ᠠ ᠶᠢᠨ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠪᠠᠶᠢᠴᠠᠭᠠᠬᠤ ᠠᠵᠢᠯ ᠤᠨ ᠰᠢᠨ᠎ᠡ ᠳᠦᠷᠢ ᠲᠥᠷᠬᠦ ᠶᠢ ᠢᠯᠡᠷᠡᠭᠦᠯᠪᠡ᠃ ᠣᠲᠣᠭ ᠤᠨ ᠡᠮᠦᠨᠡᠲᠦ ᠬᠣᠰᠢᠭᠤᠨ ᠤ ᠪᠠᠶᠢᠴᠠᠭᠠᠬᠤ ᠬᠣᠷᠢᠶ᠎ᠠ 《 ᠰᠣᠨᠢᠨ ᠂ ᠰᠦᠯᠵᠢᠶ᠎ᠡ ᠂ ᠸᠢᠴᠠᠲ ᠂ ᠳᠡᠯᠭᠡᠴᠡ 》 ᠵᠡᠷᠭᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠂ ᠨᠡᠶᠢᠲᠡ ᠶᠢᠨ ᠠᠰᠢᠭᠲᠤ ᠵᠠᠷᠭᠤ ᠂ ᠨᠠᠰᠤᠨ ᠳᠤ ᠦᠯᠦ ᠬᠦᠷᠦᠭᠰᠡᠳ ᠦᠨ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯ᠂ ᠦᠨᠳᠦᠰᠦᠨ ᠬᠠᠤᠯᠢ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠣᠬᠣᠷ ᠹᠢᠯᠢᠮ ᠢ ᠨᠠᠷᠢᠯᠢᠭ ᠦᠶᠯᠡᠳᠴᠦ ᠂ ᠸᠢᠴᠠᠲ ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠬᠠᠤᠯᠢ ᠪᠠᠷ ᠵᠠᠰᠠᠬᠤ ᠤᠬᠠᠭᠤᠯᠭ᠎ᠠ ᠶᠢ ᠪᠦᠷᠢᠨ ᠪᠥᠷᠬᠥᠭᠦᠯᠬᠦ ᠠᠵᠢᠯ ᠢ ᠪᠥᠬᠥ ᠲᠠᠯ᠎ᠠ ᠪᠠᠷ ᠥᠷᠨᠢᠭᠦᠯᠵᠦ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ 《 ᠢᠨᠲ᠋ᠸᠷ ᠰᠦᠯᠵᠢᠶ᠎ᠡ + 》 ᠵᠠᠭᠪᠤᠷ ᠢ ᠡᠬᠢᠯᠡᠭᠦᠯᠪᠡ᠃ ᠵᠢᠷᠭᠢᠢ᠎ᠡ ᠶᠢᠨ ᠤᠯᠠᠨ ᠨᠡᠶᠢᠲᠡ ᠶᠢᠨ ᠳ᠋ᠤᠭᠠᠷ ᠂ ᠵᠢᠷᠭᠢᠢ᠎ᠡ ᠶᠢᠨ ᠬᠣᠯᠪᠣᠭ᠎ᠠ ᠵᠡᠷᠭᠡ ᠪᠡᠷ ᠳᠠᠮᠵᠢᠭᠤᠯᠤᠨ ᠂ ᠢᠷᠭᠡᠨ ᠦ ᠬᠠᠤᠯᠢ ᠶᠢᠨ ᠪᠢᠴᠢᠭ ᠦᠨ ᠤᠬᠠᠭᠤᠯᠭ᠎ᠠ ᠶᠢᠨ ᠰᠠᠷ᠎ᠠ ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠦᠨ ᠰᠠᠷ᠎ᠠ ᠂ ᠦᠨᠳᠦᠰᠦᠲᠡᠨ ᠦ ᠪᠦᠯᠬᠦᠮᠳᠡᠯ ᠲᠠᠪᠰᠢᠯᠳᠠ ᠶᠢᠨ ᠰᠠᠷ᠎ᠠ ᠂ ᠰᠦᠯᠵᠢᠶᠡᠨ ᠦ ᠠᠮᠤᠷ ᠲᠦᠪᠰᠢᠨ ᠦ ᠤᠬᠠᠭᠤᠯᠭ᠎ᠠ ᠶᠢᠨ ᠭᠠᠷᠠᠭ ᠵᠡᠷᠭᠡ ᠳᠦ ᠲᠦᠰᠢᠭᠯᠡᠨ ᠢᠷᠭᠡᠨ ᠦ ᠬᠠᠤᠯᠢ ᠶᠢᠨ ᠪᠢᠴᠢᠭ ᠂ ᠨᠢᠭᠤᠴᠠ ᠶᠢ ᠬᠠᠮᠠᠭᠠᠯᠠᠬᠤ ᠮᠡᠳᠡᠯᠭᠡ ᠂ ᠮᠡᠬᠡᠯᠡᠯ ᠢ ᠡᠰᠡᠷᠭᠦᠴᠡᠬᠦ ᠵᠡᠷᠭᠡ ᠲᠤᠰᠬᠠᠢ ᠰᠡᠳᠦᠪᠲᠦ ᠵᠣᠬᠢᠶᠠᠯ ᠢ ᠦᠷᠭᠦᠯᠵᠢᠯᠡᠨ ᠬᠦᠷᠭᠡᠬᠦ ᠶᠢᠨ ᠬᠠᠮᠲᠤ ᠤᠯᠠᠨ ᠢ ᠤᠷᠢᠶᠠᠯᠠᠨ ᠬᠠᠥᠯᠢ ᠪᠠᠷ ᠵᠠᠰᠠᠬᠤ ᠮᠡᠳᠡᠯᠭᠡ ᠶᠢ ᠬᠤᠪᠢᠶᠠᠯᠴᠠᠨ ᠳᠠᠮᠵᠢᠭᠤᠯᠵᠤ ᠂ ᠴᠠᠭ ᠢᠮᠠᠭᠲᠠ ᠭᠠᠵᠠᠷ ᠪᠣᠯᠭᠠᠨ ᠳᠤ ᠰᠤᠷᠤᠯᠴᠠᠬᠤ ᠶᠢ ᠪᠡᠶᠡᠯᠡᠭᠦᠯᠪᠡ᠃ 

ᠬᠠᠤᠯᠢ ᠲᠦᠭᠡᠮᠡᠯᠵᠢᠭᠦᠯᠬᠦ ᠪᠣᠯᠣᠨ ᠡᠯ᠎ᠡ ᠲᠥᠷᠥᠯ ᠦᠨ ᠲᠤᠰᠬᠠᠶ ᠠᠵᠢᠯᠯᠠᠭ᠎ᠠ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ ᠬᠠᠤᠯᠢ ᠲᠦᠭᠡᠮᠡᠯᠵᠢᠭᠦᠯᠬᠦ ᠠᠭᠤᠯᠭ᠎ᠠ ᠪᠣᠯᠤᠨ ᠣᠯᠠᠨ ᠲᠦᠮᠡᠨ ᠦ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ  ᠲᠠᠢ ᠬᠠᠷᠠᠭᠠᠯᠵᠠᠭᠤᠯᠬᠤ ᠶᠢ ᠪᠡᠶᠡᠯᠡᠭᠦᠯᠵᠦ ᠂ ᠴᠠᠭ ᠲᠤᠬᠠᠶ ᠳᠤᠨᠢ ᠬᠠᠤᠯᠢ ᠲᠦᠭᠡᠮᠡᠯᠵᠢᠭᠦᠯᠬᠦ ᠂ ᠣᠨᠣᠪᠴᠢᠲᠠᠶ ᠪᠠᠷ ᠬᠠᠤᠯᠢ ᠲᠦᠭᠡᠮᠡᠯᠵᠢᠭᠦᠯᠬᠦ ᠳᠡᠭᠡᠷ᠎ᠡ ᠬᠦᠴᠦ  ᠲᠠᠯᠪᠢᠪᠠ᠃ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠡᠶ ᠨᠢᠭᠲᠠ ᠤᠶᠠᠯᠳᠤᠭᠤᠯᠤᠨ 《 3.8 》 ᠡᠮᠡᠭᠲᠡᠶᠢᠴᠦᠳ ᠦᠨ ᠪᠠᠶᠠᠷ ᠤᠨ ᠡᠳᠦᠷ ᠡᠮᠡᠭᠲᠡᠶᠢᠴᠦᠳ ᠬᠡᠦᠬᠡᠳ ᠦᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠬᠢᠵᠦ ᠂ 《 4.15 》 ᠪᠦᠬᠦ ᠠᠷᠠᠳ ᠤᠨ ᠤᠯᠤᠰ ᠤᠨ ᠠᠮᠤᠷ ᠲᠦᠪᠰᠢᠨ ᠦ ᠬᠥᠮᠦᠵᠢᠯ ᠦᠨ ᠡᠳᠦᠷ ᠳᠣᠲᠣᠭᠠᠳᠤ ᠶᠢ ᠬᠠᠮᠠᠭᠠᠯᠠᠬᠤ ᠂ ᠰᠢᠭᠦᠬᠦ ᠬᠣᠷᠢᠢ᠎ᠠ ᠂ ᠬᠠᠤᠯᠢ ᠴᠠᠭᠠᠵᠠ ᠶᠢᠨ ᠲᠣᠪᠴᠢᠢ᠎ᠠ ᠲᠠᠶ ᠬᠠᠮᠲᠤᠷᠠᠨ ᠰᠦᠷᠳᠡᠭᠦᠯᠦᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ 《 6.5 》 ᠣᠷᠴᠢᠨ ᠠᠬᠤᠢ ᠶᠢᠨ ᠡᠳᠦᠷ 《 ᠠᠮᠢ ᠠᠬᠤᠢ ᠶᠢᠨ ᠬᠠᠮᠠᠭᠠᠯᠠᠯᠲᠠ ᠳᠤ ᠬᠦᠴᠦᠨ ᠨᠡᠮᠡᠷᠢᠯᠡᠬᠦ ᠂ ᠪᠠᠶᠢᠴᠠᠭᠠᠬᠤ ᠠᠵᠢᠯ  ᠲᠠᠨ  ᠲᠠᠶ ᠬᠠᠮᠲᠤ ᠶᠠᠪᠤᠬᠤ 》 ᠪᠠᠷ ᠭᠣᠣᠯ ᠰᠡᠳᠦᠪ ᠪᠣᠯᠭᠠᠭᠰᠠᠨ ᠣᠷᠴᠢᠨ ᠠᠬᠤᠢ ᠶᠢᠨ ᠤᠬᠠᠭᠤᠯᠭ᠎ᠠ ᠶᠢᠨ ᠠᠵᠢᠯᠯᠠᠭ᠎ᠠ ᠵᠡᠷᠭᠡ ᠶᠢ ᠥᠷᠨᠢᠭᠦᠯᠵᠦ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠳᠠᠶᠠᠭᠠᠷ ᠤᠨ ᠬᠠᠤᠯᠢ ᠪᠠᠷ ᠵᠠᠰᠠᠬᠤ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ 

ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠬᠤ ᠶᠢ ᠪᠠᠷᠢᠮᠲᠠᠯᠠᠵᠤ ᠂ ᠪᠠᠶᠢᠴᠠᠭᠠᠬᠤ ᠠᠵᠢᠯ ᠤᠨ ᠰᠢᠨ᠎ᠡ ᠴᠤᠭ ᠵᠢᠪᠬᠤᠭ᠎ᠠ ᠶᠢ ᠢᠯᠡᠷᠡᠭᠦᠯᠪᠡ᠃ ᠨᠢᠭᠡ ᠲᠠᠯ᠎ᠠ ᠪᠠᠷ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ᠬᠠᠤᠯᠢ ᠴᠠᠭᠠᠵᠠ ᠶᠢᠨ ᠬᠢᠨᠠᠯᠲᠠ ᠶᠢ ᠤᠶᠠᠯᠳᠤᠭᠤᠯᠬᠤ ᠶᠢ ᠴᠢᠬᠤᠯᠠᠴᠢᠯᠠᠵᠤ ᠂ ᠡᠯ᠎ᠡ ᠲᠦᠷᠦᠯ ᠦᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠤᠬᠠᠭᠤᠯᠤᠨ ᠬᠥᠮᠦᠵᠢᠭᠦᠯᠬᠦ ᠡᠷᠴᠢᠮ ᠢᠶᠡᠨ ᠦᠷᠭᠦᠯᠵᠢᠯᠡᠨ  ᠴᠢᠩᠭᠠᠷᠠᠭᠤᠯᠤᠨ ᠂ ᠬᠡᠷᠡᠭ ᠰᠢᠢᠳᠪᠦᠷᠢᠯᠡᠬᠦ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠬᠠᠤᠯᠢ ᠴᠠᠭᠠᠵᠠ ᠶᠢᠨ ᠬᠢᠨᠠᠯᠲᠠ ᠲᠠᠯᠪᠢᠵᠤ ᠂ ᠨᠡᠶᠢᠭᠡᠮ ᠦᠨ ᠶᠡᠷᠦᠩᠬᠡᠶᠢᠯᠡᠭᠰᠡᠨ ᠵᠠᠰᠠᠯᠲᠠ ᠳᠤ ᠢᠳᠡᠪᠬᠢᠲᠡᠢ ᠣᠷᠣᠯᠴᠠᠪᠠ᠃ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ ᠂ ᠢᠯᠡ ᠪᠡᠷ ᠭᠡᠷᠡᠴᠢᠯᠡᠭᠡ ᠰᠣᠨᠣᠰᠬᠤ ᠶᠢ ᠠᠵᠤ ᠠᠬᠤᠶᠢᠯᠠᠯ ᠳᠤ ᠣᠷᠣᠭᠤᠯᠬᠤ ᠂ ᠨᠡᠶᠢᠭᠡᠮ ᠲᠣᠭᠣᠷᠢᠭ ᠤᠨ ᠵᠠᠯᠠᠷᠠᠭᠤᠯᠭ᠎ᠠ ᠳᠤ ᠬᠢᠨᠠᠯᠲᠠ ᠲᠠᠯᠪᠢᠬᠤ᠂ ᠬᠠᠤᠯᠢ ᠪᠠᠷᠢᠯᠲᠠ ᠶᠢᠨ ᠲᠤᠰᠠᠯᠠᠮᠵᠢ ᠵᠡᠷᠭᠡ ᠠᠵᠢᠯ ᠢ ᠥᠷᠨᠢᠭᠦᠯᠬᠦ ᠳᠡᠭᠡᠨ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠬᠢᠵᠦ ᠂ ᠳᠥᠭᠥᠮ ᠣᠶᠢᠯᠠᠭᠠᠮᠵᠢᠲᠠᠢ ᠦᠭᠡ ᠬᠡᠯᠡ ᠪᠡᠷ ᠤᠯᠠᠨ ᠲᠦᠮᠡᠨ ᠦ ᠠᠩᠬᠠᠷᠴᠤ ᠪᠠᠶᠢᠭ᠎ᠠ ᠲᠦᠷᠦ ᠶᠢᠨ ᠪᠤᠳᠤᠯᠭ᠎ᠠ ᠪᠠ ᠬᠡᠷᠡᠭᠯᠡᠭᠡᠨ ᠦ ᠬᠠᠤᠯᠢ ᠴᠠᠭᠠᠵᠠ ᠶᠢ ᠶᠠᠷᠢᠵᠤ ᠂ ᠭᠣᠣᠯᠳᠠᠯᠭ᠎ᠠ ᠲᠠᠶ ᠬᠥᠮᠦᠰ ᠵᠢᠴᠢ ᠥᠷᠭᠡᠨ ᠤᠯᠠᠨ ᠲᠦᠮᠡᠨ ᠳᠦ ᠬᠠᠤᠯᠢ ᠶᠢ ᠮᠡᠳᠡᠭᠦᠯᠵᠦ ᠬᠠᠤᠯᠢ ᠶᠢ ᠣᠢᠯᠠᠭᠤᠯᠤᠨ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢ ᠨᠡᠶᠢᠳᠡᠮ ᠬᠡᠷᠡᠭᠵᠢᠭᠦᠯᠬᠦ ᠶᠢ  ᠪᠡᠶᠡᠯᠡᠭᠦᠯᠪᠡ᠃ ᠨᠥᠭᠥᠭᠡ ᠲᠠᠯ᠎ᠠ ᠪᠠᠷ᠂ 《ᠪᠡᠶ᠎ᠡ ᠪᠡᠷ ᠢᠶᠡᠨ ᠮᠡᠳᠡᠷᠡᠵᠦ ᠣᠢᠯᠠᠭᠤᠯᠬᠤ》 ᠰᠡᠳᠬᠢᠯᠭᠡ ᠪᠡᠷ ᠣᠳᠣᠬᠠᠨ ᠤ ᠠᠷᠠᠳ ᠣᠯᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠭᠦᠶᠴᠡᠳ ᠠᠩᠬᠠᠷᠴᠤ ᠂ ᠢᠳᠡᠭᠡᠨ ᠦ ᠠᠮᠤᠷ ᠲᠦᠪᠰᠢᠨ ᠂ ᠠᠮᠢ ᠠᠬᠤᠶ ᠶᠢᠨ ᠣᠷᠴᠢᠨ ᠲᠣᠭᠣᠷᠢᠨ ᠂ ᠴᠠᠬᠢᠯᠭᠠᠨ ᠬᠣᠯᠪᠣᠭ᠎ᠠ ᠰᠦᠯᠵᠢᠶᠡᠨ ᠦ ᠮᠡᠬᠡᠯᠡᠯ ᠵᠡᠷᠭᠡ ᠲᠠᠯ᠎ᠠ ᠶᠢᠨ ᠬᠠᠯᠠᠮᠰᠢᠯ ᠴᠡᠭ ᠢ ᠠᠳᠬᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠡᠨ ᠴᠢᠩᠭᠠᠷᠠᠭᠤᠯᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠂ ᠪᠢᠴᠢᠯ ᠪᠦᠷᠭᠡ ᠵᠡᠷᠭᠡ ᠰᠢᠨ᠎ᠡ ᠬᠡᠯᠪᠡᠷᠢ ᠶᠢ ᠢᠳᠡᠪᠬᠢᠲᠡᠶ ᠬᠡᠷᠡᠭᠯᠡᠨ᠂ ᠬᠡᠷᠡᠭ ᠢᠶᠡᠷ ᠬᠠᠤᠯᠢ ᠶᠢ ᠲᠠᠶᠢᠯᠪᠤᠷᠢᠯᠠᠬᠤ ᠲᠤᠰᠬᠠᠢ ᠪᠤᠯᠤᠩ ᠨᠡᠬᠡᠵᠦ ᠂ ᠪᠠᠶᠢᠩᠭᠤᠵᠢᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ  ᠥᠷᠨᠢᠭᠦᠯᠪᠡ᠃ 

ᠲᠠᠷᠠᠭᠠᠴᠢ ᠶᠢᠨ ᠠᠯᠬᠤᠮ ᠳᠤ ᠂ ᠣᠲᠣᠭ ᠤᠨ ᠡᠮᠦᠨᠡᠲᠦ ᠬᠣᠰᠢᠭᠤᠨ ᠤ ᠪᠠᠶᠢᠴᠠᠭᠠᠬᠤ ᠬᠣᠷᠢᠶ᠎ᠠ ᠣᠯᠠᠨ ᠲᠠᠯ᠎ᠠ ᠪᠠᠷ  ᠬᠠᠮᠲᠤᠷᠠᠨ ᠬᠦᠴᠦᠯᠡᠬᠦ ᠶᠢ ᠦᠷᠭᠦᠯᠵᠢᠯᠡᠨ ᠪᠠᠷᠢᠮᠲᠠᠯᠠᠵᠤ ᠂ ᠬᠠᠤᠯᠢ ᠲᠦᠭᠡᠮᠡᠯᠵᠢᠭᠦᠯᠬᠦ ᠠᠵᠢᠯ ᠤᠨ ᠰᠡᠳᠬᠢᠴᠡ ᠪᠡᠨ ᠲᠠᠰᠤᠷᠠᠯᠲᠠ ᠥᠬᠡᠶ ᠥᠷᠭᠡᠳᠬᠡᠵᠦ ᠂ ᠬᠠᠤᠯᠢ ᠲᠦᠭᠡᠮᠡᠯᠵᠢᠭᠦᠯᠬᠦ ᠠᠵᠢᠯ ᠤᠨ ᠠᠷᠭ᠎ᠠ ᠬᠡᠯᠪᠡᠷᠢ ᠪᠡᠨ ᠰᠢᠨᠡᠴᠢᠯᠡᠵᠦ ᠂ ᠣᠯᠠᠨ ᠡᠰᠢᠵᠢᠭᠰᠡᠨ ᠬᠠᠥᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠡᠷ ᠥᠷᠨᠢᠭᠦᠯᠵᠦ ᠂ 《 ᠨᠠᠶᠮᠠᠳᠤᠭᠠᠷ ᠲᠠᠪᠤᠨ ᠵᠢᠯ 》  ᠤᠨ ᠬᠠᠤᠯᠢ ᠲᠦᠭᠡᠮᠡᠯᠵᠢᠭᠦᠯᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠬᠠᠥᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠬᠠᠥᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ ᠂ ᠣᠲᠣᠭ ᠤᠨ ᠡᠮᠦᠨᠡᠲᠦ ᠬᠣᠰᠢᠭᠤᠨ ᠤ ᠠᠵᠤ ᠠᠬᠤᠶ ᠨᠡᠶᠢᠭᠡᠮ ᠦᠨ ᠴᠢᠨᠠᠷ ᠰᠠᠶᠢᠲᠠᠶ ᠬᠥᠭᠵᠢᠯᠲᠡ ᠳᠦ ᠰᠠᠶᠢᠨ ᠰᠠᠶᠢᠬᠠᠨ ᠬᠠᠥᠯᠢ ᠪᠠᠷ ᠵᠠᠰᠠᠬᠤ ᠣᠷᠴᠢᠨ ᠲᠣᠭᠣᠷᠢᠨ ᠢ ᠪᠣᠶ  ᠪᠣᠯᠭᠠᠪᠠ᠃

 

 

ᠢᠷᠡᠯᠲᠡ
ᠦᠯᠵᠡᠢᠪᠢᠯᠢᠭᠲᠦ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro