ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠨᠢᠭᠡ ᠰᠡᠳᠬᠢᠯ ᠢᠶᠠᠷ ᠨᠠᠬᠢᠶ᠎ᠠ ᠶᠢ ᠬᠠᠮᠠᠭᠠᠯᠠᠬᠤ︾ ᠨᠠᠰᠤᠨ ᠳᠤ ᠥᠯᠥ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠮᠡᠳᠡᠭᠦᠯᠦᠯᠲᠡ ᠶᠢᠨ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ

2023-10-26 17:41:18
ᠵᠣᠬᠢᠶᠠᠭᠴᠢ
ᠵᠠᠩᠭ᠎ᠠ 

  


      ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ  ᠠᠴᠠ ᠬᠤᠰᠢᠭᠤᠨ ᠤ ᠲᠣᠮᠣ ᠳ᠋ᠠᠶᠢᠲ᠋ᠠ ᠶᠢᠨ ᠲᠥᠪ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ᠂ ︽ᠨᠢᠭᠡ ᠰᠡᠳᠬᠢᠯ ᠢᠶᠠᠷ ᠨᠠᠬᠢᠶ᠎ᠠ ᠶᠢ ᠬᠠᠮᠠᠭᠠᠯᠠᠬᠤ︾ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠤᠨ ᠬᠠᠯᠳᠠᠯᠭ᠎ᠠ ᠶᠢᠨ ᠮᠡᠳᠡᠭᠦᠯᠦᠯᠲᠡ ᠶᠢᠨ ᠰᠢᠰᠲ᠋ᠧᠮ ︵ᠳᠣᠷᠣᠭᠰᠢ ᠰᠢᠰᠲ᠋ᠧᠮ ᠭᠡᠵᠦ ᠲᠣᠪᠴᠢᠯᠠᠨ᠎ᠠ︶ ᠢ ᠡᠭᠦᠳᠦᠨ ᠭᠠᠷᠭᠠᠪᠠ᠃ ᠲᠣᠰ ᠰᠢᠰᠲ᠋ᠧᠮ ᠨᠢ ᠪᠥᠬᠦ ᠬᠤᠰᠢᠭᠤᠨ ᠤ ᠤᠶᠤᠨᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠳᠤ ᠲᠦᠰᠢᠭᠯᠡᠨ᠂ ᠨᠡᠶᠢᠭᠡᠮ ᠲᠣᠭᠤᠷᠢᠭ᠂ ᠪᠠᠭᠤᠳᠠᠯ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠨᠠᠰᠤᠨ ᠳᠤ ᠥᠯᠥ ᠭᠦᠷᠦᠭᠰᠡᠳ ᠤᠨ ᠪᠡᠶᠡᠴᠢ ᠴᠣᠭᠴᠠ ᠲᠠᠢ ᠨᠢᠭᠲᠠ ᠬᠠᠷᠢᠯᠴᠠᠵᠤ᠂ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠰᠦᠪᠡᠭᠴᠢ ᠶᠢ ᠣᠯᠵᠤ ᠮᠡᠳᠡᠭᠰᠡᠨ ᠤ ᠳᠠᠷᠠᠭ᠎ᠠ᠂ ᠲᠣᠰ ᠰᠢᠰᠲ᠋ᠧᠮ ᠢᠶᠠᠷ ᠳᠠᠮᠵᠢᠭᠤᠯᠤᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠵᠦ᠂ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠤᠨ ᠰᠦᠪᠡᠭᠴᠢ ᠶᠢ ᠢᠯᠡᠷᠡᠭᠦᠯᠬᠦ ᠳᠤ ᠬᠦᠴᠢᠷᠲᠡᠶ᠂ ᠲᠤᠷᠰᠢᠨ ᠪᠠᠶᠢᠴᠠᠭᠠᠬᠤ ᠳᠤ ᠬᠦᠴᠢᠷᠲᠡᠶ᠂ ᠭᠡᠷᠡᠴᠢ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠃
     

 

     ᠡᠷᠬᠡ ᠠᠰᠢᠭ ᠢ ᠬᠠᠮᠠᠭᠠᠯᠠᠬᠤ ᠰᠢᠰᠲ᠋ᠧᠮ ᠨᠢ ᠨᠢᠭᠡ ᠯᠡ ᠳᠠᠷᠤᠪᠴᠢ ᠪᠠᠷ ᠢᠯᠡᠴᠢᠯᠡᠨ ᠮᠡᠳᠡᠭᠦᠯᠬᠦ᠂ ᠬᠢᠴᠢᠶᠡᠯ ᠤᠨ ᠲᠠᠩᠬᠢᠮ᠂ ᠲᠥᠷᠥᠯ ᠬᠡᠯᠪᠡᠷᠢ ᠶᠢᠨ ᠲᠠᠶᠢᠯᠤᠮᠵᠢ᠂ ᠨᠡᠶᠢᠲᠡᠯᠢᠭ ᠬᠡᠷᠡᠭ ᠤᠨ ᠵᠢᠱᠢᠶ᠎ᠡ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠵᠡᠷᠭᠡ 5 ᠴᠢᠳᠠᠮᠵᠢᠳᠤ ᠬᠡᠰᠡᠭ ᠢᠶᠠᠷ ᠪᠦᠷᠢᠯᠳᠦᠵᠡᠶ᠃ ᠰᠢᠰᠲ᠋ᠧᠮ ᠤᠨ ᠠᠷᠤ ᠲᠠᠪᠴᠠᠩ ᠢ ᠪᠠᠶᠢᠴᠠᠭᠠᠬᠤ ᠪᠠᠶᠢᠭᠤᠯᠭ᠎ᠠ 7 ᠡᠳᠦᠷ ᠤᠨ ᠳᠣᠲᠣᠷ᠎ᠠ ᠰᠦᠪᠡᠭᠴᠢ ᠶᠢ ᠰᠢᠢᠳᠪᠦᠷᠢᠯᠡᠬᠦ ᠠᠬᠢᠴᠠ ᠶᠢ ᠲᠠᠭᠯᠠᠨ ᠮᠡᠳᠡᠭᠦᠯᠵᠦ᠂ ᠲᠤᠰᠬᠠᠶ ᠬᠥᠮᠦᠨ ᠢᠶᠠᠷ ᠬᠠᠮᠢᠶᠠᠷᠤᠭᠤᠯᠵᠤ᠂ ᠲᠤᠭ᠎ᠠ ᠪᠦᠷᠢᠳᠬᠡᠯ ᠤᠨ ᠰᠢᠰᠲ᠋ᠧᠮ ᠢ ᠵᠡᠷᠭᠡ ᠪᠠᠷ ᠲᠣᠬᠢᠷᠠᠭᠤᠯᠬᠤ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠲᠣᠬᠢᠷᠠᠭᠤᠯᠤᠨ᠎ᠠ᠃ ᠨᠠᠰᠤᠨ ᠳᠤ ᠥᠯᠥ ᠭᠦᠷᠦᠭᠰᠡᠳ ᠤᠨ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ ᠠᠰᠢᠭ ᠤᠨ ᠵᠠᠷᠭᠤ ᠶᠢᠨ ᠡᠷᠬᠡ ᠠᠰᠢᠭ ᠲᠤ ᠬᠠᠯᠳᠠᠭᠰᠠᠨ ᠨᠡᠶᠢᠲᠡ 12 ᠵᠦᠢᠯ ᠤᠨ ᠰᠦᠪᠡᠭᠴᠢ ᠶᠢᠨ ᠲᠥᠷᠥᠯ ᠵᠦᠢᠯ ᠳᠤ ᠰᠢᠰᠲ᠋ᠧᠮ ᠲᠠᠢ ᠠᠩᠬᠠᠷᠤᠯ ᠢᠶᠠᠨ ᠲᠥᠪᠯᠡᠷᠡᠭᠦᠯᠵᠦ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ᠂ ᠬᠢᠨᠠᠯᠲᠠ ᠲᠠᠯᠪᠢᠬᠤ ᠭᠤᠷᠪᠠᠨ ᠶᠡᠭᠡ ᠴᠢᠳᠠᠮᠵᠢ ᠶᠢ ᠨᠢᠭᠡ ᠴᠣᠭᠴᠠᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠵᠠᠯᠬᠠᠭᠠᠨ ᠰᠢᠢᠳᠬᠡᠬᠦ ᠶᠢ ᠪᠡᠶᠡᠯᠡᠭᠦᠯᠵᠦ᠂ ᠨᠠᠰᠤᠨ ᠳᠤ ᠥᠯᠥ ᠭᠦᠷᠦᠭᠰᠡᠳ ᠢ ᠦᠷᠭᠦᠯᠵᠢᠯᠡᠨ ᠬᠤᠤᠷᠯᠠᠬᠤ ᠶᠢ ᠴᠠᠭ ᠲᠤᠬᠠᠶ ᠳᠤᠨᠢ ᠬᠤᠷᠢᠭᠯᠠᠨ᠎ᠠ᠃
   

 

     ᠡᠮᠴᠢᠯᠡᠭᠡᠨ ᠤ ᠰᠢᠰᠲ᠋ᠧᠮ ᠤᠨ ᠠᠯᠪᠠᠲᠠᠨ ᠮᠡᠳᠡᠭᠦᠯᠬᠦ ᠰᠦᠪᠡᠭᠴᠢ ᠶᠢ ᠰᠢᠢᠳᠪᠦᠷᠢᠯᠡᠬᠦ ᠶᠢᠨ ᠲᠥᠯᠥᠭᠡ᠂ ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠰᠢᠰᠲ᠋ᠧᠮ ᠳᠤ ᠠᠯᠪᠠᠲᠠᠨ ᠮᠡᠳᠡᠭᠦᠯᠬᠦ ᠴᠢᠳᠠᠮᠵᠢ  ᠶᠢ ᠳᠣᠬᠢᠷᠠᠭᠤᠯᠵᠤ᠂ ᠡᠮᠴᠢ ᠠᠴᠠ ᠨᠠᠰᠤᠨ ᠳᠤ ᠥᠯᠥ ᠬᠦᠷᠦᠭᠰᠡᠳ ᠲᠤ ᠬᠠᠯᠳᠠᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠣᠯᠵᠤ ᠮᠡᠳᠡᠭᠰᠡᠨ ᠤ ᠳᠠᠷᠠᠭ᠎ᠠ᠂ ᠠᠯᠪᠠᠲᠠᠨ ᠮᠡᠳᠡᠭᠦᠯᠬᠦ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠠᠯᠪᠠᠲᠠᠨ ᠮᠡᠳᠡᠭᠦᠯᠬᠦ ᠰᠦᠪᠡᠭᠴᠢ ᠶᠢ ︽ᠨᠢᠭᠡ ᠰᠡᠳᠬᠢᠯ ᠢᠶᠠᠷ ᠨᠠᠬᠢᠶ᠎ᠠ ᠶᠢ ᠬᠠᠮᠠᠭᠠᠯᠠᠬᠤ︾ ᠨᠠᠰᠤᠨ ᠳᠤ ᠥᠯᠥ ᠬᠦᠷᠦᠭᠰᠡᠳ ᠤᠨ ᠡᠷᠬᠡ ᠠᠰᠢᠭ ᠲᠤ ᠬᠠᠯᠳᠠᠭᠰᠠᠨ ᠢ ᠮᠡᠳᠡᠭᠦᠯᠬᠦ ᠰᠢᠰᠲ᠋ᠧᠮ ᠤᠨ ᠠᠷᠤ ᠲᠠᠪᠴᠠᠩ ᠳᠤ ᠬᠠᠮᠲᠤ ᠳᠤᠨᠢ ᠰᠢᠯᠵᠢᠭᠦᠯᠦᠨ ᠬᠦᠷᠭᠡᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃
      ᠰᠢᠰᠲ᠋ᠧᠮ ᠤᠨ ᠵᠢᠩᠬᠢᠨᠢ ᠬᠡᠷᠡᠭᠯᠡᠯᠲᠡ ᠳᠤ ᠣᠷᠣᠭᠰᠠᠨ ᠨᠢ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠠᠵᠢᠭᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠬᠡᠷᠡᠭ ᠤᠨ ᠳᠠᠷᠠᠭ᠎ᠠ ᠴᠣᠬᠢᠯᠲᠠ ᠥᠭᠴᠦ ᠪᠠᠶᠢᠭᠰᠠᠨ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠪᠣᠯᠭᠠᠨ ᠬᠤᠪᠢᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠵᠤ᠂ ︽ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ᠂ ᠬᠠᠤᠯᠢ ᠴᠠᠭᠠᠵᠠ︾ ᠵᠡᠷᠭᠡ ᠣᠯᠠᠨ ᠨᠢᠭᠡ ᠴᠣᠭᠴᠠᠵᠢᠭᠰᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠤᠤᠷ ᠢ ᠪᠠᠶᠢᠭᠤᠯᠵᠤ᠂ ︽ᠵᠢᠷᠭᠤᠭᠠᠨ ᠶᠡᠭᠡ ᠬᠠᠮᠠᠭᠠᠯᠠᠯᠲᠠ︾ ᠶᠢᠨ ᠠᠭᠤᠰᠤᠯᠴᠠᠨ ᠨᠡᠪᠲᠡᠷᠡᠯᠴᠡᠬᠦ ᠶᠢ ᠦᠨᠡᠨ ᠬᠦ ᠪᠠᠲᠤᠯᠠᠪᠠ᠃
    
   

ᠢᠷᠡᠯᠲᠡ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro