ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

︽ᠥᠯᠥ ᠵᠠᠭᠠᠯᠳᠤᠬᠤ︾ ᠨᠢ ︽ᠥᠯᠥ ᠰᠢᠳᠬᠡᠬᠦ︾ ᠪᠢᠰᠢ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠤ ᠬᠡᠷᠡᠭ᠂ ᠡᠷᠡᠭᠦᠸ ᠶᠢᠨ ᠬᠡᠷᠡᠭ ᠢ ᠡᠰᠡᠷᠭᠦ ᠴᠢᠭᠯᠡᠯ ᠢᠶᠡᠷ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ

2023-10-27 12:47:36
ᠵᠣᠬᠢᠶᠠᠭᠴᠢ
ᠶᠢᠷᠲᠢᠨᠴᠦ

 

︽ᠡᠷᠡᠭᠦᠦ ᠶᠢᠨ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠦᠨ ᠰᠢᠯᠵᠢᠭᠦᠯᠦᠨ ᠲᠤᠰᠢᠶᠠᠭᠰᠠᠨ ︿ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠰᠦᠪᠡᠭᠴᠢ ᠶᠢ ᠰᠢᠯᠵᠢᠭᠦᠯᠦᠨ ᠬᠦᠷᠭᠡᠬᠦ ᠬᠦᠰᠦᠨᠦᠭᠲᠦ﹀  ᠶᠢ ᠣᠯᠤᠭᠰᠠᠨ ᠤ ᠳᠠᠷᠠᠭ᠎ᠠ᠂ ᠪᠢᠳᠡ ᠸᠠᠩ ᠣᠪᠣᠭᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠶ ᠬᠡᠷᠡᠭ ᠲᠦ ᠪᠠᠶᠢᠴᠠᠭᠠᠬᠤ ᠰᠠᠨᠠᠯ ᠤᠨ ᠪᠢᠴᠢᠭ ᠭᠠᠷᠭᠠᠵᠤ᠂ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦ ᠬᠠᠤᠯᠢ ᠪᠤᠰᠤ ᠪᠠᠷᠢᠯᠭ᠎ᠠ ᠶᠢ ᠬᠠᠤᠯᠢ ᠶᠣᠰᠣᠭᠠᠷ ᠬᠤᠭᠤᠴᠠᠭ᠎ᠠ ᠲᠣᠭᠲᠠᠭᠠᠨ ᠨᠤᠷᠠᠭᠠᠯᠭᠠᠵᠤ ᠤᠷᠭᠤᠮᠠᠯ ᠤᠨ ᠬᠤᠴᠢᠯᠭ᠎ᠠ ᠶᠢ ᠰᠢᠪᠠᠳᠠᠨ ᠰᠡᠷᠭᠦᠭᠡᠬᠦ ᠶᠢ ᠰᠠᠨᠠᠭᠤᠯᠤᠭᠰᠠᠨ ᠪᠠᠶᠢᠨ᠎ᠠ᠃︾ ᠲᠦᠷᠦᠭᠦᠬᠡᠨ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠥᠯᠥ ᠵᠠᠭᠠᠯᠳᠤᠬᠤ ᠬᠡᠷᠡᠭ ᠢ ᠡᠮᠬᠢᠳᠬᠡᠵᠦ ᠂ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠪᠠᠶᠢᠴᠠᠭᠠᠬᠤ ᠰᠠᠨᠠᠯ ᠳᠤᠷᠠᠳᠴᠤ ᠂ ︽ᠡᠷᠡᠭᠦᠸ ᠪᠡᠷ ᠥᠯᠥ ᠰᠢᠳᠬᠡᠬᠦ ᠮᠥᠷᠳᠡᠭᠡᠨ ᠵᠠᠰᠠᠭ ᠵᠠᠬᠢᠷᠭᠠᠨ ᠢᠶᠠᠷ ᠥᠯᠥ ᠰᠢᠳᠬᠡᠬᠦ ︾ ᠪᠠᠶᠢᠳᠠᠯ ᠭᠠᠷᠬᠤ  ᠠᠴᠠ ᠵᠠᠶᠢᠯᠠᠰᠬᠢᠵᠦ ᠂ ᠡᠷᠡᠭᠦᠸ ᠶᠢᠨ ᠬᠡᠷᠡᠭ ᠦᠨ ᠬᠠᠸᠯᠢ ᠪᠠᠷᠢᠬᠤ ᠪᠠ ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠬᠦ ᠶᠢ ᠡᠰᠡᠷᠭᠦ ᠴᠢᠭᠯᠡᠯ ᠢᠶᠡᠷ ᠵᠣᠯᠭᠠᠭᠤᠯᠬᠤ ᠠᠵᠢᠯ ᠢ ᠪᠡᠶᠡᠯᠡᠭᠦᠯᠪᠡ ᠃

2018 ᠣᠨ ᠤ 6 ᠰᠠᠷ᠎ᠠ ᠳᠤ ᠂ ᠸᠠᠩ ᠣᠪᠣᠭᠲᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠬᠣᠯᠪᠣᠭᠳᠠᠯ ᠪᠥᠬᠥᠶ ᠭᠠᠷ ᠭᠦᠶᠴᠡᠳᠬᠡᠯ ᠢ ᠭᠦᠶᠴᠡᠳᠬᠡᠭᠰᠡᠨ ᠥᠬᠡᠶ ᠪᠠᠶᠢᠳᠠᠯ ᠳᠣᠸᠷ᠎ᠠ ᠂ ᠬᠡᠷᠡᠭ ᠲᠦ ᠬᠣᠯᠪᠣᠭᠳᠠᠭᠰᠠᠨ ᠭᠠᠵᠠᠷ ᠰᠢᠷᠣᠶ ᠳᠡᠭᠡᠷ᠎ᠡ ᠲᠦᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠪᠡ ᠃  ᠰᠢᠯᠭᠠᠨ  ᠲᠣᠳᠣᠯᠠᠭᠰᠠᠨ ᠢᠶᠠᠷ ᠂ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠭᠠᠯᠢ ᠶᠢᠨ ᠪᠡᠯᠴᠢᠭᠡᠷ ᠨᠡᠶᠢᠲᠡ 174.1166 ᠮᠥ  ᠪᠠᠢᠪᠠ᠃ ᠬᠡᠷᠡᠭ ᠲᠠᠬᠢ ᠭᠡᠷᠡᠴᠢ ᠪᠠᠷᠢᠮᠲᠠ ᠨᠢ ᠸᠠᠩ ᠣᠪᠣᠭᠲᠤ ᠶᠢᠨ ᠪᠡᠶᠡᠴᠢ ᠲᠠᠯ᠎ᠠ ᠠᠴᠠ ᠪᠠᠨ ᠡᠪᠡᠰᠦᠲᠦ ᠭᠠᠵᠠᠷ ᠪᠣᠯᠬᠤ ᠶᠢ ᠲᠣᠳᠣᠷᠬᠠᠶ ᠮᠡᠳᠡᠵᠦ ᠪᠠᠶᠢᠭᠠᠳ ᠭᠠᠵᠠᠷ ᠰᠢᠷᠣᠶ ᠶᠢᠨ ᠬᠡᠷᠡᠭᠴᠡᠭᠡ ᠶᠢ ᠬᠠᠸᠯᠢ ᠪᠤᠰᠤ ᠪᠠᠷ ᠬᠤᠪᠢᠷᠠᠭᠤᠯᠤᠭᠰᠠᠨ ᠢ ᠭᠦᠶᠴᠡᠳ ᠭᠡᠷᠡᠴᠢᠯᠡᠵᠦ ᠳᠡᠶᠢᠯᠬᠦ ᠥᠬᠡᠶ ᠤᠴᠢᠷ  ᠠᠴᠠ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ 2023 ᠣᠨ ᠤ 5 ᠰᠠᠷ᠎ᠠ ᠳᠤ ᠸᠠᠩ ᠣᠪᠣᠭᠲᠤ ᠳᠤ ᠥᠯᠥ ᠵᠠᠭᠠᠯᠳᠤᠬᠤ ᠲᠣᠭᠲᠠᠭᠠᠯ  ᠭᠠᠷᠭᠠᠪᠠ ᠃

ᠸᠠᠩ ᠣᠪᠣᠭᠲᠤ  ᠶᠢ ᠥᠯᠦ ᠵᠠᠭᠠᠯᠳᠤᠭᠰᠠᠨ ᠤ ᠳᠠᠷᠠᠭ᠎ᠠ᠂ ᠬᠠᠤᠯᠢ  ᠠᠴᠠ ᠵᠥᠷᠢᠴᠡᠭᠰᠡᠨ ᠪᠠᠷᠢᠯᠭ᠎ᠠ  ᠶᠢ ᠬᠠᠷᠠᠬᠠᠨ ᠨᠤᠷᠠᠭᠠᠭᠠᠳᠤᠶ ᠂ ᠠᠮᠢ ᠠᠬᠤᠶ  ᠶᠢᠨ ᠣᠷᠴᠢᠨ ᠲᠣᠭᠣᠷᠢᠨ  ᠢ ᠦᠷᠭᠦᠯᠵᠢᠯᠡᠨ ᠬᠣᠬᠢᠷᠠᠭᠤᠯᠵᠤ ᠪᠠᠶᠢᠭ᠎ᠠ ᠪᠣᠯᠬᠣᠷ ᠨᠤᠲᠤᠭ ᠪᠡᠯᠴᠢᠭᠡᠷ ᠦᠨ ᠡᠬᠢ ᠪᠠᠶᠠᠯᠢᠭ  ᠢ ᠬᠡᠷᠬᠢᠨ ᠨᠡᠩ ᠪᠦᠲᠦᠮᠵᠢᠲᠡᠶ ᠪᠡᠷ ᠬᠠᠮᠠᠭᠠᠯᠠᠬᠤ ᠪᠤᠶ︖ ᠭᠡᠳᠡᠭ ᠲᠦ ᠪᠠᠰᠠ ᠮᠠᠳᠠᠭ ᠲᠠᠶ ᠠᠰᠠᠭᠤᠳᠠᠯ ᠦᠯᠡᠳᠡᠵᠦ ᠪᠠᠶᠢᠨ᠎ᠠ ᠃ ᠡᠨᠡ ᠠᠰᠠᠭᠤᠳᠠᠯ ᠢ ᠰᠢᠢᠳᠪᠦᠷᠢᠯᠡᠬᠦ  ᠵᠢᠨ ᠲᠤᠯᠠᠳᠠ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠡᠷᠡᠭᠦᠦ ᠶᠢᠨ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠪᠣᠯᠤᠨ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠬᠡᠷᠡᠭ ᠦᠨ ᠰᠤᠳᠤᠯᠤᠨ ᠶᠠᠷᠢᠯᠴᠠᠬᠤ ᠬᠤᠷᠠᠯ ᠬᠣᠷᠠᠯᠳᠣᠵᠣ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠪᠠᠭᠤᠯᠭᠠᠭᠰᠠᠨ ︽ ᠵᠠᠰᠠᠭ ᠵᠠᠬᠢᠷᠭᠠᠨ ᠤ ᠬᠡᠷᠡᠭ᠂ ᠡᠷᠡᠭᠦᠸ ᠶᠢᠨ ᠬᠡᠷᠡᠭ ᠢ ᠬᠣᠸᠰ ᠴᠢᠭᠯᠡᠯ ᠢᠶᠡᠷ ᠵᠣᠯᠭᠠᠭᠤᠯᠬᠤ ᠪᠠ ᠵᠠᠰᠠᠭ ᠵᠠᠬᠢᠷᠭᠠᠨ ᠤ ᠬᠠᠸᠯᠢ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠳᠥᠯᠭᠢᠨ ᠠᠬᠢᠭᠤᠯᠵᠤ ᠂ ᠪᠠᠶᠢᠴᠠᠭᠠᠬᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠬᠦ ᠶᠢ ᠵᠣᠯᠭᠠᠭᠤᠯᠬᠤ ᠲᠦᠷᠢᠮ ᠢ ᠪᠠᠶᠢᠭᠤᠯᠬᠤ ᠲᠤᠬᠠᠶ ᠰᠠᠨᠠᠯ ︾  ᠤᠨ ᠲᠣᠭᠲᠠᠭᠠᠯ ᠢ ᠦᠨᠳᠦᠰᠦᠯᠡᠨ ᠂ ᠡᠷᠡᠭᠦᠸ ᠶᠢᠨ ᠬᠡᠷᠡᠭ ᠦᠨ ᠪᠠᠶᠢᠴᠠᠭᠠᠬᠤ ᠰᠠᠯᠠᠭ᠎ᠠ ᠮᠥᠴᠢᠷ ᠡᠴᠡ ᠬᠡᠷᠡᠭ ᠦᠨ ᠮᠠᠲ᠋ᠧᠷᠢᠶᠠᠯ ᠢ ᠲᠣᠰ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠲᠦ ᠰᠢᠯᠵᠢᠭᠦᠯᠦᠨ ᠬᠦᠷᠭᠡᠬᠦ ᠪᠡᠷ ᠲᠣᠭᠲᠠᠪᠠ᠃ ᠪᠠᠶᠢᠴᠠᠭᠠᠬᠤ ᠲᠤᠰᠢᠶᠠᠯᠲᠠᠨ ᠲᠣᠰ ᠬᠡᠷᠡᠭ ᠢ ᠪᠥᠬᠥ ᠲᠠᠯ᠎ᠠ ᠪᠠᠷ ᠬᠢᠨᠠᠨ ᠪᠠᠶᠢᠴᠠᠭᠠᠭᠰᠠᠨ ᠤ ᠳᠠᠷᠠᠭ᠎ᠠ ᠂ ᠸᠠᠩ ᠣᠪᠣᠭᠲᠤ ᠶᠢᠨ ᠬᠠᠸᠯᠢ ᠶᠢ ᠵᠥᠷᠢᠴᠡᠭᠰᠡᠨ ᠦᠶᠯᠡ ᠠᠵᠢᠯᠯᠠᠭ᠎ᠠ ᠨᠢ ᠵᠠᠰᠠᠭ ᠵᠠᠬᠢᠷᠭᠠᠨ ᠤ ᠰᠢᠳᠬᠡᠯ ᠣᠯᠪᠠᠯ ᠵᠣᠬᠢᠬᠤ ᠡᠰᠡᠬᠦ ᠲᠤᠬᠠᠶ ᠰᠠᠨᠠᠭᠠᠴᠢᠯᠠᠭ᠎ᠠ  ᠠᠴᠠ ᠪᠠᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠡᠶ ᠨᠡᠪᠲᠡᠷᠡᠯᠴᠡᠵᠦ ᠂ ᠠᠵᠢᠯ ᠲᠥᠷᠥᠯ ᠦᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠦᠨ ᠰᠠᠨᠠᠯ ᠢ ᠰᠣᠨᠣᠰᠪᠠ᠃ ᠬᠢᠨᠠᠨ ᠪᠠᠶᠢᠴᠠᠭᠠᠭᠠᠳ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ 8 ᠰᠠᠷ᠎ᠠ ᠶᠢᠨ 21 ᠦ ᠡᠳᠦᠷ ᠪᠠᠢᠴᠠᠭᠠᠬᠣ ᠰᠠᠨᠠᠯ ᠤᠨ ᠬᠡᠯᠪᠡᠷᠢ ᠪᠡᠷ ᠬᠡᠷᠡᠭ ᠢ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠪᠠᠶᠢᠭᠤᠯᠭ᠎ᠠ ᠳᠤ ᠬᠠᠸᠯᠢ ᠶᠣᠰᠣᠭᠠᠷ ᠰᠢᠯᠵᠢᠭᠦᠯᠦᠨ ᠬᠦᠷᠭᠡᠵᠦ ᠰᠢᠶᠳᠪᠦᠷᠢᠯᠡᠭᠦᠯᠪᠡ᠃ᠣᠶᠢᠷ᠎ᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠬᠦᠯᠢᠶᠡᠨ ᠠᠪᠤᠭᠰᠠᠨ ᠪᠥᠭᠡᠳ ᠰᠠᠨᠠᠯ ᠤᠨ ᠪᠢᠴᠢᠭ ᠦᠨ ᠠᠭᠤᠯᠭ᠎ᠠ ᠳᠤ ᠬᠠᠷᠢᠭᠤᠯᠲᠠ   ᠥᠭᠴᠦ᠂ ᠥᠯᠥ ᠵᠠᠭᠠᠯᠳᠤᠭᠳᠠᠭᠴᠢ ᠸᠠᠩ ᠣᠪᠣᠭᠲᠤ ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠵᠠᠰᠠᠭ ᠵᠠᠬᠢᠷᠭᠠᠨ ᠤ ᠰᠢᠶᠳᠬᠡᠯ ᠥᠭᠪᠡ ᠃

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠡᠷᠡᠭᠦᠦ ᠶᠢᠨ ᠬᠡᠷᠡᠭ ᠦᠨ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠯᠭᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠂ ᠬᠣᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠶ ᠬᠠᠮᠲᠤᠷᠠᠨ ︽ ᠥᠯᠥ ᠵᠠᠭᠠᠯᠳᠤᠬᠤ ᠬᠡᠷᠡᠭ ᠦᠨ ᠵᠠᠰᠠᠭ ᠵᠠᠬᠢᠷᠭᠠᠨ ᠤ ᠰᠢᠳᠬᠡᠯ ᠦᠨ ᠠᠵᠢᠯ ᠢ ᠵᠢᠷᠤᠮᠵᠢᠭᠤᠯᠬᠤ ᠠᠰᠠᠭᠤᠳᠠᠯ ᠤᠨ ᠲᠤᠬᠠᠶ ᠰᠠᠨᠠᠯ ︾ ᠢ ᠲᠣᠭᠲᠠᠭᠠᠵᠤ ᠂ ︽ᠦᠯᠦ ᠵᠠᠭᠠᠯᠳᠤᠬᠤ + ᠪᠠᠶᠢᠴᠠᠭᠠᠬᠤ ᠰᠠᠨᠠᠭᠤᠯᠭ᠎ᠠ︾᠂ ︽ᠦᠯᠦ ᠵᠠᠭᠠᠯᠳᠤᠬᠤ + ᠪᠠᠶᠢᠴᠠᠭᠠᠬᠤ ᠰᠠᠨᠠᠯ︾᠂ ︽ᠦᠯᠦ ᠵᠠᠭᠠᠯᠳᠤᠬᠤ + ᠬᠠᠤᠯᠢ ᠪᠠᠷ ᠵᠠᠰᠠᠬᠤ ᠬᠥᠮᠦᠵᠢᠯ ︾ ᠵᠡᠷᠭᠡ ᠤᠯᠠᠨ ᠵᠦᠢᠯ ᠦᠨ ᠠᠷᠭ᠎ᠠ ᠮᠠᠶ᠋ᠢᠭ ᠢ ᠠᠪᠴᠤ᠂ ︽ᠦᠯᠦ ᠵᠠᠭᠠᠯᠳᠤᠬᠤ + ︾ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠶᠢᠨ ᠬᠠᠮᠲᠤ ᠵᠠᠯᠭᠠᠭᠠᠳ ᠮᠥᠷᠳᠡᠨ ᠬᠢᠨᠠᠬᠣ ᠠᠵᠢᠯ ᠢ ᠰᠠᠶᠢᠲᠤᠷ ᠬᠢᠵᠦ᠂ ᠡᠷᠡᠭᠦᠦ ᠶᠢᠨ ᠬᠡᠷᠡᠭ ᠦᠨ ᠬᠠᠤᠯᠢ ᠪᠠᠷᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠠᠪᠰᠠᠷ ᠦᠭᠡᠢ ᠵᠣᠯᠭᠠᠭᠤᠯᠵᠤ᠂ ᠦᠯᠦ ᠵᠠᠭᠠᠯᠳᠤᠬᠤ ᠬᠡᠷᠡᠭ ᠦᠨ ︽ᠰᠡᠭᠦᠯᠴᠢ ᠶᠢᠨ ᠬᠠᠭᠠᠰ ᠵᠣᠬᠢᠶᠠᠯ︾  ᠢ ᠰᠠᠶᠢᠲᠤᠷ ᠬᠢᠬᠦ ᠶᠢ ᠲᠦᠯᠬᠢᠨ ᠠᠬᠢᠭᠤᠯᠪᠠ᠃

 

 

ᠢᠷᠡᠯᠲᠡ
ᠣᠷᠳᠤᠰ ᠬᠣᠲᠠ ᠵᠢᠨ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro