ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠶᠢᠴᠠᠭᠠᠬᠤ ᠳᠠᠷᠤᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢᠶᠠᠷ ᠤᠷᠢᠭᠳᠠᠵᠤ ᠬᠡᠥᠬᠡᠳ  ᠤᠨ ᠪᠤᠶᠢᠵᠢᠯᠲᠠ ᠶᠢ ᠬᠠᠮᠠᠭᠠᠯᠠᠵᠤ ᠲᠤᠰᠢᠶᠠᠯ ᠬᠠᠷᠢᠭᠤᠴᠠᠯᠭ᠎ᠠ ᠪᠠᠨ ᠬᠤᠤᠰ ᠠᠵᠢᠯ  ᠤᠨ ᠪᠠᠶᠢᠷᠢ ᠳᠤ ᠭᠦᠢᠴᠡᠳᠬᠡᠨ᠎ᠡ

2023-11-01 18:35:04
ᠵᠣᠬᠢᠶᠠᠭᠴᠢ
ᠭᠡᠭᠡᠨᠲᠤᠶᠠᠭ᠎ᠠ


       ᠣᠶᠢᠷ᠎ᠠ ᠵᠢᠨ ᠡᠳᠦᠷ᠂ ᠰᠢᠨ᠎ᠡ ᠬᠤᠲᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠪᠠᠶᠢᠴᠠᠭᠠᠬᠤ ᠳᠠᠷᠤᠭ᠎ᠠ ᠪᠠᠢ ᠵᠢᠩ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ ᠳᠤ ᠤᠷᠢᠭᠳᠠᠨ᠂ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠰᠡᠨ ᠪᠥᠭᠡᠳ ᠲᠣᠰ ᠰᠤᠷᠭᠠᠭᠤᠯᠢ ᠶᠢᠨ ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠳᠠᠭᠴᠢ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠤᠷᠤᠵᠠᠢ᠃
     

 

      ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠨᠢ ᠦᠷᠳᠡᠭ ᠤᠨ ᠦᠵᠡᠯᠲᠡ ᠶᠢ ᠪᠠᠲᠤᠳᠬᠠᠬᠤ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠬᠦᠮᠦᠵᠢᠭᠦᠯᠬᠦ ᠭᠤᠷᠪᠠᠨ ᠲᠠᠯ᠎ᠠ ᠠᠴᠠ ᠰᠤᠷᠤᠭᠴᠢᠳ ᠢ ᠬᠥᠲᠥᠯᠥᠨ ᠳᠠᠭᠠᠭᠤᠯᠵᠤ ᠬᠤᠪᠢ ᠬᠥᠮᠥᠨ ᠤ ᠦᠷᠳᠡᠭ ᠤᠨ ᠬᠠᠨᠳᠤᠰᠢ ᠶᠢ ᠰᠦᠪᠡᠭᠴᠢᠯᠡᠭᠦᠯᠦᠨ ᠡᠭᠦᠨ ᠤ ᠤᠯᠠᠮ ᠢᠶᠠᠷ ᠲᠤᠰ ᠪᠡᠶ᠎ᠡ ᠶᠢᠨ ᠬᠥᠮᠥᠨ ᠲᠠᠢ ᠶᠠᠪᠤᠯᠴᠠᠬᠤ ᠪᠠᠲᠤ ᠴᠢᠩᠭ᠎ᠠ ᠪᠠᠷᠢᠮᠵᠢᠶ᠎ᠠ ᠶᠢ ᠪᠤᠶ ᠪᠤᠯᠭᠠᠬᠤ  ᠶᠢ ᠰᠤᠷᠭᠠᠵᠠᠢ᠂ ᠡᠭᠦᠨ  ᠤ ᠬᠠᠮᠳᠦ ᠬᠢᠴᠢᠶᠡᠯ ᠤᠨ ᠲᠤᠮᠳᠠ ᠪᠠᠶᠢᠴᠠᠭᠠᠬᠤ ᠳᠠᠷᠤᠭ᠎ᠠ ᠨᠠᠰᠤᠨ ᠳᠤ ᠥᠯᠥ ᠬᠦᠷᠦᠭᠰᠡᠳ ᠲᠠᠢ ᠬᠤᠯᠪᠣᠭᠳᠠᠭᠰᠠᠨ ᠶᠠᠯᠠᠲᠤ ᠠᠵᠢᠯᠯᠠᠭ᠎ᠠ᠂ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭ ᠢ ᠰᠢᠢᠳᠪᠦᠷᠢᠯᠡᠭᠰᠡᠨ  ᠠᠵᠢᠯ ᠤᠨ ᠳᠤᠮᠳᠠᠬᠢ ᠲᠤᠷᠰᠢᠯᠭ᠎ᠠ ᠪᠠ ᠬᠡᠷᠡᠭ ᠤᠨ ᠵᠢᠱᠢᠶ᠎ᠡ ᠲᠠᠢ ᠤᠶᠠᠯᠳᠠᠭᠤᠯᠵᠤ᠂ ᠰᠤᠷᠤᠭᠴᠢ ᠨᠠᠷ  ᠢ ᠪᠡᠶ᠎ᠡ ᠶᠢᠨ ᠳᠡᠷᠭᠡᠳᠡᠬᠢ ᠠᠶᠤᠯ ᠲᠦᠭᠰᠢᠭᠦᠷᠢ ᠪᠠ ᠲᠥᠭᠡᠷᠢᠭᠳᠡᠯ ᠢ ᠨᠠᠷᠢᠨ ᠨᠢᠮᠪᠠᠢ ᠢᠯᠭᠠᠨ ᠲᠠᠨᠢᠵᠤ᠂ ᠬᠤᠪᠢ ᠬᠥᠮᠥᠨ ᠤ ᠥᠷᠲᠡᠭ ᠤᠨ ᠮᠠᠭᠠᠳᠯᠠᠯᠲᠠ ᠪᠠᠨ ᠪᠠᠲᠤᠳᠬᠠᠨ᠂ ᠬᠤᠪᠢ ᠪᠡᠶ᠎ᠡ ᠶᠢᠨ ᠮᠠᠭᠠᠳᠯᠠᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠢ ᠪᠡᠶ᠎ᠡ ᠶᠢᠨ ᠰᠡᠷᠭᠡᠶᠢᠯᠡᠬᠦ ᠤᠬᠠᠮᠰᠠᠷ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠠᠪᠤᠴᠠ ᠳᠤ ᠪᠡᠶ᠎ᠡ ᠪᠠᠨ ᠳᠠᠭᠠᠭᠠᠭᠰᠠᠨ ᠪᠦᠷᠢᠨ ᠲᠡᠭᠦᠯᠳᠡᠷ ᠵᠠᠩ ᠴᠢᠨᠠᠷ ᠢ ᠬᠥᠮᠥᠵᠢᠭᠦᠯᠬᠦ ᠬᠡᠷᠡᠭᠲᠡᠢ ᠭᠡᠵᠦ ᠰᠡᠷᠡᠮᠵᠢᠯᠡᠭᠦᠯᠵᠡᠢ᠃ ᠡᠭᠦᠨ ᠤ ᠵᠡᠷᠭᠡ ᠳᠤ ᠬᠠᠮᠲᠤ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠬᠡ ᠣᠷᠣᠨᠴᠢ ᠦᠵᠡᠯ ᠢ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠠᠭᠤᠰᠬᠠᠨ ᠣᠷᠣᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠦᠨᠳᠦᠰᠦᠯᠡᠭᠰᠡᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠠᠮᠲᠤ ᠰᠤᠷᠤᠭᠴᠢᠳ ᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠠ ᠦᠢᠯᠡ ᠠᠵᠢᠯᠯᠠᠭᠠᠨ ᠤ ᠳᠠᠳᠬᠠᠯ ᠪᠣᠯᠭᠠᠵᠤ᠂ ᠬᠠᠮᠲᠤ ᠰᠤᠷᠤᠭᠴᠢᠳ ᠤᠨ ᠬᠠᠶᠢᠷ᠎ᠠ ᠰᠡᠳᠬᠢᠯᠭᠡ ᠪᠠ ᠬᠦᠰᠡᠯᠡᠩ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠦᠴᠦᠷᠬᠡᠭ ᠶᠡᠭᠡ ᠢᠳᠡ ᠬᠦᠴᠦ ᠪᠠ ᠣᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠨᠢᠭᠲᠠᠷᠠᠭᠤᠯᠬᠤ ᠬᠡᠷᠡᠭᠲᠡᠢ ᠭᠡᠵᠡᠢ᠃
     

 

       ᠲᠠᠷᠠᠭᠠᠴᠢ ᠶᠢᠨ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ  ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠤᠯᠢ ᠪᠠᠷ ᠵᠠᠰᠠᠬᠤ ᠬᠢᠴᠢᠶᠡᠯ ᠤᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠰᠡᠷᠡᠮᠵᠢᠯᠡᠭᠦᠯᠦᠨ ᠤᠬᠠᠭᠤᠯᠬᠤ ᠠᠷᠭ᠎ᠠ ᠵᠠᠮ ᠢ ᠥᠷᠭᠡᠳᠬᠡᠵᠦ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠳᠤ ᠨᠠᠩ ᠰᠠᠶᠢᠨ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃
    
    
        
                      

ᠢᠷᠡᠯᠲᠡ
ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro