ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭ ᠤᠨ ᠵᠢᠱᠢᠶ᠎ᠡ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ︽ᠰᠢᠯᠢᠳᠡᠭ ᠬᠡᠷᠡᠭ ᠤᠨ ᠵᠢᠱᠢᠶ᠎ᠡ︾ ᠳᠤ ᠰᠤᠩᠭᠤᠭᠳᠠᠪᠠ

2023-11-13 10:28:55
ᠵᠣᠬᠢᠶᠠᠭᠴᠢ
ᠵᠠᠩᠭ᠎ᠠ

 

 


      11 ᠰᠠᠷ᠎ᠠ ᠶᠢᠨ 9 ᠤ ᠡᠳᠦᠷ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠨᠡᠯᠡᠨ ᠰᠢᠯᠭᠠᠷᠠᠭᠤᠯᠤᠭᠰᠠᠨ ᠦᠷ᠎ᠡ ᠳ᠋ᠦᠩ  ᠨᠡᠶᠢᠲᠡᠯᠡᠭᠳᠡᠪᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ ︽ᠦᠨᠳᠦᠰᠦ  ᠪᠠᠨ ᠪᠠᠲᠤᠵᠢᠭᠤᠯᠵᠤ ᠰᠦᠭ ᠰᠦᠨᠡᠰᠦ  ᠪᠠᠨ ᠱᠤᠭᠤᠨ᠂ ᠭᠤᠷᠪᠠᠨ ᠬᠡᠮᠵᠢᠯ  ᠤᠨ  ᠠᠭᠤᠰᠤᠯᠴᠠᠯ ᠢᠶᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠦᠨᠡᠨᠴᠢ ᠬᠠᠮᠠᠭᠠᠯᠠᠭᠴᠢ ᠪᠣᠯᠬᠤ ᠪᠠᠷ  ᠴᠢᠷᠮᠠᠶᠢᠨ᠎ᠠ ︾ ᠭᠡᠬᠦ ᠬᠡᠷᠡᠭ ᠤᠨ ᠵᠢᠱᠢᠶ᠎ᠡ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠤᠨ ︽ᠰᠢᠯᠢᠳᠡᠭ ᠬᠡᠷᠡᠭ ᠤᠨ ᠵᠢᠱᠢᠶ᠎ᠡ︾ ᠳᠤ ᠰᠣᠩᠭᠤᠭᠳᠠᠨ ᠣᠷᠣᠵᠤ᠂  ᠲᠤᠰ ᠬᠡᠷᠡᠭ ᠦᠨ ᠵᠢᠱᠢᠶ᠎ᠠ ᠨᠢ ᠮᠦᠨᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ  ᠠᠴᠠ ᠰᠤᠩᠭᠤᠭᠳᠠᠨ ᠤᠷᠤᠭᠰᠠᠨ ᠴᠣᠷ ᠤᠨ ᠭᠠᠭᠴᠠ  ᠬᠡᠷᠡᠭ ᠤᠨ ᠵᠢᠱᠢᠶ᠎ᠡ ᠪᠣᠯᠤᠨ᠎ᠠ᠃
    
       ᠰᠢ ᠵᠢᠨ ᠫᠢᠩ ᠦᠨ ᠬᠠᠥᠯᠢ ᠪᠠᠷ ᠵᠠᠰᠠᠬᠤ  ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠴᠡᠭᠡᠵᠢᠯᠡᠨ᠂ ᠡᠷᠡᠭᠦᠦ ᠶᠢᠨ ᠬᠡᠷᠡᠭ  ᠤᠨ ᠪᠠᠶᠢᠴᠠᠭᠠᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ᠂ ︽ᠦᠨᠳᠦᠰᠦ  ᠪᠠᠨ ᠪᠠᠲᠤᠵᠢᠭᠤᠯᠵᠤ ᠰᠦᠭ ᠰᠦᠨᠡᠰᠦ ᠶᠢ ᠱᠤᠭᠤᠨ᠂ ᠭᠤᠷᠪᠠᠨ ᠬᠡᠮᠵᠢᠯ ᠢ ᠠᠭᠤᠰᠤᠯᠴᠠᠭᠤᠯᠬᠤ︾ ᠠᠵᠢᠯ ᠤᠨ ᠠᠷᠭ᠎ᠠ ᠶᠢ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠠᠭᠤᠰᠤᠯᠴᠠᠯ  ᠢ ᠠᠬᠢᠭᠤᠯᠤᠨ᠂ ︽ᠬᠤᠶᠠᠷ ᠨᠢᠭᠤᠷ︾  ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠶᠢ ᠪᠣᠳᠠᠲᠠᠢ ᠠᠳᠬᠤᠬᠤ᠂ ᠡᠩᠨᠡᠭᠡ ᠶᠢ ᠴᠢᠩᠭ᠎ᠠ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠶᠠᠰᠤ ᠴᠢᠨᠠᠷ ᠥᠨᠳᠥᠷ ᠪᠦᠲᠦᠮᠵᠢᠲᠡᠢ᠂ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠵᠦ᠂ ᠤᠮᠠᠷᠠᠲᠤ ᠬᠢᠯᠢ ᠶᠢᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠪᠤᠢ᠃
    

ᠢᠷᠡᠯᠲᠡ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro