ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠶᠢᠴᠠᠭᠠᠬᠤ ᠲᠤᠰᠢᠶᠠᠯᠲᠠᠨ ᠬᠠᠤᠯᠢ ᠶᠢᠨ ᠴᠠᠭᠳᠠᠭ᠎ᠠ  ᠬᠠᠮᠵᠢᠯᠴᠠᠭ᠎ᠠ ᠪᠠᠨ ᠴᠢᠩᠭᠠᠳᠬᠤᠵᠤ ᠪᠠᠶᠢᠴᠠᠭᠠᠬᠤ ᠠᠵᠢᠯ ᠤᠨ ᠬᠡᠷᠡᠭ ᠰᠢᠢᠳᠪᠦᠷᠢᠯᠡᠬᠦ ᠪᠦᠲᠦᠮᠵᠢ ᠶᠢ ᠳᠡᠭᠡᠭᠰᠢᠯᠡᠭᠦᠯᠪᠡ

2023-11-13 10:57:35
ᠵᠣᠬᠢᠶᠠᠭᠴᠢ
ᠣᠳᠬᠣᠨᠪᠢᠯᠢᠭ᠌

ᠣᠷᠴᠢᠮ ᠤᠨ ᠡᠳᠦᠷ᠂ ᠡᠷᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠶᠡᠬᠡ ᠠᠩᠭᠢ ᠲᠤᠰ ᠬᠣᠷᠢᠶᠠᠨ ᠤ ᠬᠣᠶᠠᠳᠤᠭᠠᠷ ᠪᠠᠶᠢᠴᠠᠭᠠᠬᠤ ᠭᠡᠯᠲᠡᠰ ᠦᠨ ᠭᠡᠷᠡᠴᠢ ᠠᠪᠬᠤ ᠳᠤ ᠬᠠᠤᠯᠢ ᠶᠢᠨ ᠴᠠᠭᠳᠠᠭ᠎ᠠ ᠬᠠᠮᠵᠢᠯᠴᠠᠭ᠎ᠠ ᠥᠭᠬᠦ ᠱᠠᠭᠠᠷᠳᠠᠯᠭ᠎ᠠ ᠶᠢ ᠬᠦᠯᠢᠶᠡᠨ ᠠᠪᠴᠤ᠂ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠭᠤᠶᠤᠴᠢᠯᠠᠯᠲᠠ ᠭᠠᠷᠭᠠᠭᠰᠠᠨ ᠨᠢᠭᠡᠨ ᠬᠡᠷᠡᠭ ᠦᠨ ᠭᠡᠷᠡᠴᠢ ᠠᠪᠬᠤ ᠠᠵᠢᠯ ᠳᠤ ᠬᠠᠤᠯᠢ ᠶᠢᠨ ᠴᠠᠭᠳᠠᠭᠠᠨ ᠤ ᠪᠠᠲᠤᠯᠠᠭ᠎ᠠ ᠬᠠᠩᠭᠠᠪᠠ᠃ ᠲᠤᠰ ᠬᠣᠷᠢᠶᠠᠨ ᠤ ᠨᠠᠷᠢᠯᠢᠭ ᠪᠠᠶᠢᠷᠢᠯᠠᠭᠤᠯᠤᠯᠲᠠ ᠳᠣᠣᠷ᠎ᠠ᠂ ᠬᠠᠤᠯᠢ ᠶᠢᠨ ᠴᠠᠭᠳᠠᠭ᠎ᠠ ᠪᠣᠯᠣᠨ ᠪᠠᠶᠢᠴᠠᠭᠠᠬᠤ ᠲᠤᠰᠢᠶᠠᠯᠲᠠᠨ ᠨᠢᠭᠲᠠ ᠬᠠᠮᠵᠢᠯᠴᠠᠵᠤ᠂ ᠠᠶᠢᠮᠠᠭ ᠬᠣᠲᠠ ᠠᠯᠭᠠᠰᠠᠭᠰᠠᠨ ᠭᠡᠷᠡᠴᠢ ᠠᠪᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠡᠢ᠃

ᠡᠷᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭ᠎ᠠ ᠶᠢᠨ ᠶᠡᠬᠡ ᠠᠩᠭᠢ ᠨᠢ ᠲᠤᠰ ᠬᠡᠷᠡᠭ ᠦᠨ  ᠲᠤᠬᠠᠢ ᠶᠢᠨ ᠬᠦᠮᠦᠨ ᠨᠢ ᠣᠷᠳᠣᠰ ᠬᠣᠲᠠ ᠳᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠡᠷᠡᠭ ᠪᠠᠶᠢᠴᠠᠭᠠᠵᠤ ᠭᠡᠷᠡᠴᠢ ᠠᠪᠬᠤ ᠠᠵᠢᠯ ᠢ ᠪᠠᠲᠤᠯᠠᠬᠤ ᠶᠢᠨ ᠲᠥᠯᠥᠭᠡ᠂ ᠬᠠᠤᠯᠢ ᠶᠢᠨ ᠴᠠᠭᠳᠠᠭ᠎ᠠ ᠶᠢᠨ ᠴᠠᠭᠳᠠᠭᠠᠨ ᠤ ᠦᠢᠯᠡᠴᠢᠯᠡᠭᠡᠨ ᠦ ᠰᠢᠰᠲ᠋ᠧᠮ ᠢᠶᠡᠷ ᠰᠢᠯᠢ ᠶᠢᠨ ᠭᠣᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠳᠤ ᠥᠭᠡᠷ᠎ᠡ ᠭᠠᠵᠠᠷ ᠤᠨ ᠬᠠᠤᠯᠢ ᠶᠢᠨ ᠴᠠᠭᠳᠠᠭ᠎ᠠ ᠡᠴᠡ ᠬᠠᠮᠵᠢᠯᠴᠠᠭ᠎ᠠ ᠥᠭᠬᠦ ᠭᠤᠶᠤᠴᠢᠯᠠᠯ ᠭᠠᠷᠭᠠᠵᠠᠢ᠃ᠰᠢᠯᠢ ᠶᠢᠨ ᠭᠣᠣᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠭᠤᠶᠤᠴᠢᠯᠠᠯᠲᠠ ᠶᠢ ᠣᠯᠣᠭᠰᠠᠨ ᠤ ᠳᠠᠷᠠᠭ᠎ᠠ ᠳᠠᠷᠤᠢ ᠳ᠋ᠤᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭᠠᠨ ᠤ ᠶᠡᠷᠦᠩᠬᠡᠢ ᠠᠩᠭᠢ ᠳᠤ ᠳᠡᠪᠰᠢᠭᠦᠯᠦᠭᠰᠡᠨ ᠦ ᠳᠠᠷᠠᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭᠠᠨ ᠤ ᠶᠡᠷᠦᠩᠬᠡᠢ ᠠᠩᠭᠢ  ᠠᠴᠠ ᠣᠷᠳᠣᠰ ᠬᠣᠲᠠ ᠶᠢᠨ ᠪᠠᠶᠢᠴᠠᠭᠠᠬᠤ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠰᠠᠯᠪᠤᠷᠢ ᠠᠩᠭᠢ ᠳᠦ  ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠬᠣᠶᠠᠷ ᠬᠠᠤᠯᠢ ᠶᠢᠨ ᠴᠠᠭᠳᠠᠭ᠎ᠠ ᠶᠢ ᠲᠠᠲᠠᠨ ᠬᠠᠤᠯᠢ ᠶᠢᠨ ᠴᠠᠭᠳᠠᠭ᠎ᠠ ᠲᠠᠲᠠᠨ ᠬᠡᠷᠡᠭᠯᠡᠬᠦ ᠮᠡᠳᠡᠭᠳᠡᠯ ᠪᠠᠭᠤᠯᠭᠠᠵᠤ᠂ ᠥᠪᠥᠷ ᠮᠣᠩᠭᠣᠯ ᠤᠨ ᠠᠷᠠᠳ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭ᠎ᠠ ᠶᠢᠨ ᠶᠡᠷᠦᠩᠬᠡᠢ ᠠᠩᠭᠢ ᠶᠢᠨ ᠵᠢᠯᠣᠭᠣᠳᠣᠯᠭ᠎ᠠ ᠳᠣᠣᠷ᠎ᠠ ᠂ ᠡᠷᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠲᠤᠰᠢᠶᠠᠯᠲᠠᠨ᠂ ᠬᠠᠤᠯᠢ ᠶᠢᠨ ᠴᠠᠭᠳᠠᠭ᠎ᠠ ᠂ ᠣᠷᠳᠣᠰ ᠬᠣᠲᠠ ᠶᠢᠨ  ᠬᠢᠡᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠬᠠᠤᠯᠢ ᠶᠢᠨ ᠴᠠᠭᠳᠠᠭ᠎ᠠ ᠬᠠᠮᠵᠢᠯᠴᠠᠨ ᠠᠵᠢᠯᠯᠠᠵᠤ᠂  ᠬᠢᠶ᠎ᠠ ᠪᠠᠭᠰᠢ ᠲᠣᠭᠣᠷᠢᠭ ᠤᠨ ᠨᠢᠭᠡᠨ ᠪᠠᠷᠢᠯᠭ᠎ᠠ ᠶᠢᠨ ᠭᠠᠵᠠᠷ ᠠᠴᠠ ᠬᠡᠷᠡᠭ ᠦᠨ ᠲᠤᠬᠠᠢ ᠶᠢᠨ ᠬᠦᠮᠦᠨ  ᠢ ᠡᠷᠢᠨ ᠣᠯᠵᠤ᠂  ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠬᠡᠷᠡᠭ ᠪᠠᠶᠢᠴᠠᠭᠠᠬᠤ ᠠᠵᠢᠯ ᠤᠨ ᠲᠣᠭᠣᠷᠢᠭ ᠲᠤ ᠲᠤᠬᠠᠢ ᠶᠢᠨ ᠬᠦᠮᠦᠨ ᠢ ᠯᠠᠪᠯᠠᠨ ᠠᠰᠠᠭᠤᠵᠤ ᠭᠡᠷᠡᠴᠢ ᠠᠪᠤᠭᠰᠠᠨ ᠪᠠᠶᠢᠨ᠎ᠠ᠃

 

 

ᠵᠢᠷᠤᠭ1᠄ ᠡᠷᠢᠶᠡᠨ ᠬᠣᠲᠠ ᠵᠢᠨ ᠪᠠᠶᠢᠴᠠᠭᠠᠬᠤ ᠬᠣᠷᠢᠶ᠎ᠠ ᠪᠠ ᠬᠢᠶ᠎ᠠ ᠪᠠᠭᠰᠢ ᠲᠤᠭᠤᠷᠢᠭ ᠤᠨ ᠪᠠᠶᠢᠴᠠᠭᠠᠬᠤ ᠬᠣᠷᠢᠶ᠎ᠠ ᠵᠢᠨ ᠬᠠᠥᠯᠢ  ᠪᠠᠷᠢᠬᠤ ᠴᠠᠭᠳᠠᠭ᠎ᠠ ᠪᠠᠶᠢᠴᠠᠭᠠᠬᠤ ᠲᠤᠰᠢᠶᠠᠯᠲᠠᠨ ᠤ ᠬᠡᠷᠡᠭ ᠦᠨ ᠲᠤᠬᠠᠢ ᠵᠢᠨ ᠬᠦᠮᠦᠨ ᠲᠠᠢ ᠠᠭᠤᠯᠵᠠᠨ ᠭᠡᠷᠡᠴᠢ ᠠᠪᠬᠤ ᠳᠤ ᠪᠠᠲᠤᠯᠠᠭ᠎ᠠ ᠬᠠᠩᠭᠠᠵᠤ ᠪᠠᠶᠢᠭ᠎ᠠ ᠨᠢ

ᠰᠢᠯᠢ ᠶᠢᠨ ᠭᠣᠣᠯ ᠠᠶᠢᠮᠠᠭ᠂ ᠡᠷᠢᠶᠠᠨ ᠬᠣᠲᠠ᠂ ᠣᠷᠳᠣᠰ ᠬᠣᠲᠠ ᠪᠣᠯᠣᠨ  ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠠᠤᠯᠢ ᠶᠢᠨ ᠴᠠᠭᠳᠠᠭ᠎ᠠ ᠶᠢᠨ ᠬᠠᠮᠵᠢᠯᠴᠠᠭᠠᠨ ᠤ ᠠᠵᠢᠯ ᠨᠢ ᠪᠣᠳᠠᠲᠠᠢ ᠠᠵᠢᠯ ᠢᠶᠠᠷ ︽ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠢᠨ ᠴᠠᠭᠳᠠᠭ᠎ᠠ ᠶᠢᠨ ᠠᠵᠢᠯ ᠢᠶᠠᠨ ᠨᠢᠭᠡ ᠴᠣᠭᠴᠠᠴᠢᠯᠠᠬᠤ ᠠᠷᠭ᠎ᠠ ᠬᠡᠮᠵᠢᠶ᠎ᠡ︾ ᠶᠢ ᠲᠤᠭᠤᠰᠢᠯᠠᠭᠤᠯᠵᠤ᠂ ᠥᠪᠥᠷ ᠮᠣᠩᠭᠣᠯ ᠤᠨ ᠠᠷᠠᠳ ᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠢᠨ ᠴᠠᠭᠳᠠᠭ᠎ᠠ ᠶᠢᠨ ᠬᠦᠴᠦᠨ ᠢ ᠦᠷ᠎ᠡ ᠪᠦᠲᠦᠮᠵᠢᠲᠠᠢ ᠬᠡᠷᠡᠭᠯᠡᠵᠦ᠂ ᠪᠠᠶᠢᠴᠠᠭᠠᠬᠤ ᠬᠣᠷᠢᠶᠠᠨ ᠤ ᠬᠡᠷᠡᠭ ᠰᠢᠢᠳᠪᠦᠷᠢᠯᠡᠬᠦ ᠳᠦ ᠬᠠᠤᠯᠢ ᠶᠢᠨ ᠴᠠᠭᠳᠠᠭ᠎ᠠ ᠶᠢᠨ ᠴᠣᠭᠴᠠᠴᠢᠯᠠᠭᠰᠠᠨ ᠪᠠᠲᠤᠯᠠᠭ᠎ᠠ ᠬᠠᠩᠭᠠᠬᠤ ᠠᠵᠢᠯ ᠤᠨ ᠲᠥᠷᠬᠦ ᠶᠢ ᠬᠠᠷᠠᠭᠤᠯᠤᠭᠰᠠᠨ ᠪᠠᠶᠢᠨ᠎ᠠ᠃

 

 

 ᠵᠢᠷᠤᠭ2᠄  ᠡᠷᠢᠶᠡᠨ ᠬᠤᠲᠠ ᠵᠢᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠠᠵᠢᠯᠲᠠᠨ  ᠬᠢᠶ᠎ᠠ ᠪᠠᠭᠰᠢ  ᠲᠣᠭᠤᠷᠢᠭ ᠤᠨ ᠪᠠᠶᠢᠴᠠᠭᠠᠬᠤ ᠬᠤᠷᠢᠶᠠᠨ ᠤ ᠬᠠᠥᠯᠢ ᠳᠤ ᠵᠠᠰᠠᠬᠤ ᠬᠦᠮᠦᠵᠢᠯ ᠦᠨ ᠰᠠᠭᠤᠷᠢᠨ ᠭᠠᠵᠠᠷ ᠶᠢ ᠲᠤᠭᠤᠷᠢᠨ ᠦᠵᠡᠵᠦ ᠪᠠᠶᠢᠭ᠎ᠠ ᠨᠢ

 

ᠠᠵᠢᠯ ᠤᠨ ᠳᠠᠷᠠᠭ᠎ᠠ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠠᠵᠢᠯᠲᠠᠨ ᠣᠷᠳᠣᠰ ᠬᠣᠲᠠ ᠶᠢᠨ  ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠬᠡᠷᠡᠭ ᠪᠠᠶᠢᠴᠠᠭᠠᠬᠤ ᠲᠣᠭᠣᠷᠢᠭ ᠪᠣᠯᠣᠨ ᠨᠠᠰᠤᠨ ᠥᠯᠥ ᠬᠦᠷᠦᠭᠰᠡᠳ ᠦᠨ ᠬᠠᠤᠯᠢ ᠲᠦᠭᠡᠮᠡᠯᠵᠢᠭᠦᠯᠬᠦ ᠬᠦᠮᠦᠵᠢᠯ ᠦᠨ ᠰᠠᠭᠤᠷᠢᠨ ᠭᠠᠵᠠᠷ ᠢ ᠲᠣᠭᠣᠷᠢᠨ ᠦᠵᠡᠵᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠠᠶᠤᠯᠭᠦᠢ ᠪᠠᠶᠢᠳᠠᠯ ᠢ ᠬᠠᠮᠠᠭᠠᠯᠠᠬᠤ ᠠᠵᠢᠯ ᠪᠣᠯᠣᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠦᠨ ᠠᠵᠢᠯ ᠤᠨ ᠲᠤᠷᠰᠢᠯᠭ᠎ᠠ ᠪᠠᠨ ᠰᠣᠯᠢᠯᠴᠠᠵᠠᠢ᠃

ᠲᠤᠰ ᠤᠳᠠᠭᠠᠨ ᠤ ᠪᠠᠶᠢᠴᠠᠭᠠᠬᠤ ᠲᠤᠰᠢᠶᠠᠯᠲᠠᠨ ᠬᠠᠤᠯᠢ ᠶᠢᠨ ᠴᠠᠭᠳᠠᠭ᠎ᠠ ᠬᠠᠮᠵᠢᠯᠴᠠᠨ ᠠᠵᠢᠯᠯᠠᠬᠤ᠂ ᠣᠷᠣᠨ ᠨᠤᠲᠤᠭ ᠠᠯᠭᠠᠰᠠᠭᠰᠠᠨ ᠪᠠᠶᠢᠴᠠᠭᠠᠬᠤ ᠪᠠᠶᠢᠭᠤᠯᠭ᠎ᠠ ᠶᠢᠨ ᠬᠠᠮᠵᠢᠯᠴᠠᠨ ᠠᠵᠢᠯᠯᠠᠬᠤ ᠲᠤᠷᠰᠢᠯᠭ᠎ᠠ ᠨᠢ ᠪᠢᠳᠠᠨ ᠳᠤ᠂ ᠪᠠᠶᠢᠴᠠᠭᠠᠬᠤ ᠪᠠᠶᠢᠭᠤᠯᠭ᠎ᠠ ᠬᠡᠷᠡᠭ ᠪᠠᠶᠢᠴᠠᠭᠠᠬᠤ ᠶᠠᠪᠤᠴᠠ ᠳᠤ ᠪᠠᠶᠢᠴᠠᠭᠠᠬᠤ ᠲᠤᠰᠢᠶᠠᠯᠲᠠᠨ᠂ ᠬᠠᠤᠯᠢ ᠶᠢᠨ ᠴᠠᠭᠳᠠᠭ᠎ᠠ ᠬᠠᠮᠵᠢᠯᠴᠠᠨ ᠠᠵᠢᠯᠯᠠᠬᠤ ᠦᠵᠡᠯ ᠤᠬᠠᠮᠰᠠᠷ ᠢ ᠪᠤᠢ ᠪᠣᠯᠭᠠᠵᠤ᠂ ᠪᠠᠶᠢᠴᠠᠭᠠᠬᠤ ᠬᠡᠷᠡᠭ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠦᠨ᠂ ︽ᠤᠳᠤᠷᠢᠳᠤᠯᠭ᠎ᠠ ᠪᠠᠨ ᠨᠢᠭᠡᠳᠭᠡᠵᠦ᠂ ᠬᠦᠷᠰᠢ ᠲᠠᠢ ᠪᠠᠨ ᠬᠠᠷᠢᠯᠴᠠᠬᠤ︾ ᠪᠠᠶᠢᠴᠠᠭᠠᠬᠤ ᠠᠵᠢᠯ ᠤᠨ ᠬᠠᠮᠲᠤ ᠶᠢᠨ ᠠᠵᠢᠯᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠬᠡᠷᠡᠭᠵᠢᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠬᠦᠭᠵᠢᠭᠦᠯᠬᠦ ᠶᠢ ᠠᠬᠢᠭᠤᠯᠬᠤ ᠬᠡᠷᠡᠭᠲᠡᠢ ᠭᠡᠰᠡᠨ ᠰᠠᠨᠠᠭᠤᠯᠤᠮᠵᠢ ᠥᠭᠭᠦᠭᠰᠡᠨ ᠪᠠᠶᠢᠨ᠎ᠠ᠃

ᠢᠷᠡᠯᠲᠡ
ᠡᠷᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro