ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

《 ᠣᠶᠤᠨᠴᠢ + ᠬᠥᠮᠦᠨ ᠤ ᠬᠦᠴᠦ︾ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠳᠤ 《 ᠬᠤᠣᠰ ᠪᠠᠲᠤᠯᠠᠭ᠎ᠠ︾  ᠬᠠᠩᠭᠠᠪᠠ

2023-11-15 15:06:26
ᠵᠣᠬᠢᠶᠠᠭᠴᠢ
ᠱᠤᠸᠠᠩ ᠮᠧᠢ


    ᠣᠶᠢᠷ᠎ᠠ ᠳᠤ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶᠠᠨ ᠤ ᠰᠢᠢᠳᠪᠦᠷᠢᠯᠡᠭᠰᠡᠨ  ᠨᠢᠭᠡᠨ  ᠬᠤᠯᠠᠭᠠᠶᠢᠯᠠᠭᠰᠠᠨ ᠬᠡᠷᠡᠭ ᠶᠢᠨ ᠤᠤᠯ ᠰᠢᠭᠦᠯᠲᠡ ᠶᠢᠨ ᠰᠢᠭᠦᠬᠦ ᠬᠤᠷᠢᠶᠠᠨ ᠤ ᠮᠠᠭᠠᠳᠯᠠᠨ ᠲᠣᠭᠲᠠᠭᠠᠭᠰᠠᠨ ᠶᠠᠯ᠎ᠠ ᠶᠢᠨ ᠨᠡᠷ᠎ᠡ ᠨᠢ ᠪᠤᠷᠤᠭᠤ ᠲᠠᠢ ᠠᠴᠠ ᠪᠣᠯᠵᠣ᠂ ᠣᠲᠤᠭ ᠤᠨ ᠡᠮᠦᠨᠡᠲᠦ ᠬᠤᠰᠢᠭᠤᠨ ᠤ ᠪᠠᠶᠢᠴᠠᠭᠠᠬᠤ ᠬᠤᠷᠢᠶ᠎ᠠ ᠡᠰᠡᠷᠭᠦᠴᠡᠨ ᠵᠠᠭᠠᠯᠳᠤᠵᠤ᠂ ᠣᠷᠳᠣᠰ ᠬᠤᠲᠠ ᠶᠢᠨ ᠪᠠᠶᠢᠴᠠᠭᠠᠬᠤ ᠬᠤᠷᠢᠶ᠎ᠠ ᠡᠰᠡᠷᠭᠦᠴᠡᠨ ᠵᠠᠭᠠᠯᠳᠤᠬᠤ ᠶᠢ ᠳᠡᠮᠵᠢᠨ᠂ ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠶᠢ ᠬᠤᠯᠠᠭᠠᠶᠢᠯᠠᠭᠰᠠᠨ ᠶᠠᠯ᠎ᠠ᠂ ᠠᠯᠪᠠᠨ ᠶᠠᠪᠤᠳᠠᠯ ᠢ ᠬᠠᠷᠰᠢᠯᠠᠭᠰᠠᠨ ᠶᠠᠯ᠎ᠠ ᠪᠠᠷ ᠥᠭᠡᠷᠡᠴᠢᠯᠡᠨ ᠲᠠᠰᠤᠯᠠᠭᠠᠳ᠂ ᠬᠡᠳᠦᠨ ᠶᠠᠯ᠎ᠠ ᠶᠢ ᠨᠡᠶᠢᠯᠡᠭᠦᠯᠦᠨ ᠰᠢᠳᠬᠡᠵᠦ᠂ ᠡᠷᠡᠭᠦᠦ ᠶᠢᠨ ᠬᠤᠭᠤᠴᠠᠭ᠎ᠠ ᠶᠢ ᠨᠢ ᠤᠤᠯ ᠤᠨ ᠭᠤᠷᠪᠠᠨ ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠪᠠᠶᠢᠭᠰᠠᠨ ᠠᠴᠠ ᠲᠠᠪᠤᠨ ᠵᠢᠯ ᠤᠨ ᠬᠤᠭᠤᠴᠠᠭ᠎ᠠ ᠲᠠᠢ ᠬᠤᠷᠢᠬᠤ ᠡᠷᠡᠭᠦᠦ ᠪᠣᠯᠭᠠᠨ ᠥᠭᠡᠷᠡᠴᠢᠯᠡᠪᠡ᠃
    ᠲᠤᠬᠠᠢ ᠶᠢᠨ ᠦᠶ᠎ᠡ ᠳᠤ᠂ ᠳᠠᠭᠠᠭᠠᠨ ᠰᠢᠳᠬᠡᠭᠰᠡᠨ ᠪᠠᠶᠢᠴᠠᠭᠠᠬᠤ ᠲᠤᠰᠢᠶᠠᠯᠲᠠᠨ ᠲᠤᠰ ᠬᠡᠷᠡᠭ ᠤᠨ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢᠨ ᠪᠢᠴᠢᠭ ᠢ ᠣᠯᠤᠭᠰᠠᠨ ᠤ ᠳᠠᠷᠠᠭ᠎ᠠ᠂ ᠮᠠᠲ᠋ᠧᠷᠢᠶᠠᠯ ᠢᠶᠠᠨ ᠶᠠᠭ ᠰᠠᠶᠢᠬᠠᠨ ᠬᠤᠲᠠ ᠶᠢᠨ ᠪᠠᠶᠢᠴᠠᠭᠠᠬᠤ ᠬᠤᠷᠢᠶᠠᠨ ᠳᠤ ᠮᠡᠳᠡᠭᠦᠯᠬᠦ ᠪᠠᠷ ᠪᠡᠯᠡᠳᠬᠡᠵᠦ  ᠪᠠᠶᠢᠬᠤ ᠳᠤ ᠬᠤᠲᠠ ᠶᠢᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠤᠷᠢᠳᠴᠢᠯᠠᠨ ᠤᠲᠠᠰᠤ ᠢᠷᠡᠭᠦᠯᠪᠡ᠃ ᠤᠤᠯ ᠨᠢ ︽ᠬᠠᠤᠯᠢ ᠪᠠᠷᠢᠬᠤ ᠵᠢᠷᠤᠮᠵᠢᠭᠤᠯᠤᠯᠲᠠ ᠶᠢᠨ ᠲᠣᠭᠤᠷᠢᠨ ᠴᠠᠭᠳᠠᠬᠤ ᠰᠢᠰᠲ᠋ᠧᠮ︾ ᠤᠨ ᠲᠣᠭᠤᠷᠢᠨ ᠪᠠᠶᠢᠴᠠᠭᠠᠬᠤ ᠦᠶ᠎ᠡ ᠳᠤ ᠪᠠᠰᠠ ᠰᠡᠷᠡᠮᠵᠢ ᠶᠢᠨ ᠳᠣᠬᠢᠶ᠎ᠠ ᠭᠠᠷᠴᠤ᠂ ᠲᠤᠰ ᠬᠡᠷᠡᠭ ᠲᠤ ︽ᠰᠢᠭᠦᠵᠦ ᠳᠠᠭᠤᠰᠬᠠᠭᠰᠠᠨ ᠶᠠᠯ᠎ᠠ ᠶᠢᠨ ᠨᠡᠷ᠎ᠡ ᠪᠠ ᠰᠢᠭᠦᠵᠦ ᠳᠠᠭᠤᠰᠬᠠᠭᠰᠠᠨ ᠪᠤᠰᠤᠳ ᠶᠠᠯ᠎ᠠ ᠶᠢᠨ ᠨᠡᠷ᠎ᠡ︾ ︽ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢᠨ ᠶᠠᠯ᠎ᠠ ᠶᠢᠨ ᠨᠡᠷ᠎ᠡ ᠪᠠ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢᠨ ᠪᠤᠰᠤᠳ ᠶᠠᠯ᠎ᠠ ᠶᠢᠨ ᠨᠡᠷ᠎ᠡ︾ ᠶᠢᠨ ᠡᠮᠦᠨ᠎ᠡ ᠬᠤᠶᠢᠨ᠎ᠠ ᠨᠢ ᠨᠢᠭᠡᠳᠦᠯ ᠦᠭᠡᠶ ᠪᠠᠶᠢᠨ᠎ᠠ ᠭᠡᠵᠦ ᠰᠢᠰᠲ᠋ᠧᠮ ᠲᠠᠢ ᠰᠠᠨᠠᠭᠤᠯᠵᠠᠶ᠃  ᠲᠡᠭᠡᠭᠡᠳ ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ ᠲᠤᠰ ᠬᠡᠷᠡᠭ ᠢ ᠬᠠᠤᠯᠢ ᠶᠣᠰᠣᠭᠠᠷ ᠡᠰᠡᠷᠭᠦᠴᠡᠨ ᠵᠠᠭᠠᠯᠳᠤᠪᠠ᠃
    ᠣᠷᠳᠣᠰ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠡᠯᠲᠡᠰ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠴᠥᠮ ᠬᠥᠮᠦᠨ ᠤ ᠬᠦᠴᠦ ᠪᠠᠷ ᠬᠢᠨᠠᠨ ᠪᠠᠶᠢᠴᠠᠭᠠᠬᠤ ᠠᠷᠭ᠎ᠠ ᠮᠠᠶ᠋ᠢᠭ ᠲᠤ ᠲᠦᠰᠢᠭᠯᠡᠨ  ᠦᠷᠨᠢᠭᠦᠯᠳᠡᠭ᠂ ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠶᠢᠨ ᠬᠡᠷᠡᠭ ᠵᠠᠷᠭᠤ ᠶᠢ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠬᠦ ᠬᠦᠰᠦᠨᠦᠭᠲᠦ᠂ ᠬᠡᠷᠡᠭ ᠤᠨ ᠺᠠᠷᠲ ᠤᠨ ᠲᠥᠷᠥᠯ ᠵᠦᠢᠯ ᠢ ᠨᠢᠭᠡᠳ ᠨᠢᠭᠡ ᠪᠠᠷ ᠬᠠᠷᠢᠴᠠᠭᠤᠯᠬᠤ ᠪᠠᠷ ᠳᠠᠮᠵᠢᠭᠤᠯᠤᠨ᠂ ᠬᠡᠷᠡᠭ ᠤᠨ ᠺᠠᠷᠲ ᠢ ᠲᠠᠭᠯᠠᠭᠰᠠᠨ ᠨᠢ ᠵᠢᠷᠤᠮᠵᠢᠭᠤᠨ ᠪᠥᠭᠡᠳ ᠣᠨᠣᠪᠴᠢᠲᠠᠶ ᠪᠠᠶᠢᠬᠤ ᠡᠰᠡᠬᠦ᠂ ᠢᠯᠡ ᠲᠣᠳᠣ ᠯᠣᠭᠢᠭ ᠤᠨ ᠵᠥᠷᠢᠴᠡᠯ ᠣᠷᠣᠰᠢᠵᠤ ᠪᠠᠶᠢᠬᠤ ᠡᠰᠡᠬᠦ᠂ ᠲᠤᠬᠠᠶᠢᠯᠠᠭᠰᠠᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢᠨ ᠭᠦᠢᠴᠡᠳᠬᠡᠯ ᠲᠤᠭ᠎ᠠ ᠶᠢ ᠨᠥᠯᠥᠭᠡᠯᠡᠬᠦ ᠬᠤᠯᠪᠣᠭᠳᠠᠬᠤ ᠬᠡᠷᠡᠭ ᠤᠨ ᠺᠠᠷᠲ ᠤᠨ ᠵᠦᠢᠯᠡᠰ ᠢ ᠣᠷᠬᠢᠭᠳᠠᠭᠤᠯᠤᠨ ᠲᠠᠭᠯᠠᠭᠰᠠᠨ ᠠᠰᠠᠭᠤᠳᠠᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠠᠵᠢᠯ ᠤᠨ ᠬᠡᠮᠵᠢᠶ᠎ᠡ ᠶᠡᠭᠡ ᠮᠥᠷᠲᠡᠭᠡᠨ ᠦᠷ᠎ᠡ ᠪᠦᠲᠦᠮᠵᠢ ᠥᠨᠳᠥᠷ ᠪᠢᠰᠢ  ᠪᠠᠶᠢᠵᠠᠢ᠃
    ᠪᠠᠶᠢᠴᠠᠭᠠᠬᠤ ᠲᠤᠬᠠᠶᠢᠯᠠᠭᠰᠠᠨ ᠠᠵᠢᠯ ᠤᠨ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠬᠥᠮᠦᠨ ᠤ ᠬᠦᠴᠦ ᠪᠠᠷ ᠬᠢᠨᠠᠨ ᠬᠠᠮᠢᠶᠠᠷᠬᠤ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠠᠰᠠᠭᠤᠳᠠᠯ ᠢᠯᠡᠷᠡᠭᠦᠯᠦᠭᠰᠡᠨ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠷᠳᠣᠰ ᠬᠤᠲᠠ ᠶᠢᠨ ᠪᠠᠶᠢᠴᠠᠭᠠᠬᠤ ᠬᠤᠷᠢᠶ᠎ᠠ ᠡᠨᠡ ᠵᠢᠯ ᠤᠨ ᠡᠬᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠬᠠᠮᠲᠤᠷᠠᠨ ︽ᠬᠠᠤᠯᠢ ᠴᠠᠭᠠᠵᠠ ᠶᠢᠨ ᠵᠢᠷᠤᠮᠵᠢᠭᠤᠯᠤᠯᠲᠠ ᠶᠢᠨ ᠲᠣᠭᠤᠷᠢᠨ ᠴᠠᠭᠳᠠᠬᠤ ᠰᠢᠰᠲ᠋ᠧᠮ︾ ᠢ ᠨᠡᠭᠡᠭᠡᠪᠡ᠃
     ᠲᠣᠰ ᠰᠢᠰᠲ᠋ᠧᠮ ᠨᠢ ᠡᠷᠡᠭᠦᠦ ᠶᠢᠨ ᠬᠡᠷᠡᠭ ᠤᠨ ᠪᠠᠶᠢᠴᠠᠭᠠᠬᠤ᠂ ᠡᠷᠡᠭᠦᠦ ᠶᠢᠨ ᠬᠡᠷᠡᠭ ᠤᠨ ᠵᠠᠷᠭᠤᠯᠳᠤᠭᠠᠨ ᠳᠤ ᠬᠢᠨᠠᠯᠲᠠ ᠲᠠᠯᠪᠢᠬᠤ᠂ ᠡᠷᠡᠭᠦᠦ ᠶᠢᠨ ᠬᠡᠷᠡᠭ ᠤᠨ ᠭᠦᠢᠴᠡᠳᠬᠡᠯ ᠳᠤ ᠬᠢᠨᠠᠯᠲᠠ ᠲᠠᠯᠪᠢᠬᠤ᠂ ᠢᠷᠭᠡᠨ ᠤ ᠬᠡᠷᠡᠭ ᠤᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠴᠠᠭᠠᠬᠤ ᠵᠡᠷᠭᠡ 51 ᠵᠦᠢᠯ ᠤᠨ ᠲᠤᠬᠠᠶᠢᠯᠠᠭᠰᠠᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠬᠦ ᠭᠦᠢᠴᠡᠳᠬᠡᠯ ᠲᠤᠭ᠎ᠠ ᠶᠢᠨ ᠲᠥᠷᠥᠯ ᠵᠦᠢᠯ  ᠢ ᠬᠠᠮᠤᠷᠴᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠡᠷᠡᠭ ᠤᠨ ᠶᠠᠰᠤ ᠴᠢᠨᠠᠷ ᠢ ᠦᠨᠡᠯᠡᠬᠦ ᠭᠦᠢᠴᠡᠳᠬᠡᠯ ᠲᠤᠭ᠎ᠠ ᠶᠢᠨ ᠬᠤᠯᠪᠣᠭᠳᠠᠬᠤ ᠬᠡᠷᠡᠭ ᠤᠨ ᠺᠠᠷᠲ ᠢᠶᠠᠷ ᠭᠤᠤᠯᠳᠠᠯᠭ᠎ᠠ ᠪᠣᠯᠭᠠᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠤᠨ ᠬᠡᠷᠡᠭ ᠤᠨ ᠲᠤᠭ᠎ᠠ ᠪᠠᠷᠢᠮᠲᠠ ᠪᠠ ᠪᠢᠴᠢᠭ ᠬᠠᠷ᠎ᠠ ᠶᠢ ᠠᠦ᠋ᠲ᠋ᠣ᠋ ᠬᠠᠷᠭᠤᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ᠂ ᠬᠡᠷᠡᠭ ᠤᠨ ᠺᠠᠷᠲ ᠢ ᠪᠤᠷᠤᠭᠤ ᠲᠠᠭᠯᠠᠨ ᠪᠢᠴᠢᠭᠰᠡᠨ᠂ ᠪᠢᠴᠢᠭ ᠬᠠᠷ᠎ᠠ ᠪᠤᠶᠤ ᠬᠡᠷᠡᠭ ᠰᠢᠢᠳᠪᠦᠷᠢᠯᠡᠬᠦ ᠰᠢᠰᠲ᠋ᠧᠮ ᠤᠨ ᠵᠢᠷᠤᠮ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠪᠥᠭᠡᠳ ᠡᠯ᠎ᠡ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠪᠠ ᠪᠣᠳᠠᠲᠠᠶ ᠬᠡᠷᠡᠭ ᠰᠢᠳᠬᠡᠭᠴᠢ ᠬᠦᠷᠲᠡᠯ᠎ᠡ ᠮᠥᠷᠳᠡᠵᠦ ᠪᠣᠯᠬᠤ  ᠶᠢᠨ ᠬᠠᠮᠲᠤ ᠠᠰᠠᠭᠤᠳᠠᠯ ᠤᠨ ᠴᠢᠬᠤᠯᠠ ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠰᠠᠨᠠᠭᠤᠯᠬᠤ ᠠᠷᠭ᠎ᠠ ᠮᠠᠶ᠋ᠢᠭ ᠢ ᠲᠣᠬᠢᠷᠠᠭᠤᠯᠤᠨ ᠰᠢᠪᠠᠳᠠᠨ ᠴᠡᠭᠴᠡᠯᠡᠭᠦᠯᠵᠦ ᠪᠣᠯᠤᠨ᠎ᠠ᠃
     ᠣᠳᠣᠬᠠᠨ ᠪᠣᠯᠲᠠᠯ᠎ᠠ᠂ ᠣᠷᠳᠣᠰ ᠬᠤᠲᠠ ᠶᠢᠨ ᠪᠠᠶᠢᠴᠠᠭᠠᠬᠤ ᠪᠠᠶᠢᠭᠤᠯᠭ᠎ᠠ ︽ᠬᠠᠤᠯᠢ ᠴᠠᠭᠠᠵᠠ ᠶᠢᠨ ᠵᠢᠷᠤᠮᠵᠢᠭᠤᠯᠤᠯᠲᠠ ᠶᠢᠨ ᠲᠣᠭᠤᠷᠢᠨ ᠴᠠᠭᠳᠠᠬᠤ ᠰᠢᠰᠲ᠋ᠧᠮ︾ ᠤᠨ ᠠᠩᠬ᠎ᠠ ᠠᠯᠬᠤᠮ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠪᠣᠯᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠤᠰᠬᠠᠶ ᠠᠩᠭᠢ ᠶᠢᠨ ᠬᠥᠮᠦᠨ ᠤ ᠬᠦᠴᠦ ᠪᠠᠷ ᠭᠦᠨᠵᠡᠭᠡᠶ ᠬᠠᠷᠭᠤᠭᠤᠯᠤᠨ ᠪᠠᠶᠢᠴᠠᠭᠠᠬᠤ ᠶᠢ ᠤᠶᠠᠯᠳᠤᠭᠤᠯᠤᠭᠰᠠᠨ ᠠᠵᠢᠯ ᠤᠨ ᠵᠠᠭᠪᠤᠷ ᠢᠶᠠᠷ ᠳᠠᠮᠵᠢᠭᠤᠯᠤᠨ᠂ ᠨᠡᠶᠢᠲᠡ 8590 ᠭᠠᠷᠤᠶ ᠬᠡᠷᠡᠭ ᠢ ᠬᠠᠷᠭᠤᠭᠤᠯᠤᠨ ᠪᠠᠶᠢᠴᠠᠭᠠᠵᠤ᠂ 960 ᠭᠠᠷᠤᠶ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠰᠢᠪᠠᠳᠠᠨ ᠴᠡᠭᠴᠡᠯᠡᠨ ᠰᠠᠶᠢᠵᠢᠷᠠᠭᠤᠯᠵᠤ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠢᠯᠡᠳᠲᠡ ᠰᠢᠯᠢᠳᠡᠭᠵᠢᠭᠦᠯᠪᠡ᠃
 

  

ᠢᠷᠡᠯᠲᠡ
ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro