ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠯᠠᠱᠠ ᠵᠡᠭᠦᠨ ᠬᠤᠰᠢᠭᠤᠨ ᠤ ᠪᠠᠶᠢᠴᠠᠭᠠᠬᠤ ᠬᠣᠷᠢᠶ᠎ᠠ ᠠᠵᠢᠯ᠎  ᠠᠴᠠ ᠪᠣᠯᠤᠭᠰᠠᠨ ᠭᠡᠮᠲᠦᠯ᠎ ᠤᠨ ᠳᠠᠭᠠᠳᠬᠠᠯ᠎ ᠤᠨ ᠣᠯᠭᠣᠮᠵᠢ ᠥᠭᠬᠦ ᠵᠠᠰᠠᠭ ᠵᠠᠬᠢᠷᠭᠠᠨ ᠤ ᠮᠠᠷᠭᠤᠯᠳᠤᠭᠠᠨ  ᠢ ᠪᠠᠢᠴᠠᠭᠠᠬᠤ ᠭᠡᠷᠡᠴᠢᠯᠡᠭᠡ ᠰᠣᠨᠣᠰᠬᠤ ᠪᠠᠷ ᠳᠠᠮᠵᠢᠨ ᠮᠥᠨ ᠴᠢᠨᠠᠷ ᠳᠡᠭᠡᠷ᠎ᠡ ᠎ᠪᠡᠨ  ᠰᠢᠢᠳᠪᠦᠷᠢᠯᠡᠵᠦ ᠪᠤᠢ

2023-11-24 17:02:50
ᠵᠣᠬᠢᠶᠠᠭᠴᠢ
ᠱᠢᠷᠦᠨᠬᠤᠸᠠᠷ

 

 

2023 ᠣᠨ ᠤ 11 ᠰᠠᠷ᠎ᠠ᠎ᠶ᠋ᠢᠨ 15᠎ ᠤ ᠡᠳᠦᠷ ᠂ ᠠᠯᠠᠱᠠ ᠵᠡᠭᠦᠨ ᠬᠤᠰᠢᠭᠤᠨ ᠤ ᠠᠷᠠᠳ ᠤᠨ ᠪᠠᠢᠴᠠᠭᠠᠬᠤ ᠬᠣᠷᠢᠶ᠎ᠠ ᠨᠢ ᠨᠢᠭᠡᠨ ᠵᠠᠰᠠᠭ ᠵᠠᠬᠢᠷᠭᠠᠨ ᠤ ᠵᠠᠷᠭᠤ ᠎ᠶ᠋ᠢᠨ ᠬᠢᠨᠠᠯᠲᠠ ᠎ᠶ᠋ᠢᠨ ᠬᠡᠷᠡᠭ ᠲᠤ ᠬᠣᠯᠪᠣᠭᠳᠠᠭᠰᠠᠨ ᠠᠵᠢᠯ᠎   ᠠᠴᠠ  ᠪᠣᠯᠤᠭᠰᠠᠨ ᠭᠡᠮᠲᠦᠯ᠎   ᠤᠨ ᠳᠠᠭᠠᠳᠬᠠᠯ᠎  ᠤᠨ ᠣᠯᠭᠣᠮᠵᠢ ᠥᠭᠬᠦ ᠵᠠᠰᠠᠭ ᠵᠠᠬᠢᠷᠭᠠᠨ ᠤ ᠮᠠᠷᠭᠤᠭᠠᠨ ᠳᠤ ᠢᠯᠡ᠎ᠪᠡᠷ ᠭᠡᠷᠡᠴᠢᠯᠡᠭᠡ ᠰᠣᠨᠣᠰᠪᠠ ᠃ ᠳᠡᠳ᠋ ᠪᠠᠢᠴᠠᠭᠠᠬᠤ ᠳᠠᠷᠤᠭ᠎ᠠ ᠰᠢᠶᠧ ᡁᠢ ᠫᠢᠩ  ᠡᠴᠡ ᠲᠤᠰ ᠭᠡᠷᠡᠴᠢᠯᠡᠭᠡ ᠰᠣᠨᠣᠰᠬᠤ ᠬᠤᠷᠠᠯ᠎  ᠢ  ᠡᠷᠬᠢᠯᠡᠪᠡ ᠃

 

 

ᠭᠡᠷᠡᠴᠢᠯᠡᠭᠡ ᠰᠣᠨᠣᠰᠤᠭᠴᠢ᠄

ᠵᠠᠩ᠎ ᠵᠢᠨ ᠸᠧᠢ ᠂ ᠠᠯᠠᠱᠠ ᠠᠢᠮᠠᠭ ᠤᠨ ᠨᠠᠮ᠎ ᠤᠨ ᠬᠣᠷᠢᠶᠠᠨ ᠤ ᠨᠠᠮ᠎ ᠤᠨ ᠰᠤᠷᠭᠠᠭᠤᠯᠢ᠎ ᠶ᠋ᠢᠨ ᠤᠯᠤᠰ ᠲᠥᠷᠥ ᠬᠠᠤᠯᠢ ᠴᠠᠭᠠᠵᠠ᠎ᠶ᠋ᠢᠨ ᠵᠢᠭᠠᠨ ᠰᠤᠳᠤᠯᠬᠤ ᠲᠠᠰᠤᠭ ᠤᠨ ᠪᠠᠭᠰᠢ᠃

ᠠᠷᠢᠭᠤᠨᠬᠡᠰᠢᠭ ᠂ ᠠᠯᠠᠱᠠ ᠵᠡᠭᠦᠨ ᠬᠤᠰᠢᠭᠤᠨ ᠤ ᠳᠣᠲᠣᠭᠠᠳᠤ᠎ ᠶ᠋ᠢ ᠬᠠᠮᠠᠭᠠᠯᠠᠬᠤ ᠲᠣᠪᠴᠢᠶᠠᠨ ᠤ ᠥᠭᠡᠯᠡᠳ ᠲᠣᠮᠢᠯᠠᠭᠰᠠᠨ ᠰᠠᠯᠪᠤᠷᠢ ᠎ᠶ᠋ᠢᠨ ᠴᠠᠭᠳᠠᠭ᠎ᠠ᠃

ᠸᠠᠩ ᠲᠧᠩ ᠂ ᠥᠪᠥᠷ ᠮᠣᠩᠭᠣᠯ᠎ ᠤᠨ ᠷᠦᠢ ᠬᠤᠸᠠ ᠬᠠᠤᠯᠢᠴᠢ ᠎ᠶ᠋ᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ

ᠠᠷᠠᠳ  ᠤᠨ ᠬᠢᠨᠠᠯᠲᠠ ᠲᠠᠯᠪᠢᠭᠴᠢ᠄

ᠶᠠᠩ ᠽᠠᠢ ᠵᠸᠨ᠂ ᠸᠠᠩ᠎ ᠤᠨ ᠣᠷᠳᠣᠨ ᠵᠡᠭᠡᠯᠢ ᠭᠤᠳᠤᠮᠵᠢ᠎ ᠶ᠋ᠢᠨ ᠬᠡᠷᠡᠭ ᠡᠷᠬᠢᠯᠡᠬᠦ ᠭᠠᠵᠠᠷ᠎ ᠤᠨ ᠰᠢ ᠬᠤᠸᠠ ᠶᠤᠸᠠᠨ ᠨᠡᠢᠭᠡᠮ ᠲᠣᠭᠣᠷᠢᠭ   ᠤᠨ ᠠᠵᠢᠯᠲᠠᠨ᠃

ᠬᠡᠷᠡᠭ ᠤᠨ ᠦᠨᠳᠦᠰᠦᠨ ᠪᠠᠢᠳᠠᠯ ᠄

ᠸᠠᠩ ᠣᠪᠣᠭᠲᠤ ᠠᠵᠢᠯ ᠡᠴᠡ ᠪᠣᠯᠤᠭᠰᠠᠨ ᠭᠡᠮᠲᠦᠯ᠎  ᠢᠶᠠᠨ ᠬᠢᠨᠠᠨ ᠲᠣᠭᠲᠠᠭᠠᠬᠤ ᠪᠠᠷ ᠡᠷᠭᠦᠳᠡᠯ ᠭᠠᠷᠭᠠᠭᠰᠠᠨ ᠬᠤᠭᠤᠴᠠᠭᠠᠨ ᠳ᠋ᠤ᠌ ᠂ ᠠᠵᠢᠯᠴᠢᠨ ᠬᠡᠷᠡᠭᠯᠡᠬᠦ ᠨᠢᠭᠡᠴᠡ  ᠨᠢ ᠠᠵᠢᠯ ᠡᠴᠡ ᠪᠣᠯᠤᠭᠰᠠᠨ ᠭᠡᠮᠲᠦᠯ  ᠤᠨ ᠳᠠᠭᠠᠳᠬᠠᠯ ᠢ ᠨᠢ ᠲᠤᠰᠢᠶᠠᠬᠤ᠎  ᠪᠠᠨ ᠵᠣᠭᠰᠣᠪᠠ ᠃ ᠸᠠᠩ ᠣᠪᠣᠭᠲᠤ ᠵᠢᠨ ᠭᠡᠮᠳᠦᠯ ᠨᠢ ᠨᠡᠢᠭᠡᠮ᠎ ᠤᠨ ᠳᠠᠭᠠᠳᠬᠠᠯ᠎  ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠎ ᠲᠦ᠍ ᠠᠵᠢᠯ ᠡᠴᠡ ᠪᠣᠯᠤᠭᠰᠠᠨ ᠭᠡᠮᠲᠦᠯ᠎  ᠢᠶᠠᠷ ᠦᠨᠡᠯᠡᠭᠳᠡᠵᠦ ᠂ ᠵᠡᠮᠳᠡᠭ ᠤᠨ ᠳᠡᠰ ᠨᠢ ᠶᠢᠰᠦᠳᠦᠭᠡᠷ ᠳᠡᠰ᠎  ᠢᠶᠠᠷ ᠬᠢᠨᠠᠨ ᠲᠣᠭᠲᠠᠭᠠᠭᠳᠠᠪᠠ ᠃ ᠨᠡᠢᠭᠡᠮ ᠤᠨ ᠳᠠᠭᠠᠳᠬᠠᠯ᠎   ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠎ ᠤᠨ ᠦᠵᠡᠬᠦ᠎  ᠪᠡᠷ ᠂ ᠸᠠᠩ ᠣᠪᠣᠭᠲᠤ ᠠᠵᠢᠯ ᠡᠴᠡ ᠪᠣᠯᠤᠭᠰᠠᠨ ᠭᠡᠮᠲᠦᠯ᠎ ᠤᠨ ᠣᠯᠭᠣᠮᠵᠢ ᠎ᠶ᠋ᠢ ᠬᠢᠨᠠᠨ ᠲᠣᠭᠲᠠᠭᠠᠬᠤ ᠡᠴᠡ ᠡᠮᠦᠨ᠎ᠡ ᠨᠢᠭᠡᠨᠲᠡ ᠳᠠᠭᠠᠳᠬᠠᠯ᠎  ᠪᠠᠨ ᠵᠣᠭᠰᠣᠭᠠᠭᠰᠠᠨ ᠪᠠᠢᠨ᠎ᠠ ᠂ ᠲᠡᠭᠦᠨ ᠤ ᠠᠵᠢᠯ ᠡᠴᠡ ᠪᠣᠯᠤᠭᠰᠠᠨ ᠭᠡᠮᠲᠦᠯ᠎ ᠤᠨ ᠳᠠᠭᠠᠳᠬᠠᠯ᠎  ᠤᠨ ᠣᠯᠭᠣᠮᠵᠢ᠎ ᠶ᠋ᠢ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠨᠢᠭᠡᠴᠡ᠎ ᠠᠴᠠ ᠡᠭᠦᠷᠭᠡᠯᠡᠪᠡᠯ ᠵᠣᠬᠢᠨ᠎ᠠ ᠭᠡᠪᠡ ᠃ ᠠᠵᠢᠯᠴᠢᠨ ᠬᠡᠷᠡᠭᠯᠡᠬᠦ ᠨᠢᠭᠡᠴᠡ᠎ᠶ᠋ᠢᠨ ᠬᠢᠨ ᠦᠵᠡᠬᠦ᠎ ᠪᠡᠷ ᠂ ᠸᠠᠩ ᠣᠪᠣᠭᠲᠤ ᠵᠢᠨ ᠠᠵᠢᠯ ᠡᠴᠡ ᠪᠣᠯᠤᠭᠰᠠᠨ ᠭᠡᠮᠲᠦᠯ᠎ ᠤᠨ ᠳᠠᠭᠠᠳᠬᠠᠯ ᠎ ᠤᠨ ᠬᠠᠷᠢᠴᠠᠭ᠎ᠠ ᠦᠷᠭᠦᠯᠵᠢᠯᠡᠨ ᠣᠷᠣᠰᠢᠵᠤ ᠪᠠᠢᠭ᠎ᠠ ᠬᠤᠭᠤᠴᠠᠭᠠᠨ ᠳ᠋ᠤ᠌ ᠡᠭᠦᠰᠦᠭᠰᠡᠨ ᠪᠣᠯ ᠨᠡᠢᠭᠡᠮ᠎ ᠤᠨ ᠳᠠᠭᠠᠳᠬᠠᠯ᠎ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠮᠳᠡᠭ ᠤᠨ ᠨᠢᠭᠡ ᠤᠳᠠᠭᠠᠨ ᠤ ᠴᠢᠨᠠᠷᠲᠠᠢ ᠲᠤᠰᠠᠯᠠᠮᠵᠢ᠎ ᠶ᠋ᠢᠨ ᠮᠥᠩᠭᠥ ᠪᠣᠯᠤᠨ ᠠᠵᠢᠯ ᠡᠴᠡ ᠪᠣᠯᠤᠭᠰᠠᠨ ᠭᠡᠮᠲᠦᠯ᠎ ᠤᠨ ᠡᠮᠨᠡᠭᠦᠯᠬᠦ ᠨᠢᠭᠡ  ᠤᠳᠠᠭᠠᠨ ᠤ ᠴᠢᠨᠠᠷᠲᠠᠢ ᠲᠤᠰᠠᠯᠠᠮᠵᠢ ᠎ᠶ᠋ᠢᠨ ᠮᠥᠩᠭᠥ᠎ ᠶ᠋ᠢ ᠡᠭᠦᠷᠭᠡᠯᠡᠵᠦ ᠂ ᠠᠵᠢᠯᠴᠢᠨ ᠬᠡᠷᠡᠭᠯᠡᠬᠦ ᠨᠢᠭᠡᠴᠡ ᠨᠢ ᠵᠡᠮᠳᠡᠭ ᠤᠨ ᠠᠵᠢᠯ ᠣᠯᠬᠤ ᠨᠢᠭᠡ  ᠤᠳᠠᠭᠠᠨ ᠤ ᠴᠢᠨᠠᠷᠲᠠᠢ ᠲᠤᠰᠠᠯᠠᠮᠵᠢ ᠎ᠶ᠋ᠢᠨ ᠮᠥᠩᠭᠥ᠎ ᠶ᠋ᠢ ᠨᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠢ ᠭᠡᠪᠡ᠂ ᠡᠶᠢᠨᠬᠦ ᠮᠠᠷᠭᠤᠯᠳᠤᠭᠠᠨ  ᠪᠣᠯᠵᠤ ᠂ ᠸᠠᠩ ᠣᠪᠣᠭᠲᠤ ᠵᠢᠨ ᠠᠵᠢᠯ ᠡᠴᠡ ᠪᠣᠯᠤᠭᠰᠠᠨ ᠭᠡᠮᠲᠦᠯ ᠎ ᠤᠨ ᠳᠠᠭᠠᠳᠬᠠᠯ᠎  ᠤᠨ ᠣᠯᠭᠣᠮᠵᠢ  ᠪᠠᠨ ᠣᠯᠬᠤ ᠳ᠋ᠦ᠍ ᠪᠡᠷᠬᠡ ᠪᠣᠯᠣᠭᠰᠠᠨ ᠪᠠᠶᠢᠨ᠎ᠠ ᠃

 

 

ᠢᠳᠡᠪᠬᠢ ᠠᠴᠢ ᠬᠣᠯᠪᠣᠭᠳᠠᠯ ᠄ 

ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ ᠂ ᠪᠠᠢᠴᠠᠭᠠᠭᠴᠢ ᠡᠴᠡ ᠠᠵᠢᠯ᠎ ᠡᠴᠡ ᠪᠣᠯᠤᠭᠰᠠᠨ ᠭᠡᠮᠲᠦᠯ᠎ ᠢ ᠮᠠᠭᠠᠳᠯᠠᠨ ᠲᠣᠭᠲᠠᠭᠠᠬᠤ ᠵᠠᠰᠠᠭ ᠵᠠᠬᠢᠷᠭᠠᠨ ᠤ ᠵᠠᠷᠭᠤ᠎ ᠶ᠋ᠢᠨ ᠰᠢᠭᠦᠨ ᠲᠠᠰᠤᠯᠤᠯᠲᠠ ᠎ᠶ᠋ᠢᠨ ᠦᠷ᠎ᠡ ᠳ᠋ᠦᠩ᠎ ᠢ ᠬᠠᠤᠯᠢ ᠶᠣᠰᠣᠭᠠᠷ ᠬᠢᠨᠠᠨ ᠪᠠᠢᠴᠠᠭᠠᠬᠤ ᠂ ᠨᠡᠢᠭᠡᠮ᠎ ᠤᠨ ᠳᠠᠭᠠᠳᠬᠠᠯ᠎ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠎ ᠠᠴᠠ ᠵᠡᠮᠳᠡᠭ ᠤᠨ ᠨᠢᠭᠡ  ᠤᠳᠠᠭᠠᠨ ᠤ ᠴᠢᠨᠠᠷᠲᠠᠢ ᠲᠤᠰᠠᠯᠠᠮᠵᠢ ᠎ᠶ᠋ᠢᠨ   ᠮᠦᠩᠭᠦ ᠪᠠ ᠠᠵᠢᠯ᠎  ᠠᠴᠠ ᠪᠣᠯᠤᠭᠰᠠᠨ ᠭᠡᠮᠲᠦᠯ᠎ ᠤᠨ ᠡᠮᠴᠢᠯᠡᠭᠡᠨ ᠤ ᠨᠢᠭᠡ  ᠤᠳᠠᠭᠠᠨ ᠤ ᠴᠢᠨᠠᠷᠲᠠᠢ ᠲᠤᠰᠠᠯᠠᠮᠵᠢ᠎ ᠶ᠋ᠢᠨ ᠮᠥᠩᠭᠥ ᠥᠭᠬᠦ ᠎ᠶ᠋ᠢ ᠲᠡᠪᠴᠢᠭᠰᠡᠨ ᠪᠣᠳᠠᠲᠤ ᠶᠠᠪᠤᠳᠠᠯ᠂ ᠬᠠᠤᠯᠢ ᠴᠠᠭᠠᠵᠠ ᠎ᠶ᠋ᠢᠨ ᠦᠨᠳᠦᠰᠦᠯᠡᠯ ᠂ ᠠᠵᠢᠯᠴᠢᠨ ᠬᠡᠷᠡᠭᠯᠡᠬᠦ ᠨᠢᠭᠡᠴᠡ᠎ᠶ᠋ᠢᠨ ᠰᠢᠷᠬᠠᠳᠤᠭᠰᠠᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠭᠤᠷᠪᠠᠨ ᠲᠠᠯ᠎ᠠ᠎ ᠪᠠᠷ ᠭᠡᠷᠡᠴᠢ ᠭᠠᠷᠭᠠᠨ ᠵᠠᠳᠠᠯᠤᠯᠲᠠ ᠬᠢᠵᠡᠢ ᠃ ᠭᠡᠷᠡᠴᠢᠯᠡᠭᠡ ᠰᠣᠨᠣᠰᠤᠭᠴᠢ ᠨᠢ ᠮᠠᠷᠭᠤᠯᠳᠤᠭᠠᠨ ᠤ ᠲᠥᠪᠯᠡᠷᠡᠯ᠎ ᠤᠨ ᠠᠰᠠᠭᠤᠳᠠᠯ᠎ ᠤᠨ ᠲᠣᠭᠣᠷᠢᠨ ᠳ᠋ᠤ᠌ ᠂ ᠲᠤᠰ ᠲᠤᠰ᠎   ᠤᠨ ᠲᠤᠰᠬᠠᠢ ᠮᠡᠷᠭᠡᠵᠢᠯ᠎  ᠤᠨ ᠬᠠᠷᠠᠭᠠᠰᠤ᠎ ᠠᠴᠠ ᠪᠤᠰᠤᠳᠴᠢ ᠂ ᠬᠢᠨᠠᠭᠤᠷ ᠪᠣᠯᠭᠣᠮᠵᠢᠲᠠᠢ ᠵᠥᠪᠯᠡᠨ ᠲᠣᠭᠲᠠᠭᠠᠭᠰᠠᠨ ᠰᠠᠨᠠᠯ᠎   ᠢᠶᠠᠨ ᠨᠡᠢᠲᠡᠯᠡᠵᠦ ᠂ ᠸᠠᠩ ᠣᠪᠣᠭᠲᠤ᠎ ᠶ᠋ᠢᠨ ᠭᠡᠮᠲᠦᠯ ᠨᠢ ᠠᠵᠢᠯ᠎ ᠠᠴᠠ ᠪᠣᠯᠤᠭᠰᠠᠨ ᠭᠡᠮᠲᠦᠯ᠎ ᠤᠨ ᠳᠠᠭᠠᠳᠬᠠᠯ᠎ ᠤᠨ ᠬᠠᠷᠢᠴᠠᠭ᠎ᠠ ᠦᠷᠭᠦᠯᠵᠢᠯᠡᠨ ᠣᠷᠣᠰᠢᠵᠤ ᠪᠠᠢᠭ᠎ᠠ ᠬᠤᠭᠤᠴᠠᠭᠠᠨ ᠳ᠋ᠤ᠌ ᠡᠭᠦᠰᠦᠭᠰᠡᠨ ᠪᠣᠯᠬᠣᠷ ᠂ ᠨᠡᠢᠭᠡᠮ ᠤᠨ ᠳᠠᠭᠠᠳᠬᠠᠯ᠎ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠵᠢᠯᠴᠢᠨ ᠬᠡᠷᠡᠭᠯᠡᠬᠦ ᠨᠢᠭᠡᠴᠡ ᠨᠢ ᠲᠤᠰ ᠲᠤᠰ᠎ ᠤᠨ ᠲᠥᠯᠥᠬᠦ ᠬᠠᠷᠢᠭᠤᠴᠠᠯᠭ᠎ᠠ᠎ ᠪᠠᠨ ᠬᠠᠤᠯᠢ ᠶᠣᠰᠣᠭᠠᠷ ᠡᠭᠦᠷᠭᠡᠯᠡᠵᠦ ᠂ ᠮᠠᠷᠭᠤᠭᠠᠨ ᠢ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠢᠬᠤ᠎ ᠡᠴᠡ ᠵᠠᠢᠯᠠᠰᠬᠢᠵᠦ ᠂ ᠰᠢᠷᠬᠠᠳᠤᠭᠰᠠᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠦᠷᠭᠦᠯᠵᠢᠯᠡᠨ ᠬᠣᠬᠢᠷᠠᠯ ᠳ᠋ᠤ᠌ ᠤᠴᠠᠷᠠᠬᠤ᠎ ᠠᠴᠠ  ᠵᠠᠶᠢᠯᠠᠰᠬᠢᠪᠡᠯ ᠵᠤᠬᠢᠨ᠎ᠠ ᠭᠡᠵᠦ ᠰᠠᠨᠠᠯ ᠨᠢᠭᠡᠲᠡᠢ ᠦᠵᠡᠪᠡ ᠃

ᠰᠢᠶᠧ ᡁᠢ ᠫᠢᠩ ᠭᠡᠷᠡᠴᠢᠯᠡᠭᠡ ᠰᠤᠨᠤᠰᠤᠯᠲᠠ ᠶᠢ ᠰᠣᠨᠣᠰᠤᠭᠰᠠᠨ  ᠢᠶᠠᠨ ᠳ᠋ᠦᠩᠨᠡᠬᠦ ᠎ᠳ᠋ᠡᠭᠡᠨ ᠂ ᠲᠤᠰ ᠬᠡᠷᠡᠭ ᠤᠨ ᠳᠤᠮᠳᠠᠬᠢ ᠬᠣᠶᠠᠷ ᠲᠠᠯ᠎ᠠ᠎ᠶ᠋ᠢᠨ ᠮᠠᠷᠭᠤᠯᠳᠤᠭᠠᠨ ᠤ ᠠᠰᠠᠭᠤᠳᠠᠯ᠎  ᠤᠨ ᠲᠤᠬᠠᠢ ᠬᠠᠤᠯᠢ ᠴᠠᠭᠠᠵᠠ᠎ᠶ᠋ᠢᠨ ᠳᠦᠷᠢᠮ᠎ᠳ᠋ᠦ᠍ ᠬᠡᠳᠦᠢᠪᠡᠷ ᠲᠣᠳᠣᠷᠬᠠᠢ ᠲᠣᠭᠲᠠᠭᠠᠯ ᠥᠬᠡᠢ ᠪᠣᠯᠪᠠᠴᠤ《ᠠᠵᠢᠯ᠎  ᠠᠴᠠ ᠪᠣᠯᠤᠭᠰᠠᠨ ᠭᠡᠮᠲᠦᠯ᠎ ᠤᠨ ᠳᠠᠭᠠᠳᠬᠠᠯ᠎ ᠤᠨ ᠳᠦᠷᠢᠮ 》 ᠤᠨ ᠬᠠᠤᠯᠢ ᠲᠣᠭᠲᠠᠭᠠᠬᠤ ᠵᠣᠷᠢᠯᠭ᠎ᠠ᠂ ᠬᠠᠤᠯᠢ ᠴᠠᠭᠠᠵᠠ᠎ᠶ᠋ᠢᠨ ᠦᠢᠯᠡᠳᠦᠯᠭᠡ ᠪᠠ ᠬᠡᠷᠡᠭ  ᠤᠨ ᠦᠨᠳᠦᠰᠦᠨ ᠪᠣᠳᠠᠲᠤ ᠪᠠᠢᠳᠠᠯ᠎ ᠲᠠᠢ ᠤᠶᠠᠯᠳᠤᠭᠤᠯᠤᠨ ᠂ ᠨᠡᠢᠭᠡᠮ᠎ ᠤᠨ ᠳᠠᠭᠠᠳᠬᠠᠯ᠎ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ᠎ ᠤᠨ ᠬᠠᠷᠠᠭ᠎ᠠ ᠠᠴᠠ ᠪᠣᠯᠤᠭᠰᠠᠨ ᠭᠡᠮᠲᠦᠯ᠎ ᠤᠨ ᠳᠠᠭᠠᠳᠬᠠᠯ᠎ ᠤᠨ ᠬᠠᠷᠠᠭᠠᠯᠵᠠᠯ ᠣᠯᠭᠣᠬᠤ ᠬᠠᠷᠢᠭᠤᠴᠠᠯᠭ᠎ᠠ ᠎ᠶ᠋ᠢ ᠬᠠᠤᠯᠢ ᠶᠣᠰᠣᠭᠠᠷ ᠡᠭᠦᠷᠭᠡᠯᠡᠵᠦ ᠂ ᠠᠵᠢᠯ᠎ ᠤᠨ ᠭᠡᠮᠲᠦᠯ᠎ ᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ  ᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠵᠦ ᠢᠯᠡᠷᠬᠡᠢᠯᠡᠪᠡ᠃ ᠡᠨᠡ ᠬᠦ᠌ ᠰᠠᠭᠤᠷᠢ᠎ ᠡᠴᠡ  ᠠᠯᠠᠱᠠ ᠵᠡᠭᠦᠨ ᠬᠤᠰᠢᠭᠤᠨ ᠤ ᠪᠠᠶᠢᠴᠠᠭᠠᠬᠤ ᠬᠣᠷᠢᠶ᠎ᠠ ᠬᠠᠤᠯᠢ ᠶᠣᠰᠣᠭᠠᠷ ᠨᠡᠢᠭᠡᠮ᠎ ᠤᠨ ᠳᠠᠭᠠᠳᠬᠠᠯ᠎ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠠᠵᠢᠯᠲᠠᠨ ᠬᠡᠷᠡᠭᠯᠡᠬᠦ ᠨᠢᠭᠡᠴᠢ ᠎ᠳ᠋ᠦ᠍ ᠪᠠᠢᠴᠠᠭᠠᠬᠤ ᠰᠠᠨᠠᠭᠤᠯᠭ᠎ᠠ ᠳᠤᠷᠠᠳᠤᠨ ᠭᠠᠷᠭᠠᠵᠤ ᠂ ᠲᠤᠰ ᠬᠡᠷᠡᠭ ᠲᠤ ᠬᠣᠯᠪᠣᠭᠳᠠᠭᠰᠠᠨ ᠵᠠᠰᠠᠭ ᠵᠠᠬᠢᠷᠭᠠᠨ ᠤ ᠪᠠ ᠢᠷᠭᠡᠨ ᠤ ᠬᠡᠷᠡᠭ ᠤᠨ ᠮᠠᠷᠭᠤᠯᠳᠤᠭᠠᠨ᠎ᠳ᠋ᠤ᠌ ᠬᠠᠤᠯᠢ ᠪᠠᠷᠢᠬᠤ ᠰᠢᠢᠳᠪᠦᠷᠢᠯᠡᠬᠦ ᠲᠥᠰᠦᠯ ᠬᠠᠩᠭᠠᠵᠤ ᠂ ᠣᠨᠴᠠᠭᠠᠢ ᠬᠡᠷᠡᠭ ᠤᠨ ᠬᠢᠨᠠᠯᠲᠠ᠎ᠶ᠋ᠢ ᠬᠦᠯᠢᠶᠡᠬᠦ ᠎ᠪᠡᠷ ᠳᠠᠮᠵᠢᠭᠤᠯᠤᠨ ᠬᠣᠯᠪᠣᠭᠳᠠᠯ ᠪᠥᠬᠥᠢ ᠬᠠᠤᠯᠢ ᠴᠠᠭᠠᠵᠠ᠎ᠶ᠋ᠢᠨ ᠳᠦᠷᠢᠮ᠎ ᠢ ᠵᠥᠪ ᠬᠡᠷᠡᠭᠯᠡᠬᠦ ᠵᠣᠷᠢᠯᠭ᠎ᠠ᠎ ᠶ᠋ᠢ ᠪᠡᠶᠡᠯᠡᠭᠦᠯᠵᠦ ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠠᠵᠤ ᠠᠬᠤᠢᠯᠠᠯ᠎  ᠤᠨ ᠲᠣᠭᠲᠠᠭᠠᠯ᠎ ᠳ᠋ᠤ᠌ ᠨᠡᠢᠴᠡᠭᠦᠯᠦᠨ ᠡᠵᠡᠩᠨᠡᠬᠦ᠎ ᠶ᠋ᠢ ᠠᠬᠢᠭᠤᠯᠪᠠ ᠃

 

 

ᠪᠠᠢᠴᠠᠭᠠᠬᠤ ᠠᠵᠢᠯ᠎ ᠤᠨ ᠭᠡᠷᠡᠴᠢᠯᠡᠯᠲᠡ ᠰᠣᠨᠣᠰᠬᠤ ᠪᠣᠯ ᠪᠠᠢᠴᠠᠭᠠᠬᠤ ᠪᠠᠢᠭᠤᠯᠭ᠎ᠠ ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠎ᠪᠠᠨ ᠭᠦᠢᠴᠡᠳᠬᠡᠵᠦ᠂ ᠬᠢᠨᠠᠯᠲᠠ᠎ᠶ᠋ᠢ ᠰᠠᠨᠠᠭᠠᠴᠢᠯᠠᠭ᠎ᠠ ᠠᠴᠠ᠎  ᠎ᠪᠠᠨ ᠬᠦᠯᠢᠶᠡᠵᠦ ᠂ ᠡᠬᠢ ᠰᠤᠷᠪᠤᠯᠵᠢ ᠎ᠶ᠋ᠢ ᠨᠢ ᠵᠠᠰᠠᠵᠤ ᠂ ᠵᠥᠷᠢᠴᠡᠯ᠎  ᠢ ᠨᠠᠮᠳᠠᠭᠤᠯᠤᠨ ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ᠎ ᠶ᠋ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠳᠠᠷᠠᠭᠠᠴᠢ᠎ ᠶ᠋ᠢᠨ ᠠᠯᠬᠤᠮ᠎ᠳ᠋ᠤ᠌ ᠂ ᠠᠯᠠᠱᠠ ᠵᠡᠭᠦᠨ ᠬᠤᠰᠢᠭᠤᠨ ᠤ ᠠᠷᠠᠳ᠎ ᠤᠨ ᠪᠠᠢᠴᠠᠭᠠᠬᠤ ᠬᠣᠷᠢᠶ᠎ᠠ ᠭᠣᠣᠯ ᠰᠡᠳᠦᠪᠲᠦ ᠬᠥᠮᠦᠵᠢᠯ ᠎ᠲᠡᠢ ᠤᠶᠠᠯᠳᠤᠭᠤᠯᠤᠨ᠂ ᠡᠭᠦᠷᠭᠡ ᠲᠤᠰᠢᠶᠠᠯ᠎ ᠢᠶᠠᠨ ᠭᠦᠢᠴᠡᠳᠬᠡᠵᠦ ᠂ ᠰᠠᠨᠠᠭᠠᠴᠢᠯᠠᠭ᠎ᠠ   ᠠᠴᠠ ᠎ᠪᠠᠨ ᠠᠵᠢᠯᠯᠠᠵᠤ ᠂ ᠠᠷᠠᠳ᠎ ᠤᠨ ᠲᠥᠯᠥᠭᠡ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠎ᠶ᠋ᠢ ᠲᠠᠰᠤᠷᠠᠯᠲᠠ ᠦᠭᠡᠢ ᠪᠠᠶᠠᠯᠢᠭᠵᠢᠭᠤᠯᠵᠤ ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ᠎ ᠶ᠋ᠢ ᠳᠡᠭᠡᠭᠰᠢᠯᠡᠭᠦᠯᠵᠦ ᠂ ᠬᠠᠤᠯᠢ ᠎ᠪᠠᠷ ᠵᠠᠰᠠᠬᠤ ᠠᠷᠭ᠎ᠠ ᠬᠡᠯᠪᠡᠷᠢ ᠪᠠ ᠬᠠᠤᠯᠢ ᠎ᠪᠠᠷ ᠵᠠᠰᠠᠬᠤ ᠰᠡᠳᠬᠢᠬᠦᠢ᠎ ᠪᠡᠷ ᠨᠡᠢᠭᠡᠮ᠎ ᠤᠨ ᠵᠠᠰᠠᠯᠲᠠ᠎ᠶ᠋ᠢᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ  ᠳᠡᠭᠡᠭᠰᠢᠯᠡᠭᠦᠯᠦᠨ᠎ᠡ ᠃

 ᠬᠢᠨᠠᠭᠴᠢ᠄ ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠣᠷᠢᠶ᠎ᠠ ᠵᠢᠨ ᠤᠷᠴᠢᠭᠤᠯᠭ᠎ᠠ ᠵᠢᠨ ᠭᠠᠵᠠᠷ  ᠵᠢᠨ ᠨᠠᠪᠴᠢ

ᠢᠷᠡᠯᠲᠡ
ᠠᠯᠠᠱᠠ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro