ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠥᠷ ᠮᠣᠩᠭᠣᠯ  ᠤᠨ ᠪᠠᠶᠢᠴᠠᠭᠠᠬᠤ ᠲᠤᠰᠢᠶᠠᠯᠲᠠᠨ  ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠪᠣᠯᠤᠨ ᠠᠯᠠᠱᠠ ᠠᠶᠢᠮᠠᠭ  ᠤᠨ ᠪᠠᠶᠢᠴᠠᠭᠠᠬᠤ ᠬᠤᠪᠢᠶᠠᠷᠢ ᠬᠣᠷᠢᠶ᠎ᠠ  ᠬᠠᠮᠲᠦᠷᠠᠨ ᠪᠦᠬᠦ ᠠᠶᠢᠮᠠᠭ  ᠤᠨ ᠤᠯᠤᠰ ᠲᠥᠷᠥ ᠬᠠᠤᠯᠢ ᠴᠠᠭᠠᠵᠠ  ᠶᠢᠨ ᠰᠢᠰᠲ᠋ᠧᠮ  ᠤᠨ ᠬᠢᠨ  ᠢ ᠵᠤᠬᠢᠶᠠᠨ ᠪᠠᠢᠭᠤᠯᠵᠦ ᠡᠷᠡᠭᠦᠦ  ᠶᠢᠨ ᠬᠡᠷᠡᠭ  ᠤᠨ ᠮᠡᠷᠭᠡᠵᠢᠯ ᠦᠨ ᠬᠠᠮᠲᠦ ᠶᠢᠨ ᠪᠤᠯᠪᠠᠰᠦᠷᠠᠯ ᠡᠷᠬᠢᠯᠡᠪᠡ

2023-12-07 14:58:30
ᠵᠣᠬᠢᠶᠠᠭᠴᠢ
ᠬᠠᠰᠭᠤᠸ᠎ᠠ

 

 

ᠥᠪᠡᠷᠲᠡᠭᠡᠨ ᠵᠠᠰᠠᠬᠤ ᠣᠷᠣᠨ  ᠤ ᠪᠠᠶᠢᠴᠠᠭᠠᠬᠤ ᠬᠣᠷᠢᠶᠠᠨ  ᠤ ᠬᠠᠪᠰᠤᠷᠤᠨ ᠲᠡᠳᠬᠦᠬᠦ ᠮᠠᠶ᠋ᠢᠭ  ᠤᠨ ᠪᠣᠯᠪᠠᠰᠤᠷᠠᠯ  ᠤᠨ ᠱᠠᠭᠠᠷᠳᠠᠯᠭ᠎ᠠ  ᠶᠢ ᠦᠨᠳᠦᠰᠦᠨ ᠱᠠᠲᠤᠨ ᠳᠤ  ᠤᠯᠠᠮ ᠨᠢᠭᠡ ᠠᠯᠬᠤᠮ ᠲᠤᠭᠤᠰᠢᠯᠠᠭᠤᠯᠤᠨ ᠂ ᠨᠡᠶᠢᠳᠡᠮ ᠣᠷᠣᠰᠢᠵᠤ ᠪᠠᠶᠢᠭ᠎ᠠ  ᠬᠦᠴᠢᠷ ᠠᠰᠠᠭᠤᠳᠠᠯ  ᠢ ᠪᠦᠲᠦᠮᠵᠢᠲᠡᠶ ᠰᠢᠶᠳᠪᠦᠷᠢᠯᠡᠵᠦ ᠂ ᠪᠣᠯᠪᠠᠰᠤᠷᠠᠭᠤᠯᠤᠯ  ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ  ᠢ ᠦᠨᠡᠨ ᠬᠦ  ᠳᠡᠭᠡᠭᠰᠢᠯᠡᠭᠦᠯᠬᠦ  ᠶᠢᠨ ᠲᠦᠯᠦᠭᠡ ᠂ 11 ᠰᠠᠷ᠎ᠠ  ᠶᠢᠨ 21  ᠦ ᠡᠳᠦᠷ ᠂ ᠥᠪᠥᠷ ᠮᠣᠩᠭᠣᠯ  ᠤᠨ ᠪᠠᠶᠢᠴᠠᠭᠠᠬᠤ ᠲᠤᠰᠢᠶᠠᠯᠲᠠᠨ  ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠪᠣᠯᠤᠨ ᠠᠯᠠᠱᠠ ᠠᠶᠢᠮᠠᠭ  ᠤᠨ ᠪᠠᠶᠢᠴᠠᠭᠠᠬᠤ ᠬᠤᠪᠢᠶᠠᠷᠢ ᠬᠣᠷᠢᠶ᠎ᠠ ᠭᠤᠷᠪᠠᠨ ᠡᠳᠦᠷ  ᠤᠨ ᠬᠤᠭᠤᠴᠠᠭ᠎ᠠ ᠲᠠᠶ ᠤᠯᠤᠰ ᠲᠥᠷᠥ ᠬᠠᠸᠯᠢ ᠴᠠᠭᠠᠵᠠ  ᠶᠢᠨ ᠰᠢᠰᠲ᠋ᠧᠮ  ᠤᠨ ᠡᠷᠡᠭᠦᠸ  ᠶᠢᠨ ᠬᠡᠷᠡᠭ  ᠤᠨ ᠲᠤᠬᠠᠶᠢᠯᠠᠭᠰᠠᠨ ᠠᠵᠢᠯ  ᠤᠨ ᠬᠠᠪᠰᠤᠷᠤᠨ ᠲᠡᠳᠬᠦᠬᠦ ᠮᠠᠶ᠋ᠢᠭ ᠤᠨ ᠪᠣᠯᠪᠠᠰᠤᠷᠠᠭᠤᠯᠤᠯ  ᠤᠨ ᠠᠩᠭᠢ  ᠶᠢ ᠵᠣᠬᠢᠶᠠᠨ ᠪᠠᠶᠢᠭᠤᠯᠤᠨ ᠡᠷᠭᠢᠯᠡᠵᠦ ᠂ ᠠᠶᠢᠮᠠᠭ ᠤᠨ ᠨᠠᠮ  ᠶᠢᠨ ᠬᠣᠷᠢᠶ᠎ᠠ ᠂ ᠤᠯᠤᠰ ᠲᠥᠷᠥ ᠬᠠᠸᠯᠢ ᠴᠠᠭᠠᠵᠠ ᠶᠢᠨ ᠵᠥᠪᠯᠡᠯ ᠂ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ ᠂ ᠪᠠᠶᠢᠴᠠᠭᠠᠬᠤ ᠬᠤᠪᠢᠶᠠᠷᠢ ᠬᠣᠷᠢᠶ᠎ᠠ᠂ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠂ ᠬᠠᠸᠯᠢ ᠴᠠᠭᠠᠵᠠ  ᠶᠢᠨ ᠲᠣᠪᠴᠢᠶ᠎ᠠ ᠵᠢᠴᠢ ᠬᠠᠸᠯᠢᠴᠢ  ᠤᠨ ᠠᠵᠢᠯ ᠲᠥᠷᠥᠯ  ᠤᠨ ᠬᠢᠨ ᠨᠡᠶᠢᠲᠡ 130 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ ᠃

 

 

ᠠᠶᠢᠮᠠᠭ  ᠤᠨ ᠤᠯᠤᠰ ᠲᠥᠷᠥ ᠬᠠᠸᠯᠢ ᠴᠠᠭᠠᠵᠠ  ᠶᠢᠨ ᠨᠢᠭᠡᠴᠡ ᠶᠢᠨ ᠬᠠᠮᠢᠶ᠎ᠠ ᠪᠥᠬᠥᠶ ᠤᠳᠤᠷᠢᠳᠤᠯᠭ᠎ᠠ ᠠᠩᠭᠢ ᠡᠬᠢᠯᠡᠬᠦ ᠶᠣᠰᠣᠯᠠᠯ ᠳᠤ ᠤᠷᠤᠯᠴᠠᠵᠦ᠂ ᠤᠯᠤᠰ  ᠤᠨ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ  ᠶᠢᠨ ᠥᠪᠥᠷ ᠮᠣᠩᠭᠣᠯ  ᠤᠨ ᠬᠤᠪᠢᠶᠠᠷᠢ ᠰᠤᠷᠭᠠᠭᠤᠯᠢ  ᠶᠢᠨ ᠳᠡᠳ᠋ ᠵᠠᠬᠢᠷᠤᠯ ᠯᠦ ᠺᠦᠨ ᠠᠩᠭᠢ ᠡᠬᠢᠯᠡᠬᠦ ᠶᠣᠰᠣᠯᠠᠯ  ᠳᠤ  ᠤᠷᠤᠯᠴᠠᠨ ᠶᠠᠷᠢᠶ᠎ᠠ  ᠲᠠᠯᠪᠢᠵᠠᠢ᠃ 

 

  

ᠠᠶᠢᠮᠠᠭ  ᠤᠨ ᠪᠠᠶᠢᠴᠠᠭᠠᠬᠤ ᠬᠤᠪᠢᠶᠠᠷᠢ  ᠬᠤᠷᠢᠶᠠᠨ ᠤ ᠨᠠᠮ  ᠤᠨ ᠤᠳᠤᠷᠢᠳᠬᠤ ᠳᠤᠭᠤᠶᠢᠯᠠᠩ  ᠤᠨ ᠳᠡᠳ᠋ ᠱᠦᠵᠢ ᠂  ᠪᠠᠶᠢᠴᠠᠭᠠᠬᠤ ᠳᠡᠳ᠋ ᠳᠠᠷᠤᠭ᠎ᠠ ᠪᠠᠶ ᠵᠢᠤᠢ ᠲᠣᠰ ᠤᠳᠠᠭᠠᠨ  ᠤ ᠪᠤᠯᠪᠠᠰᠦᠷᠠᠯ  ᠤᠨ ᠠᠩᠭᠢ ᠳᠤ ᠭᠤᠷᠪᠠᠨ ᠱᠠᠭᠠᠷᠳᠠᠯᠭ᠎ᠠ ᠳᠤᠷᠠᠳᠪᠠ᠃

ᠤᠯᠤᠰ ᠲᠥᠷᠥ  ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠬᠠᠤᠯᠢ ᠴᠠᠭᠠᠵᠠ   ᠶᠢᠨ ᠰᠠᠯᠠᠭ᠎ᠠ ᠮᠥᠴᠢᠷ  ᠤᠨ ᠬᠠᠮᠲᠤ ᠪᠠᠷ ᠪᠣᠯᠪᠠᠰᠤᠷᠠᠭᠤᠯᠬᠤ   ᠶᠢᠨ ᠴᠢᠬᠤᠯᠠ ᠠᠴᠢ ᠬᠣᠯᠪᠣᠭᠳᠠᠯ   ᠢ ᠭᠦᠢᠴᠡᠳ ᠲᠠᠨᠢᠬᠤ ᠬᠡᠷᠡᠭᠲᠡᠶ᠃ ᠨᠡᠶᠢᠭᠡᠮ ᠵᠢᠷᠤᠮ  ᠦᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ  ᠲᠠᠶ ᠨᠡᠶᠢᠭᠡᠮ ᠵᠢᠷᠤᠮ  ᠤᠨ  ᠦᠵᠡᠯ ᠰᠠᠨᠠᠭ᠎ᠠ  ᠶᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ  ᠢ ᠳᠥᠯᠭᠢᠨ ᠠᠬᠢᠭᠤᠯᠬᠤ ᠴᠢᠬᠤᠯᠠ ᠴᠠᠭ ᠮᠥᠴᠡ ᠳᠦ ᠂ ᠥᠪᠥᠷ ᠮᠣᠩᠭᠣᠯ  ᠤᠨ ᠪᠠᠶᠢᠴᠠᠭᠠᠬᠤ ᠲᠤᠰᠢᠶᠠᠯᠲᠠᠨ  ᠤ ᠳᠠᠪᠲᠠᠨ ᠪᠣᠯᠪᠠᠰᠤᠷᠠᠬᠤ ᠳᠡᠭᠡᠳᠦ ᠰᠤᠷᠭᠠᠭᠤᠯᠢ ᠪᠢᠳᠡᠨ ᠳᠤ ᠬᠠᠪᠰᠤᠷᠤᠨ ᠲᠡᠳᠬᠦᠬᠦ ᠮᠠᠶ᠋ᠢᠭ  ᠤᠨ ᠪᠣᠯᠪᠠᠰᠤᠷᠠᠭᠤᠯᠤᠯ  ᠦᠷᠨᠢᠭᠦᠯᠦᠭᠰᠡᠨ ᠨᠢ ᠰᠢ  ᠵᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠶ ᠨᠡᠶᠢᠭᠡᠮ ᠵᠢᠷᠤᠮ  ᠤᠨ ᠦᠵᠡᠯ ᠰᠠᠨᠠᠭ᠎ᠠ   ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠢ᠎ᠡ ᠮᠥᠨ᠂ ᠭᠣᠣᠯ ᠰᠡᠳᠦᠪᠲᠦ ᠬᠥᠮᠦᠵᠢᠯ  ᠢ ᠥᠷᠨᠢᠭᠦᠯᠬᠦ ᠴᠢᠬᠤᠯᠠ ᠠᠴᠢᠶᠠᠯᠠᠪᠤᠷᠢ ᠮᠥᠨ᠂ ᠠᠯᠠᠱᠠ ᠠᠶᠢᠮᠠᠭ  ᠤᠨ ᠤᠯᠤᠰ ᠲᠦᠷᠦ ᠬᠠᠤᠯᠢ ᠴᠠᠭᠠᠵᠠ  ᠶᠢᠨ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠬᠤ    ᠶᠢ ᠠᠬᠢᠭᠤᠯᠬᠤ ᠴᠢᠬᠤᠯᠠ ᠭᠣᠭᠴᠣᠭ᠎ᠠ ᠮᠥᠨ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠢ ᠨᠡᠶᠢᠭᠡᠮ  ᠤᠨ ᠠᠮᠤᠷ ᠲᠦᠪᠰᠢᠨ ᠲᠣᠭᠲᠠᠭᠤᠨ  ᠢ ᠬᠠᠮᠠᠭᠠᠯᠠᠬᠤ᠂ ᠪᠦᠬᠦ ᠠᠶᠢᠮᠠᠭ  ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠭᠣᠣᠯ ᠬᠦᠴᠦᠨ ᠪᠣᠯᠤᠭᠰᠠᠨ  ᠤ ᠬᠤᠪᠢ ᠳᠤ᠂ ᠬᠠᠮᠲᠤ   ᠵᠢᠨ ᠪᠣᠯᠪᠠᠰᠤᠷᠠᠯ  ᠢ ᠥᠷᠨᠢᠭᠦᠯᠬᠦ ᠪᠣᠯ ᠶᠡᠷᠦᠩᠬᠡᠢ ᠱᠦᠵᠢ ᠰᠢ  ᠵᠢᠨ ᠫᠢᠩ  ᠤᠨ ᠤᠯᠤᠰ ᠲᠦᠷᠦ ᠬᠠᠤᠯᠢ ᠴᠠᠭᠠᠵᠠ  ᠶᠢᠨ ᠠᠵᠢᠯ  ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ  ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠢ᠎ᠡ ᠮᠥᠨ᠂ ᠪᠢᠳᠡᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ  ᠤ ᠴᠢᠳᠠᠪᠤᠷᠢ ᠬᠡᠪ ᠴᠢᠨᠠᠷ  ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠢ᠎ᠡ ᠮᠥᠨ᠃

ᠰᠣᠷᠣᠭᠰᠠᠨ  ᠢᠶᠠᠨ ᠬᠡᠷᠡᠭᠯᠡᠬᠦ  ᠶᠢ ᠪᠠᠷᠢᠮᠲᠠᠯᠠᠵᠤ ᠂ ᠰᠤᠷᠤᠯᠴᠠᠯᠭ᠎ᠠ  ᠶᠢᠨ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠲᠤᠰ ᠤᠳᠠᠭᠠᠨ  ᠤ ᠪᠣᠯᠪᠠᠰᠤᠷᠠᠯ  ᠤᠨ ᠠᠩᠭᠢ  ᠨᠢ ᠬᠡᠷᠡᠭ ᠰᠢᠳᠭᠡᠬᠦ  ᠬᠡᠷᠡᠭᠴᠡᠭᠡ ᠪᠣᠯᠤᠨ᠎ᠠ ᠂ ᠣᠯᠠᠨ  ᠢᠶᠡᠷ ᠢᠶᠡᠨ ᠡᠨᠡ ᠤᠳᠠᠭᠠᠨ  ᠦ ᠰᠤᠷᠤᠯᠴᠠᠬᠤ ᠵᠠᠪᠰᠢᠶᠠᠨ  ᠢ ᠨᠠᠨᠳᠢᠩᠨᠠᠵᠤ ᠂ ᠭᠣᠣᠯ ᠴᠢᠬᠤᠯᠠ ᠠᠭᠤᠯᠭ᠎ᠠ  ᠶᠢ ᠡᠵᠡᠮᠰᠢᠵᠦ ᠂ ᠰᠤᠷᠤᠯᠴᠠᠬᠤ ᠰᠡᠳᠬᠢᠬᠦ   ᠶᠢ ᠣᠶᠠᠯᠳᠤᠭᠤᠯᠵᠤ ᠂ ᠲᠣᠰ ᠤᠳᠠᠭᠠᠨ  ᠤ ᠪᠣᠯᠪᠠᠰᠤᠷᠠᠭᠤᠯᠤᠯ  ᠢ ᠬᠦᠴᠢᠷ ᠠᠰᠠᠭᠤᠳᠠᠯ  ᠢ ᠰᠢᠶᠳᠪᠦᠷᠢᠯᠡᠬᠦ ᠰᠤᠳᠤᠯᠤᠨ ᠶᠠᠷᠢᠯᠴᠠᠬᠤ ᠠᠩᠭᠢ ᠪᠣᠯᠭᠠᠵᠤ ᠂ ᠪᠥᠬᠥ ᠠᠶᠢᠮᠠᠭ  ᠤᠨ ᠤᠯᠤᠰ ᠲᠥᠷᠥ ᠬᠠᠸᠯᠢ ᠴᠠᠭᠠᠵᠠ  ᠶᠢᠨ  ᠡᠩᠨᠡᠭᠡᠨ ᠦ ᠶᠡᠬᠡ ᠰᠤᠷᠤᠯᠴᠠᠯᠭ᠎ᠠ ᠶᠡᠬᠡ ᠰᠤᠳᠤᠯᠤᠨ ᠶᠠᠷᠢᠯᠴᠠᠬᠤ ᠶᠡᠬᠡ ᠪᠣᠯᠪᠠᠰᠤᠷᠠᠭᠤᠯᠤᠯ  ᠤᠨ ᠭᠦᠨ ᠵᠤᠵᠠᠭᠠᠨ ᠠᠭᠤᠷ ᠠᠮᠢᠰᠬᠤᠯ  ᠢ ᠪᠣᠶ ᠪᠣᠯᠭᠠᠵᠤ ᠂ ᠰᠤᠷᠤᠯᠴᠠᠯᠭ᠎ᠠ ᠪᠠᠷ ᠠᠮᠢᠨ ᠰᠦᠨᠡᠰᠦ  ᠶᠢ ᠱᠤᠭᠤᠬᠤ ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ  ᠢ ᠲᠥᠪ ᠪᠣᠯᠭᠠᠬᠤ ᠂ ᠰᠤᠷᠤᠯᠴᠠᠯᠭ᠎ᠠ ᠪᠠᠷ ᠠᠵᠢᠯᠯᠠᠬᠤ  ᠶᠢ ᠠᠬᠢᠭᠤᠯᠬᠤ  ᠶᠢ ᠦᠨᠡᠨ ᠬᠦ ᠪᠡᠶᠡᠯᠡᠭᠦᠯᠵᠦ ᠂ ᠰᠤᠷᠤᠯᠴᠠᠯᠭ᠎ᠠ  ᠶᠢᠨ ᠦᠷ᠎ᠡ ᠪᠦᠲᠦᠭᠡᠯ  ᠢ ᠦᠶᠯᠡᠳᠦᠯᠭᠡ ᠳᠠᠰᠢ ᠬᠤᠪᠢᠷᠠᠭᠤᠯᠵᠤ ᠂ ᠪᠥᠬᠥ ᠠᠶᠢᠮᠠᠭ  ᠤᠨ ᠤᠯᠤᠰ ᠲᠥᠷᠥ ᠬᠠᠸᠯᠢ ᠴᠠᠭᠠᠵᠠ ᠶᠢᠨ ᠡᠩᠨᠡᠭᠡ  ᠶᠢᠨ ᠬᠡᠪ ᠴᠢᠨᠠᠷ  ᠢ  ᠦᠨᠡᠨᠬᠦ   ᠲᠡᠭᠡᠭᠰᠢᠯᠡᠭᠦᠯᠦᠨ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ ᠃

ᠴᠢᠩᠭ᠎ᠠ ᠪᠥᠭᠡᠳ ᠪᠣᠳᠠᠲᠠᠶ ᠰᠤᠷᠤᠯᠴᠠᠬᠤ ᠰᠤᠷᠲᠠᠯ  ᠢᠶᠠᠷ ᠪᠣᠯᠪᠠᠰᠤᠷᠠᠭᠤᠯᠤᠯ  ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ  ᠶᠢ ᠦᠨᠡᠨᠬᠦ ᠪᠠᠲᠤᠯᠠᠬᠤ ᠬᠡᠷᠡᠭᠲᠡᠶ᠃ ᠪᠣᠯᠪᠠᠰᠤᠷᠠᠭᠤᠯᠤᠯ ᠳᠤ ᠣᠷᠣᠯᠴᠠᠭᠰᠠᠨ ᠪᠥᠬᠥ ᠬᠥᠮᠦᠰ ᠪᠤᠯᠪᠠᠰᠤᠷᠠᠯ  ᠤᠨ ᠬᠤᠭᠤᠴᠠᠭᠠᠨ   ᠳᠤ ᠪᠠᠨ ᠰᠠᠬᠢᠯᠭ᠎ᠠ ᠪᠠᠲᠤ   ᠶᠢ ᠴᠢᠩᠭ᠎ᠠ ᠵᠢᠷᠤᠮᠯᠠᠨ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠰᠠᠶᠢᠨ ᠰᠠᠶᠢᠬᠠᠨ ᠰᠤᠷᠤᠯᠴᠠᠬᠤ ᠰᠤᠷᠲᠠᠯ ᠪᠠ ᠴᠢᠩᠭ᠎ᠠ ᠨᠢᠮᠪᠠᠶ ᠰᠤᠷᠲᠠᠯ  ᠢᠶᠠᠷ ᠬᠢᠴᠢᠶᠡᠯ  ᠤᠨ ᠲᠠᠩᠬᠢᠮ  ᠤᠨ ᠰᠠᠬᠢᠯᠭ᠎ᠠ ᠪᠠᠲᠤ  ᠶᠢ ᠪᠠᠲᠤᠯᠠᠵᠤ ᠂ ᠬᠢᠴᠢᠶᠡᠯᠯᠡᠬᠦ ᠪᠠᠭᠰᠢ ᠪᠠ ᠠᠩᠭᠢ ᠶᠢᠨ ᠡᠷᠬᠢᠯᠡᠭᠴᠢ  ᠲᠡᠶ ᠰᠠᠨᠠᠭᠠᠴᠢᠯᠠᠭ᠎ᠠ   ᠡᠴᠡ ᠪᠠᠨ ᠬᠠᠮᠵᠢᠯᠴᠠᠨ ᠵᠢᠭᠠᠨ ᠰᠤᠷᠭᠠᠯᠲᠠ  ᠶᠢᠨ ᠡᠭᠦᠷᠭᠡ ᠪᠡᠨ ᠪᠡᠶᠡᠯᠡᠭᠦᠯᠬᠦ ᠬᠡᠷᠡᠭᠲᠡᠶ᠃  ᠪᠣᠯᠪᠠᠰᠤᠷᠠᠭᠤᠯᠤᠯ  ᠤᠨ ᠦᠷ᠎ᠡ ᠪᠦᠲᠦᠭᠡᠯ  ᠢ ᠤᠯᠠᠮ ᠨᠢᠭᠡ ᠠᠯᠬᠤᠮ ᠪᠡᠬᠢᠵᠢᠭᠦᠯᠦᠨ ᠭᠦᠨᠵᠡᠭᠡᠶᠢᠷᠡᠭᠦᠯᠵᠦ ᠂ ᠦᠵᠡᠯ ᠰᠠᠨᠠᠭ᠎ᠠ ᠲᠠᠨᠢᠯᠲᠠ ᠪᠠᠨ ᠴᠢᠷᠮᠠᠶᠢᠨ ᠳᠡᠭᠡᠭᠰᠢᠯᠡᠭᠦᠯᠵᠦ ᠂ ᠬᠠᠸᠯᠢ ᠬᠡᠷᠡᠭᠵᠢᠭᠦᠯᠬᠦ  ᠴᠢᠳᠠᠪᠦᠷᠢ ᠪᠠᠨ ᠲᠡᠭᠡᠭᠰᠢᠯᠡᠭᠦᠯᠦᠨ ᠰᠢᠨᠡᠳᠬᠡᠨ ᠂ ᠴᠢᠳᠠᠪᠤᠷᠢ ᠬᠡᠪ ᠴᠢᠨᠠᠷ  ᠢᠶᠡᠨ ᠴᠢᠩᠭᠠᠷᠠᠭᠤᠯᠵᠤ ᠂ ᠬᠡᠷᠡᠭ ᠰᠢᠶᠳᠪᠦᠷᠢᠯᠡᠬᠦ ᠬᠢᠷᠢ ᠬᠡᠮᠵᠢᠶ᠎ᠡ ᠪᠠ ᠦᠷ᠎ᠡ ᠪᠦᠲᠦᠮᠵᠢ ᠪᠡᠨ ᠲᠠᠰᠤᠷᠠᠯᠲᠠ ᠥᠬᠡᠶ ᠳᠡᠭᠡᠭᠰᠢᠯᠡᠭᠦᠯᠦᠨ ᠂ ᠬᠡᠷᠡᠭ  ᠤᠨ ᠶᠠᠰᠤ ᠴᠢᠨᠠᠷ  ᠤᠨ ᠲᠣᠭᠲᠠᠭᠤᠨ  ᠢᠶᠠᠷ ᠳᠡᠭᠡᠭᠰᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ ᠃

 

 

ᠠᠩᠭᠢ ᠡᠬᠢᠯᠡᠬᠦ ᠶᠣᠰᠣᠯᠠᠯ  ᠤᠨ ᠳᠠᠷᠠᠭ᠎ᠠ ᠂ ᠤᠯᠤᠰ  ᠤᠨ ᠪᠠᠶᠢᠴᠠᠭᠠᠬᠤ ᠲᠤᠰᠢᠶᠠᠯᠲᠠᠨ   ᠤ ᠳᠡᠭᠡᠳᠦ  ᠰᠤᠷᠭᠠᠭᠤᠯᠢ   ᠶᠢᠨ ‍ᠫᠷᠤᠹᠸᠰᠰᠤᠷ  ᠱᠠᠩ  ᠭᠤᠸᠠᠨ ᠴᠦᠨ ᠭᠤᠸᠠᠩ ᠲᠤᠰᠬᠠᠶ ᠰᠡᠳᠦᠪ   ᠢᠶᠡᠷ ᠬᠢᠴᠢᠶᠡᠯᠯᠡᠬᠦ 《 ᠠᠩᠬᠠᠨ  ᠤ ᠬᠢᠴᠢᠶᠡᠯ 》 ᠬᠢᠵᠡᠶ ᠃  

ᠲᠣᠰ ᠤᠳᠠᠭᠠᠨ ᠤ ᠪᠣᠯᠪᠠᠰᠤᠷᠠᠭᠤᠯᠤᠯ  ᠢ ᠲᠤᠬᠠᠶ ᠶᠢᠨ ᠲᠠᠯᠠᠪᠠᠶ ᠪᠠ ᠬᠠᠷᠠᠭᠠᠨ ᠳᠠᠪᠲᠠᠮᠵᠢ  ᠶᠢᠨ ᠬᠡᠯᠪᠡᠷᠢ ᠪᠡᠷ ᠶᠠᠪᠤᠭᠳᠠᠭᠤᠯᠵᠤ ᠂ ᠪᠥᠬᠥ ᠠᠶᠢᠮᠠᠭ ᠤᠨ ᠤᠯᠤᠰ ᠲᠥᠷᠥ ᠬᠠᠸᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠠᠮᠤᠷᠤᠨ ᠂ ᠠᠶᠢᠮᠠᠭ    ᠤᠨ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ  ᠶᠢ ᠬᠠᠮᠠᠭᠠᠯᠠᠬᠤ ᠨᠠᠮ  ᠤᠨ ᠰᠤᠷᠭᠠᠭᠤᠯᠢ ᠳᠤ ᠭᠣᠸᠯ ᠬᠤᠷᠠᠯ  ᠤᠨ ᠲᠠᠯᠠᠪᠠᠶ ᠭᠠᠷᠭᠠᠵᠤ ᠂ ᠠᠶᠢᠮᠠᠭ  ᠤᠨ ᠤᠯᠤᠰ ᠲᠥᠷᠥ ᠬᠠᠸᠯᠢ ᠴᠠᠭᠠᠵᠠ  ᠶᠢᠨ ᠡᠯ᠎ᠡ ᠨᠢᠭᠡᠴᠡ  ᠶᠢᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ ᠪᠦᠯᠬᠦᠮ ᠳᠠᠭᠠᠭᠤᠯᠤᠨ ᠭᠣᠸᠯ ᠬᠤᠷᠠᠯ  ᠤᠨ ᠲᠠᠯᠠᠪᠠᠶ ᠳᠤ ᠪᠣᠯᠪᠠᠰᠤᠷᠠᠭᠤᠯᠤᠯ ᠳᠤ ᠣᠷᠣᠯᠴᠠᠵᠤ ᠂ ᠪᠥᠬᠥ ᠠᠶᠢᠮᠠᠭ  ᠤᠨ  ᠦᠨᠳᠦᠰᠦᠨ ᠱᠠᠳᠦᠨ ᠤ ᠤᠯᠤᠰ ᠲᠥᠷᠥ ᠬᠠᠸᠯᠢ ᠴᠠᠭᠠᠵᠠ  ᠬᠢᠨ ᠡᠯ᠎ᠡ ᠬᠤᠪᠢᠶᠠᠷᠢ ᠬᠤᠷᠠᠯ  ᠤᠨ ᠲᠠᠯᠠᠪᠠᠶ  ᠳᠤ ᠰᠤᠷᠤᠯᠴᠠᠯᠭ᠎ᠠ ᠳᠤ ᠣᠷᠣᠯᠴᠠᠪᠠ ᠃

 

 

ᠢᠷᠡᠯᠲᠡ
ᠠᠯᠠᠱᠠ ᠠᠶᠢᠮᠠᠭ  ᠤᠨ ᠪᠠᠶᠢᠴᠠᠭᠠᠬᠤ ᠬᠤᠪᠢᠶᠠᠷᠢ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro