ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠵᠠᠷᠤᠳ ᠬᠤᠰᠢᠭᠤᠡ  ᠤ ᠪᠠᠢᠴᠠᠭᠠᠬᠤ ᠬᠤᠷᠢᠶ᠎ᠡ ᠰᠢᠭᠦᠬᠦ ᠬᠤᠷᠢᠶ᠎ᠡ ᠪᠤᠯᠤᠨ ᠭᠠᠢᠯᠢ  ᠶᠢᠨ  ᠶᠠᠪᠤᠳᠠᠯ  ᠤᠨ ᠪᠠᠢᠭᠤᠯᠭ᠎ᠠ ᠲᠠᠢ ᠬᠠᠮᠲᠤᠷᠠᠨ ᠬᠤᠪᠢ ᠬᠦᠮᠦᠨ  ᠤ ᠠᠰᠢᠭ ᠤᠷᠥᠯᠭ᠎ᠠ   ᠶᠢᠨ ᠭᠠᠢᠯᠢ ᠲᠠᠲᠠᠪᠤᠷᠢᠯᠠᠬᠤ ᠬᠠᠮᠢᠶᠠᠷᠤᠯᠲᠠ ᠶ᠋ᠢ ᠲᠠᠰᠤᠷᠠᠯᠲᠠ ᠦᠭᠡᠢ  ᠵᠢᠷᠤᠮᠵᠢᠭᠤᠯᠤᠨ ᠪᠤᠲᠠᠲᠠᠢᠵᠢᠭᠤᠯᠬᠤ  ᠶ᠋ᠢ ᠲᠦᠯᠬᠢᠨ ᠠᠬᠢᠭᠤᠯᠵᠠᠢ

2023-12-07 15:04:50
ᠵᠣᠬᠢᠶᠠᠭᠴᠢ
ᠦᠷᠡᠨᠲᠤᠶᠠᠭ᠎ᠠ

 

 ᠤᠢᠷ᠎ᠠ  ᠶᠢᠨ ᠡᠳᠦᠷ᠂ ᠵᠠᠷᠤᠳ ᠬᠤᠰᠢᠭᠤᠡ  ᠦ ᠪᠠᠢᠴᠠᠭᠠᠬᠤ ᠬᠤᠷᠢᠶ᠎ᠡ ᠵᠠᠭᠠᠯᠳᠤᠬᠤ  ᠡᠴᠡ ᠡᠮᠦᠨᠡᠬᠢ  ᠪᠠᠢᠴᠠᠭᠠᠬᠤ ᠰᠠᠨᠠᠭᠤᠯᠭ᠎ᠠ ᠪᠠᠷ ᠳᠠᠮᠵᠢᠭᠤᠯᠤᠨ᠂ ᠭᠠᠢᠯᠢ  ᠶᠢᠨ ᠶᠠᠪᠤᠳᠠᠯ  ᠤᠨ ᠪᠠᠢᠭᠤᠯᠭ᠎ᠠ  ᠶᠢᠨ ᠬᠠᠦᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶ᠋ᠢ ᠰᠢᠪᠠᠳᠠᠨ ᠱᠠᠭᠠᠷᠳᠠᠵᠤ᠂  ᠬᠤᠪᠢ ᠬᠦᠮᠦᠨ ᠤ ᠠᠰᠢᠭ ᠤᠷᠥᠯᠭ᠎ᠠ  ᠶᠢᠨ ᠭᠠᠢᠯᠢ  ᠶᠢᠨ 6 ᠬᠡᠷᠡᠭ  ᠤᠨ ᠦᠷᠢᠲᠦᠵᠦ ᠪᠠᠢᠭ᠎ᠠ ᠭᠠᠢᠯᠢ  ᠶᠢᠨ ᠵᠤᠭᠤᠰ 10799 ᠲᠦᠭᠦᠷᠢᠭ  ᠢ ᠲᠠᠲᠠᠪᠤᠷᠢᠯᠠᠨ ᠲᠤᠰᠢᠶᠠᠯᠭᠠᠵᠤ᠂ ᠤᠯᠤᠰ ᠤᠨ ᠦᠮᠴᠢᠯᠡᠯ  ᠤᠨ ᠡᠳ᠋ ᠬᠦᠷᠦᠩᠭᠡ  ᠶᠢᠨ ᠠᠯᠳᠠᠭᠳᠠᠵᠤ ᠭᠡᠭᠡᠭᠳᠡᠬᠦ ᠡᠴᠡ ᠵᠠᠢᠯᠡᠰᠬᠢᠪᠡ᠃

 ᠬᠡᠷᠡᠭ  ᠤᠨ ᠠᠷᠤ ᠳ᠋ᠥ ᠲᠤᠰᠬᠠᠭᠳᠠᠭᠰᠠᠨ ᠠᠷᠠᠳ  ᠤᠨ ᠬᠤᠭᠤᠷᠤᠨᠳᠤᠬᠢ ᠵᠢᠭᠡᠯᠡᠯᠭᠡ   ᠶᠢᠨ ᠬᠦᠦ ᠮᠦᠩᠭᠦ  ᠶᠢᠨ ᠭᠠᠢᠯᠢ ᠲᠠᠲᠠᠪᠦᠷᠢ  ᠶᠢᠨ ᠬᠠᠮᠢᠶᠠᠷᠤᠯᠲᠠ  ᠶᠢᠨ ᠠᠰᠠᠭᠤᠳᠠᠯ ᠳ᠋ᠥ ᠴᠢᠭᠯᠡᠭᠦᠯᠦᠨ᠂ ᠲᠤᠰ ᠬᠤᠷᠢᠶ᠎ᠡ ᠨᠢ ᠵᠠᠷᠤᠳ ᠬᠤᠰᠢᠭᠤᠡ    ᠦ ᠰᠢᠭᠦᠬᠦ ᠬᠤᠷᠢᠶ᠎ᠡ ᠪᠤᠯᠤᠨ ᠤᠯᠤᠰ  ᠤᠨ ᠭᠠᠢᠯᠢ  ᠶᠢᠨ ᠶᠠᠪᠤᠳᠠᠯ  ᠤᠨ ᠶᠡᠷᠦᠩᠬᠢ ᠲᠤᠪᠴᠢᠶ᠎ᠡ   ᠶᠢᠨ ᠵᠠᠷᠤᠳ ᠬᠤᠰᠢᠭᠤᠡ  ᠦ ᠭᠠᠢᠯᠢ  ᠶᠢᠨ ᠶᠠᠪᠤᠳᠠᠯ   ᠤᠨ ᠲᠤᠪᠴᠢᠶ᠎ᠡ ᠲᠠᠢ ᠠᠵᠢᠯ   ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂︽ᠠᠷᠠᠳ  ᠤᠨ ᠬᠤᠭᠤᠷᠤᠨᠳᠤᠬᠢ ᠵᠢᠭᠡᠯᠡᠯᠭᠡ   ᠶᠢᠨ ᠵᠠᠭᠤᠷᠠᠯᠳᠤᠭᠠᠨ  ᠦ ᠬᠡᠷᠡᠭ   ᠤᠨ ᠬᠦᠦ ᠮᠦᠩᠭᠦ   ᠶᠢᠨ ᠠᠰᠢᠭ ᠤᠷᠦᠯᠭ᠎ᠠ   ᠶᠢᠨ ᠭᠠᠢᠯᠢ  ᠶ᠋ᠢ ᠲᠠᠲᠠᠪᠤᠷᠢᠯᠡᠵᠦ ᠬᠠᠮᠢᠶᠠᠷᠬᠤ ᠬᠠᠮᠵᠢᠯᠴᠠᠭᠠᠨ   ᠦ ᠲᠤᠭᠲᠠᠴᠠ︾ ᠶ᠋ᠢ ᠪᠠᠢᠭᠤᠯᠵᠤ᠂ ᠡᠭᠦᠨ   ᠤ ᠵᠡᠷᠭᠡᠴᠡᠪᠡᠷ︽ ᠪᠠᠢᠴᠠᠭᠠᠬᠤ ᠬᠤᠷᠢᠶ᠎ᠡ+ ᠰᠢᠭᠦᠬᠦ ᠬᠤᠷᠢᠶ᠎ᠡ+ ᠭᠠᠢᠯᠢ   ᠶᠢᠨ ᠶᠠᠪᠤᠳᠠᠯ︾  ᠤᠨ ᠬᠠᠮᠲᠤᠷᠠᠯᠴᠠᠭᠠᠨ   ᠤ ᠲᠤᠭᠳᠠᠴᠠ ᠶ᠋ᠢ ᠬᠡᠷᠬᠢᠨ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠂ ᠮᠡᠳᠡᠭᠡ ᠵᠠᠩᠭᠢ ᠶ᠋ᠢ ᠨᠡᠪᠲᠡᠷᠡᠯᠴᠡᠬᠦ ᠪᠠ ᠬᠠᠮᠲᠤ ᠪᠠᠷ ᠡᠲᠡᠯᠭᠦ ᠲᠤᠭᠲᠠᠴᠠ ᠶ᠋ᠢ ᠪᠠᠢᠭᠤᠯᠬᠤ᠂ ᠭᠠᠢᠯᠢ ᠰᠦᠢᠳᠭᠡᠯ   ᠢ ᠬᠠᠮᠢᠶᠠᠷᠤᠨ ᠡᠵᠡᠮᠳᠡᠬᠦ ᠬᠠᠮᠲᠤᠷᠠᠯᠴᠠᠭᠠᠨ ᠲᠤᠭᠲᠠᠴᠠ  ᠪᠠᠢᠭᠤᠯᠬᠤ ᠵᠢᠴᠢ ᠰᠢᠭᠦᠨ ᠲᠠᠰᠤᠯᠬᠤ ᠭᠦᠢᠴᠡᠳᠭᠡᠬᠦ ᠵᠡᠷᠭᠡ ᠲᠠᠯ᠎ᠠ  ᠶᠢᠨ ᠭᠠᠢᠯᠢ ᠳᠤ ᠬᠤᠯᠪᠤᠭᠳᠠᠬᠤ ᠬᠤᠯᠪᠤᠭᠳᠠᠯ ᠪᠦᠬᠦᠢ ᠠᠰᠠᠭᠤᠳᠠᠯ   ᠤᠨ ᠲᠤᠬᠠᠢ ᠰᠠᠨᠠᠯ   ᠢᠶᠠᠨ ᠰᠤᠯᠢᠯᠴᠠᠵᠤ᠂ ᠰᠠᠨᠠᠯ ᠨᠢᠭᠡᠳᠪᠡ᠃

 ᠳᠠᠷᠠᠭᠠᠴᠢ   ᠶᠢᠨ ᠠᠯᠬᠤᠮ ᠳ᠋ᠥ᠂ ᠲᠤᠰ ᠬᠤᠷᠢᠶ᠎ᠡ︽ ᠬᠤᠶᠠᠷ ᠳᠠᠯ᠎ᠡ ᠪᠠᠷ   ᠢᠶᠡᠨ ᠠᠰᠢᠭ ᠬᠦᠷᠲᠡᠵᠦ ᠤᠯᠠᠨ ᠲᠠᠯ᠎ᠡ ᠪᠠᠷ  ᠢᠶᠡᠨ ᠠᠰᠢᠭ ᠬᠦᠷᠲᠡᠵᠦ ᠬᠠᠮᠲᠤ ᠪᠠᠷ ᠠᠰᠢᠭ ᠬᠦᠷᠲᠡᠬᠦ︾ᠤᠨᠤᠯᠵᠢᠬᠤᠨ  ᠢ ᠭᠦᠨᠵᠡᠭᠡᠢ ᠨᠠᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠵᠠᠰᠠᠭ ᠵᠠᠬᠢᠷᠭᠠᠨ  ᠤ ᠨᠢᠭᠡᠴᠡ ᠲᠠᠢ ᠢᠳᠡᠪᠬᠢᠲᠠᠢ ᠨᠡᠪᠲᠡᠷᠡᠯᠴᠡᠨ ᠬᠠᠮᠵᠢᠯᠴᠠᠵᠤ᠂ ᠰᠠᠨᠠᠭᠠᠴᠢᠯᠠᠭ᠎ᠠ  ᠠᠴᠠ ᠪᠠᠨ ᠡᠭᠦᠷᠭᠡ ᠲᠤᠰᠢᠶᠠᠯ  ᠢᠶᠠᠨ ᠭᠦᠢᠴᠡᠳᠭᠡᠬᠦ ᠪᠠ ᠬᠢᠨᠠᠯᠲᠠ ᠲᠠᠯᠪᠢᠵᠤ ᠡᠭᠦᠷᠭᠡ ᠲᠤᠰᠢᠶᠡᠯ  ᠭᠦᠢᠴᠡᠳᠭᠡᠬᠦ ᠰᠠᠢᠨ ᠨᠦᠬᠦᠴᠡᠯᠳᠦᠯ   ᠢ ᠠᠬᠢᠭᠤᠯᠵᠤ᠂ ᠪᠠᠢᠴᠠᠭᠠᠬᠤ ᠠᠵᠢᠯ   ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ   ᠶᠢᠨ︽ᠪᠢ ᠬᠠᠮᠢᠶᠠᠷᠤᠨ᠎ᠠ︾ ᠡᠴᠡ᠂ ᠡᠯ᠎ᠡ ᠲᠠᠯ᠎ᠠ   ᠶᠢᠨ ᠬᠢᠨ ᠡᠭᠦᠷᠭᠡ ᠲᠤᠰᠢᠶᠠᠯ   ᠢᠶᠡᠨ ᠭᠦᠢᠴᠡᠳᠭᠡᠬᠦ᠂ ᠬᠤᠯᠪᠤᠭᠠᠯᠠᠨ︽ᠪᠦᠬᠦᠨ   ᠢᠶᠡᠷ   ᠢᠶᠡᠨ ᠬᠠᠮᠢᠶᠠᠷᠬᠤ︾ᠪᠤᠯᠵᠦ᠂ ᠬᠠᠦᠯᠢ ᠶᠤᠰᠤᠭᠠᠷ ᠭᠠᠢᠯᠢ ᠶ᠋ᠢ ᠵᠠᠰᠠᠬᠤ ᠶ᠋ᠢ ᠦᠨᠡᠨᠬᠦ ᠲᠦᠯᠬᠢᠨ ᠠᠬᠢᠭᠤᠯᠵᠤ᠂ ᠲᠠᠲᠠᠪᠤᠷᠢᠯᠠᠬᠤ ᠶᠤᠰᠤᠲᠠᠢ ᠶ᠋ᠢ ᠨᠢ ᠪᠦᠬᠦᠨ ᠢ ᠲᠠᠲᠠᠪᠤᠷᠢᠯᠠᠬᠤ  ᠶᠢ ᠪᠡᠶᠡᠯᠡᠭᠦᠯᠦᠨ᠎ᠡ᠃

 

ᠢᠷᠡᠯᠲᠡ
ᠵᠠᠷᠤᠳ ᠬᠤᠰᠢᠭᠤᠡ  ᠤ ᠠᠷᠠᠳ ᠤᠨ ᠪᠠᠢᠴᠠᠭᠠᠬᠤ ᠬᠤᠷᠢᠶ᠎ᠡ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro