ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠵᠤ ᠪᠠᠶᠢᠭᠠᠳ ᠬᠠᠸᠯᠢ ᠶᠢ ᠵᠥᠷᠢᠴᠡᠭᠰᠡᠨ ᠠᠭᠤᠷᠬᠠᠶ ᠶᠢᠨ ᠠᠵᠤ ᠠᠬᠤᠶᠢᠯᠠᠯ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ  ᠲᠢᠩᠬᠢᠮ ᠨᠡᠭᠡᠭᠡᠵᠦ ᠰᠢᠭᠦᠪᠡ 

2023-12-15 16:19:10
ᠵᠣᠬᠢᠶᠠᠭᠴᠢ
ᠬᠠᠨ ᠰᠠᠷᠠᠨ᠎ᠠ

 

 

12 ᠰᠠᠷ᠎ᠠ ᠶᠢᠨ 11 ᠦ ᠡᠳᠦᠷ ᠦᠨ ᠦᠳᠡ ᠶᠢᠨ ᠡᠮᠦᠨ᠎ᠡ ᠂ ᠷᠠᠰᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠶᠢᠨ ᠳᠤᠷᠠᠳᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠸᠯᠢ ᠶᠢ ᠵᠥᠷᠢᠴᠡᠭᠰᠡᠨ ᠠᠭᠤᠷᠬᠠᠶ ᠶᠢᠨ ᠠᠵᠤ ᠠᠬᠤᠶᠢᠯᠠᠯ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠰᠢᠪᠠᠳᠠᠬᠤ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠲᠢᠩᠬᠢᠮ ᠨᠡᠭᠡᠭᠡᠵᠦ ᠰᠢᠭᠦᠪᠡ ᠂ ᠷᠠᠰᠢᠶᠠᠨ ᠤ ᠪᠠᠶᠢᠴᠠᠭᠠᠬᠤ ᠬᠣᠷᠢᠶ᠎ᠠ ᠨᠡᠶᠢᠲᠡ ᠶᠢᠨ ᠠᠰᠢᠭᠲᠤ ᠵᠠᠷᠭᠤ ᠶᠢᠨ ᠵᠠᠭᠠᠯᠳᠤᠭᠴᠢ ᠶᠢᠨ ᠬᠤᠪᠢ ᠪᠠᠷ ᠰᠢᠭᠦᠯᠲᠡ ᠳᠦ ᠣᠷᠣᠯᠴᠠᠨ ᠡᠭᠦᠷᠭᠡ ᠲᠤᠰᠢᠶᠠᠯ ᠢᠶᠠᠨ ᠭᠦᠶᠴᠡᠳᠬᠡᠵᠦ ᠂ ᠵᠠᠭᠠᠯᠳᠤᠭᠳᠠᠭᠴᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠦ ᠣᠷᠣᠯᠴᠠᠵᠠᠢ᠃ 

ᠬᠡᠷᠡᠭ  ᠤᠨ ᠪᠠᠶᠢᠳᠠᠯ ᠄

2011 ᠣᠨ ᠠᠴᠠ 2016 ᠣᠨ ᠪᠣᠯᠲᠠᠯ᠎ᠠ ᠂ ᠰᠸᠨ ‍ᠳ᠋ᠠ ᠺᠣᠮᠫᠠᠨᠢ ᠠᠭᠤᠷᠬᠠᠶ ᠮᠠᠯᠲᠠᠬᠤ ᠵᠥᠪᠰᠢᠶᠡᠷᠡᠯ ᠦᠨ ᠦᠨᠡᠮᠯᠡᠯ ᠳᠦ ᠲᠣᠭᠲᠠᠭᠠᠭᠰᠠᠨ ᠠᠭᠤᠷᠬᠠᠶ ᠶᠢᠨ ᠣᠷᠣᠨ ᠤ ᠬᠡᠪᠴᠢᠶᠡᠨ ᠡᠴᠡ ᠳᠠᠪᠠᠵᠤ ᠠᠭᠤᠷᠬᠠᠶ  ᠮᠠᠯᠳᠠᠵᠠᠢ᠃  2015 ᠣᠨ ᠤ 6 ᠰᠠᠷ᠎ᠠ ᠳᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ  ᠡᠴᠡ ᠰᠸᠨ ‍ᠳ᠋ᠠ ᠺᠣᠮᠫᠠᠨᠢ ᠶᠢᠨ  ᠡᠨᠡᠬᠦ ᠬᠢᠯᠢ ᠳᠠᠪᠠᠵᠤ ᠨᠡᠭᠡᠭᠡᠨ ᠮᠠᠯᠲᠠᠭᠰᠠᠨ ᠠᠵᠢᠯᠯᠠᠭ᠎ᠠ ᠳᠤ ᠴᠢᠭᠯᠡᠭᠦᠯᠦᠨ ᠵᠠᠰᠠᠭ ᠵᠠᠬᠢᠷᠭᠠᠨ ᠤ ᠰᠢᠳᠬᠡᠯ  ᠦᠭᠴᠡᠢ᠃ ᠰᠸᠨ ‍ᠳ᠋ᠠ ᠺᠣᠮᠫᠠᠨᠢ ᠬᠡᠳᠦᠶᠢᠪᠡᠷ 2016 ᠣᠨ ᠤ 12 ᠰᠠᠷ᠎ᠠ ᠶᠢᠨ 23  ᠤ ᠡᠳᠦᠷ ᠲᠣᠷᠭᠠᠭᠤᠯᠢ ᠶᠢᠨ ᠵᠣᠭᠣᠰ ᠢᠶᠠᠨ ᠲᠤᠰᠢᠶᠠᠭᠰᠠᠨ ᠪᠣᠯᠪᠠᠴᠤ᠂ ᠲᠡᠭᠦᠨ ᠦ ᠬᠢᠯᠢ ᠳᠠᠪᠠᠵᠤ ᠨᠡᠭᠡᠭᠡᠨ ᠮᠠᠯᠲᠠᠭᠰᠠᠨ ᠠᠭᠤᠷᠬᠠᠢ ᠶᠢᠨ ᠪᠦᠲᠦᠭᠡᠭᠳᠡᠬᠦᠨ ᠪᠣᠯᠤᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠭᠰᠠᠨ ᠦᠭᠡᠢ᠂ ᠡᠪᠳᠡᠭᠳᠡᠭᠰᠡᠨ ᠠᠭᠤᠷᠬᠠᠢ ᠶᠢ ᠴᠤ ᠰᠡᠷᠭᠦᠭᠡᠨ ᠵᠠᠰᠠᠭᠰᠠᠨ ᠦᠭᠡᠢ᠂ ᠡᠴᠡ ᠪᠣᠯᠵᠤ᠂ ᠤᠯᠤᠰ ᠤᠨ ᠠᠰᠢᠭ ᠲᠤᠰᠠ ᠪᠣᠯᠤᠨ ᠨᠡᠶᠢᠭᠡᠮ ᠨᠡᠶᠢᠲᠡ ᠶᠢᠨ ᠠᠰᠢᠭ ᠲᠤᠰᠠ ᠦᠷᠭᠦᠯᠵᠢᠯᠡᠨ ᠬᠣᠬᠢᠷᠠᠯ ᠳᠤ ᠤᠴᠠᠷᠠᠪᠠ᠃ 

 

2023 ᠣᠨ ᠤ 4 ᠰᠠᠷ᠎ᠠ ᠳᠤ ᠂ ᠷᠠᠰᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠰᠸᠨ ‍ᠳ᠋ᠠ ᠺᠣᠮᠫᠠᠨᠢ ᠶᠢᠨ ᠬᠡᠲᠦᠷᠡᠲᠡᠯ᠎ᠡ ᠮᠠᠯᠲᠠᠭᠰᠠᠨ ᠠᠴᠠ ᠪᠣᠯᠵᠤ ᠠᠭᠤᠯᠠ ᠰᠢᠭᠤᠶ ᠶᠢᠨ ᠠᠮᠢ ᠠᠬᠤᠶ ᠶᠢ ᠬᠣᠬᠢᠷᠠᠭᠤᠯᠤᠭᠰᠠᠨ ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠂ ᠬᠢᠨᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠬᠡᠲᠦᠷᠡᠲᠡᠯ᠎ᠡ ᠮᠠᠯᠲᠠᠭᠰᠠᠨ ᠲᠠᠯᠠᠪᠠᠢ᠂ ᠬᠡᠲᠦᠷᠡᠲᠡᠯ᠎ᠡ ᠮᠠᠯᠲᠠᠭᠰᠠᠨ ᠴᠢᠯᠠᠭᠤ ᠶᠢᠨ ᠲᠣᠭ᠎ᠠ ᠬᠡᠮᠵᠢᠶ᠎ᠡ ᠪᠠ ᠠᠮᠢ ᠠᠬᠤᠶ ᠶᠢ ᠬᠣᠬᠢᠷᠠᠭᠤᠯᠤᠭᠰᠠᠨ ᠦᠨ᠎ᠡ ᠦᠷᠳᠡᠭ ᠵᠡᠷᠭᠡ ᠳᠦ ᠬᠢᠨᠠᠨ ᠲᠣᠭᠲᠠᠭᠠᠯᠲᠠ ᠬᠢᠯᠭᠡᠬᠦ ᠶᠢᠨ ᠬᠠᠮᠲᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤᠵᠠᠷᠭᠤ ᠶᠢᠨ ᠵᠠᠭᠠᠯᠳᠤᠯᠭ᠎ᠠ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ ᠶᠠᠪᠤᠭᠤᠯᠵᠤ᠂ ᠲᠡᠭᠦᠨ ᠳᠦ ᠰᠸᠨ ᠳ᠋ᠠ ᠺᠣᠮᠫᠠᠨᠢ ᠶᠢᠨ ᠬᠡᠪᠴᠢᠶ᠎ᠡ ᠡᠴᠡ ᠬᠡᠲᠦᠷᠡᠲᠡᠯ᠎ᠡ ᠮᠠᠯᠲᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠰᠢᠶᠳᠪᠦᠷᠢᠯᠡᠬᠦ ᠶᠢ ᠰᠠᠨᠠᠭᠤᠯᠬᠤ ᠶᠢᠨ ᠬᠠᠮᠲᠤ ᠰᠸᠨ ᠳ᠋ᠠ ᠺᠣᠮᠫᠠᠨᠢ ᠶᠢ ᠰᠢᠪᠠᠳᠠᠨ ᠠᠭᠤᠷᠬᠠᠶ ᠶᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ ᠬᠢᠯᠭᠡᠪᠡ᠃ ᠵᠠᠰᠠᠭ ᠵᠠᠬᠢᠷᠭᠠᠨ ᠤ ᠪᠠᠶᠢᠭᠤᠯᠭ᠎ᠠ ᠬᠡᠳᠦᠶᠢᠪᠡᠷ ᠴᠠᠭ ᠲᠤᠬᠠᠶ ᠳᠤᠨᠢ ᠬᠠᠷᠢᠭᠤᠯᠲᠠ ᠥᠭᠭᠦᠭᠰᠡᠨ ᠪᠥᠭᠡᠳ ᠵᠣᠬᠢᠬᠤ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠤᠭᠰᠠᠨ ᠪᠣᠯᠪᠠᠴᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠷᠢᠮᠦᠰᠦᠨ ᠭᠦᠢᠴᠡᠳᠬᠡᠭᠰᠡᠨ ᠦᠭᠡᠢ᠂ ᠬᠣᠬᠢᠷᠠᠯ ᠳᠤ ᠤᠴᠠᠷᠠᠭᠰᠠᠨ ᠠᠭᠤᠷᠬᠠᠶ ᠶᠢ ᠮᠥᠨ ᠯᠡ ᠵᠠᠰᠠᠨ ᠰᠡᠷᠭᠦᠭᠡᠳᠦᠶ ᠪᠠᠶᠢᠵᠤ᠂ ᠤᠯᠤᠰ ᠣᠷᠣᠨ ᠤ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠮᠥᠨ ᠯᠡ ᠬᠠᠯᠳᠠᠯᠭ᠎ᠠ ᠳᠤ ᠤᠴᠠᠷᠠᠭᠰᠠᠨ ᠪᠠᠶᠢᠳᠠᠯ ᠳᠤ ᠣᠷᠣᠰᠢᠵᠤ  ᠪᠠᠶᠢᠪᠠ᠃ 

 

2023 ᠣᠨ ᠤ 11 ᠰᠠᠷ᠎ᠠ ᠳᠤ ᠂ ᠷᠠᠰᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ  ᠠᠴᠠ ᠷᠠᠰᠢᠶᠠᠨ ᠬᠣᠲᠠ ᠶᠢᠨ ᠠᠷᠠᠳ ᠤᠨ ᠰᠢᠭᠦᠬᠦ ᠬᠣᠷᠢᠶ᠎ᠠ ᠳᠤ ᠵᠠᠰᠠᠭ ᠵᠠᠬᠢᠷᠭᠠᠨ ᠤ ᠨᠡᠶᠢᠲᠡ ᠶᠢᠨ ᠠᠰᠢᠭᠲᠤ ᠵᠠᠭᠠᠯᠳᠤᠯᠭ᠎ᠠ  ᠳᠤᠷᠠᠳᠴᠤ᠂ ᠷᠠᠰᠢᠶᠠᠨ ᠬᠣᠲᠠ ᠶᠢᠨ ᠠᠷᠠᠳ ᠤᠨ ᠰᠢᠭᠦᠬᠦ ᠬᠣᠷᠢᠶ᠎ᠠ  ᠲᠢᠩᠬᠢᠮ ᠨᠡᠭᠡᠭᠡᠵᠦ ᠰᠢᠭᠦᠪᠡ ᠃ ᠲᠢᠩᠬᠢᠮ ᠦᠨ ᠰᠢᠭᠦᠯᠲᠡ ᠳᠦ ᠂ ᠨᠡᠶᠢᠲᠡ ᠶᠢᠨ ᠠᠰᠢᠭᠲᠤ ᠵᠠᠷᠭᠤ ᠶᠢᠨ ᠵᠠᠭᠠᠯᠳᠤᠭᠴᠢ ᠵᠢᠴᠢ ᠵᠠᠭᠠᠯᠳᠤᠭᠳᠠᠭᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠦᠷᠢᠮᠦᠰᠦᠨ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠂ ᠠᠮᠢ ᠠᠬᠤᠶ ᠶᠢᠨ ᠣᠷᠴᠢᠨ ᠨᠥᠬᠥᠴᠡᠯ ᠢ ᠪᠦᠲᠦᠮᠵᠢᠲᠡᠶ ᠬᠠᠮᠠᠭᠠᠯᠠᠭᠰᠠᠨ ᠡᠰᠡᠬᠦ ᠵᠡᠷᠭᠡ ᠲᠥᠪᠯᠡᠷᠡᠯ ᠦᠨ ᠠᠰᠠᠭᠤᠳᠠᠯ ᠤᠨ ᠲᠣᠭᠣᠷᠢᠨ ᠳᠤ ᠭᠡᠷᠡᠴᠢ ᠳᠤᠷᠠᠳᠬᠤ ᠂ ᠲᠤᠯᠭᠠᠨ ᠭᠡᠷᠡᠴᠢᠯᠡᠬᠦ ᠪᠠ ᠮᠠᠷᠭᠤᠯᠳᠤᠪᠠ ᠃  ᠡᠩᠨᠡᠬᠦ ᠬᠡᠷᠡᠭ ᠦᠨ ᠰᠢᠭᠦᠯᠲᠡ ᠵᠢᠨ ᠦᠷ᠎ᠡ ᠳ᠋ᠦᠩ  ᠢ ᠰᠢᠭᠦᠬᠦ ᠲᠢᠩᠬᠢᠮ ᠡᠴᠡ ᠲᠡᠬᠢᠠ ᠡᠳᠦᠷ ᠰᠣᠩᠭᠣᠵᠤ   ᠨᠡᠶᠢᠲᠡᠯᠡᠬᠦ ᠪᠣᠯᠤᠨ᠎ᠠ᠃ 

 

 

 

 

 

ᠢᠷᠡᠯᠲᠡ
ᠷᠠᠰᠢᠶᠠᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro