ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠣᠢ ᠮᠣᠳᠣᠨ ᠤ ᠡᠬᠢ ᠪᠠᠶᠠᠯᠢᠭ ᠢ ᠬᠠᠮᠠᠭᠠᠯᠠᠵᠤ ᠠᠮᠢ ᠠᠬᠤᠢ᠎ ᠢᠶ᠋ᠢᠨ ᠬᠠᠯᠬᠠᠪᠴᠢ ᠎ᠶ᠋ᠢ  ᠪᠡᠬᠢᠵᠢᠭᠦᠯᠦᠯᠯ᠎ᠡ

2023-12-15 16:31:42
ᠵᠣᠬᠢᠶᠠᠭᠴᠢ
ᠤᠯᠠᠭᠠᠨᠭᠡᠷᠡᠯ

 

        ---- ᠣᠲᠣᠭ ᠬᠤᠰᠢᠭᠤᠨ ᠤ ᠠᠷᠠᠳ ᠤᠨ ᠪᠠᠢᠴᠠᠭᠠᠬᠤ ᠬᠣᠷᠢᠶ᠎ᠠ ᠣᠢ ᠮᠣᠳᠣ᠎ ᠶ᠋ᠢ ᠬᠤᠯᠠᠭᠠᠢᠯᠠᠨ ᠣᠭᠲᠣᠯᠤᠭᠰᠠᠨ 20 ᠬᠦᠮᠦᠨ ᠦ ᠨᠢᠭᠡᠨ ᠬᠡᠷᠡᠭ ᠲᠤ ᠢᠯᠡ᠎ ᠪᠡᠷ ᠭᠡᠷᠡᠴᠢᠯᠡᠯᠲᠡ ᠰᠣᠨᠣᠰᠬᠤ ᠬᠤᠷᠠᠯ ᠡᠷᠬᠢᠯᠡᠪᠡ

 

ᠢᠯᠡ ᠎ᠪᠡᠷ ᠭᠡᠷᠡᠴᠢᠯᠡᠯᠲᠡ ᠰᠣᠨᠣᠰᠬᠤ ᠠᠵᠢᠯ ᠢ ᠪᠥᠬᠥ ᠲᠠᠯ᠎ᠠ ᠎ᠪᠠᠷ ᠳᠡᠯᠭᠡᠷᠡᠩᠭᠦᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠪᠠᠢᠴᠠᠭᠠᠬᠤ ᠬᠣᠷᠢᠶᠠᠨ ᠤ ᠱᠠᠭᠠᠷᠳᠠᠯᠭ᠎ᠠ ᠎ᠶ᠋ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ᠎ ᠤᠨ ᠡᠯ᠎ᠡ ᠡᠲᠡᠭᠡᠳ᠎ ᠤᠨ ᠬᠢᠨ ᠦ ᠬᠢᠨᠠᠯᠲᠠ ᠎ᠶ᠋ᠢ ᠰᠠᠨᠠᠭᠠᠴᠢᠯᠠᠭ᠎ᠠ᠎ ᠠ᠋ᠴᠠ᠎ᠪᠠᠨ ᠬᠦᠯᠢᠶᠡᠬᠦ᠎ ᠶ᠋ᠢᠨ ᠲᠤᠰᠠᠲᠠ᠂ 11 ᠰᠠᠷ᠎ᠠ ᠎ᠶ᠋ᠢᠨ 30 ᠤ ᠡᠳᠦᠷ ᠂ ᠣᠲᠣᠭ ᠬᠤᠰᠢᠭᠤᠨ ᠤ ᠠᠷᠠᠳ ᠤᠨ ᠪᠠᠢᠴᠠᠭᠠᠬᠤ ᠬᠣᠷᠢᠶ᠎ᠠ᠎ ᠠ᠋ᠴᠠ ᠺᠠᠩ ᠣᠪᠣᠭᠲᠤ ᠵᠡᠷᠭᠡ 20 ᠬᠥᠮᠦᠨ ᠣᠢ ᠮᠣᠳᠣ ᠶ᠋ᠢ ᠬᠤᠯᠠᠭᠠᠢᠯᠠᠨ ᠣᠭᠲᠣᠯᠤᠭᠰᠠᠨ ᠬᠡᠷᠡᠭ ᠲᠦ᠍ ᠭᠡᠷᠡᠴᠢᠯᠡᠯᠲᠡ ᠰᠣᠨᠣᠰᠬᠤ ᠬᠤᠷᠠᠯ ᠬᠤᠷᠠᠯᠳᠤᠭᠤᠯᠪᠠ᠃ ᠬᠤᠷᠠᠯ ᠢ ᠳᠡᠳ᠋ ᠪᠠᠢᠴᠠᠭᠠᠬᠤ ᠳᠠᠷᠤᠭ᠎ᠠ ᠬᠠᠨ ᠹᠧᠢ ᠡᠷᠬᠢᠯᠡᠵᠦ᠂ ᠠᠷᠠᠳ ᠤᠨ ᠬᠢᠨᠠᠯᠲᠠ ᠲᠠᠯᠪᠢᠭᠴᠢᠳ᠂ ᠭᠡᠷᠡᠴᠢᠯᠡᠯᠲᠡ ᠰᠣᠨᠤᠰᠤᠭᠴᠢᠳ ᠵᠢᠴᠢ ᠲᠤᠰ ᠬᠡᠷᠡᠭ ᠢ ᠲᠤᠷᠰᠢᠨ  ᠪᠠᠢᠴᠠᠭᠠᠭᠰᠠᠨ ᠠᠵᠢᠯᠲᠠᠳ ᠣᠷᠣᠯᠴᠠᠵᠠᠢ ᠃

ᠭᠡᠷᠡᠴᠢᠯᠡᠯᠲᠡ ᠰᠣᠨᠣᠰᠬᠤ ᠬᠤᠷᠠᠯ ᠳᠡᠭᠡᠷ᠎ᠡ᠂ ᠭᠠᠷᠳᠠᠨ ᠰᠢᠢᠳᠬᠡᠭᠴᠢ ᠪᠠᠢᠴᠠᠭᠠᠬᠤ ᠲᠤᠰᠢᠶᠠᠯᠲᠠᠨ ᠠᠴᠠ ᠲᠤᠰ ᠬᠡᠷᠡᠭ ᠤᠨ ᠪᠣᠳᠠᠲᠤ ᠶᠠᠪᠤᠳᠠᠯ ᠳᠤ ᠮᠠᠭᠠᠳᠯᠠᠯᠲᠠ ᠬᠢᠭᠰᠡᠨ ᠂ ᠭᠡᠷᠡᠴᠢ ᠪᠠᠷᠢᠮᠲᠠ ᠎ᠶ᠋ᠢ ᠬᠢᠨᠠᠨ  ᠪᠠᠢᠴᠠᠭᠠᠭᠰᠠᠨ᠂ ᠬᠠᠤᠯᠢ ᠴᠠᠭᠠᠵᠠ ᠎ᠶ᠋ᠢ ᠲᠣᠬᠢᠷᠠᠭᠤᠯᠤᠨ ᠬᠡᠷᠡᠭᠯᠡᠭᠰᠡᠨ᠂ ᠠᠮᠢ ᠠᠬᠤᠢ᠎ ᠳᠦ ᠰᠡᠷᠭᠦᠭᠡᠯᠲᠡ ᠬᠢᠭᠰᠡᠨ ᠵᠡᠷᠭᠡ ᠪᠠᠢᠳᠠᠯ ᠢ ᠲᠠᠨᠢᠯᠴᠠᠭᠤᠯᠤᠭᠰᠠᠨ ᠤ ᠬᠠᠮᠲᠤ᠂ ᠺᠠᠩ ᠣᠪᠣᠭᠲᠤ ᠵᠡᠷᠭᠡ 20 ᠬᠥᠮᠦᠨ ᠳ᠋ᠦ᠍ ᠬᠠᠤᠯᠢ ᠳᠦᠷᠢᠮ᠎ ᠤᠨ ᠬᠥᠮᠦᠵᠢᠯ ᠬᠢᠪᠡ᠃ ᠳᠣᠲᠣᠭᠠᠳᠤ ᠎ᠶ᠋ᠢ ᠬᠠᠮᠠᠭᠠᠯᠠᠬᠤ ᠪᠠᠢᠭᠤᠯᠭ᠎ᠠ ᠎ᠶ᠋ᠢᠨ ᠲᠤᠷᠰᠢᠨ ᠪᠠᠢᠴᠠᠭᠠᠭᠴᠢ ᠠᠵᠢᠯᠲᠠᠨ ᠠᠴᠠ ᠬᠡᠷᠡᠭ ᠰᠢᠢᠳᠪᠦᠷᠢᠯᠡᠯᠲᠡ ᠶᠢᠨ ᠢᠶᠡᠨ ᠲᠤᠬᠠᠢ ᠬᠣᠯᠪᠣᠭᠳᠠᠯ ᠪᠦᠬᠦᠢ ᠰᠠᠨᠠᠯ ᠢᠶ᠋ᠠᠨ ᠨᠡᠢᠲᠡᠯᠡᠵᠦ᠂ ᠠᠷᠠᠳ ᠤᠨ ᠬᠢᠨᠠᠯᠲᠠ ᠲᠠᠯᠪᠢᠭᠴᠢᠳ ᠂  ᠭᠡᠷᠡᠴᠢᠯᠡᠯᠲᠡ ᠰᠣᠨᠤᠰᠤᠭᠴᠢᠳ ᠬᠡᠷᠡᠭ ᠤᠨ ᠪᠠᠢᠳᠠᠯ ᠤᠨ ᠲᠤᠬᠠᠢ ᠯᠠᠪᠯᠠᠨ ᠠᠰᠠᠭᠤᠭᠰᠠᠨ ᠪᠥᠭᠡᠳ ᠰᠠᠨᠠᠯ ᠢᠶ᠋ᠠᠨ ᠢᠯᠡᠷᠬᠡᠢᠯᠡᠪᠡ᠃ ᠺᠠᠩ ᠣᠪᠣᠭᠲᠤ ᠵᠡᠷᠭᠡ 20 ᠬᠥᠮᠦᠨ ᠴᠥᠮ ᠡᠨᠡ ᠬᠦ ᠬᠡᠷᠡᠭ ᠢᠶᠡᠷ ᠴᠡᠭᠡᠷᠯᠡᠯ ᠪᠣᠯᠭᠠᠵᠤ᠂ ᠬᠠᠤᠯᠢ ᠴᠠᠭᠠᠵᠠ ᠎ᠶ᠋ᠢᠨ ᠤᠬᠠᠮᠰᠠᠷ ᠢᠶᠠᠨ ᠳᠡᠭᠡᠭᠰᠢᠯᠡᠭᠦᠯᠵᠦ ᠂ ᠰᠡᠯᠪᠢᠨ ᠰᠡᠷᠭᠦᠭᠡᠬᠦ ᠲᠥᠰᠦᠯ ᠶᠣᠰᠣᠭᠠᠷ ᠡᠪᠳᠡᠭᠰᠡᠨ ᠣᠢ ᠮᠣᠳᠣᠨ ᠤ ᠭᠠᠵᠠᠷ ᠲᠤ ᠠᠮᠢ ᠠᠬᠤᠢ ᠶ᠋ᠢᠨ ᠰᠡᠷᠭᠦᠭᠡᠯᠲᠡ ᠬᠢᠵᠦ᠂ ᠬᠣᠬᠢᠷᠠᠯ ᠢ ᠨᠢ ᠲᠦᠯᠦᠪᠦᠷᠢᠯᠡᠬᠦ ᠪᠡᠷ ᠠᠮᠠᠯᠳᠠᠵᠠᠢ ᠃

《 ᠪᠠᠢᠴᠠᠭᠠᠬᠤ ᠶᠢᠨ ᠭᠡᠷᠡᠴᠢᠯᠡᠯᠲᠡ ᠰᠣᠨᠣᠰᠬᠤ ᠠᠵᠢᠯ ᠪᠣᠯ ᠪᠠᠢᠴᠠᠭᠠᠬᠤ ᠪᠠᠢᠭᠤᠯᠭ᠎ᠠ ᠬᠡᠷᠡᠭ ᠢ ᠬᠢᠨᠠᠨ ᠪᠠᠢᠴᠠᠭᠠᠬᠤ ᠨᠢᠭᠡ ᠵᠦᠢᠯ᠎ ᠤᠨ ᠴᠢᠬᠤᠯᠠ ᠠᠷᠭ᠎ᠠ ᠬᠡᠯᠪᠡᠷᠢ ᠮᠥᠨ ᠂ ᠲᠡᠷᠡ ᠨᠢ ᠠᠷᠠᠳ ᠣᠯᠠᠨ ᠤ ᠪᠠᠢᠳᠠᠯ ᠢ ᠮᠡᠳᠡᠬᠦ ᠡᠷᠬᠡ ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠎ᠶ᠋ᠢ ᠨᠡᠩ ᠰᠠᠢᠲᠤᠷ ᠬᠠᠩᠭᠠᠬᠤ ᠪᠣᠯᠤᠨ᠎ᠠ ᠃ ᠲᠤᠰ ᠬᠡᠷᠡᠭ ᠲᠦ᠍ ᠬᠣᠯᠪᠣᠭᠳᠠᠭᠰᠠᠨ ᠬᠥᠮᠦᠨ ᠤ ᠲᠣᠭ᠎ᠠ ᠣᠯᠠᠨ ᠪᠠᠢᠵᠤ ᠂ ᠲᠤᠬᠠᠢ ᠎ᠶ᠋ᠢᠨ ᠭᠠᠵᠠᠷ᠎ ᠲᠤ᠌ ᠴᠢᠬᠤᠯᠠ ᠶᠡᠬᠡ ᠨᠡᠢᠭᠡᠮ᠎ ᠤᠨ ᠨᠥᠯᠥᠭᠡ᠎ ᠲᠡᠢ ᠪᠠᠢᠵᠤ᠂ ᠬᠡᠷᠡᠭ  ᠤᠨ ᠰᠢᠢᠳᠪᠦᠷᠢᠯᠡᠯᠲᠡ ᠨᠢ ᠬᠣᠢᠰᠢᠳᠠ ᠬᠠᠤᠯᠢ᠎ ᠠ᠋ᠴᠠ ᠵᠥᠷᠢᠴᠡᠭᠰᠡᠨ ᠦᠢᠯᠡ ᠠᠵᠢᠯᠯᠠᠭᠠᠲᠠᠨ ᠣᠢ ᠮᠣᠳᠣ ᠎ᠶ᠋ᠢ ᠨᠥᠬᠥᠵᠦ ᠲᠠᠷᠢᠬᠤ ᠬᠠᠷᠢᠭᠤᠴᠠᠯᠭ᠎ᠠ ᠎ᠶ᠋ᠢ ᠭᠦᠢᠴᠡᠳᠬᠡᠵᠦ᠂ ᠡᠪᠳᠡᠭᠳᠡᠭᠰᠡᠨ ᠠᠮᠢ ᠠᠬᠤᠢ ᠎ᠶ᠋ᠢ ᠰᠡᠷᠭᠦᠭᠡᠬᠦ ᠂ ᠨᠡᠢᠭᠡᠮ ᠨᠡᠢᠲᠡ ᠶᠢᠨ ᠬᠢᠨ ᠎ᠶ᠋ᠢ ᠬᠥᠲᠥᠯᠦᠨ ᠵᠢᠯᠣᠭᠣᠳᠴᠤ ᠠᠮᠢ ᠠᠬᠤᠢ ᠎ᠶ᠋ᠢ ᠬᠠᠮᠠᠭᠠᠯᠠᠬᠤ ᠤᠬᠠᠮᠰᠠᠷ ᠢ ᠪᠣᠢ ᠪᠣᠯᠭᠠᠬᠤ ᠎ᠳ᠋ᠤ᠌ ᠴᠢᠬᠤᠯᠠ ᠪᠣᠳᠠᠲᠤ ᠠᠴᠢ ᠬᠣᠯᠪᠣᠭᠳᠠᠯ ᠎ᠲᠠᠢ ᠶᠤᠮ ︾ ᠭᠡᠵᠦ ᠨᠢᠭᠡᠳᠦᠭᠡᠷ ᠪᠠᠢᠴᠠᠭᠠᠬᠤ ᠬᠡᠯᠲᠡᠰ᠎ ᠤᠨ ᠬᠠᠷᠢᠭᠤᠴᠠᠯᠭᠠᠲᠠᠨ ᠸᠠᠩ ᠶᠠ ᠵᠢᠶᠧ ᠬᠡᠯᠡᠨ᠎ᠡ ᠃

ᠣᠢ ᠮᠣᠳᠣ ᠪᠣᠯ ᠪᠠᠢᠭᠠᠯᠢ ᠎ᠶ᠋ᠢᠨ ᠴᠢᠬᠤᠯᠠ ᠡᠬᠢ ᠪᠠᠶᠠᠯᠢᠭ ᠮᠥᠨ ᠂ ᠣᠢ ᠮᠣᠳᠣ ᠎ᠶ᠋ᠢ ᠳᠤᠷ᠎ᠠ᠎ ᠪᠠᠷ ᠢᠶ᠋ᠠᠨ ᠣᠭᠲᠣᠯᠪᠠᠯ ᠡᠬᠢ ᠪᠠᠶᠠᠯᠢᠭ ᠲᠤ᠌ ᠬᠣᠬᠢᠷᠠᠯ ᠤᠴᠠᠷᠠᠭᠤᠯᠬᠤ᠎ ᠪᠠᠷ ᠪᠠᠷᠠᠬᠤ ᠦᠭᠡᠢ ᠪᠠᠰᠠ ᠠᠮᠢ ᠠᠬᠤᠢ᠎ ᠶ᠋ᠢᠨ ᠲᠡᠩᠴᠡᠭᠦᠷᠢ ᠎ᠶ᠋ᠢ ᠨᠥᠯᠥᠭᠡᠯᠡᠵᠦ᠂ ᠬᠥᠷᠥᠰᠥ ᠰᠢᠷᠣᠢ ᠢᠳᠡᠭᠳᠡᠵᠦ᠂ ᠭᠠᠵᠠᠷ ᠰᠢᠷᠣᠢ ᠡᠯᠡᠰᠦᠷᠬᠡᠭᠵᠢᠨ ᠂ ᠡᠭᠦᠨ ᠤ ᠤᠯᠠᠮ᠎ ᠠ᠋ᠴᠠ ᠣᠯᠠᠨ ᠨᠡᠢᠲᠡ᠎ ᠶ᠋ᠢᠨ ᠠᠰᠢᠭ ᠲᠤᠰᠠ ᠎ᠶ᠋ᠢ ᠬᠣᠬᠢᠷᠠᠭᠤᠯᠤᠨ᠎ᠠ᠃ ᠬᠤᠷᠠᠯ ᠤᠨ ᠳᠠᠷᠠᠭ᠎ᠠ ᠂ ᠪᠠᠢᠴᠠᠭᠠᠬᠤ ᠪᠠᠢᠭᠤᠯᠭ᠎ᠠ ᠲᠤᠰ ᠤᠳᠠᠭᠠᠨ ᠤ ᠭᠡᠷᠡᠴᠢᠯᠡᠯᠲᠡ ᠰᠣᠨᠣᠰᠬᠤ ᠬᠤᠷᠠᠯ ᠤᠨ ᠰᠠᠨᠠᠯ ᠢ ᠬᠡᠷᠡᠭ  ᠰᠢᠢᠳᠪᠦᠷᠢᠯᠡᠬᠦ᠎ ᠶ᠋ᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠵᠤ᠂ ᠣᠢ ᠰᠢᠭᠤᠢ᠎ ᠶ᠋ᠢᠨ ᠰᠠᠯᠠᠭ᠎ᠠ ᠮᠥᠴᠢᠷ᠎ ᠯᠤᠭᠡ ᠬᠡᠷᠡᠭ ᠲᠦ᠍ ᠬᠣᠯᠪᠣᠭᠳᠠᠭᠰᠠᠨ ᠣᠢᠲᠤ ᠭᠠᠵᠠᠷ ᠢ ᠰᠡᠯᠭᠦᠬᠦ ᠠᠮᠢ ᠠᠬᠤᠢ᠎ ᠶ᠋ᠢ ᠰᠡᠷᠭᠦᠭᠡᠬᠦ ᠠᠵᠢᠯ ᠤᠨ ᠵᠣᠯᠭᠠᠯᠳᠣᠯ ᠢ ᠦᠷᠭᠦᠯᠵᠢᠯᠡᠨ ᠬᠢᠬᠦ᠎ ᠶ᠋ᠢᠨ ᠬᠠᠮᠲᠤ᠂ ᠣᠢᠲᠤ ᠭᠠᠵᠠᠷ ᠤᠨ ᠬᠣᠬᠢᠷᠠᠭᠳᠠᠭᠰᠠᠨ ᠪᠠᠢᠳᠠᠯ ᠂ ᠰᠣᠶᠣᠭ᠎ᠠ ᠮᠣᠳᠣᠨ ᠤ ᠲᠥᠷᠥᠯ ᠵᠦᠢᠯ ᠂ ᠲᠣᠭ᠎ᠠ ᠬᠡᠮᠵᠢᠶ᠎ᠡ ᠵᠡᠷᠭᠡ ᠲᠠᠯ᠎ᠠ ᠎ᠪᠠᠷ ᠰᠡᠷᠭᠦᠭᠡᠬᠦ ᠲᠥᠰᠦᠯ᠎ ᠤᠨ ᠨᠤᠲᠠᠯᠠᠯᠲᠠ ᠶᠢ ᠬᠢᠵᠦ᠂ ᠬᠡᠷᠡᠭ ᠎ᠲᠦ᠍ ᠬᠣᠯᠪᠣᠭᠳᠠᠭᠰᠠᠨ ᠣᠢᠲᠤ ᠭᠠᠵᠠᠷ  ᠢ ᠨᠥᠬᠥᠨ ᠲᠠᠷᠢᠵᠤ ᠨᠣᠭᠣᠭᠠᠷᠠᠭᠤᠯᠬᠤ ᠠᠵᠢᠯ ᠤᠨ ᠡᠮᠬᠢ ᠵᠢᠷᠤᠮ ᠎ᠲᠠᠢ ᠶᠠᠪᠤᠭᠳᠠᠬᠤ᠎ ᠶ᠋ᠢ ᠢᠳᠡᠪᠬᠢᠲᠡᠢ  ᠠᠬᠢᠭᠤᠯᠤᠨ᠎ᠠ᠃

ᠬᠣᠢᠰᠢᠳᠠ ᠂ ᠣᠲᠣᠭ ᠬᠤᠰᠢᠭᠤᠨ ᠤ ᠠᠷᠠᠳ ᠤᠨ ᠪᠠᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠯᠲᠡ ᠰᠣᠨᠣᠰᠬᠤ ᠶᠢ  ᠬᠡᠪᠰᠢᠭᠦᠯᠦᠨ ᠪᠠᠢᠩᠭᠤᠵᠢᠭᠤᠯᠵᠤ ᠂ ᠢᠯᠡ ᠎ᠪᠡᠷ  ᠭᠡᠷᠡᠴᠢᠯᠡᠯᠲᠡ ᠰᠣᠨᠣᠰᠬᠤ ᠎ᠪᠠᠷ ᠳᠠᠮᠵᠢᠨ ᠬᠠᠤᠯᠢ ᠪᠠᠷᠢᠬᠤᠢ ᠎ᠶ᠋ᠢᠨ ᠠᠷᠠᠳᠴᠢᠯᠠᠯ ᠲᠠᠢ ᠢᠯᠡ ᠪᠠᠢᠬᠤ ᠂ ᠵᠥᠷᠢᠴᠡᠯ ᠵᠢᠭᠤᠷᠠᠯᠳᠤᠭᠠᠨ ᠢ ᠨᠠᠮᠳᠠᠭᠠᠬᠤ᠂ ᠶᠡᠬᠡ ᠲᠠᠯ᠎ᠠ ᠎ᠶ᠋ᠢᠨ ᠬᠥᠭᠵᠢᠯᠲᠡ᠎ᠳ᠋ᠦ᠍ ᠦᠢᠯᠡᠴᠢᠯᠡᠬᠦ ᠂ ᠨᠡᠢᠭᠡᠮ᠎ ᠤᠨ ᠠᠩᠬᠠᠷᠤᠯ ᠬᠠᠯᠠᠮᠰᠢᠯ᠎ ᠳ᠋ᠤ᠌ ᠬᠠᠷᠢᠭᠤ ᠲᠤᠰᠬᠠᠯ ᠥᠭᠬᠦ ᠶᠢ ᠠᠬᠢᠭᠤᠯᠵᠤ᠂ ᠬᠡᠷᠡᠭ ᠤᠨ ᠲᠤᠬᠠᠢ ᠎ᠶ᠋ᠢᠨ ᠬᠥᠮᠦᠨ ᠤ《 ᠬᠠᠤᠯᠢ᠎ ᠶ᠋ᠢᠨ ᠡᠭᠡᠳᠡᠷᠡᠯ 》᠂ 《 ᠰᠡᠳᠬᠢᠯ᠎ ᠤᠨ ᠡᠭᠡᠳᠡᠷᠡᠯ》 ᠢ ᠲᠠᠢᠯᠬᠤ ᠳᠡᠭᠡᠷ᠎ᠡ ᠬᠦᠴᠦ ᠲᠠᠯᠪᠢᠵᠤ᠂ ᠦᠢᠯᠡᠳᠦᠯᠭᠡ᠎ ᠶ᠋ᠢᠨ ᠳᠤᠮᠳᠠ ᠭᠡᠷᠡᠴᠢᠯᠡᠯᠲᠡ ᠰᠣᠨᠣᠰᠬᠤ ᠠᠵᠢᠯ ᠤᠨ ᠶᠠᠰᠤ ᠴᠢᠨᠠᠷ ᠦᠷ᠎ᠡ ᠨᠦᠯᠦᠭᠡ ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠷᠡᠴᠢᠯᠡᠯᠲᠡ ᠰᠣᠨᠣᠰᠬᠤ ᠲᠣᠭᠲᠠᠴᠠ᠎ ᠶ᠋ᠢ ᠲᠡᠭᠦᠯᠳᠡᠷᠵᠢᠭᠦᠯᠵᠦ ᠂ ᠲᠥᠪ ᠭᠣᠣᠯᠴᠢ ᠰᠢᠳᠤᠷᠭᠤ ᠶᠣᠰᠣ ᠣᠷᠣᠰᠢᠵᠤ ᠪᠠᠢᠬᠤ ᠎ᠶ᠋ᠢ 《 ᠨᠢᠳᠦᠨ ᠳᠦ ᠲᠣᠲᠤᠬᠠᠨ 》 ᠶ᠋ᠢ 《 ᠰᠣᠨᠣᠷ ᠲᠤ ᠬᠠᠳᠠᠩᠰᠢᠯ ᠲᠠᠢ》 ᠪᠠᠢᠯᠭᠠᠨ᠎ᠠ ᠃

 

ᠢᠷᠡᠯᠲᠡ
ᠣᠲᠣᠭ ᠬᠤᠰᠢᠭᠤᠨ ᠤ ᠠᠷᠠᠳ ᠤᠨ ᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro