ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︽  ᠬᠢᠯᠢ ᠬᠢᠵᠠᠭᠠᠷ  ᠣᠷᠣᠨ ᠢᠶᠠᠨ ᠬᠠᠤᠯᠢ ᠶᠢᠨ ᠬᠤᠷ᠎ᠠ ᠪᠠᠷ ᠣᠮᠳᠠᠯᠠᠵᠣ᠂ ᠬᠠᠸᠯᠢ ᠪᠠᠷ ᠵᠠᠰᠠᠬᠤ  ᠯᠤᠭ᠎ᠠ ᠵᠣᠣᠵᠠᠢ ᠬᠣᠯᠪᠣᠨ ᠣᠷᠣᠬᠰᠢᠯᠠᠨᠠᠮ ︾ ᠭᠡᠬᠦ ᠬᠠᠸᠯᠢ ᠴᠠᠭᠠᠵᠠ ᠶᠢᠨ ᠮᠡᠳᠡᠯᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ

2023-12-22 17:16:50
ᠵᠣᠬᠢᠶᠠᠭᠴᠢ
ᠲᠦᠰᠢᠭ

     2023 ᠣᠨ ᠤ 4 ᠰᠠᠷ᠎ᠠ ᠠᠴᠠ ᠨᠠᠰᠢ ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠠᠸᠯᠢ ᠴᠠᠭᠠᠵᠠ ᠶᠢᠨ ᠮᠡᠳᠡᠯᠭᠡ ᠶᠢ ᠦᠨᠳᠦᠰᠦᠨ ᠱᠠᠲᠤᠨ ᠳᠤ ᠬᠦᠷᠭᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ ᠃

   

 

     ᠨᠢᠭᠡ ᠳᠦ᠂ ᠢᠷᠭᠡᠨ ᠦ ᠬᠠᠤᠯᠢ ᠶᠢᠨ ᠪᠢᠴᠢᠭ ᠦᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ

    《 ᠢᠷᠭᠡᠨ ᠦ ᠬᠠᠤᠯᠢ ᠶᠢᠨ ᠪᠢᠴᠢᠭ ᠢ ᠣᠯᠠᠨ ᠲᠦᠮᠡᠨ ᠦ ᠳᠡᠷᠭᠡᠳᠡ ᠠᠪᠠᠴᠢᠵᠤ ᠂ ᠣᠯᠠᠨ ᠲᠦᠮᠡᠨ ᠦ ᠰᠡᠳᠬᠢᠯ ᠳᠦ ᠬᠠᠳᠠᠩᠰᠢᠭᠤᠯᠬᠤ》 ᠶᠢᠨ ᠲᠥᠯᠥᠭᠡ ᠂ ᠪᠠᠶᠢᠴᠠᠭᠠᠬᠤ ᠠᠵᠢᠯᠲᠠᠳ ᠦᠨᠳᠦᠰᠦᠨ ᠱᠠᠲᠤᠨ ᠳᠤ ᠭᠦᠨᠵᠡᠭᠡᠶᠢᠷᠡᠵᠦ ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠭᠡᠷ ᠲᠦ ᠬᠦᠷᠴᠦ ᠢᠷᠭᠡᠨ ᠦ ᠬᠠᠤᠯᠢ ᠶᠢᠨ ᠪᠢᠴᠢᠭ ᠵᠢᠴᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠵᠡᠷᠭᠡ ᠦᠨᠳᠦᠰᠦᠲᠡᠨ ᠦ ᠭᠠᠵᠠᠷ ᠣᠷᠣᠨ ᠤ ᠲᠥᠷᠥᠯ ᠦᠨ ᠬᠠᠤᠯᠢ ᠴᠠᠭᠠᠵᠠ ᠶᠢᠨ ᠤᠬᠠᠭᠤᠯᠭ᠎ᠠ ᠶᠢ ᠴᠤᠬᠦ᠌ᠨᠳᠦᠷ ᠪᠠᠯᠭᠠᠰᠤᠨ ᠤ ᠠᠷᠠᠳ ᠣᠯᠠᠨ ᠴᠤᠭᠯᠠᠷᠠᠭᠰᠠᠨ ᠭᠠᠵᠠᠷ ᠲᠤ ᠬᠦᠷᠴᠦ  ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ ᠪᠠᠶᠠᠨᠴᠢᠨᠳᠠᠮᠤᠨᠢ ᠰᠤᠮᠤᠨ ᠤ ᠨᠠᠮ ᠤᠨ ᠬᠣᠷᠢᠶ᠎ᠠ ᠲᠠᠶ ᠢᠷᠭᠡᠨ ᠦ ᠬᠠᠤᠯᠢ ᠶᠢᠨ ᠪᠢᠴᠢᠭ ᠢ ᠲᠦᠭᠡᠮᠡᠯᠵᠢᠭᠦᠯᠬᠦ ᠵᠢᠴᠢ  ᠬᠢᠯᠢ ᠬᠢᠵᠠᠭᠠᠷ ᠣᠷᠣᠨ ᠤ ᠬᠠᠭᠤᠷᠠᠶ ᠲᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ ᠳᠦ ᠨᠥᠬᠥᠪᠥᠷᠢ ᠥᠭᠬᠦ ᠲᠤᠬᠠᠶ ᠶᠠᠷᠢᠯᠴᠠᠬᠤ ᠬᠤᠷᠠᠯ ᠬᠢᠵᠦ ᠂ ᠡᠭᠦᠨ ᠦ ᠬᠠᠮᠲᠤ ᠪᠠᠶᠠᠨᠴᠢᠨᠳᠠᠮᠤᠨᠢ ᠰᠤᠮᠤᠨ ᠤ ᠡᠯ᠎ᠡ ᠭᠠᠴᠠᠭ᠎ᠠ ᠳᠤ ︽ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠶ  ᠲᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ ᠳᠦ ᠨᠥᠬᠥᠪᠥᠷᠢ ᠥᠭᠬᠦ ᠬᠠᠮᠢᠶᠠᠷᠤᠯᠲᠠ ᠶᠢᠨ ᠠᠷᠭ᠎ᠠ ︾ ᠵᠢᠨ ᠤᠬᠠᠭᠤᠯᠭ᠎ᠠ ᠶᠢᠨ ᠭᠠᠷ ᠳᠡᠪᠲᠡᠷ ᠪᠠ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠦ ᠬᠠᠸᠯᠢ ᠶᠢᠨ ᠪᠢᠴᠢᠭ ︾᠂ ︽ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ ᠴᠠᠭᠠᠵᠠ ᠶᠢᠨ ᠡᠮᠬᠢᠳᠬᠡᠯ ︾ ᠵᠡᠷᠭᠡ ᠬᠣᠸᠰ ᠬᠡᠯᠡᠨ ᠦ ᠬᠡᠪᠯᠡᠯ ᠦᠨ ᠨᠣᠮ ᠪᠢᠴᠢᠭ ᠢ ᠪᠡᠯᠡᠭᠯᠡᠪᠡ ᠃

     

 

     ᠬᠣᠶᠠᠷ ᠲᠤ᠂ ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠶᠢ ᠰᠠᠶᠢᠲᠤᠷ ᠦᠷᠨᠢᠭᠦᠯᠪᠡ

     ︽ᠬᠤᠨ ᠭᠠᠯᠠᠭᠤ ᠨᠠᠰᠣᠨ ᠳᠤ ᠦᠯᠦ ᠭᠦᠷᠦᠭᠰᠡᠳ ᠦᠨ ᠪᠠᠶᠢᠴᠠᠭᠠᠬᠤ ᠠᠵᠢᠯ ︾ ᠲᠤᠰᠬᠠᠶ ᠠᠵᠢᠯᠯᠠᠭ᠎ᠠ ᠲᠠᠶ ᠤᠶᠠᠯᠳᠤᠭᠤᠯᠤᠨ ᠂ ᠰᠤᠷᠭᠠᠭᠤᠯᠢ ᠶᠢᠨ ᠬᠦᠷᠢᠶᠡᠨ ᠳᠦ ᠣᠷᠣᠬᠤ ᠠᠵᠢᠯᠯᠠᠭ᠎ᠠ ᠶᠢ 6 ᠤᠳᠠᠭ᠎ᠠ ᠥᠷᠨᠢᠭᠦᠯᠵᠦ ᠂ ᠬᠠᠸᠯᠢ ᠪᠠᠷ ᠵᠠᠰᠠᠬᠤ ᠬᠢᠴᠢᠶᠡᠯ ᠦᠨ ᠲᠠᠩᠬᠢᠮ ᠢ  ᠨᠡᠭᠡᠭᠡᠵᠦ ᠂ ᠣᠯᠠᠨ ᠲᠦᠮᠡᠨ ᠳᠦ ︽ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ ︾ ︽ ᠨᠠᠰᠤᠨ ᠳᠤ ᠥᠯᠥ ᠭᠦᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠬᠠᠸᠯᠢ ︾ ︽ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠸᠯᠢ ︾ ᠶᠢᠨ ᠬᠠᠮᠢᠶ᠎ᠠ ᠪᠥᠬᠥᠶ ᠬᠠᠸᠯᠢ ᠴᠠᠭᠠᠵᠠ ᠶᠢᠨ ᠲᠣᠭᠲᠠᠭᠠᠯ ᠢ ᠤᠬᠠᠭᠤᠯᠵᠤ ᠂ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 500 ᠭᠠᠷᠤᠶ ᠳᠡᠪᠲᠡᠷ ᠲᠠᠷᠬᠠᠭᠠᠭᠰᠠᠨ ᠪᠠᠶᠢᠨ᠎ᠠ ᠃

     

 

     ᠭᠤᠷᠪᠠ ᠳᠤ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠶᠢ ᠭᠦᠨᠵᠡᠭᠡᠶ ᠦᠷᠨᠢᠭᠦᠯᠪᠡ

     ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠠᠵᠢᠯᠯᠠᠭ᠎ᠠ ᠶᠢ ᠴᠤᠬᠦ᠌ᠨᠳᠦᠷ ᠪᠠᠯᠭᠠᠰᠤ ᠂  ᠪᠠᠶᠠᠨᠪᠣᠯᠠᠭ ᠪᠠᠯᠭᠠᠰᠤ ᠂  ᠬᠦᠬᠡᠦ᠌ᠨᠳᠦᠷ ᠪᠠᠯᠭᠠᠰᠤ ᠂  ᠣᠣ ᠶᠢᠨ ᠭᠣᠣᠯ ᠰᠤᠮᠤ ᠵᠡᠷᠭᠡ ᠣᠯᠠᠨ ᠲᠦᠮᠡᠨ ᠴᠤᠭᠯᠠᠷᠠᠭᠰᠠᠨ ᠭᠠᠵᠠᠷ ᠲᠤ ︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠸᠯᠢ ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ᠋ ᠤᠨ ᠠᠵᠢᠯ ᠤᠨ ᠲᠦᠷᠢᠮ ︾ ᠂ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︾ ᠂ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠦᠨ ᠬᠠᠸᠯᠢ ︾ ᠶᠢ ᠤᠬᠠᠭᠤᠯᠵᠤ ᠂ ᠣᠯᠠᠨ ᠲᠦᠮᠡᠨ ᠳᠦ 500 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠠᠶ ᠃

   

 

    ᠲᠦᠷᠪᠡ ᠳᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠬᠥᠭᠥᠷᠭᠡᠨ ᠪᠡᠬᠢᠯᠡᠯᠲᠡ ᠲᠡᠶ ᠨᠢᠭᠲᠠ ᠬᠣᠯᠪᠣᠭ᠎ᠠ ᠲᠠᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠦᠷᠨᠢᠭᠦᠯᠪᠡ

     ︽ᠬᠢᠯᠢ ᠳᠠᠭᠠᠤ ᠪᠣᠭᠣᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠠᠵᠢᠯᠯᠠᠭ᠎ᠠ 》 ᠲᠠᠶ ᠤᠶᠠᠯᠳᠤᠭᠤᠯᠤᠨ ᠂ ᠬᠢᠯᠢ ᠶᠢᠨ ᠱᠤᠭᠤᠮ ᠤᠨ ᠣᠶᠢᠷᠠᠯᠴᠠᠭ᠎ᠠ ᠪᠠᠶᠢᠭ᠎ᠠ ᠰᠤᠮᠤ ᠂ ᠪᠠᠯᠭᠠᠰᠤ ᠂ ᠭᠠᠴᠠᠭ᠎ᠠ ᠂ ᠲᠣᠰᠬᠣᠨ ᠳᠤ ᠬᠦᠷᠴᠦ ᠂ ᠮᠠᠯᠵᠢᠬᠤ ᠣᠷᠣᠨ ᠤ ᠣᠯᠠᠨ ᠲᠦᠮᠡᠨ ᠡᠴᠡ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠪᠠᠶᠢᠳᠠᠯ ᠵᠢᠴᠢ ᠬᠡᠭᠡᠷ᠎ᠡ ᠶᠢᠨ ᠠᠮᠢᠲᠠᠨ ᠤ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠣᠶᠢᠯᠠᠭᠠᠵᠤ ᠂ ᠣᠯᠠᠨ ᠲᠦᠮᠡᠨ ᠳᠦ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠦ ᠬᠠᠸᠯᠢ ᠶᠢᠨ ᠪᠢᠴᠢᠭ ︾ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠸᠯᠢ ︾ ᠪᠠ ︽ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠶ ᠲᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ ᠳᠦ ᠨᠥᠬᠥᠪᠥᠷᠢ ᠥᠭᠬᠦ ᠬᠠᠮᠢᠶᠠᠷᠤᠯᠲᠠ ᠶᠢᠨ ᠠᠷᠭ᠎ᠠ ︾ ︵ ᠬᠣᠸᠰ ᠬᠡᠯᠡᠨ ᠦ ᠬᠡᠪᠯᠡᠯ ︶ ᠶᠢ ᠶᠡᠬᠡ ᠪᠡᠷ ᠤᠬᠠᠭᠤᠯᠵᠤ ᠂ ᠣᠯᠠᠨ ᠲᠦᠮᠡᠨ ᠳᠦ 400 ᠭᠠᠷᠤᠶ ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ ᠂ ᠬᠢᠯᠢ ᠳᠠᠭᠠᠸ ᠶᠢᠨ ᠣᠯᠠᠨ ᠲᠦᠮᠡᠨ ᠦ ᠬᠠᠸᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠣᠯᠠᠨ ᠲᠦᠮᠡᠨ ᠢ ᠬᠠᠸᠯᠢ ᠶᠣᠰᠣᠨ ᠤ ᠠᠷᠭ᠎ᠠ ᠵᠠᠮ ᠢᠶᠠᠷ ᠥᠪᠡᠷ ᠦᠨ ᠡᠷᠬᠡ ᠠᠰᠢᠭ ᠢᠶᠠᠨ ᠵᠣᠷᠢᠭᠤᠯᠵᠠᠶ ᠃

   

 

      ᠲᠣᠰ ᠤᠳᠠᠭᠠᠨ ᠤ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠨᠢ ᠲᠣᠰ ᠬᠣᠷᠢᠶᠠᠨ ᠤ ᠪᠠᠶᠢᠴᠠᠭᠠᠬᠤ ᠠᠵᠢᠯᠲᠠᠨ ᠤ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠳᠤᠮᠳᠠᠬᠢ ᠳᠠᠪᠠᠭᠤᠯᠢᠭ ᠢ ᠢᠯᠡᠷᠡᠭᠦᠯᠵᠦ ᠂ ᠥᠷᠭᠡᠨ ᠣᠯᠠᠨ ᠲᠦᠮᠡᠨ ᠳᠦ ᠬᠠᠮᠤᠭ ᠤᠨ ᠰᠢᠨ᠎ᠡ ᠬᠠᠸᠯᠢ ᠴᠠᠭᠠᠵᠠ ᠬᠠᠸᠯᠢ ᠲᠣᠭᠲᠠᠭᠠᠯ ᠢ ᠤᠬᠠᠭᠤᠯᠵᠤ ᠂ ᠬᠠᠸᠯᠢ ᠪᠠᠷ ᠵᠠᠰᠠᠬᠤ ᠤᠬᠠᠭᠤᠯᠭ᠎ᠠ ᠶᠢᠨ ︽ ᠡᠴᠦᠰ ᠦᠨ ᠨᠢᠭᠡ ᠺᠢᠯᠣᠮᠧᠲ᠋ᠷ ︾ ᠢ ᠨᠡᠪᠲᠡᠷᠡᠭᠦᠯᠪᠡ ᠃

      ᠬᠣᠶᠢᠰᠢᠳᠠ ᠂ ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠪᠠᠶᠢᠴᠠᠭᠠᠬᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ ᠂ ᠮᠠᠯᠴᠢᠨ ᠲᠠᠷᠢᠶᠠᠴᠢᠨ ᠳᠤ ᠶᠡᠬᠡ ᠪᠠᠶᠢᠴᠠᠭᠠᠨ ᠰᠤᠳᠤᠯᠤᠯᠲᠠ ᠶᠡᠬᠡ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ ᠂ ᠬᠠᠸᠯᠢ ᠪᠠᠷ ᠵᠠᠰᠠᠬᠤ ᠤᠬᠠᠭᠤᠯᠭ᠎ᠠ ᠶᠢ ᠬᠥᠮᠦᠰ ᠦᠨ ᠰᠡᠳᠬᠢᠯ ᠳᠦ ᠬᠠᠳᠠᠩᠰᠢᠭᠤᠯᠤᠨ᠎ᠠ ᠃

 

ᠢᠷᠡᠯᠲᠡ
ᠤᠷᠠᠳ ᠤᠨ ᠬᠣᠶᠢᠲᠤ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro