ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠳᠠᠯᠠᠳ ᠬᠣᠰᠢᠭᠤᠨ  ᠤ ᠠᠷᠠᠳ  ᠤᠨ ᠪᠠᠶᠢᠴᠠᠭᠠᠬᠤ ᠬᠣᠷᠢᠶ᠎ᠠ ︽ᠪᠠᠭ᠎ᠠ ᠬᠡᠷᠡᠭ︾ ᠢ ᠨᠠᠷᠢᠨ ᠨᠢᠮᠪᠠᠶ ᠰᠢᠶᠳᠪᠦᠷᠢᠯᠡᠬᠦ ᠶᠢ ᠪᠠᠷᠢᠮᠲᠠᠯᠠᠵᠤ᠂ ︽ᠠᠷᠠᠳ ᠤᠨ ᠲᠥᠯᠥᠭᠡ ᠪᠠᠶᠢᠴᠠᠭᠠᠬᠤ︾ ᠠᠵᠢᠯᠯᠠᠭ᠎ᠠ ᠶᠢ ᠦᠨᠡᠨ ᠰᠡᠳᠬᠢᠯ ᠡᠴᠡ ᠪᠡᠨ ᠲᠠᠶᠢᠯᠪᠤᠷᠢᠯᠠᠨ᠎ᠠ

2024-01-19 11:26:07
ᠵᠣᠬᠢᠶᠠᠭᠴᠢ
ᠶᠢᠷᠲᠢᠨᠴᠦ

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︽ᠪᠠᠭ᠎ᠠ ᠬᠡᠷᠡᠭ︾ ᠢ ᠨᠠᠷᠢᠨ ᠨᠢᠮᠪᠠᠶ ᠰᠢᠶᠳᠪᠦᠷᠢᠯᠡᠬᠦ ᠤᠨᠤᠯᠵᠢᠬᠤᠨ ᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠦ ᠳᠡᠷᠭᠡᠳᠡᠬᠢ ︽ᠪᠠᠭ᠎ᠠ ᠬᠡᠷᠡᠭ︾ ᠨᠢᠭᠡᠪᠦᠷᠢ ᠶᠢ ᠴᠢᠨᠠᠷ ᠰᠠᠶᠢᠲᠠᠶ ᠪᠥᠭᠡᠳ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠵᠦ᠂ ᠠᠷᠠᠳ ᠤᠨ ᠲᠥᠯᠥᠭᠡ ᠬᠠᠸᠯᠢ ᠪᠠᠷᠢᠬᠤ ︽ᠪᠠᠶᠢᠴᠠᠭᠠᠬᠤ ᠠᠵᠢᠯ ᠤᠨ ᠬᠠᠷᠢᠭᠤᠯᠲᠠ ᠶᠢᠨ ᠬᠠᠭᠤᠳᠠᠰᠤ︾  ᠶᠢ ᠰᠡᠳᠬᠢᠯ ᠲᠠᠯᠪᠢᠨ ᠬᠠᠷᠢᠭᠣᠯᠵᠣ᠂ ᠪᠠᠶᠢᠴᠠᠭᠠᠬᠤ ᠠᠵᠢᠯ ᠤᠨ ᠬᠡᠷᠡᠭ ᠰᠢᠶᠳᠪᠦᠷᠢᠯᠡᠬᠦ ᠶᠠᠰᠤ ᠴᠢᠨᠠᠷ᠂ ᠦᠷ᠎ᠡ ᠪᠦᠲᠦᠮᠵᠢ᠂ ᠦᠷ᠎ᠡ ᠪᠥᠲᠦᠭᠡᠯ ᠢ ᠣᠷᠭᠠᠨᠢᠭ ᠢᠶᠠᠷ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠠᠷᠠᠳ ᠣᠯᠠᠨ ᠢ ᠬᠠᠸᠯᠢ ᠪᠠᠷᠢᠬᠤ ᠬᠡᠷᠡᠭ ᠨᠢᠭᠡᠪᠦᠷᠢ ᠶᠢᠨ ᠳᠣᠮᠳᠠ ᠲᠥᠪ ᠭᠣᠸᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠡᠷ ᠴᠢᠷᠮᠠᠶᠢᠨ᠎ᠠ ᠃ 

ᠨᠢᠭᠡ᠂  ᠪᠠᠶᠢᠴᠠᠭᠠᠬᠤ ᠤᠨᠤᠯᠵᠢᠬᠤᠨ ᠢᠶᠠᠨ ᠰᠢᠨᠡᠴᠢᠯᠡᠵᠦ《ᠪᠠᠭ᠎ᠠ ᠬᠡᠷᠡᠭ》 ᠢ ᠰᠡᠳᠬᠢᠯ ᠲᠠᠯᠪᠢᠨ ᠰᠢᠶᠳᠪᠦᠷᠢᠯᠡᠵᠦ᠂ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ 

ᠨᠢᠭᠡ ᠳᠦ《ᠦᠯᠦ ᠵᠠᠭᠠᠯᠳᠤᠬᠤ +》ᠬᠦᠨᠭᠭᠡᠨ ᠶᠠᠯ᠎ᠠ ᠶᠢᠨ ᠬᠡᠷᠡᠭ ᠢ ᠰᠢᠶᠳᠪᠦᠷᠢᠯᠡᠬᠦ  ᠵᠠᠭᠪᠤᠷ ᠢ ᠬᠠᠶᠢᠨ ᠰᠦᠪᠡᠭᠴᠢᠯᠡᠪᠡ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠣᠣᠰᠯᠠᠭᠤᠯᠬᠤ ᠡᠷᠡᠭᠦᠦ ᠶᠢᠨ ᠬᠡᠷᠡᠭ ᠦᠨ ᠲᠦᠷᠦ ᠶᠢᠨ ᠪᠤᠳᠤᠯᠭ᠎ᠠ ᠪᠠ ᠶᠠᠯ᠎ᠠ ᠪᠠᠨ ᠮᠡᠳᠡᠷᠡᠵᠦ ᠰᠢᠳᠬᠡᠯ ᠢ ᠬᠦᠯᠢᠶᠡᠬᠦ ᠠᠭᠤᠴᠢᠯᠠᠨ ᠰᠢᠳᠬᠡᠬᠦ ᠲᠦᠷᠢᠮ ᠢ ᠬᠠᠤᠯᠢ ᠶᠣᠰᠣᠭᠠᠷ ᠵᠢᠷᠤᠮᠵᠢᠭᠤᠯᠤᠨ ᠬᠡᠷᠡᠭᠯᠡᠵᠦ᠂ ᠡᠷᠡᠭᠦᠦ ᠶᠢᠨ ᠬᠡᠷᠡᠭ ᠦᠨ ᠡᠶᠡᠳᠡᠬᠦ ᠪᠠᠷ ᠳᠠᠮᠵᠢᠭᠤᠯᠤᠨ ᠬᠥᠩᠭᠡᠪᠲᠦᠷ ᠡᠷᠡᠭᠦᠦ ᠶᠢᠨ ᠬᠡᠷᠡᠭ 12 ᠬᠡᠷᠡᠭ 12 ᠬᠥᠮᠦᠨ ᠢ ᠦᠯᠦ ᠵᠠᠭᠠᠯᠳᠤᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠶ ᠬᠠᠮᠲᠤᠷᠠᠨ ᠬᠥᠩᠭᠡᠪᠲᠦᠷ ᠡᠷᠡᠭᠦᠦ ᠶᠢᠨ ᠬᠡᠷᠡᠭ ᠲᠦ ᠴᠢᠭᠯᠡᠭᠦᠯᠦᠨ《ᠥᠯᠦ ᠪᠠᠷᠢᠪᠴᠢᠯᠠᠬᠤ ᠥᠯᠦ ᠵᠠᠭᠠᠯᠳᠤᠬᠤ + ᠨᠡᠶᠢᠭᠡᠮ ᠦᠨ ᠰᠠᠢᠨ ᠳᠤᠷ᠎ᠠ ᠶᠢᠨ ᠦᠢᠯᠡᠴᠢᠯᠡᠭᠡ ᠬᠠᠩᠭᠠᠬᠣ》 ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠠᠯᠬᠠᠭᠠᠨ ᠴᠡᠭᠡᠷᠯᠡᠭᠦᠯᠬᠦ᠂ ᠰᠤᠷᠭᠠᠨ ᠬᠥᠮᠦᠵᠢᠭᠦᠯᠬᠦ᠂ ᠥᠭᠡᠷᠡᠴᠢᠯᠡᠨ ᠠᠪᠤᠷᠠᠬᠤ ᠶᠢ ᠤᠶᠠᠯᠳᠤᠭᠤᠯᠵᠤ᠂ ᠥᠯᠦ ᠪᠠᠷᠢᠪᠴᠢᠯᠠᠬᠤ ᠥᠯᠦ ᠵᠠᠭᠠᠯᠳᠤᠬᠤ ᠶᠢᠨ ᠰᠡᠭᠦᠯᠴᠢ ᠶᠢᠨ ᠬᠠᠭᠠᠰ ᠠᠵᠢᠯ ᠢ ᠰᠠᠶᠢᠲᠤᠷ ᠬᠢᠪᠡ᠃ 

ᠬᠣᠶᠠᠷ ᠲᠤ《ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ +》ᠤᠯᠠᠨ ᠡᠰᠢᠲᠦ ᠠᠪᠤᠷᠠᠨ ᠲᠤᠰᠠᠯᠠᠬᠤ ᠰᠢᠰᠲ᠋ᠧᠮ ᠢ ᠪᠠᠢᠭᠣᠯᠪᠠ᠃ ᠬᠣᠰᠢᠭᠤᠨ ᠤ ᠦᠶᠯᠡᠳᠪᠦᠷᠢ ᠬᠤᠳᠠᠯᠳᠤᠭᠠᠨ ᠤ ᠬᠣᠯᠪᠣᠭ᠎ᠠ ᠬᠢᠭᠡᠳ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠡᠶ ᠲᠣᠰ ᠲᠣᠰ ︽ᠬᠡᠷᠡᠭᠵᠢᠭᠦᠯᠬᠦ ᠠᠷᠭ᠎ᠠ︾ ᠲᠣᠭᠲᠠᠭᠠᠵᠤ᠂ ᠬᠠᠸᠯᠢ ᠴᠠᠭᠠᠵᠠ ᠶᠢᠨ ᠠᠪᠤᠷᠠᠨ ᠲᠤᠰᠠᠯᠠᠬᠤ ᠪᠠᠯᠠ ᠮᠥᠩᠭᠥ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠨ᠂ ᠠᠪᠤᠷᠠᠨ ᠲᠤᠰᠠᠯᠠᠬᠤ ᠥᠷᠭᠡᠴᠡ ᠪᠠ ᠭᠦᠨᠴᠡ ᠶᠢ ᠴᠢᠩᠭᠠᠷᠠᠭᠤᠯᠵᠤ᠂ ᠬᠠᠸᠯᠢ ᠴᠠᠭᠠᠵᠠ ᠶᠢᠨ ᠠᠪᠤᠷᠠᠨ ᠲᠤᠰᠠᠯᠠᠬᠤ ᠪᠠ ᠨᠡᠶᠢᠭᠡᠮᠴᠢᠯᠡᠭᠰᠡᠨ ᠠᠪᠤᠷᠠᠨ ᠲᠤᠰᠠᠯᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠣᠯᠪᠠ᠃ ᠠᠪᠣᠷᠠᠨ ᠲᠤᠰᠠᠯᠠᠬᠤ ᠡᠲᠡᠭᠡᠳ ᠦᠨ ᠦᠶᠯᠡᠳᠪᠦᠷᠢᠯᠡᠯ᠂ ᠠᠮᠢᠳᠤᠷᠠᠯ ᠢ ᠬᠥᠳᠡᠯᠦᠩᠭᠦᠶ ᠪᠡᠷ ᠮᠥᠷᠳᠡᠨ ᠬᠠᠷᠢᠭᠤ ᠰᠤᠷᠪᠤᠯᠵᠢᠯᠠᠵᠤ᠂ ᠨᠢᠭᠡ ᠣᠳᠠᠭᠠᠨ ᠤ ᠴᠢᠨᠠᠷᠲᠠᠶ  ᠠᠪᠣᠷᠠᠨ ᠲᠤᠰᠠᠯᠠᠬᠤ  ᠠᠴᠠ ᠣᠷᠳᠣ ᠬᠤᠭᠤᠴᠠᠭᠠᠨ ᠤ ᠪᠦᠲᠦᠮᠵᠢᠲᠡᠶ ᠠᠪᠣᠷᠠᠨ ᠲᠤᠰᠠᠯᠠᠬᠤ ᠳᠠᠰᠢ ᠰᠢᠯᠵᠢᠬᠦ ᠪᠡᠷ ᠴᠢᠷᠮᠠᠢᠪᠠ᠃ 2023 ᠣᠨ  ᠠᠴᠠ ᠨᠠᠰᠢ᠂ ᠤᠯᠤᠰ ᠤᠨ ᠬᠠᠸᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ 43 ᠬᠡᠷᠡᠭ 60 ᠬᠥᠮᠦᠨ ᠭᠥᠯᠢᠶᠡᠨ ᠠᠪᠴᠤ ᠰᠢᠢᠳᠪᠦᠷᠢᠯᠡᠵᠦ᠂ ᠡᠭᠦᠨ ᠳᠦ ᠨᠠᠰᠤᠨ ᠳᠤ ᠥᠯᠥ ᠭᠦᠷᠦᠭᠰᠡᠳ 11 ᠬᠡᠷᠡᠭ 14 ᠬᠥᠮᠦᠨ᠂ ᠵᠡᠮᠳᠡᠭᠴᠦᠳ 5 ᠬᠡᠷᠡᠭ 5 ᠬᠥᠮᠦᠨ᠂ ᠴᠡᠷᠢᠭ ᠦᠨ ᠠᠯᠪᠠᠨ  ᠠᠴᠠ ᠪᠠᠭᠤᠭᠰᠠᠳ 1 ᠬᠡᠷᠡᠭ 1 ᠬᠥᠮᠦᠨ ᠪᠠᠶᠢᠵᠤ᠂ ᠨᠡᠢᠲᠡ 56.4 ᠲᠦᠮᠡᠨ ᠲᠥᠭᠥᠷᠢᠭ ᠤᠨ ᠠᠪᠤᠷᠠᠨ ᠲᠤᠰᠠᠯᠠᠯᠲᠠ ᠶᠢᠨ ᠮᠥᠩᠭᠥ ᠲᠠᠷᠬᠠᠭᠠᠭᠰᠠᠨ ᠪᠠᠶᠢᠨ᠎ᠠ ᠃ 

ᠭᠤᠷᠪᠠ ᠳᠤ《ᠵᠥᠷᠢᠴᠡᠯ ᠢ ᠨᠠᠮᠳᠠᠭᠤᠯᠬᠤ +》ᠵᠠᠷᠭᠤ ᠶᠢᠨ ᠢᠷᠡᠯᠳᠡ ᠶᠢ  ᠵᠠᠰᠠᠬᠣ ᠲᠠᠯ᠎ᠠ ᠪᠠᠷ ᠰᠢᠨ᠎ᠡ ᠶᠢ ᠡᠭᠦᠳᠪᠡ᠃ ᠰᠢᠨ᠎ᠡ ᠴᠠᠭ ᠦᠶ᠎ᠡ ᠶᠢᠨ《ᠹᠸᠩ ᠴᠢᠶᠣᠤ ᠶᠢᠨ ᠲᠤᠷᠰᠢᠯᠭ᠎ᠠ》 ᠶᠢ ᠭᠦᠨᠵᠡᠭᠡᠶ ᠦᠢᠯᠡᠳᠦᠯᠭᠡᠵᠢᠭᠦᠯᠵᠦ᠂ ᠪᠠᠶᠢᠴᠠᠭᠠᠬᠤ  ᠭᠣᠭᠴᠠᠭ᠎ᠠ ᠶᠢᠨ ᠨᠡᠶᠢᠭᠡᠮ ᠦᠨ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠪᠠ ᠨᠠᠮᠳᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠬᠤ ᠠᠵᠢᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠢ ᠰᠠᠶᠢᠲᠤᠷ ᠬᠡᠷᠡᠭᠯᠡᠵᠦ᠂ ᠤᠯᠠᠨ ᠲᠦᠮᠡᠨ ᠦ ᠭᠣᠮᠣᠳᠠᠯ ᠱᠠᠭᠠᠷᠳᠠᠯᠭ᠎ᠠ ᠪᠠᠨ ᠢᠯᠡᠳᠬᠡᠬᠦ ᠪᠠ ᠡᠷᠬᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠠᠭᠠᠳ ᠦᠭᠡᠢ  ᠨᠡᠪᠲᠡᠷᠡᠭᠦᠯᠪᠡ᠃ ᠪᠠᠶᠢᠴᠠᠭᠠᠬᠤ ᠦᠢᠯᠡᠴᠢᠯᠡᠭᠡᠨ ᠦ ᠦᠨᠳᠦᠰᠦᠨ ᠱᠠᠲᠤᠨ ᠤ  ᠬᠠᠷᠢᠯᠴᠠᠬᠣ ᠭᠠᠵᠠᠷ᠂ ᠪᠠᠶᠢᠴᠠᠭᠠᠬᠤ ᠪᠠ ᠡᠶᠡᠳᠡᠭᠦᠯᠬᠦ ᠶᠢ ᠵᠣᠯᠭᠠᠭᠤᠯᠬᠤ ᠠᠵᠢᠯ ᠤᠨ ᠲᠠᠰᠤᠭ᠂ ᠲᠥᠯᠥᠭᠡᠯᠡᠭᠴᠢ ᠭᠡᠰᠢᠭᠦᠨ ᠦ ᠠᠵᠢᠯ ᠤᠨ ᠲᠠᠰᠤᠭ ᠵᠢᠴᠢ ᠪᠠᠶᠢᠴᠠᠭᠠᠬᠤ ᠲᠤᠰᠢᠶᠠᠯᠲᠠᠨ ᠤ   ᠬᠠᠷᠢᠯᠴᠠᠬᠣ ᠳᠦᠷᠢᠮ ᠳᠦ ᠲᠦᠰᠢᠭᠯᠡᠨ᠂ ᠲᠥᠯᠥᠭᠡᠯᠡᠭᠴᠢ ᠭᠡᠰᠢᠭᠦᠳ ᠵᠢᠴᠢ ᠠᠷᠠᠳ ᠤᠨ ᠡᠶᠡᠳᠡᠭᠦᠯᠦᠭᠴᠢ ᠶᠢᠨ ᠤᠯᠠᠨ ᠲᠦᠮᠡᠨ ᠲᠡᠶ ᠣᠢᠷ᠎ᠠ ᠪᠠᠢᠬᠣ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠥᠷᠢᠴᠡᠯ ᠵᠠᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠶᠳᠪᠦᠷᠢᠯᠡᠬᠦ ᠶᠢᠨ ᠬᠠᠮᠲᠤ ᠵᠠᠷᠭᠤ ᠶᠢᠨ ᠢᠷᠡᠯᠳᠡ ᠶᠢ ᠵᠠᠰᠠᠬᠤ ᠳᠤᠮᠳᠠᠬᠢ ᠦᠨᠳᠦᠰᠦᠨ ᠱᠠᠲᠤᠨ ᠤ ᠪᠠᠶᠢᠴᠠᠭᠠᠬᠤ ᠲᠤᠰᠢᠶᠠᠯᠲᠠᠨ ᠤ ᠬᠠᠷᠢᠯᠴᠠᠬᠤ ᠲᠦᠷᠢᠮ ᠦᠨ ᠦᠢᠯᠡᠳᠦᠯ ᠢ ᠴᠢᠬᠤᠯᠠᠴᠢᠯᠠᠵᠤ᠂ ᠤᠯᠠᠨ ᠲᠦᠮᠡᠨ ᠦ ᠵᠦᠢ ᠶᠣᠰᠣᠨ ᠤ ᠪᠠ ᠬᠠᠤᠯᠢ ᠶᠣᠰᠣᠨ ᠤ ᠭᠣᠮᠣᠳᠠᠯ ᠱᠠᠭᠠᠷᠳᠠᠯᠭ᠎ᠠ ᠶᠢ ᠦᠨᠡᠨ ᠬᠦ ᠰᠢᠶᠳᠪᠦᠷᠢᠯᠡᠵᠦ᠂ ᠵᠥᠷᠢᠴᠡᠯ ᠵᠠᠭᠤᠷᠠᠯᠳᠤᠭᠠᠨ ᠢ ᠰᠢᠶᠳᠪᠦᠷᠢᠯᠡᠬᠦ ᠰᠢᠨ᠎ᠡ ᠪᠠᠶᠢᠷᠢᠰᠢᠯ ᠢ ᠪᠤᠢ ᠪᠣᠯᠭᠠᠪᠠ᠃ 

ᠬᠣᠶᠠᠷ᠂ ᠬᠡᠷᠡᠭ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠳᠦ ᠰᠠᠭᠤᠷᠢᠯᠠᠨ 《ᠪᠠᠭ᠎ᠠ ᠬᠡᠷᠡᠭ》 ᠢ ᠠᠮᠢᠳᠤᠯᠢᠭ ᠢᠶᠠᠷ ᠰᠢᠶᠳᠪᠦᠷᠢᠯᠡᠵᠦ᠂ ᠪᠠᠶᠢᠴᠠᠭᠠᠬᠤ ᠪᠣᠳᠠᠲᠤ ᠶᠠᠪᠤᠳᠠᠯ ᠢᠶᠠᠷ ᠠᠷᠠᠳ ᠤᠨ ᠵᠣᠪᠠᠨᠢᠯ ᠢ ᠰᠢᠶᠳᠪᠦᠷᠢᠯᠡᠨ᠎ᠡ 

ᠨᠢᠭᠡ ᠳᠦ ᠶᠠᠷᠰᠢᠭ ᠲᠦᠪᠡᠭᠲᠡᠶ ᠬᠢᠭᠡᠳ ᠳᠥᠭᠥᠮ ᠬᠢᠯᠪᠠᠷ ᠢ ᠢᠯᠭᠠᠷᠠᠭᠣᠯᠵᠣ᠂ ᠬᠡᠷᠡᠭ ᠢ ᠰᠢᠶᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠦᠪᠡᠭᠲᠡᠶ ᠬᠡᠷᠡᠭ ᠢ ᠨᠠᠷᠢᠯᠢᠭ ᠰᠢᠶᠳᠪᠦᠷᠢᠯᠡᠬᠦ᠂ ᠬᠢᠯᠪᠠᠷ ᠬᠡᠷᠡᠭ ᠢ ᠲᠦᠷᠭᠡᠨ ᠰᠢᠶᠳᠪᠦᠷᠢᠯᠡᠬᠦ ᠶᠢ ᠪᠠᠷᠢᠮᠲᠠᠯᠠᠵᠤ᠂ ᠬᠡᠷᠡᠭ ᠰᠢᠶᠳᠪᠦᠷᠢᠯᠡᠬᠦ ᠪᠠᠷᠢᠮᠵᠢᠶ᠎ᠠ ᠶᠢ ᠨᠢᠭᠡᠳᠬᠡᠨ᠂ ᠪᠣᠭᠣᠮᠲᠠ ᠶᠢ ᠤᠷᠤᠭᠰᠢ ᠰᠢᠯᠵᠢᠭᠦᠯᠵᠦ ᠳᠣᠷᠰᠢᠨ ᠪᠠᠢᠴᠠᠭᠠᠬᠣ ᠬᠢᠭᠡᠳ ᠵᠠᠭᠠᠯᠳᠤᠬᠤ ᠶᠢ ᠵᠣᠯᠭᠠᠯᠳᠤᠭᠤᠯᠬᠤ ᠶᠢ ᠲᠦᠯᠬᠢᠨ ᠠᠬᠢᠭᠤᠯᠪᠠ᠃ ᠬᠦᠨᠳᠦ ᠶᠡᠬᠡ᠂ ᠬᠦᠴᠢᠷ ᠲᠦᠪᠡᠭᠲᠡᠶ᠂ ᠨᠠᠷᠢᠨ ᠪᠤᠳᠤᠯᠢᠶᠠᠨᠲᠠᠶ ᠬᠡᠷᠡᠭ ᠲᠦ ᠴᠢᠭᠯᠡᠭᠦᠯᠦᠨ᠂ ᠪᠠᠶᠢᠴᠠᠭᠠᠬᠤ ᠠᠵᠢᠯ ᠲᠤᠷᠰᠢᠨ ᠪᠠᠶᠢᠴᠠᠭᠠᠬᠤ ᠶᠢ ᠬᠥᠲᠥᠯᠥᠨ ᠵᠢᠯᠣᠭᠣᠳᠴᠤ  ᠲᠣᠭᠲᠠᠴᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠡᠷᠡᠭ ᠰᠢᠶᠳᠪᠦᠷᠢᠯᠡᠬᠦ ᠪᠦᠯᠬᠦᠮ ᠤᠷᠢᠳᠴᠢᠯᠠᠨ ᠣᠷᠣᠯᠴᠠᠪᠠ᠃ ᠠᠶᠤᠯᠲᠠᠶ ᠪᠠᠷ ᠲᠡᠷᠭᠡ ᠵᠢᠯᠣᠭᠣᠳᠤᠭᠠᠳ ᠦᠯᠦ ᠵᠠᠭᠠᠯᠳᠤᠬᠤ ᠵᠡᠷᠭᠡ ᠲᠦᠬᠦᠮ ᠬᠡᠷᠡᠭ ᠲᠦ ᠨᠢᠭᠡᠳᠦᠯᠲᠡᠶ ᠪᠡᠷ ᠬᠡᠷᠡᠭ ᠢ ᠬᠦᠯᠢᠶᠡᠨ ᠠᠪᠬᠤ᠂ ᠠᠯᠤᠰ ᠠᠴᠠ ᠭᠠᠷᠭᠠᠨ ᠠᠰᠠᠭᠤᠬᠤ᠂ ᠪᠦᠬᠦ ᠶᠠᠪᠤᠴᠠ ᠳᠤ ᠬᠢᠨᠠᠯᠲᠠ ᠲᠠᠯᠪᠢᠬᠤ᠂ ᠲᠦᠷᠦᠯ ᠦᠨ ᠬᠡᠷᠡᠭ ᠲᠦ ᠲᠥᠪᠯᠡᠷᠡᠭᠦᠯᠦᠨ ᠭᠡᠷᠡᠴᠢᠯᠡᠭᠡ ᠰᠣᠨᠣᠰᠬᠤ ᠵᠡᠷᠭᠡ ᠠᠷᠭ᠎ᠠ ᠮᠠᠶ᠋ᠢᠭ ᠢ ᠠᠪᠴᠤ᠂ ᠬᠦᠨᠭᠭᠡᠨ ᠶᠠᠯ᠎ᠠ ᠶᠢᠨ ᠬᠡᠷᠡᠭ ᠢ 《ᠲᠤᠰᠬᠠᠶ ᠰᠢᠶᠳᠪᠦᠷᠢᠯᠡᠬᠦ》᠂ 《ᠲᠦᠷᠭᠡᠨ ᠰᠢᠶᠳᠪᠦᠷᠢᠯᠡᠬᠦ》 ᠶᠢ ᠪᠡᠶᠡᠯᠡᠭᠦᠯᠪᠡ᠃ 

ᠬᠣᠶᠠᠷ ᠲᠤ ᠬᠦᠴᠦ ᠪᠡᠨ ᠬᠠᠮᠲᠣᠳᠬᠠᠨ ᠬᠠᠮ ᠲᠠᠭᠠᠷᠢᠯᠳᠠ ᠬᠢᠵᠦ᠂ ᠡᠶᠡᠳᠡᠯ ᠦᠨ 《ᠬᠤᠷᠳᠤᠳᠬᠠᠯ》 ᠢ ᠬᠦᠶᠦᠵᠦ ᠭᠠᠷᠭᠠᠨ᠎ᠠ᠃ ᠬᠥᠯᠥᠰᠥᠨ ᠠᠵᠢᠯᠴᠢᠨ ᠤ ᠴᠠᠯᠢᠩ ᠨᠡᠬᠡᠬᠦ ᠵᠡᠷᠭᠡ ᠵᠠᠭᠠᠯᠳᠤᠯᠭ᠎ᠠ ᠶᠢ ᠳᠡᠮᠵᠢᠬᠦ ᠬᠡᠷᠡᠭ ᠲᠦ ᠬᠠᠮᠲᠤᠯᠢᠭ ᠤᠨ ᠴᠢᠨᠠᠷ᠂ ᠣᠯᠠᠨᠲᠠ ᠡᠭᠦᠰᠬᠦ ᠴᠢᠨᠠᠷ ᠤᠨ ᠣᠨᠴᠠᠯᠢᠭ ᠲᠠᠶ ᠪᠠᠶᠢᠬᠤ ᠳᠤ ᠴᠢᠭᠯᠡᠭᠦᠯᠦᠨ᠂ ᠬᠡᠷᠡᠭ ᠢ ᠰᠢᠶᠳᠪᠦᠷᠢᠯᠡᠬᠦ ᠬᠠᠮ ᠲᠠᠭᠠᠷᠢᠯᠳᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠡᠷᠡᠭ ᠢ ᠬᠦᠯᠢᠶᠠᠨ ᠠᠪᠤᠭᠰᠠᠨ ᠰᠦᠪᠡᠭᠴᠢ ᠶᠢᠨ ᠬᠠᠷᠠᠯᠲᠠ ᠶᠢᠨ ᠲᠣᠭ᠎ᠠ ᠶᠢᠨ ᠶᠡᠬᠡ ᠪᠠᠭ᠎ᠠ ᠶᠢ ᠦᠨᠳᠦᠰᠦᠯᠡᠨ ᠲᠦᠷᠦᠯ ᠬᠤᠪᠢᠶᠠᠨ ᠰᠢᠢᠳᠪᠦᠷᠢᠯᠡᠵᠦ᠂ ᠬᠠᠷᠠᠯᠲᠠ ᠶᠢᠨ ᠲᠣᠭ᠎ᠠ ᠨᠢ ᠪᠠᠭ᠎ᠠ᠂ ᠮᠠᠷᠭᠤᠯᠳᠤᠭᠠᠨ ᠦᠭᠡᠢ ᠬᠡᠷᠡᠭ ᠢ《ᠵᠠᠭᠠᠯᠳᠤᠯᠭ᠎ᠠ ᠶᠢ ᠳᠡᠮᠵᠢᠬᠦ + ᠢᠯᠡ ᠪᠡᠷ ᠭᠡᠷᠡᠴᠢᠯᠡᠭᠡ ᠰᠣᠨᠣᠰᠬᠤ》ᠬᠡᠯᠪᠡᠷᠢ ᠪᠡᠷ ᠳᠠᠮᠵᠢᠭᠤᠯᠤ ᠨᠢᠭᠡ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠢᠶᠠᠷ ᠮᠠᠷᠭᠤᠯᠳᠤᠭᠠᠨ ᠢ ᠰᠢᠶᠳᠪᠦᠷᠢᠯᠡᠬᠦ ᠦᠷ᠎ᠡ ᠳ᠋ᠦᠩ ᠳᠦ ᠬᠦᠷᠭᠡᠪᠡ᠃ ᠬᠡᠷᠡᠭ ᠲᠦ ᠬᠣᠯᠪᠣᠭᠳᠠᠭᠰᠠᠨ ᠵᠣᠭᠣᠰ ᠤᠨ ᠲᠣᠭ᠎ᠠ ᠨᠢ ᠶᠡᠬᠡ᠂ ᠮᠠᠷᠭᠤᠯᠳᠤᠭᠠᠨ ᠨᠢ ᠨᠡᠯᠢᠶᠡᠳ ᠶᠡᠬᠡ ᠬᠡᠷᠡᠭ ᠲᠦ《ᠵᠠᠭᠠᠯᠳᠤᠬᠤ ᠶᠢ ᠳᠡᠮᠵᠢᠬᠦ +ᠵᠠᠭᠠᠯᠳᠤᠬᠤ ᠠᠴᠠ ᠡᠮᠦᠨ᠎ᠡ ᠬᠠᠤᠯᠢ ᠴᠠᠭᠠᠵᠠ ᠶᠢᠨ ᠨᠤᠲᠠᠯᠠᠯᠲᠠ︾ ᠶᠢᠨ ᠬᠡᠯᠪᠡᠷᠢ ᠶᠢ ᠠᠪᠴᠤ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠣᠷᠢᠶ᠎ᠠ ᠲᠠᠶ ᠬᠣᠯᠪᠣᠭᠠᠯᠠᠨ ᠵᠥᠷᠢᠴᠡᠯ ᠢ ᠠᠷᠢᠯᠭᠠᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠤᠯᠢ ᠪᠠᠷᠢᠬᠤ ᠡᠬᠢ ᠪᠠᠶᠠᠯᠢᠭ ᠢ ᠬᠠᠮᠤᠭ ᠤᠨ ᠶᠡᠬᠡ ᠬᠡᠮᠵᠢᠶ᠎ᠡ ᠪᠡᠷ ᠠᠷᠪᠢᠯᠠᠵᠤ᠂ ᠬᠣᠶᠠᠷ ᠲᠠᠯ᠎ᠠ ᠶᠢᠨ ᠲᠤᠬᠠᠶ ᠶᠢᠨ ᠬᠥᠮᠦᠨ ᠦ ᠵᠠᠭᠠᠯᠳᠤᠯᠭ᠎ᠠ ᠶᠢᠨ ᠶᠠᠳᠠᠷᠠᠭ᠎ᠠ ᠶᠢ ᠪᠠᠭᠠᠰᠬᠠᠪᠠ᠃ 

ᠭᠤᠷᠪᠠ ᠳᠤ ᠲᠣᠭ᠎ᠠ ᠪᠠᠷᠢᠮᠲᠠ ᠡᠴᠡ ᠴᠢᠳᠠᠪᠤᠷᠢ ᠣᠯᠭᠣᠵᠤ᠂ ᠬᠡᠷᠡᠭ ᠰᠢᠢᠳᠪᠦᠷᠢᠯᠡᠬᠦ ᠣᠷᠣᠨ ᠵᠠᠢ ᠶᠢᠨ ᠵᠠᠭᠠᠭ ᠱᠤᠭᠤᠮ ᠢ ᠡᠪᠳᠡᠪᠡ᠃ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠬᠢᠭᠡᠳ ᠮᠡᠳᠡᠭᠡ ᠵᠠᠩᠭᠢ ᠶᠢᠨ ᠮᠡᠷᠭᠡᠵᠢᠯ ᠦᠨ ᠰᠠᠯᠠᠭ᠎ᠠ ᠮᠥᠴᠢᠷ ᠦᠨ ᠬᠠᠮᠵᠢᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠭᠠᠷᠭᠠᠨ ᠠᠰᠠᠭᠤᠬᠤ ᠲᠠᠰᠤᠭ ᠢ ᠢᠳᠡᠪᠬᠢᠲᠡᠶ ᠠᠰᠢᠭᠯᠠᠵᠤ᠂ ᠣᠷᠣᠨ ᠪᠦᠰᠡ ᠠᠯᠤᠰᠯᠠᠨ ᠣᠨᠳᠣᠸ ᠭᠠᠵᠠᠷ ᠲᠤ ᠪᠠᠢᠭ᠎ᠠ ᠶᠠᠯ᠎ᠠ ᠬᠢᠭᠰᠡᠨ ᠰᠡᠵᠢᠭᠳᠡᠨ ᠢ ᠪᠠᠶᠢᠴᠠᠭᠠᠨ ᠠᠰᠠᠭᠤᠬᠤ ᠶᠢ ᠪᠦᠲᠦᠮᠵᠢᠲᠡᠶ ᠪᠠᠶᠡᠯᠡᠭᠦᠯᠪᠡ᠃ 12309 ᠦᠢᠯᠡᠴᠢᠯᠡᠭᠡᠨ ᠦ ᠲᠢᠩᠬᠢᠮ ᠳᠦ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠣᠷᠣᠭᠤᠯᠤᠨ ᠠᠪᠴᠢᠷᠠᠵᠤ᠂ ᠤᠯᠠᠨ ᠲᠦᠮᠡᠨ ᠳᠦ 《ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠰᠠᠭᠠᠳ ᠦᠭᠡᠢ ᠨᠡᠪᠲᠡᠷᠡᠬᠦ ᠵᠠᠮ》 ᠢ ᠨᠡᠪᠲᠡᠷᠡᠭᠦᠯᠵᠦ᠂ ᠤᠯᠠᠨ ᠲᠦᠮᠡᠨ ᠦ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠡᠷ ᠰᠢᠶᠳᠪᠦᠷᠢᠯᠡᠪᠡ᠃ ᠵᠠᠭᠠᠯᠳᠤᠯᠭ᠎ᠠ ᠶᠢ ᠳᠡᠮᠵᠢᠬᠦ ᠬᠡᠷᠡᠭ ᠢ ᠰᠢᠶᠳᠪᠦᠷᠢᠯᠡᠬᠦ ᠦᠶ᠎ᠡ ᠳᠦ᠂ ᠵᠠᠷᠢᠮ ᠬᠡᠷᠡᠭ ᠦᠨ ᠪᠣᠳᠠᠲᠤ ᠶᠠᠪᠤᠳᠠᠯ ᠨᠢ ᠨᠡᠯᠢᠶᠡᠳ ᠲᠣᠳᠣᠷᠬᠠᠶ ᠪᠤᠶᠤ ᠪᠠᠶᠢᠴᠠᠭᠠᠬᠤ ᠠᠷᠭ᠎ᠠ ᠮᠠᠶ᠋ᠢᠭ ᠢ ᠠᠯᠤᠰ ᠠᠴᠠ ᠡᠵᠡᠮᠳᠡᠵᠦ ᠪᠣᠯᠬᠤ ᠤᠴᠢᠷ ᠠᠴᠠ《ᠰᠦᠯᠵᠢᠶᠡᠨ ᠳᠡᠭᠡᠷ᠎ᠡ》ᠣᠷᠣᠨ ᠪᠦᠰᠡ ᠠᠯᠤᠰᠯᠠᠨ ᠪᠠᠶᠢᠴᠠᠭᠠᠵᠤ ᠬᠠᠷᠭᠤᠭᠤᠯᠤᠨ ᠲᠤᠳᠤᠯᠠᠬᠤ ᠠᠷᠭ᠎ᠠ ᠶᠢ ᠠᠪᠤᠭᠰᠠᠨ ᠪᠠᠶᠢᠨ᠎ᠠ᠃ ᠣᠨᠳᠣᠣ ᠭᠠᠵᠠᠷ ᠤᠨ ᠲᠤᠬᠠᠶ ᠶᠢᠨ ᠬᠥᠮᠦᠨ ᠦ ᠵᠠᠭᠠᠯᠳᠤᠯᠭ᠎ᠠ ᠶᠢᠨ ᠶᠠᠳᠠᠷᠠᠭ᠎ᠠ ᠶᠢ ᠬᠥᠩᠭᠡᠷᠡᠭᠦᠯᠬᠦ ᠶᠢᠨ ᠲᠥᠯᠥᠭᠡ᠂ 《ᠰᠦᠯᠵᠢᠶᠡᠨ ᠳᠡᠭᠡᠷ᠎ᠡ》 ᠢᠯᠡ ᠪᠡᠷ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠵᠤ᠂ ᠬᠡᠷᠡᠭ ᠢ ᠲᠡᠭᠦᠰᠬᠡᠵᠦ ᠤᠴᠢᠷ ᠶᠠᠪᠤᠳᠠᠯ ᠢ ᠳᠠᠭᠣᠰᠬᠠᠵᠣ ᠵᠠᠰᠠᠭ ᠤᠨ ᠶᠠᠪᠤᠳᠠᠯ ᠢ ᠨᠡᠪᠳᠡᠷᠡᠭᠦᠯᠵᠦ ᠬᠥᠮᠦᠨ ᠢ ᠨᠠᠶᠢᠷᠠᠮᠳᠠᠭᠤ ᠪᠠᠢᠯᠭᠠᠬᠣ  ᠶᠢ ᠬᠦᠴᠦᠯᠡᠨ ᠠᠬᠢᠭᠤᠯᠪᠠ᠃ 

ᠭᠤᠷᠪᠠ᠂ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠦ ᠰᠠᠭᠤᠷᠢᠯᠠᠨ 《ᠪᠠᠭ᠎ᠠ ᠬᠡᠷᠡᠭ》 ᠢ ᠭᠦᠨᠵᠡᠭᠡᠶ ᠰᠢᠶᠳᠪᠦᠷᠢᠯᠡᠵᠦ᠂ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠬᠢ ᠪᠡᠷᠬᠡ ᠰᠡᠳᠦᠪ ᠢ ᠰᠢᠢᠳᠪᠦᠷᠢᠯᠡᠨ᠎ᠡ

ᠨᠢᠭᠡ ᠳᠦ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠶᠢᠴᠠᠭᠠᠬᠤ ᠶᠡᠬᠡ ᠪᠠᠶᠢᠷᠢᠰᠢᠯ ᠢ ᠪᠤᠢ ᠪᠣᠯᠭᠠᠪᠠ᠃ ᠢᠷᠭᠡᠨ ᠦ ᠬᠡᠷᠡᠭ ᠦᠨ ᠵᠠᠭᠠᠯᠳᠤᠯᠭ᠎ᠠ ᠶᠢ ᠳᠡᠮᠵᠢᠬᠦ ᠶᠠᠪᠤᠳᠠᠯ ᠢ  ︽ᠠᠷᠠᠳ ᠤᠨ ᠠᠮᠢᠳᠤᠷᠠᠯ ᠤᠨ ᠪᠠᠢᠴᠠᠭᠠᠬᠣ︾ ᠶᠢᠨ ᠴᠢᠬᠤᠯᠠ ᠠᠭᠤᠯᠭ᠎ᠠ ᠪᠣᠯᠭᠠᠵᠤ᠂ ᠬᠡᠷᠡᠭ ᠦᠨ ᠪᠣᠳᠠᠲᠠᠶ ᠪᠠᠶᠢᠳᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠵᠠᠭᠠᠯᠳᠤᠯᠭ᠎ᠠ ᠶᠢᠨ ᠭᠡᠷᠡᠴᠢ ᠪᠠᠷᠢᠮᠲᠠ ᠶᠢ ᠬᠠᠮᠵᠢᠨ ᠴᠤᠭᠯᠠᠭᠤᠯᠬᠤ᠂ ᠵᠠᠭᠠᠯᠳᠤᠯᠭ᠎ᠠ ᠶᠢ ᠳᠡᠮᠵᠢᠬᠦ ᠰᠠᠨᠠᠯ ᠳᠤᠷᠠᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠨᠠᠰᠤᠲᠠᠶᠢᠴᠤᠳ᠂ ᠵᠡᠮᠳᠡᠭᠴᠦᠳ᠂ ᠭᠡᠷ ᠪᠦᠯᠢ ᠶᠢᠨ ᠬᠦᠴᠦᠷᠬᠡᠭᠯᠡᠯ ᠦᠨ ᠬᠣᠣᠷ ᠠᠮᠰᠠᠭᠴᠢ᠂ ᠬᠤᠳᠠ ᠳᠤ ᠣᠷᠣᠵᠤ ᠠᠵᠢᠯ ᠬᠢᠭᠰᠡᠳ ᠵᠡᠷᠭᠡ ᠣᠨᠴᠠᠭᠠᠶ ᠬᠠᠮᠲᠤᠯᠢᠭ ᠤᠨ ᠵᠠᠭᠠᠯᠳᠤᠯᠭ᠎ᠠ ᠳᠤ ᠬᠠᠪᠰᠤᠷᠤᠯᠭ᠎ᠠ ᠦᠵᠡᠭᠦᠯᠪᠡ᠃ ᠨᠢᠭᠡ ᠤᠳᠠᠭᠠᠨ ᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠭᠰᠡᠨ ᠬᠡᠷᠡᠭ ᠢ ᠰᠢᠶᠳᠪᠦᠷᠢᠯᠡᠬᠦ ᠶᠠᠪᠤᠴᠠ ᠳᠤ ᠂ ᠪᠠᠯᠭᠠᠰᠤᠨ ᠤ ᠵᠠᠰᠠᠭ ᠤᠨ ᠣᠷᠳᠣᠨ ᠂ ᠳᠣᠲᠣᠭᠠᠳᠤ ᠶᠢ ᠬᠠᠮᠠᠭᠠᠯᠠᠬᠤ ᠳᠣᠪᠴᠢᠶ᠎ᠠ ᠂ ᠪᠠᠶᠢᠴᠠᠭᠠᠬᠤ ᠬᠣᠷᠢᠶ᠎ᠠ ᠂ ᠰᠢᠭᠦᠬᠦ ᠬᠣᠷᠢᠶ᠎ᠠ ᠂ ᠬᠠᠣᠯᠢ ᠴᠠᠭᠠᠵᠠ ᠶᠢᠨ ᠳᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠢᠶᠡᠷ ᠪᠦᠷᠢᠯᠳᠦᠭᠰᠡᠨ ᠬᠠᠮᠲᠤᠷᠠᠭᠰᠠᠨ ᠡᠶᠡᠳᠡᠭᠦᠯᠬᠦ ᠳᠤᠭᠤᠶᠢᠯᠠᠩ ᠪᠠᠶᠢᠭᠤᠯᠵᠤ᠂ ᠬᠥᠨᠳᠡᠯᠡᠨ ᠡᠴᠡ ᠲᠠᠰᠤᠯᠬᠤ ᠪᠠ ᠵᠠᠭᠠᠯᠳᠤᠬᠤ ᠠᠴᠠ ᠡᠮᠦᠨ᠎ᠡ ᠡᠶᠡᠳᠡᠬᠦ ᠶᠢ ᠠᠬᠢᠭᠤᠯᠬᠤ ᠡᠨᠡ ᠬᠦ ᠠᠵᠢᠯ ᠤᠨ ᠭᠣᠣᠯᠳᠠᠯᠭ᠎ᠠ ᠶᠢᠨ ᠲᠣᠭᠣᠷᠢᠨ ᠳᠤ ᠲᠤᠰ ᠵᠠᠭᠤᠷᠠᠯᠳᠤᠭᠠᠨ ᠢ  ᠡᠶᠡᠳᠡᠭᠦᠯᠵᠦ ᠂ ᠡᠴᠦᠰ ᠲᠡᠬᠡᠨ ᠡᠶᠡᠳᠡᠭᠦᠯᠬᠦ ᠬᠡᠯᠡᠯᠴᠡᠭᠡᠷ ᠲᠣᠭᠲᠠᠭᠠᠵᠤ᠂ ᠠᠵᠢᠯᠴᠢᠨ ᠬᠡᠷᠡᠭᠯᠡᠬᠦ ᠲᠠᠯ᠎ᠠ ᠶᠢᠨ ᠬᠢᠨ ᠲᠤᠬᠠᠶ ᠶᠢᠨ ᠲᠠᠯᠠᠪᠤᠷ ᠲᠤᠨᠢ ᠬᠣᠯᠪᠣᠭᠳᠠᠯ ᠪᠦᠬᠦᠢ ᠬᠥᠳᠡᠯᠮᠦᠷᠢ ᠦᠢᠯᠡᠴᠢᠯᠡᠭᠡᠨ ᠦ ᠬᠥᠯᠥᠰᠥ ᠣᠯᠭᠣᠮᠵᠢ 4 ᠲᠦᠮᠡ ᠭᠠᠷᠤᠶ ᠲᠥᠭᠥᠷᠢᠭ ᠢ ᠥᠭᠭᠦᠭᠰᠡᠨ ᠪᠥᠭᠡᠳ ᠲᠤᠮᠤ ᠰᠠᠭᠤᠳᠠᠯ ᠤᠨ ᠮᠠᠰᠢᠨ ᠲᠡᠷᠭᠡ ᠲᠡᠶ ᠬᠠᠷᠢᠯᠴᠠᠵᠤ ᠬᠥᠯᠥᠰᠥᠨ ᠠᠵᠢᠯᠴᠢᠨ ᠢ ᠨᠤᠲᠤᠭ ᠲᠤᠨᠢ ᠬᠦᠷᠭᠡᠵᠦ᠂ ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠰᠢᠶᠳᠪᠦᠷᠢᠯᠡᠬᠦ ᠳᠦ ᠬᠦᠴᠦ ᠨᠡᠮᠡᠷᠢᠯᠡᠵᠦ᠂ ᠬᠥᠳᠡᠯᠮᠦᠷᠢᠴᠢᠳ ᠦᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃ 

ᠬᠣᠶᠠᠷ ᠲᠤ ︽ᠪᠠᠭ᠎ᠠ ᠰᠠᠨᠠᠭᠤᠯᠭ᠎ᠠ︾ ᠪᠠᠷ ︽ᠶᠡᠬᠡ ᠳᠠᠯᠳᠠ ᠬᠡᠮ︾ ᠢ ᠠᠷᠢᠯᠭᠠᠵᠤ᠂ ᠡᠮ ᠡᠮᠨᠡᠯᠭᠡ  ᠶᠢᠨ ᠵᠢᠰᠦ ᠭᠣᠶᠣᠯᠠᠬᠤ ᠠᠵᠢᠯ ᠲᠥᠷᠥᠯ ᠦᠨ ᠡᠷᠡᠭᠦᠯ  ᠢᠶᠡᠷ ᠬᠥᠭᠵᠢᠬᠦ ᠳᠦ ᠬᠦᠴᠦ ᠨᠡᠮᠡᠷᠢᠯᠡᠪᠡ᠃ ︽ᠬᠣᠶᠠᠷ ᠬᠠᠤᠯᠢ ᠶᠢ ᠵᠣᠯᠭᠠᠭᠤᠯᠬᠤ ᠲᠣᠭᠲᠠᠴᠠ︾ ᠳᠤ ᠲᠦᠰᠢᠭᠯᠡᠨ ᠡᠮᠴᠢᠯᠡᠭᠡᠨ ᠦ ᠵᠢᠰᠦ ᠭᠣᠶᠣᠯᠠᠯ ᠤᠨ ᠲᠣᠭᠲᠠᠭᠠᠯ ᠠᠴᠠ ᠵᠥᠷᠢᠴᠡᠨ ᠡᠮᠴᠢᠯᠡᠭᠡᠨ ᠦ ᠵᠠᠷ ᠨᠡᠶᠢᠲᠡᠯᠡᠭᠰᠡᠨ ᠨᠡᠶᠢᠲᠡ ᠶᠢᠨ ᠠᠰᠢᠭᠲᠣ ᠵᠠᠷᠭᠤ ᠶᠢᠨ ᠰᠦᠪᠡᠭᠴᠢ ᠶᠢ ᠢᠯᠡᠷᠡᠭᠦᠯᠵᠦ᠂ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠬᠠᠸᠯᠢ ᠪᠤᠰᠤ ᠡᠮᠴᠢᠯᠡᠭᠡᠨ ᠦ ᠵᠢᠰᠦ ᠭᠣᠶᠣᠯᠠᠬᠤ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠲᠠᠶ ᠤᠶᠠᠯᠳᠤᠭᠤᠯᠤᠨ ᠬᠠᠷᠢᠶ᠎ᠠ ᠣᠷᠣᠨ ᠳᠤ ᠦᠳᠲᠡᠷ ᠲᠦᠷᠭᠡᠨ ᠪᠠᠶᠢᠴᠠᠭᠠᠯᠲᠠ ᠥᠷᠨᠢᠭᠦᠯᠵᠦ᠂ ᠬᠡᠰᠡᠭ ᠵᠢᠰᠦ ᠭᠣᠶᠣᠯᠠᠬᠤ ᠪᠠᠶᠢᠭᠤᠯᠤᠮᠵᠢ ᠳᠤ ᠣᠷᠣᠰᠢᠵᠤ ᠪᠠᠶᠢᠭ᠎ᠠ ︽ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ ᠦᠨ ᠦᠨᠡᠮᠯᠡᠯ︾ ᠣᠯᠤᠭᠰᠠᠨ ᠥᠬᠡᠶ ᠂ ᠦᠨ᠎ᠡ ᠬᠠᠩᠰᠢ ᠶᠢ ᠢᠯᠡ ᠲᠡᠮᠳᠡᠭᠯᠡᠭᠰᠡᠨ ᠥᠬᠡᠶ ᠭᠣᠶᠣᠯᠠᠯ ᠤᠨ ᠡᠳ᠋ ᠢ ᠪᠣᠷᠣᠯᠠᠭᠤᠯᠤᠭᠰᠠᠨ᠂ ᠲᠣᠭᠲᠠᠭᠠᠯ ᠢ ᠵᠥᠷᠢᠴᠡᠨ ᠡᠮᠴᠢᠯᠡᠭᠡᠨ ᠦ ᠵᠢᠰᠦ ᠭᠣᠶᠣᠯᠠᠬᠤ ᠵᠠᠷ ᠨᠡᠶᠢᠲᠡᠯᠡᠭᠰᠡᠨ ᠵᠡᠷᠭᠡ ᠠᠰᠠᠭᠤᠳᠠᠯ ᠳᠤ ᠴᠢᠭᠯᠡᠭᠦᠯᠦᠨ ᠬᠣᠯᠪᠣᠭᠳᠠᠯ ᠪᠥᠬᠥᠶ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠠᠶᠢᠴᠠᠭᠠᠬᠤ ᠰᠠᠨᠠᠭᠤᠯᠭ᠎ᠠ ᠲᠠᠷᠬᠠᠭᠠᠵᠤ᠂ ᠬᠠᠸᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠱᠠᠭᠠᠷᠳᠠᠪᠠ᠃ ᠡᠭᠦᠨ ᠦ ᠬᠠᠮᠲᠤ ᠣᠨᠴᠠᠭᠠᠶ ᠬᠡᠷᠡᠭ ᠲᠦ ᠬᠢᠨᠠᠯᠲᠠ ᠲᠠᠯᠪᠢᠬᠤ ᠪᠠᠷ ᠳᠠᠮᠵᠢᠭᠣᠯᠵᠦ᠂ ᠤᠯᠠᠨ ᠰᠠᠯᠠᠭ᠎ᠠ ᠮᠥᠴᠢᠷ ᠲᠡᠶ ᠬᠣᠯᠪᠣᠭᠠᠯᠠᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠡᠯ᠎ᠡ ᠲᠠᠯ᠎ᠠ ᠶᠢᠨ ᠬᠢᠨ ᠦ ᠬᠠᠮᠲᠤ ᠶᠢᠨ ᠲᠠᠨᠢᠯᠲᠠ ᠶᠢ ᠭᠦᠢᠴᠡᠳ ᠨᠢᠭᠲᠠᠷᠠᠭᠤᠯᠤᠨ᠂ ᠰᠠᠯᠠᠭ᠎ᠠ ᠮᠥᠴᠢᠷ ᠬᠣᠯᠪᠣᠭᠠᠯᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠦ ᠵᠢᠰᠦ ᠭᠣᠶᠣᠯᠠᠬᠤ ᠠᠵᠢᠯ ᠲᠦᠷᠦᠯ ᠦᠨ ᠡᠷᠡᠭᠦᠯ ᠢᠶᠡᠷ ᠬᠥᠭᠵᠢᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠵᠤ᠂ ᠪᠠᠶᠢᠴᠠᠭᠠᠬᠤ ᠬᠢᠨᠠᠯᠲᠠ ᠲᠠᠯᠪᠢᠬᠤ ᠪᠠᠷ ᠳᠠᠮᠵᠢᠭᠤᠯᠤᠨ ᠬᠡᠷᠡᠭᠯᠡᠭᠴᠢᠳ ᠦᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃ 

ᠭᠤᠷᠪᠠ ᠳᠤ ︽ᠣᠷᠣᠨ ᠪᠦᠰᠡ ᠠᠯᠤᠰᠯᠠᠨ ᠬᠠᠮᠵᠢᠯᠴᠠᠬᠤ + ᠠᠮᠢ ᠠᠬᠤᠶ ᠶᠢᠨ ᠵᠠᠰᠠᠯᠲᠠ︾ ᠢ ᠪᠠᠶᠡᠯᠡᠭᠦᠯᠵᠦ᠂ ᠠᠮᠢ ᠠᠬᠤᠶ ᠶᠢᠨ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠪᠠ᠃ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦᠨ ᠭᠠᠵᠠᠷ ᠡᠯᠡᠰᠦ ᠮᠠᠩᠬᠠᠨ ᠦ ᠠᠮᠢ ᠠᠬᠤᠶ ᠶᠢᠨ ᠵᠠᠰᠠᠯᠲᠠ ᠳᠤ ᠢᠳᠡᠪᠬᠢᠲᠡᠶ ᠣᠷᠣᠯᠴᠠᠵᠤ᠂ ᠬᠠᠲᠤᠨ ᠭᠣᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠡᠷ ᠢᠶᠡᠨ ᠬᠠᠮᠠᠭᠠᠯᠠᠵᠤ᠂ ᠲᠠᠷᠢᠶᠠᠯᠠᠩ᠂ ᠠᠮᠢᠳᠤᠷᠠᠯ ᠤᠨ ᠬᠣᠭ ᠨᠣᠪᠰᠢ ᠶᠢᠨ ᠣᠷᠴᠢᠨ ᠠᠬᠤᠶ ᠶᠢᠨ ᠪᠣᠬᠢᠷᠲᠤᠯ᠂ ᠭᠣᠣᠯ ᠤᠨ ᠵᠠᠮ ᠤᠨ ᠳᠦᠷᠪᠡᠨ ᠰᠠᠮᠠᠭᠤᠷᠠᠯ᠂ ᠮᠠᠯ ᠵᠢᠭᠦᠷᠲᠡᠨ ᠦ ᠬᠣᠣᠷ ᠦᠭᠡᠢᠵᠢᠭᠦᠯᠦᠨ ᠰᠢᠢᠳᠪᠦᠷᠢᠯᠡᠬᠦ ᠵᠡᠷᠭᠡ ᠳᠦ ᠴᠢᠭᠯᠡᠭᠦᠯᠦᠨ 43 ᠬᠤᠪᠢ ᠪᠠᠶᠢᠴᠠᠭᠠᠬᠤ ᠰᠠᠨᠠᠭᠤᠯᠭ᠎ᠠ ᠶᠢ ᠲᠠᠷᠬᠠᠭᠠᠪᠠ᠃ ᠤᠷᠢᠳ ᠬᠣᠵᠢᠳ ᠪᠤᠭᠤᠲᠤ ᠬᠤᠳᠠ ᠶᠢᠨ ᠵᠢᠤᠶᠤᠸᠠᠨ ᠲᠣᠭᠣᠷᠢᠭ᠂ ᠬᠣᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠦᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠢ᠎ᠠ ᠲᠠᠶ ᠬᠠᠮᠲᠤᠷᠠᠨ︽ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠣᠷᠢᠨ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠠᠵᠢᠯ ᠤᠨ ᠲᠤᠬᠠᠢ ᠬᠠᠮᠵᠢᠯᠴᠠᠬᠤ ᠰᠠᠨᠠᠯ︾  ᠳᠤ ᠭᠠᠷ ᠤᠨ ᠦᠰᠦᠭ ᠵᠢᠷᠤᠵᠤ᠂ ᠬᠠᠳᠤᠨ ᠭᠣᠣᠯ ᠤᠨ ᠰᠠᠪᠠ ᠭᠠᠵᠠᠷ ᠤᠨ ᠡᠬᠢ ᠪᠠᠶᠠᠯᠢᠭ ᠣᠷᠴᠢᠨ ᠲᠣᠭᠣᠷᠢᠨ ᠤ ᠬᠠᠮᠠᠭᠠᠯᠠᠯᠲᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠠᠳᠤᠨ ᠭᠣᠣᠯ ᠤᠨ ᠠᠮᠤᠷ ᠲᠦᠪᠰᠢᠨ ᠢ ᠪᠦᠬᠦ ᠬᠦᠴᠦᠨ ᠢᠶᠡᠷ ᠢᠶᠡᠨ ᠰᠠᠬᠢᠨ ᠬᠠᠮᠠᠭᠠᠯᠠᠪᠠ᠃ 

 

ᠢᠷᠡᠯᠲᠡ
ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro