ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠨᠳᠦᠰᠦᠨ ᠱᠠᠲᠤᠨ  ᠤ ᠪᠠᠶᠢᠴᠠᠭᠠᠬᠤ ᠠᠵᠢᠯ ᠢ ᠴᠢᠩᠭᠠᠳᠬᠠᠬᠤ  ᠠᠴᠠ ᠪᠢᠰᠢ ᠰᠤᠯᠠᠷᠠᠭᠤᠯᠵᠤ ᠪᠣᠯᠬᠤ ᠦᠭᠡᠢ

2024-02-02 10:54:24
ᠵᠣᠬᠢᠶᠠᠭᠴᠢ
ᠤᠳᠤᠨ

 

ᠪᠦᠬᠦ ᠤᠯᠤᠰ  ᠤᠨ ᠪᠠᠶᠢᠴᠠᠭᠠᠬᠤ ᠪᠠᠶᠢᠭᠤᠯᠭ᠎ᠠ  ᠶᠢᠨ ᠡᠩᠨᠡᠭᠡᠨ  ᠦ ᠪᠠᠶᠢᠭᠤᠯᠤᠯᠲᠠ   ᠶᠢᠨ ᠠᠵᠢᠯ  ᠦᠨ ᠬᠤᠷᠠᠯᠳᠤᠭᠠᠨ  ᠦ  ᠵᠣᠷᠢᠭ ᠰᠠᠨᠠᠭ᠎ᠠ    ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠰᠢᠷᠢᠰ ᠰᠢᠭᠦᠮᠵᠢ ( ᠳᠥᠷᠪᠡ )

     ᠦᠨᠳᠦᠰᠦᠨ ᠱᠠᠲᠤᠨ  ᠤ ᠪᠠᠶᠢᠴᠠᠭᠠᠬᠤ ᠬᠣᠷᠢᠶ᠎ᠠ ᠪᠣᠯ ᠪᠠᠶᠢᠴᠠᠭᠠᠬᠤ ᠠᠵᠢᠯ  ᠤᠨ ᠰᠠᠭᠤᠷᠢ ᠮᠥᠨ᠃ ᠲᠦᠷᠦᠭᠦᠬᠡᠨ ᠬᠤᠷᠠᠯᠳᠤᠭᠤᠯᠤᠭᠰᠠᠨ ᠪᠦᠬᠦ ᠤᠯᠤᠰ  ᠤᠨ ᠪᠠᠶᠢᠴᠠᠭᠠᠬᠤ ᠪᠠᠶᠢᠭᠤᠯᠭ᠎ᠠ  ᠶᠢᠨ ᠡᠩᠨᠡᠭᠡᠨ  ᠦ ᠪᠠᠶᠢᠭᠤᠯᠤᠯᠲᠠ  ᠶᠢᠨ ᠠᠵᠢᠯ  ᠤᠨ ᠬᠤᠷᠠᠯᠳᠤᠭᠠᠨ ᠨᠢ  ᠴᠠᠭ ᠦᠶ᠎ᠡ  ᠶᠢᠨ ᠡᠭᠦᠷᠭᠡ ᠪᠠ ᠣᠳᠣᠬᠠᠨ ᠦ ᠭᠣᠣᠯ ᠵᠥᠷᠢᠴᠡᠯ ᠲᠡᠶ ᠤᠶᠠᠯᠳᠤᠭᠤᠯᠤᠨ᠂ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ  ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠦᠨᠳᠦᠰᠦᠨ ᠱᠠᠲᠤᠨ  ᠤ ᠰᠠᠭᠤᠷᠢ  ᠶᠢ ᠪᠣᠳᠠᠲᠠᠶ ᠠᠳᠬᠤᠬᠤ ᠪᠣᠯ ᠳᠠᠷᠤᠶ ᠡᠩᠨᠡᠭᠡᠨ  ᠤ ᠪᠠᠶᠢᠭᠤᠯᠤᠯᠲᠠ  ᠶᠢᠨ 《ᠡᠴᠦᠰ  ᠤᠨ ᠨᠢᠭᠡ ᠺᠢᠯᠣᠮᠧᠲ᠋ᠷ》  ᠢ ᠰᠠᠶᠢᠲᠤᠷ ᠠᠳᠬᠤᠬᠤ ᠶᠠᠪᠤᠳᠠᠯ ᠮᠥᠨ᠂ ᠶᠡᠬᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤᠨ  ᠤ ᠰᠠᠭᠤᠷᠢ  ᠶᠢ ᠪᠠᠲᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃

      ᠦᠨᠳᠦᠰᠦᠨ ᠱᠠᠳᠤ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠵᠦ᠂ ᠦᠨᠳᠦᠰᠦᠨ ᠱᠠᠳᠤ ᠠᠮᠤᠷ ᠲᠦᠪᠰᠢᠨ ᠪᠠᠶᠢᠪᠠᠯ ᠤᠯᠤᠰ ᠣᠷᠣᠨ ᠠᠮᠤᠷ ᠠᠮᠤᠭᠤᠯᠠᠩ ᠪᠣᠯᠤᠨ᠎ᠠ᠃ ᠨᠠᠮ  ᠤᠨ ᠠᠷᠪᠠᠨ ᠨᠠᠢᠮᠠᠳᠤᠭᠠᠷ ᠶᠡᠬᠡ ᠬᠤᠷᠠᠯ  ᠠᠴᠠ ᠨᠠᠰᠢ᠂ ᠰᠢ ᠶᠢᠨ ᠫᠢᠩ ᠨᠥᠬᠥᠷ  ᠢᠶᠠᠷ ᠭᠣᠣᠯ ᠪᠣᠯᠭᠠᠭᠰᠠᠨ ᠨᠠᠮ ᠤᠨ  ᠲᠥᠪ ᠬᠣᠷᠢᠢ᠎ᠠ ᠦᠨᠳᠦᠰᠦᠨ ᠱᠠᠲᠤᠨ  ᠦ ᠠᠵᠢᠯ  ᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠨ ᠦᠵᠡᠪᠡ᠃ ᠰᠢ  ᠵᠢᠨ ᠫᠢᠩ ᠶᠡᠷᠦᠩᠬᠡᠶ ᠱᠦᠵᠢ ᠄ 《 ᠪᠠᠶᠢᠳᠠᠯ ᠶᠠᠭᠠᠬᠢᠵᠤ ᠬᠤᠪᠢᠷᠬᠠᠰᠠᠨ ᠴᠤ ᠦᠨᠳᠦᠰᠦᠨ ᠱᠠᠲᠤᠨ ᠳᠦ ᠲᠦᠰᠢᠭᠯᠡᠨ ᠂ ᠦᠨᠳᠦᠰᠦᠨ ᠱᠠᠲᠤ   ᠶᠢ ᠪᠠᠶᠢᠭᠤᠯᠤᠨ ᠬᠦᠴᠦᠷᠬᠡᠭᠵᠢᠭᠦᠯᠬᠦ ᠡᠨᠡ ᠬᠦ ᠵᠤᠷᠪᠤᠰ   ᠢ ᠬᠡᠵᠢᠶᠡᠳᠡ ᠲᠠᠶᠠᠭᠳᠠᠵᠤ ᠪᠣᠯᠬᠤ ᠦᠭᠡᠶ 》 ᠭᠡᠵᠦ ᠭᠦᠨᠵᠡᠭᠡᠶ ᠵᠢᠭᠠᠵᠤ ᠭᠠᠷᠭᠠᠵᠠᠶ ᠃ ᠨᠠᠮ  ᠤᠨ ᠬᠣᠷᠢᠳᠤᠭᠠᠷ ᠶᠡᠬᠡ ᠬᠤᠷᠠᠯ  ᠤᠨ ᠢᠯᠡᠳᠬᠡᠯ  ᠳᠦ ᠦᠨᠳᠦᠰᠦᠨ ᠱᠠᠳᠤ  ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ  ᠶᠢ ᠪᠠᠷᠢᠮᠲᠠᠯᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ᠃ ᠪᠠᠶᠢᠴᠠᠭᠠᠬᠤ ᠠᠵᠢᠯ  ᠤᠨ ᠦᠨᠳᠦᠰᠦ ᠰᠠᠭᠤᠷᠢ ᠨᠢ ᠦᠨᠳᠦᠰᠦᠨ ᠱᠠᠲᠤᠨ  ᠳᠦ ᠪᠠᠶᠢᠵᠤ᠂ ᠬᠦᠴᠦᠨ ᠴᠢᠳᠠᠯ ᠨᠢ ᠦᠨᠳᠦᠰᠦᠨ ᠱᠠᠲᠤᠨ  ᠳᠦ ᠪᠠᠶᠢᠵᠤ᠂ ᠭᠣᠣᠯᠳᠠᠯᠭ᠎ᠠ ᠨᠢ ᠦᠨᠳᠦᠰᠦᠨ ᠱᠠᠲᠤᠨ  ᠳᠦ ᠪᠠᠶᠢᠵᠤ᠂ ᠪᠠᠭᠤᠷᠠᠶ ᠭᠣᠭᠴᠣᠭ᠎ᠠ ᠨᠢ ᠴᠦ ᠦᠨᠳᠦᠰᠦᠨ ᠱᠠᠲᠤᠨ  ᠳᠦ ᠪᠠᠶᠢᠳᠠᠭ᠃ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ   ᠦ ᠨᠠᠮ  ᠤᠨ ᠤᠳᠤᠷᠢᠳᠬᠤ ᠳᠤᠭᠤᠶᠢᠯᠠᠩ  ᠤᠨ ᠱᠦᠵᠢ᠂ ᠪᠠᠶᠢᠴᠠᠭᠠᠬᠤ ᠳᠠᠷᠤᠭ᠎ᠠ ᠶᠢᠩ ᠶᠦᠩ ᠤᠢᠷ᠎ᠠ  ᠶᠢᠨ ᠬᠤᠭᠤᠴᠠᠭᠠᠨ ᠳᠤ ᠭᠤᠸᠠᠩᠳᠦ᠋ᠩ᠂ ᠠᠨᠾᠦ᠋ᠢ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠦᠨᠳᠦᠰᠦᠨ ᠱᠠᠲᠤᠨ   ᠦ ᠪᠠᠶᠢᠴᠠᠭᠠᠬᠤ ᠬᠣᠷᠢᠶᠠᠨ  ᠳᠦ ᠭᠦᠨᠵᠡᠭᠡᠶᠢᠷᠡᠨ ᠬᠠᠷᠢᠭᠤ ᠮᠡᠳᠡᠭᠦᠯᠦᠯᠲᠡ  ᠶᠢ ᠰᠣᠨᠣᠰᠴᠤ᠂ ᠪᠠᠶᠢᠳᠠᠯ  ᠢ ᠣᠶᠢᠯᠠᠭᠠᠵᠤ᠂ ᠦᠨᠳᠦᠰᠦᠨ ᠱᠠᠲᠤᠨ  ᠤ ᠰᠠᠭᠤᠷᠢ ᠪᠦᠳᠦᠭᠡᠨ ᠪᠠᠶᠢᠭᠤᠯᠤᠯᠲᠠ  ᠶᠢ ᠰᠠᠶᠢᠲᠤᠷ ᠠᠳᠬᠤᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ 《ᠦᠨᠳᠦᠰᠦᠨ ᠱᠠᠲᠤᠨ ᠤ ᠪᠠᠶᠢᠴᠠᠭᠠᠬᠤ ᠠᠵᠢᠯ  ᠢ ᠴᠢᠩᠭᠠᠳᠬᠠᠬᠤ  ᠡᠴᠡ ᠪᠢᠰᠢ ᠰᠤᠯᠠᠷᠠᠭᠤᠯᠵᠤ ᠪᠣᠯᠬᠤ ᠦᠭᠡᠢ》 ᠭᠡᠵᠦ ᠣᠨᠴᠠᠭᠠᠶᠢᠯᠠᠨ ᠴᠢᠬᠤᠯᠠᠴᠢᠯᠠᠪᠠ᠃ ᠡᠯ᠎ᠡ ᠱᠠᠲᠤᠨ  ᠤ ᠪᠠᠶᠢᠴᠠᠭᠠᠬᠤ ᠪᠠᠶᠢᠭᠤᠯᠭ᠎ᠠᠨᠤᠭᠤᠳ ᠂ ᠪᠠᠶᠢᠴᠠᠭᠠᠬᠤ ᠠᠵᠢᠯ  ᠤᠨ ᠣᠳᠣᠬᠢᠴᠢᠯᠠᠯᠲᠠ ᠪᠠᠷ ᠳᠤᠮᠳᠠᠳᠤ ᠤᠯᠤᠰ  ᠤᠨ ᠮᠠᠶ᠋ᠢᠭ  ᠤᠨ ᠣᠳᠣᠬᠢᠴᠢᠯᠠᠯᠲᠠ ᠳᠤ ᠦᠢᠯᠡᠴᠢᠯᠡᠬᠦ  ᠶᠢ ᠠᠬᠢᠭᠤᠯᠬᠤ ᠳᠤ ᠡᠷᠬᠡᠪᠰᠢ ᠦᠨᠳᠦᠰᠦᠨ ᠱᠠᠲᠤ   ᠶᠢ ᠶᠡᠬᠡ ᠪᠡᠷ ᠠᠳᠬᠤᠬᠤ ᠢᠯᠡ ᠲᠣᠳᠣ ᠤᠳᠤᠷᠢᠳᠤᠮᠵᠢ  ᠶᠢ ᠪᠠᠲᠤ ᠪᠡᠬᠢ ᠪᠤᠶ ᠪᠣᠯᠭᠠᠵᠤ ᠂ ᠦᠨᠳᠦᠰᠦᠨ ᠱᠠᠲᠤᠨ  ᠤ ᠰᠠᠭᠤᠷᠢ  ᠶᠢ ᠬᠥᠩᠭᠡᠪᠴᠢᠯᠡᠬᠦ ᠶᠠᠮᠠᠷᠪᠠ ᠦᠵᠡᠯ ᠰᠠᠨᠠᠭ᠎ᠠ᠂ ᠦᠨᠳᠦᠰᠦᠨ ᠱᠠᠲᠤᠨ  ᠤ ᠰᠠᠭᠤᠷᠢ  ᠶᠢ ᠰᠤᠯᠠᠷᠠᠭᠤᠯᠬᠤ ᠶᠠᠮᠠᠷᠪᠠ ᠠᠷᠭ᠎ᠠ ᠬᠢᠳᠡᠯ᠂ ᠦᠨᠳᠦᠰᠦᠨ ᠱᠠᠲᠤᠨ  ᠤ ᠰᠠᠭᠤᠷᠢ  ᠶᠢ ᠬᠣᠬᠢᠷᠠᠭᠤᠯᠬᠤ ᠶᠠᠮᠠᠷᠪᠠ ᠦᠢᠯᠡ ᠠᠵᠢᠯᠯᠠᠭ᠎ᠠ  ᠶᠢ ᠡᠷᠡᠰ ᠡᠰᠡᠷᠭᠦᠴᠡᠨ ᠬᠣᠷᠢᠭᠯᠠᠵᠤ᠂ ᠲᠦᠷᠦ ᠶᠢᠨ ᠪᠤᠳᠤᠯᠭ᠎ᠠ᠂ ᠬᠦᠴᠦᠨ ᠴᠢᠳᠠᠯ  ᠢ ᠦᠨᠳᠦᠰᠦᠨ ᠱᠠᠳᠤ ᠲᠡᠰᠢ ᠨᠡᠩ ᠢᠯᠡᠭᠦᠦ ᠬᠡᠯᠪᠡᠶᠢᠯᠭᠡᠵᠦ᠂ ᠦᠨᠳᠦᠰᠦᠨ ᠱᠠᠲᠤᠨ  ᠤ ᠪᠠᠶᠢᠴᠠᠭᠠᠬᠤ ᠠᠵᠢᠯ ᠪᠠ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ  ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ  ᠶᠢ ᠲᠦᠯᠬᠢᠨ ᠠᠬᠢᠭᠤᠯᠤᠨ᠎ᠠ᠃

       ᠦᠨᠳᠦᠰᠦᠨ ᠱᠠᠲᠤᠨ ᠪᠠᠶᠢᠴᠠᠭᠠᠬᠤ ᠬᠣᠷᠢᠶ᠎ᠠ  ᠳᠤ ᠢᠳᠡᠪᠬᠢᠲᠡᠶ ᠪᠡᠷ 《ᠵᠠᠮ ᠬᠠᠶᠢᠵᠤ》᠂ 《ᠵᠠᠮ ᠠᠰᠠᠭᠤᠵᠤ》 ᠥᠭᠬᠦ ᠬᠡᠷᠡᠭᠲᠡᠶ᠃ ᠤᠴᠢᠷ ᠶᠠᠪᠤᠳᠠᠯ  ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ  ᠶᠢ ᠮᠡᠳᠡᠬᠦ ᠦᠭᠡᠢ᠂ ᠦᠨᠳᠦᠰᠦᠨ ᠱᠠᠲᠤᠨ  ᠳᠦ ᠲᠤᠯᠭᠠᠷᠠᠵᠤ ᠪᠠᠶᠢᠭ᠎ᠠ ᠬᠠᠭᠤᠴᠢᠨ ᠠᠰᠠᠭᠤᠳᠠᠯ ᠵᠦᠢᠯ ᠵᠢᠰᠦᠮ  ᠤᠨ ᠪᠠᠶᠢᠵᠤ᠂ ᠰᠢᠨ᠎ᠡ ᠠᠰᠠᠭᠤᠳᠠᠯ ᠵᠠᠯᠭ᠎ᠠ  ᠵᠠᠯᠭᠠᠪᠠᠷ ᠭᠠᠷᠴᠤ ᠪᠠᠶᠢᠨ᠎ᠠ᠃ ᠭᠠᠭᠴᠠ ᠬᠦ ᠦᠨᠳᠦᠰᠦᠨ ᠱᠠᠲᠤᠨ  ᠳᠤ 《ᠪᠡᠶ᠎ᠡ ᠪᠡᠷ  ᠢᠶᠠᠨ ᠣᠷᠣᠬᠤ》 ᠮᠥᠷᠲᠡᠭᠡᠨ ᠪᠠᠰᠠ ᠦᠨᠳᠦᠰᠦᠨ ᠱᠠᠲᠤᠨ  ᠳᠤ 《ᠰᠡᠳᠬᠢᠯ ᠵᠢᠷᠦᠬᠡ ᠪᠡᠷ  ᠢᠶᠠᠨ ᠣᠴᠢᠪᠠᠯ》 ᠰᠠᠶ᠋ᠢ ᠦᠨᠳᠦᠰᠦᠨ ᠱᠠᠲᠤᠨ  ᠤ ᠪᠠᠶᠢᠴᠠᠭᠠᠬᠤ ᠠᠵᠢᠯ ᠲᠠᠶ ᠦᠨᠡᠨ ᠬᠦ ᠠᠳᠠᠯᠢ ᠳᠠᠪᠲᠠᠮᠵᠢ ᠲᠠᠶ ᠪᠠᠶᠢᠵᠤ᠂ ᠦᠨᠳᠦᠰᠦᠨ ᠱᠠᠲᠤᠨ  ᠤ ᠪᠠᠶᠢᠴᠠᠭᠠᠬᠤ ᠠᠵᠢᠯᠳᠠᠨ ᠲᠠᠶ ᠬᠠᠮᠲᠤ  ᠶᠢᠨ ᠰᠡᠳᠬᠢᠯᠭᠡ ᠲᠡᠶ ᠪᠠᠶᠢᠵᠤ ᠴᠢᠳᠠᠨ᠎ᠠ᠃ ︽ᠳᠦᠷᠪᠡ  ᠶᠢ ᠦᠨᠳᠦᠰᠦᠨ ᠱᠠᠲᠤᠨ  ᠳᠦ ᠪᠠᠭᠤᠯᠭᠠᠬᠤ︾ ᠰᠢᠯᠢᠳᠡᠭ ᠰᠤᠷᠲᠠᠯ  ᠢ ᠪᠠᠳᠠᠷᠠᠭᠤᠯᠵᠤ᠂ ᠦᠨᠳᠦᠰᠦᠨ ᠱᠠᠲᠤᠨ  ᠤ ᠡᠮᠦᠨ᠎ᠡ ᠹᠷᠣᠨᠲ᠋ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ  ᠤ ᠳᠠᠭᠤᠨ  ᠢ ᠪᠣᠳᠠᠲᠠᠢ ᠭᠠᠵᠠᠷ ᠲᠤ ᠨᠢ ᠰᠣᠨᠣᠰᠴᠤ᠂ ᠦᠨᠳᠦᠰᠦᠨ ᠱᠠᠲᠤᠨ ᠤ ᠬᠦᠴᠢᠷᠳᠡᠯ  ᠢ ᠣᠶᠢᠯᠠᠭᠠᠵᠤ᠂ ᠬᠥᠭᠵᠢᠯᠲᠡ  ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ᠂ ᠦᠨᠳᠦᠰᠦᠨ ᠱᠠᠳᠤ  ᠶᠢ ᠲᠦᠪᠡᠭᠳᠡᠭᠦᠯᠵᠦ  ᠪᠠᠶᠢᠭ᠎ᠠ ᠳᠤᠪᠤᠢᠮ᠎ᠠ ᠠᠰᠠᠭᠤᠳᠠᠯ  ᠢ ᠣᠨᠣᠪᠴᠢᠲᠠᠢ ᠡᠷᠢᠨ ᠣᠯᠵᠤ᠂ ᠠᠷᠭ᠎ᠠ ᠪᠦᠬᠦᠨ  ᠢ ᠰᠦᠪᠡᠭᠴᠢᠯᠡᠨ ᠦᠨᠳᠦᠰᠦᠨ ᠱᠠᠳᠤ  ᠶᠢ ᠬᠠᠪᠰᠤᠷᠤᠨ ᠦᠨᠡᠨ ᠠᠰᠠᠭᠤᠳᠠᠯ  ᠢ ᠨᠢ ᠰᠢᠢᠳᠪᠦᠷᠢᠯᠡᠵᠦ᠂ ᠠᠰᠠᠭᠤᠳᠠᠯ  ᠢ ᠨᠢ ᠦᠨᠡᠨᠬᠦ ᠰᠢᠢᠳᠪᠦᠷᠢᠯᠡᠬᠦ ᠬᠡᠷᠡᠭᠲᠡᠢ᠃

       ᠦᠨᠳᠦᠰᠦᠨ ᠱᠠᠲᠤᠨ  ᠤ ᠪᠠᠶᠢᠴᠠᠭᠠᠬᠤ ᠠᠵᠢᠯ  ᠳᠤ ᠢᠳᠡᠪᠬᠢᠲᠡᠶ ᠪᠡᠷ 《ᠵᠠᠮ ᠳᠠᠭᠠᠭᠤᠯᠬᠤ》᠂ 《ᠵᠠᠮ ᠨᠡᠭᠡᠭᠡᠬᠦ》 ᠬᠡᠷᠡᠭᠲᠡᠶ᠃ ᠦᠨᠳᠦᠰᠦᠨ ᠱᠠᠳᠤ  ᠶᠢ ᠬᠠᠪᠰᠤᠷᠬᠤ  ᠳᠦ︽ᠬᠣᠭᠣᠰᠣᠨ ᠠᠶᠤᠩᠭ᠎ᠠ ᠳᠤᠤᠭᠠᠷᠤᠭᠠᠳ ᠪᠣᠷᠣᠭᠠᠨ ᠣᠷᠣᠬᠤ ᠦᠭᠡᠢ︾ᠪᠠᠶᠢᠵᠤ ᠪᠣᠯᠬᠤ ᠦᠭᠡᠢ᠂ ᠢᠯᠡ ᠲᠣᠳᠣ ᠰᠠᠭᠤᠷᠢ  ᠶᠢ ᠴᠢᠩᠭᠠᠳᠬᠠᠬᠤ ᠤᠳᠤᠷᠢᠳᠤᠮᠵᠢ  ᠶᠢ ᠪᠤᠢ ᠪᠣᠯᠭᠠᠵᠤ᠂ ᠬᠠᠯᠠᠮᠵᠢᠯᠠᠨ ᠬᠠᠶᠢᠷᠠᠯᠠᠬᠤ ᠡᠷᠴᠢᠮ  ᠢᠶᠠᠨ ᠦᠷᠭᠦᠯᠵᠢᠯᠡᠨ ᠴᠢᠩᠭᠠᠷᠠᠭᠤᠯᠵᠤ᠂ ᠳᠤᠲᠠᠭᠤᠳᠠᠯ ᠪᠠᠭᠤᠷᠠᠢ ᠵᠦᠢᠯ  ᠳᠤ ᠬᠠᠨᠳᠤᠭᠤᠯᠤᠨ ᠬᠠᠷᠠᠯᠲᠠ ᠲᠠᠶ ᠪᠠᠷ ᠰᠤᠮᠤ ᠬᠠᠷᠪᠤᠬᠤ ᠬᠡᠷᠡᠭᠲᠡᠢ᠃ ᠦᠨᠳᠦᠰᠦᠨ ᠱᠠᠲᠤᠨ  ᠤ ᠪᠠᠶᠢᠴᠠᠭᠠᠬᠤ ᠬᠣᠷᠢᠶᠠᠨ  ᠤ ᠤᠳᠤᠷᠢᠳᠬᠤ ᠪᠠᠭ  ᠤᠨ ᠪᠠᠶᠢᠭᠤᠯᠤᠯᠲᠠ  ᠶᠢ ᠲᠤᠪᠤᠢᠯᠭᠠᠨ ᠴᠢᠩᠭᠠᠳᠬᠠᠵᠤ᠂ 《ᠲᠠᠭᠠᠭᠤᠯᠤᠭᠴᠢ》  ᠶᠢ ᠰᠠᠶᠢᠲᠤᠷ ᠰᠣᠩᠭᠣᠵᠤ᠂ 《ᠪᠤᠬ᠎ᠠ ᠲᠡᠷᠭᠡ》  ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ  ᠤ ᠪᠠᠶᠢᠴᠠᠭᠠᠬᠤ ᠠᠵᠢᠯ  ᠤᠨ ᠰᠢᠨ᠎ᠡ  ᠶᠢ ᠡᠭᠦᠳᠦᠨ ᠬᠥᠭᠵᠢᠬᠦ  ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠣᠷᠣᠨ ᠲᠣᠭ᠎ᠠ  ᠶᠢ ᠡᠵᠡᠯᠡᠬᠦ ᠬᠣᠭᠣᠰᠣᠨ ᠣᠷᠣᠨ ᠲᠣᠭ᠎ᠠ  ᠶᠢᠨ ᠠᠰᠠᠭᠤᠳᠠᠯ  ᠳᠦ ᠴᠢᠭᠯᠡᠭᠦᠯᠦᠨ᠂ ᠲᠦᠯᠬᠢᠨ ᠠᠬᠢᠭᠤᠯᠬᠤ  ᠶᠢ ᠴᠢᠬᠤᠯᠠᠴᠢᠯᠠᠵᠤ᠂ ᠰᠠᠨᠠᠭᠠᠴᠢᠯᠠᠭ᠎ᠠ  ᠡᠴᠡ ᠪᠠᠨ ᠵᠣᠬᠢᠴᠠᠭᠤᠯᠵᠤ᠂ ᠪᠠᠶᠢᠴᠠᠭᠠᠬᠤ ᠬᠦᠴᠦᠨ ᠤ ᠡᠬᠢ ᠪᠠᠶᠠᠯᠢᠭ  ᠤᠨ ᠲᠤᠬᠢᠷᠠᠭᠤᠯᠤᠯᠳᠠ  ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠰᠢᠢᠳᠪᠦᠷᠢᠯᠡᠬᠦ ᠨᠢᠭᠡᠳᠦᠭᠡᠷ ᠹᠷᠣᠨᠲ᠋ ᠪᠠ ᠦᠨᠳᠦᠰᠦᠨ ᠱᠠᠳᠤ ᠲᠡᠰᠢ ᠬᠡᠯᠪᠡᠶᠢᠯᠭᠡᠬᠦ ᠡᠷᠴᠢᠮ  ᠢᠶᠠᠨ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ  ᠤ ᠡᠭᠦᠳᠦᠨ ᠪᠦᠲᠦᠭᠡᠬᠦ ᠴᠢᠨᠠᠷᠲᠠᠶ ᠠᠰᠢᠭᠲᠠᠶ ᠬᠠᠶᠢᠨ ᠰᠦᠪᠡᠭᠴᠢᠯᠡᠯᠳᠡ ᠥᠷᠨᠢᠭᠦᠯᠬᠦ ᠶᠢ ᠭᠦᠢᠴᠡᠳ ᠬᠦᠨᠳᠦᠳᠬᠡᠨ ᠵᠣᠷᠢᠭᠵᠢᠭᠤᠯᠵᠤ᠂ ᠲᠡᠮᠵᠢᠵᠤ᠂ ᠦᠨᠳᠦᠰᠦᠨ ᠱᠠᠲᠤᠨ  ᠡᠴᠡ ᠢᠷᠡᠭᠰᠡᠨ᠂ ᠨᠢᠭᠡᠳᠦᠭᠡᠷ ᠹᠷᠣᠨᠲ᠋  ᠡᠴᠡ ᠢᠷᠡᠭᠰᠡᠨ᠂ ᠦᠢᠯᠡᠳᠦᠯᠭᠡ ᠡᠴᠡ ᠢᠷᠡᠭᠰᠡᠨ ᠪᠠᠶᠢᠴᠠᠭᠠᠬᠤ ᠠᠵᠢᠯ  ᠤᠨ ᠣᠳᠣᠬᠢᠴᠢᠯᠠᠯᠲᠠ  ᠶᠢ ᠠᠬᠢᠭᠤᠯᠬᠤ  ᠳᠦ ᠠᠰᠢᠭᠲᠠᠶ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠲᠠᠰᠤᠷᠠᠯᠳᠠ ᠦᠭᠡᠢ ᠳ᠋ᠦᠩᠨᠡᠨ ᠳᠡᠯᠭᠡᠷᠡᠭᠦᠯᠵᠦ᠂ ᠦᠨᠳᠦᠰᠦᠨ ᠱᠠᠲᠤᠨ  ᠤ ᠪᠠᠶᠢᠴᠠᠭᠠᠬᠤ ᠬᠣᠷᠢᠶᠠᠨ  ᠤ ᠲᠡᠷᠢᠭᠦᠨ  ᠤ ᠬᠢ  ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠢᠳᠡᠪᠬᠢᠵᠢᠯ᠂ ᠥᠪᠡᠷ  ᠢ ᠪᠡᠨ ᠳᠠᠶᠢᠴᠢᠯᠠᠬᠤ ᠬᠦᠴᠦᠨ  ᠬᠦᠭᠵᠢᠭᠡᠨ᠎ᠡ᠃

      ᠦᠨᠳᠦᠰᠦᠨ ᠱᠠᠲᠤᠨ  ᠤ ᠪᠠᠶᠢᠴᠠᠭᠠᠬᠤ ᠠᠵᠢᠯᠲᠠᠳ ᠲᠤ ᠢᠳᠡᠪᠬᠢᠲᠡᠶ ᠪᠡᠷ 《ᠵᠠᠮ ᠳᠡᠪᠢᠰᠴᠦ》᠂ 《ᠵᠠᠮ ᠴᠡᠪᠡᠷᠯᠡᠵᠦ》 ᠥᠭᠬᠦ ᠬᠡᠷᠡᠭᠲᠡᠶ᠃ ᠦᠨᠳᠦᠰᠦᠨ ᠱᠠᠲᠤᠨ  ᠤ ᠠᠵᠢᠯ  ᠤᠨ ᠳᠠᠷᠤᠯᠲᠠ ᠶᠡᠬᠡ᠂ ᠬᠡᠷᠡᠭ ᠰᠢᠶᠳᠪᠦᠷᠢᠯᠡᠬᠦ ᠡᠭᠦᠷᠭᠡ ᠬᠦᠨᠳᠦ ᠪᠠᠶᠢᠭ᠎ᠠ ᠪᠣᠯᠬᠣᠷ ᠰᠠᠨᠠᠭᠠᠴᠢᠯᠠᠭ᠎ᠠ  ᠠᠴᠠ ᠪᠠᠨ ᠦᠨᠳᠦᠰᠦᠨ ᠱᠠᠲᠤᠨ  ᠳᠤ 《ᠴᠢᠰᠤ ᠶᠡᠭᠦᠯᠡᠵᠦ》᠂ 《ᠴᠢᠰᠤ ᠪᠦᠲᠦᠭᠡᠬᠦ︾ ᠬᠡᠷᠡᠭᠲᠡᠶ᠃ ᠲᠤᠬᠠᠶᠢᠯᠠᠭᠰᠠᠨ ᠠᠵᠢᠯ  ᠤᠨ ᠵᠢᠯᠤᠭᠤᠳᠤᠯᠭ᠎ᠠ ᠪᠠ ᠲᠦᠷᠦ  ᠶᠢᠨ ᠪᠤᠳᠤᠯᠭ᠎ᠠ  ᠶᠢᠨ ᠳᠡᠮᠵᠢᠯᠭᠡ  ᠶᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠬᠤ ᠠᠵᠢᠯ  ᠤᠨ ᠰᠢᠰᠲ᠋ᠧᠮ  ᠢᠶᠠᠷ  ᠢᠶᠠᠨ ᠬᠠᠪᠰᠤᠷᠤᠨ ᠲᠡᠳᠬᠦᠬᠦ ᠠᠵᠢᠯ  ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠱᠠᠲᠤᠨ  ᠤ ᠪᠠᠶᠢᠴᠠᠭᠠᠬᠤ ᠬᠣᠷᠢᠶ᠎ᠠ  ᠶᠢᠨ ᠣᠷᠣᠨ ᠪᠦᠰᠡ ᠠᠯᠤᠰᠯᠠᠭᠰᠠᠨ᠂ ᠱᠠᠳᠤ ᠳᠠᠪᠬᠤᠷᠭ᠎ᠠ ᠠᠯᠤᠰᠯᠠᠨ ᠬᠠᠷᠢᠯᠴᠠᠨ ᠬᠠᠪᠰᠤᠷᠤᠯᠴᠠᠬᠤ ᠲᠣᠭᠲᠠᠴᠠ  ᠶᠢ ᠬᠠᠮᠲᠤ ᠪᠠᠷ ᠪᠠᠶᠢᠭᠤᠯᠬᠤ ᠶᠠᠪᠤᠳᠠᠯ  ᠢ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ  ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠡᠷᠦᠩᠬᠡᠶᠢᠯᠡᠭᠰᠡᠨ ᠴᠢᠳᠠᠪᠤᠷᠢ  ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠳᠤ ᠪᠣᠯ ᠨᠠᠶᠢᠳᠠᠪᠤᠷᠢᠵᠢᠭᠤᠯᠤᠯᠲᠠ  ᠶᠢ ᠠᠳᠬᠤᠬᠤ ︽ᠬᠠᠮᠤᠭ ᠡᠴᠦᠰ  ᠤᠨ ᠨᠢᠭᠡ ᠺᠢᠯᠤᠮᠸ᠋ᠲᠷ︾ᠪᠣᠯᠤᠨ᠎ᠠ᠂ ᠬᠡᠷᠪᠡ ︽ᠪᠢᠴᠢᠭ  ᠤᠨ ᠠᠭᠤᠯᠠ ᠬᠤᠷᠠᠯ  ᠤᠨ ᠲᠠᠯᠠᠢ︾ ᠳᠤ ᠬᠣᠷᠢᠭᠳᠠᠪᠠᠯ᠂ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ  ᠳᠦ ᠴᠠᠭ ᠪᠠ ᠤᠶᠤᠨ ᠴᠢᠳᠠᠯ  ᠢᠶᠠᠨ ᠬᠡᠷᠬᠢᠨ ᠭᠦᠢᠴᠡᠳ ᠵᠣᠷᠢᠭᠤᠯᠵᠤ ᠴᠢᠳᠠᠬᠤ ᠪᠤᠢ︖ ᠦᠨᠳᠦᠰᠦᠨ ᠱᠠᠲᠤᠨ ᠤ ᠳᠠᠷᠤᠭᠠᠰᠤ  ᠶᠢ ᠦᠨᠡᠨᠬᠦ ᠬᠥᠩᠭᠡᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ  ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠷᠠᠯ  ᠤᠨ ᠪᠢᠴᠢᠭ  ᠮᠠᠲ᠋ᠧᠷᠢᠶᠠᠯ ᠢ ᠪᠠᠭᠠᠰᠬᠠᠨ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ  ᠶᠢᠨ ᠬᠦᠯᠢᠶᠡᠰᠦ  ᠶᠢ ᠰᠤᠯᠠᠷᠠᠭᠤᠯᠵᠤ᠂ ᠦᠨᠳᠦᠰᠦᠨ ᠱᠠᠲᠤᠨ  ᠳᠦ ᠰᠠᠭᠠᠳ ᠲᠣᠳᠬᠠᠷ ᠤᠴᠠᠷᠠᠭᠤᠯᠬᠤ ᠦᠭᠡᠢ ᠪᠠᠶᠢᠵᠤ᠂ ᠦᠨᠳᠦᠰᠦᠨ ᠱᠠᠲᠤᠨ  ᠤ ᠪᠠᠶᠢᠴᠠᠭᠠᠬᠤ ᠠᠵᠢᠯᠲᠠᠳ  ᠢ ᠪᠦᠬᠦ ᠰᠡᠳᠬᠢᠯ ᠪᠦᠬᠦ ᠵᠣᠷᠢᠭ  ᠢᠶᠠᠷ  ᠢᠶᠠᠨ ᠠᠵᠢᠯ ᠬᠢᠵᠦ᠂ ᠭᠣᠣᠯ ᠠᠵᠢᠯ ᠢ ᠨᠢ ᠠᠳᠬᠤᠵᠤ᠂ ᠬᠡᠷᠡᠭ ᠨᠢᠭᠡᠪᠦᠷᠢ  ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠡᠷ ᠰᠠᠶᠢᠲᠤᠷ ᠰᠢᠢᠳᠪᠦᠷᠢᠯᠡᠬᠦ ᠪᠣᠯᠭᠠᠬᠤ ᠬᠡᠷᠡᠭᠲᠡᠢ᠃

      ᠰᠠᠭᠤᠷᠢ ᠨᠢ ᠪᠠᠲᠤ ᠪᠡᠬᠢ ᠪᠣᠯ ᠲᠣᠮᠣ ᠠᠰᠠᠷ ᠨᠢ ᠪᠠᠲᠤ ᠪᠡᠬᠢ ᠂  ᠰᠠᠭᠤᠷᠢ ᠨᠢ ᠰᠤᠯᠠ ᠪᠣᠯ ᠲᠣᠮᠣ ᠠᠰᠠᠷ ᠨᠢ ᠬᠠᠵᠠᠶᠢᠳᠠᠭ ᠃ ᠡᠯ᠎ᠡ ᠱᠠᠲᠤᠨ  ᠤ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ   ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ   ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ  ᠤ ᠰᠠᠭᠤᠷᠢ ᠪᠦᠳᠦᠭᠡᠨ ᠪᠠᠶᠢᠭᠤᠯᠤᠯᠲᠠ  ᠶᠢ ᠤᠷᠳᠤ ᠬᠤᠭᠤᠴᠠᠭ᠎ᠠ ᠪᠠᠷ ᠴᠢᠩᠭ᠎ᠠ ᠠᠳᠬᠤᠵᠤ᠂ ᠦᠨᠳᠦᠰᠦᠨ ᠱᠠᠲᠤᠨ  ᠤ ᠪᠠᠶᠢᠴᠠᠭᠠᠬᠤ ᠠᠵᠢᠯ  ᠤᠨ ᠬᠥᠭᠵᠢᠯᠲᠡ  ᠳᠤ ᠰᠠᠢᠨ ᠰᠠᠶᠢᠬᠠᠨ ᠠᠭᠤᠷ ᠠᠮᠢᠰᠬᠤᠯ  ᠢ ᠪᠤᠢ ᠪᠣᠯᠭᠠᠵᠤ᠂ ᠪᠠᠶᠢᠴᠠᠭᠠᠬᠤ ᠠᠵᠢᠯ  ᠤᠨ 《ᠰᠠᠭᠤᠷᠢ ᠬᠠᠪᠲᠠᠰᠤ》  ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠶᠡᠬᠡ ᠲᠠᠯ᠎ᠠ  ᠳᠦ ᠨᠡᠩ ᠰᠠᠢᠨ ᠦᠢᠯᠡᠴᠢᠯᠡᠵᠦ᠂ ᠠᠷᠠᠳ ᠲᠦᠮᠡᠨ  ᠤ ᠲᠥᠯᠥᠭᠡ ᠬᠠᠤᠯᠢ ᠪᠠᠷᠢᠵᠤ᠂ ᠬᠠᠤᠯᠢ ᠪᠠᠷ ᠵᠠᠰᠠᠬᠤ  ᠶᠢᠨ ᠲᠥᠯᠥᠭᠡ ᠨᠡᠩ ᠰᠠᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠢᠩᠭᠢᠪᠡᠯ ᠰᠠᠶ᠋ᠢ ᠪᠠᠶᠢᠴᠠᠭᠠᠬᠤ ᠠᠵᠢᠯ ᠦᠢᠯᠡᠰ  ᠤᠨ ᠦᠨᠳᠦᠰᠦ ᠰᠠᠭᠤᠷᠢ ᠨᠢ ᠥᠨᠢᠳᠡ ᠪᠠᠲᠤᠵᠢᠵᠤ᠂ ᠯᠠᠪᠳᠠᠭᠤᠨ  ᠢᠶᠠᠷ ᠠᠯᠤᠰ  ᠢ ᠵᠣᠷᠢᠨ ᠤᠷᠤᠭᠰᠢᠯᠠᠵᠤ ᠴᠢᠳᠠᠨ᠎ᠠ᠃

 

 

ᠢᠷᠡᠯᠲᠡ
ᠡᠸᠡᠩᠬᠢ ᠬᠣᠰᠢᠭᠤᠨ ᠤ ᠠᠷᠠᠳ ᠤᠨ ᠪᠠᠶᠢᠴᠠᠭᠠᠬᠤ ᠬᠠ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro