ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠣᠣᠰ ᠬᠡᠯᠡᠨ ᠤ ᠬᠠᠤᠯᠢ ᠲᠥᠭᠡᠮᠡᠯᠵᠢᠭᠦᠯᠦᠯᠲᠡ ᠲᠠᠯ᠎ᠠ ᠨᠤᠲᠤᠭ ᠢ  ᠢᠯᠪᠢᠵᠤ᠂  ᠬᠠᠣᠯᠢ ᠪᠠᠷ ᠵᠠᠰᠠᠬᠣ  ᠤᠬᠠᠭᠤᠯᠭ᠎ᠠ ᠬᠦᠮᠦᠰ ᠦᠨ ᠰᠡᠳᠭᠢᠯ ᠳᠦ ᠣᠷᠤᠯ᠎ᠠ

2024-02-29 16:44:32
ᠵᠣᠬᠢᠶᠠᠭᠴᠢ
ᠨᠠᠪᠴᠢ

 

 ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠠᠷᠠᠳ ᠤᠨ ᠪᠠᠶᠢᠴᠠᠭᠠᠬᠤ ᠬᠣᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ ᠂ ᠰᠢ ᠶᠢᠨ ᠫᠢᠩ  ᠤᠨ  ᠬᠠᠥᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠡᠬᠢ ᠪᠤᠢ ᠪᠣᠯᠭᠠᠬᠤ ᠪᠠᠷ ᠭᠣᠣᠯ ᠰᠢᠵᠢᠮ ᠪᠣᠯᠭᠠᠵᠤ᠂ ᠬᠣᠣᠰ ᠬᠡᠯᠡᠨ ᠦ ᠬᠠᠤᠯᠢ ᠲᠦᠭᠡᠮᠡᠯᠵᠢᠭᠦᠯᠬᠦ ᠠᠵᠢᠯ ᠢ ᠳᠡᠭᠡᠳᠦ ᠬᠡᠮᠵᠢᠶ᠎ᠡ ᠪᠡᠷ  ᠴᠢᠬᠤᠯᠠᠴᠢᠯᠠᠨ ᠦᠷᠨᠢᠭᠦᠯᠦᠭᠰᠡᠭᠡᠷ ᠪᠠᠶᠢᠨ᠎ᠠ᠃

 

           ᠰᠦᠨᠢᠳ ᠪᠠᠷᠠᠭᠤᠨ ᠬᠤᠰᠢᠭᠤᠨ ᠤ ᠠᠷᠠᠳ ᠤᠨ ᠪᠠᠶᠢᠴᠭᠠᠬᠠᠤ  ᠬᠣᠷᠢᠶᠠᠨ ᠤ ᠤᠯᠠᠭᠠᠨᠮᠥ᠋ᠴᠢᠷ ᠤᠨ ᠤᠬᠠᠭᠤᠯᠭ᠎ᠠ ᠶᠢᠨ ᠠᠩᠭᠢ ᠨᠢ ᠡᠪᠦᠯ ᠤᠨ ᠤᠯᠠᠷᠢᠯ ᠤᠨ ᠵᠤᠭᠠᠴᠠᠯ ᠤᠨ ᠨᠠᠭᠠᠳᠤᠮ ᠢᠶᠡᠷ ᠨᠡᠶᠢᠲᠠ ᠵᠢᠨ ᠠᠰᠢᠭᠲᠤ ᠵᠠᠷᠭᠤ ᠵᠢᠨ ᠤᠬᠠᠭᠤᠯᠭ᠎ᠠ ᠬᠢᠯ᠎ᠡ

                     ︱︱︱  ᠰᠦᠨᠢᠳ ᠪᠠᠷᠠᠭᠤᠨ ᠬᠤᠰᠢᠭᠤᠨ ᠤ ᠠᠷᠠᠳ ᠤᠨ ᠪᠠᠶᠢᠴᠭᠠᠬᠠᠤ  ᠬᠣᠷᠢᠶᠠᠨ ᠤ ᠤᠯᠠᠭᠠᠨᠲᠤᠶᠠᠭ᠎ᠠ ᠮᠡᠳᠡᠭᠡᠯᠡᠪᠡ

 

 

ᠮᠥᠩᠭᠦᠨ ᠴᠠᠰᠤᠨ ᠳᠤ ᠬᠤᠴᠢᠭᠳᠠᠭᠰᠠᠨ ᠠᠭᠤᠳᠠᠮ ᠰᠦᠨᠢᠳ ᠤᠨ ᠲᠠᠯ᠎ᠠ ᠨᠤᠲᠤᠭ ᠲᠤ ᠂  ᠠᠷᠠᠳ ᠣᠯᠠᠨ ᠤ ᠬᠦᠰᠡᠵᠦ ᠬᠦᠯᠢᠶᠡᠭᠰᠡᠭᠡᠷ ᠢᠷᠡᠭᠰᠡᠨ ᠰᠦᠨᠢᠳ ᠪᠠᠷᠠᠭᠤᠨ ᠬᠤᠰᠢᠭᠤᠨ ᠤ ᠡᠪᠦᠯ ᠤᠨ ᠤᠯᠠᠷᠢᠯ ᠤᠨ ᠵᠤᠭᠠᠴᠠᠯ ᠤᠨ ᠨᠠᠭᠠᠳᠤᠮ ᠪᠣᠯᠵᠤᠭ᠎ᠠ ᠶᠣᠰᠣᠭᠠᠷ ᠶᠠᠪᠤᠭᠳᠠᠯ᠎ᠠ᠃ ᠨᠠᠶᠢᠷ ᠤᠨ ᠲᠠᠯᠠᠪᠠᠢ ᠳᠤ᠂ ᠨᠡᠶᠢᠲᠡ ᠶᠢᠨ ᠠᠰᠢᠭᠲᠤ ᠵᠠᠷᠭᠤ ᠶᠢᠨ ᠤᠬᠠᠭᠤᠯᠭ᠎ᠠ ᠬᠢᠵᠦ ᠪᠠᠶᠢᠭ᠎ᠠ ᠤᠯᠠᠭᠠᠨᠮᠥ᠋ᠴᠢᠷ ᠤᠨ ᠤᠬᠠᠭᠤᠯᠭ᠎ᠠ ᠶᠢᠨ ᠠᠩᠭᠢ ᠶᠢᠨ ᠭᠠᠯ ᠤᠯᠠᠭᠠᠨ ᠥᠩᠭᠡᠲᠦ ᠤᠬᠠᠭᠤᠯᠭ᠎ᠠ ᠶᠢᠨ ᠲᠤᠭ ᠠᠶᠠᠰ ᠤᠨ ᠰᠠᠯᠬᠢᠨ᠎ᠠ ᠨᠠᠮᠢᠷᠠᠨ᠎ᠠ᠂ ᠰᠦᠨᠢᠳ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠷ ᠲᠡᠷᠢᠭᠦᠯᠡᠭᠦᠯᠦᠭᠰᠡᠨ᠂ ᠬᠤᠰᠢᠭᠤ ᠲᠣᠲᠣᠭᠠᠳᠤ ᠶᠢᠨ ᠬᠠᠮᠠᠭᠠᠯᠠᠬᠤ ᠲᠣᠪᠴᠢᠶ᠎ᠠ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠰᠦᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠢᠶᠠᠷ ᠪᠦᠷᠢᠯᠳᠦᠭᠰᠡᠨ ᠨᠡᠶᠢᠲᠡ ᠶᠢᠨ ᠠᠰᠢᠭᠲᠤ ᠵᠠᠷᠭᠤ ᠶᠢᠨ ᠤᠬᠠᠭᠤᠯᠭ᠎ᠠ ᠶᠢᠨ ᠠᠩᠭᠢ ᠨᠢ ᠨᠠᠶᠢᠷ ᠤᠨ ᠲᠠᠯᠠᠪᠠᠢ ᠳᠤ ᠶᠠᠭᠠᠷᠠᠯᠲᠠᠢ ᠠᠵᠢᠯᠯᠠᠵᠤ ᠪᠠᠶᠢᠯ᠎ᠠ᠂ ᠲᠡᠳᠡ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠪᠠᠷᠢᠵᠤ᠂ ᠮᠠᠯᠴᠢᠳ ᠤᠨ ᠳᠤᠮᠳᠠᠭᠤᠷ ᠰᠦᠯᠵᠢᠨ ᠶᠠᠪᠤᠵᠤ᠂ ᠨᠤᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠪᠣᠯᠣᠨ ᠵᠡᠷᠯᠢᠭ ᠠᠮᠢᠲᠠᠨ ᠤᠷᠭᠤᠮᠠᠯ ᠢ ᠬᠠᠮᠠᠭᠠᠯᠠᠬᠤ ᠲᠤᠬᠠᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠵᠢᠴᠢ ᠪᠡᠯᠴᠢᠭᠡᠷ ᠰᠡᠷᠭᠦᠭᠡᠬᠦ ᠲᠤᠬᠠᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠤᠬᠠᠭᠤᠯᠤᠨ ᠲᠠᠶᠢᠯᠪᠦᠷᠢᠯᠠᠭᠰᠠᠨ ᠪᠠᠶᠢᠨ᠎ᠠ᠃

 

                

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ  ᠬᠣᠣᠰ ᠬᠡᠯᠡᠨ ᠦ ᠬᠠᠥᠯᠢ ᠲᠦᠭᠡᠮᠡᠯᠵᠢᠭᠦᠯᠦᠯᠲᠡ ᠶᠢ ᠰᠤᠷᠭᠠᠭᠤᠯᠢ ᠵᠢᠨ ᠬᠦᠷᠢᠶᠠᠨ ᠳᠤ ᠬᠦᠷᠭᠡᠯ᠎ᠡ

                     ︱︱︱ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠶᠢᠷᠲᠢᠨᠴᠦ ᠮᠡᠳᠡᠭᠡᠯᠡᠪᠡ

 

 ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠵᠧᠸ ᠰᠢᠶᠤᠤ ᠰᠢᠶᠠ ᠪᠦᠯᠬᠦᠮ ᠳᠠᠭᠠᠭᠤᠯᠤᠨ ᠬᠣᠰᠢᠭᠤᠨ ᠤ ᠮᠣᠩᠭᠣᠯ ᠦᠨᠳᠦᠰᠦᠲᠡᠨ ᠦ ᠰᠤᠷᠭᠠᠭᠤᠯᠢ ᠳᠤ ᠬᠦᠷᠴᠦ ᠬᠣᠸᠰ ᠬᠡᠯᠡᠨ ᠦ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠂ ᠪᠥᠬᠥ ᠪᠠᠭᠰᠢ ᠠᠵᠢᠯᠲᠠᠨ ᠣᠷᠣᠯᠴᠠᠭᠰᠠᠨ ᠪᠠᠶᠢᠨ᠎ᠠ ᠃ 

 

 

 ᠳᠡᠳ᠋ ᠪᠠᠶᠢᠴᠠᠭᠠᠬᠤ ᠳᠠᠷᠤᠭ᠎ᠠ ᠵᠧᠸ ᠰᠢᠶᠤᠤ ᠰᠢᠶᠠ ᠰᠤᠷᠭᠠᠭᠤᠯᠢ ᠳᠤ ︽ᠨᠠᠰᠤᠨ ᠳᠤ ᠥᠯᠥ ᠭᠦᠷᠦᠭᠰᠡᠳ ᠦᠨ ᠬᠠᠸᠯᠢ ᠴᠠᠭᠠᠵᠠ  ᠶᠢᠨ ᠡᠮᠬᠢᠳᠬᠡᠯ ︾ ᠂ ︽ᠨᠠᠰᠤᠨ ᠳᠤ ᠥᠯᠥ ᠭᠦᠷᠦᠭᠰᠡᠳ  ᠢ ᠬᠠᠸᠯᠢ ᠪᠠᠷ ᠵᠠᠰᠠᠬᠤ︾ ᠵᠡᠷᠭᠡ ᠬᠣᠸᠰ ᠬᠡᠯᠡᠨ ᠦ ᠨᠣᠮ ᠰᠣᠳᠣᠷ ᠢ ᠪᠡᠯᠡᠭᠯᠡᠵᠦ ᠂ ᠣᠯᠠᠨ ᠢᠶᠠᠷ ᠢᠶᠠᠨ ᠨᠣᠮ  ᠠᠴᠠ ᠬᠠᠸᠯᠢ ᠴᠠᠭᠠᠵᠠ  ᠶᠢᠨ ᠮᠡᠳᠡᠯᠭᠡ ᠰᠢᠩᠭᠡᠭᠡᠨ ᠠᠪᠣᠨ ᠂ ᠬᠠᠸᠯᠢ ᠪᠠᠷ ᠵᠠᠰᠠᠬᠤ ᠤᠬᠠᠮᠰᠠᠷ  ᠢ ᠪᠠᠲᠤᠳᠬᠠᠬᠤ  ᠶᠢ ᠬᠦᠰᠡᠪᠡ ᠃ ᠬᠢᠴᠢᠶᠡᠯ ᠦᠨ ᠲᠠᠩᠬᠢᠮ ᠳᠤ ᠂ ᠪᠠᠶᠢᠴᠠᠭᠠᠬᠤ ᠲᠤᠰᠢᠶᠠᠯᠲᠠᠨ ᠬᠠᠤᠯᠢ ᠴᠠᠭᠠᠵᠠ ᠬᠠᠤᠯᠢ ᠲᠣᠭᠲᠠᠭᠠᠯ ᠲᠠᠶ ᠤᠶᠠᠯᠳᠤᠭᠤᠯᠤᠨ ᠂ ᠠᠮᠢᠳᠤᠯᠢᠭ ᠬᠡᠷᠡᠭ ᠦᠨ ᠵᠢᠱᠢᠶ᠎ᠡ ᠪᠡᠷ ᠳᠠᠮᠵᠢᠭᠤᠯᠤᠨ ᠴᠠᠬᠢᠯᠭᠠᠨ ᠬᠣᠯᠪᠣᠭᠠᠨ ᠤ ᠰᠦᠯᠵᠢᠶ᠎ᠡ ᠶᠢᠨ ᠮᠡᠬᠡᠯᠡᠯ ᠂ ᠰᠦᠯᠵᠢᠶᠡᠨ ᠦ ᠬᠠᠯᠳᠠᠯᠭ᠎ᠠ ᠂ ᠭᠠᠯ ᠰᠡᠷᠭᠡᠢᠯᠡᠬᠦ ᠠᠮᠤᠷ ᠲᠦᠪᠰᠢᠨ ᠦ ᠮᠡᠳᠡᠯᠭᠡ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ ᠂ ᠪᠠᠭᠰᠢ ᠠᠵᠢᠯᠲᠠᠨ ᠤ ᠬᠠᠸᠯᠢ ᠴᠠᠭᠠᠵᠠ ᠶᠢᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠡᠶ ᠂ ᠪᠠᠭᠰᠢ ᠨᠠᠷ ᠴᠤ ᠬᠣᠶᠢᠰᠢᠳᠠ ᠶᠢᠨ ᠵᠢᠭᠠᠨ ᠰᠤᠷᠭᠠᠯᠲᠠ ᠳᠤ ᠬᠠᠸᠯᠢ ᠰᠤᠷᠬᠤ ᠪᠠ ᠬᠠᠸᠯᠢ ᠬᠡᠷᠡᠭᠯᠡᠬᠦ ᠶᠢ ᠣᠷᠭᠠᠨᠢᠭ ᠢᠶᠠᠷ ᠨᠢᠭᠡᠳᠬᠡᠵᠦ ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠠᠵᠢᠯ ᠢ ᠰᠠᠶᠢᠲᠤᠷ ᠬᠢᠵᠦ ᠂ ᠰᠤᠷᠤᠭᠴᠢᠳ ᠤᠨ ᠡᠷᠡᠭᠦᠯ ᠢᠶᠡᠷ ᠦᠰᠦᠨ ᠪᠣᠶᠢᠵᠢᠬᠤ ᠶᠢ ᠠᠬᠢᠭᠤᠯᠤᠨ᠎ᠠ ᠬᠡᠮᠡᠨ ᠬᠣᠶᠢᠨ᠎ᠠ ᠬᠣᠶᠢᠨ᠎ᠠ ᠠᠴᠠ ᠪᠠᠨ ᠢᠯᠡᠷᠬᠡᠢᠯᠡᠪᠡ ᠃ 

 

 

ᠲᠣᠰ ᠣᠳᠠᠭᠠᠨ ᠤ ᠬᠠᠸᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠂ ᠨᠢᠭᠤᠷᠲᠠᠨ ᠬᠢᠴᠢᠶᠡᠯᠯᠡᠭᠰᠡᠨ ᠨᠢ ᠬᠠᠸᠯᠢ ᠪᠠᠷ ᠵᠠᠰᠠᠬᠤ ᠬᠥᠮᠦᠵᠢᠯ ᠦᠨ ᠰᠠᠶᠢᠨ ᠦᠷ᠎ᠡ ᠪᠦᠲᠦᠮᠵᠢ ᠣᠯᠵᠤ ᠂ ᠪᠠᠭᠰᠢ ᠠᠵᠢᠯᠲᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ ᠃ 

          

ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶᠠᠨ ᠤ ᠤᠬᠠᠭᠤᠯᠭ᠎ᠠ ᠶᠢᠨ ᠪᠥᠯᠬᠦᠮ ᠭᠠᠴᠠᠭ᠎ᠠ ᠲᠤᠰᠬᠤᠨ ᠳᠤ ᠲᠥᠪᠯᠡᠷᠡᠨ ᠬᠤᠣᠰ ᠬᠡᠯᠡᠨ ᠦ ᠤᠬᠠᠭᠤᠯᠭ᠎ᠠ ᠶᠢ ᠮᠠᠯᠴᠢᠳ ᠤᠨ ᠲᠡᠷᠭᠡᠲᠡ ᠬᠦᠷᠭᠡᠪᠡ

                     ︱︱︱ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ  ᠬᠣᠷᠢᠶᠠᠨ ᠤ  ᠥᠯᠵᠡᠶᠢᠪᠢᠯᠢᠭᠲᠦ ᠮᠡᠳᠡᠭᠡᠯᠡᠪᠡ

 

 ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶᠠᠨ ᠤ ᠤᠬᠠᠭᠤᠯᠭ᠎ᠠ ᠶᠢᠨ ᠪᠥᠯᠬᠦᠮ ᠨᠢ ᠴᠦ ᠨᠠᠩᠰᠣ ᠪᠠᠯᠭᠠᠰᠤ ᠶᠢᠨ ᠪᠠᠶᠠᠨᠬᠤᠷᠠᠬᠤ ᠭᠠᠴᠠᠭᠠᠨ ᠳᠤ ᠭᠦᠨᠵᠡᠭᠡᠶᠢᠷᠡᠵᠦ᠂ ᠠᠷᠠᠳ ᠣᠯᠠᠨ ᠤ ᠠᠮᠢᠳᠤᠷᠠᠯ ᠳᠤ ᠠᠷᠪᠢᠨ ᠲᠣᠬᠢᠶᠠᠯᠳᠤᠳᠠᠭ ᠢᠷᠭᠡᠨ ᠤ ᠬᠠᠤᠯᠢ ᠶᠢᠨ ᠲᠠᠶᠢᠯᠤᠮᠵᠢ ᠥᠷᠨᠢᠭᠦᠯᠪᠡ᠃

 

 

ᠲᠠᠳᠠ ᠠᠷᠠᠳ ᠣᠯᠠᠨ ᠳᠤ  ᠬᠢᠲᠠᠳ ᠮᠣᠩᠭᠤᠯ ᠬᠤᠤᠰ ᠬᠡᠯᠡ ᠪᠠᠷ ᠨᠠᠶᠢᠷᠠᠭᠤᠯᠤᠨ ᠳᠠᠷᠤᠮᠠᠯᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠨᠣᠮ ᠪᠢᠴᠢᠭ ᠢ ᠲᠠᠷᠬᠠᠭᠠᠭᠰᠠᠨ ᠪᠥᠭᠡᠳ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠬᠠᠥᠯᠢ ᠪᠠᠷ ᠵᠠᠰᠠᠬᠤ  ᠮᠡᠳᠡᠯᠭᠡ ᠶᠢᠨ ᠲᠤᠬᠠᠶ ᠤᠬᠠᠭᠤᠯᠤᠨ ᠲᠠᠶᠢᠯᠪᠤᠷᠢᠯᠠᠪᠠ᠃ ᠭᠠᠴᠠᠭᠠᠨ ᠤ ᠠᠷᠠᠳ ᠠᠴᠠ ᠡᠳᠦᠷ ᠲᠤᠳᠤᠮ ᠤᠨ ᠠᠮᠢᠳᠤᠷᠠᠯ ᠲᠠᠢ ᠬᠤᠯᠪᠣᠭᠳᠠᠬᠤ ᠬᠠᠤᠯᠢ ᠴᠠᠭᠠᠵᠠ ᠶᠢᠨ ᠠᠰᠠᠭᠤᠳᠠᠯ ᠢ ᠳᠤᠷᠠᠳᠤᠨ᠂ ᠤᠬᠠᠭᠤᠯᠭ᠎ᠠ ᠶᠢᠨ ᠠᠵᠢᠯᠳᠠᠨ ᠠᠴᠠ ᠳᠥᠭᠦᠮ ᠣᠶᠢᠯᠠᠭᠠᠮᠵᠢᠲᠠᠢ ᠲᠠᠶᠢᠯᠤᠮᠵᠢ ᠬᠢᠵᠦ᠂ ᠠᠷᠠᠳ ᠤᠨ ᠥᠪᠡᠷ ᠤᠨ ᠡᠷᠬᠡ ᠠᠰᠢᠭ ᠢᠶᠠᠨ ᠨᠡᠩ ᠰᠠᠶᠢᠨ ᠬᠠᠮᠠᠭᠠᠯᠠᠬᠤ ᠳᠤ ᠬᠠᠪᠰᠤᠷᠤᠮᠵᠢ ᠪᠣᠯᠤᠭᠰᠠᠨ ᠢᠶᠠᠷ ᠪᠠᠷᠠᠬᠤ ᠦᠭᠡᠢ ᠬᠠᠤᠯᠢ ᠪᠠᠷ ᠵᠠᠰᠠᠬᠤ ᠦᠵᠡᠯᠲᠡ ᠤᠬᠠᠮᠰᠠᠷ ᠶᠢᠨ ᠦᠨᠳᠦᠰᠦᠨ ᠱᠠᠲᠤᠨ ᠳᠤ ᠲᠦᠭᠡᠮᠡᠯᠵᠢᠭᠦᠯᠬᠦ ᠶᠢ ᠠᠬᠢᠭᠤᠯᠤᠭᠰᠠᠨ ᠪᠠᠶᠢᠨ᠎ᠠ᠃

 


          

 

 

ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro