ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠷᠠᠳ ᠤᠨ ᠳᠡᠭᠡᠳᠦ ᠪᠠᠢᠴᠠᠭᠠᠬᠤ ᠬᠤᠷᠢᠶ᠎ᠠ ᠴᠠᠭᠠᠨ ᠰᠠᠷ᠎ᠠ ᠶᠢᠨ ᠳᠠᠷᠠᠭᠠᠬᠢ ᠠᠩᠬᠠᠳᠠᠭᠴᠢ ᠨᠠᠮ ᠤᠨ  ᠲᠤᠭᠤᠶᠢᠯᠠᠩ  ᠤᠨ ᠬᠤᠷᠠᠯ ᠳᠡᠭᠡᠷ᠎ᠡ ᠪᠠᠢᠴᠠᠭᠠᠬᠤ ᠠᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠲᠤᠬᠠᠢ ᠠᠩᠬᠠᠷᠤᠯ ᠲᠠᠯᠪᠢᠪᠠ

2024-03-15 09:53:31
ᠵᠣᠬᠢᠶᠠᠭᠴᠢ
ᠭᠦᠸ᠋ᠸ ᠶᠠᠨ ᠮᠧᠢ

        2 ᠰᠠᠷ᠎ᠠ ᠶᠢᠨ 19 ᠤ ᠡᠳᠦᠷ᠂ ᠠᠷᠠᠳ ᠤᠨ ᠳᠡᠭᠡᠳᠦ ᠪᠠᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ  ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2023 — 2027 ᠣᠨ ᠤ ᠪᠠᠢᠴᠠᠭᠠᠬᠤ ᠠᠵᠢᠯ ᠤᠨ ᠥᠭᠡᠷᠡᠴᠢᠯᠡᠯᠲᠡ ᠶᠢᠨ ᠠᠵᠢᠯ ᠤᠨ ᠲᠥᠯᠥᠪᠵᠢᠭᠦᠯᠭᠡ︾ ᠶᠢ ᠨᠠᠢᠳᠠᠪᠤᠷᠢᠵᠢᠭᠤᠯᠤᠭᠰᠠᠨ ᠪᠠᠢᠳᠠᠯ ᠤᠨ ᠲᠤᠬᠠᠢ ᠮᠡᠳᠡᠭᠦᠯᠦᠯᠳ᠋ᠡ ᠶᠢ ᠰᠣᠨᠣᠰᠴᠤ᠂ ᠪᠠᠢᠴᠠᠭᠠᠬᠤ ᠠᠵᠢᠯ ᠤᠨ ᠥᠭᠡᠷᠡᠴᠢᠯᠡᠯᠳ᠋ᠡ ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠵᠡᠷᠭᠡ ᠠᠵᠢᠯ ᠢ ᠰᠤᠳᠤᠯᠤᠨ ᠪᠠᠢᠷᠢᠯᠠᠭᠤᠯᠪᠠ᠃ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠢᠴᠠᠭᠠᠬᠤ ᠳᠠᠷᠤᠭ᠎ᠠ ᠶᠢᠩ ᠶᠥᠩ ᠬᠤᠷᠠᠯ ᠡᠷᠬᠢᠯᠡᠭᠰᠡᠨ ᠪᠥᠭᠡᠳ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ  ᠤᠨ ᠠᠵᠤ ᠠᠬᠤ᠋ᠢ ᠶᠢᠨ ᠠᠵᠢᠯ ᠤᠨ ᠬᠤᠷᠠᠯ᠂ ᠲᠥᠪ ᠤᠨ ᠤᠯᠤᠰ ᠲᠥᠷᠥ ᠬᠠᠤᠯᠢ ᠴᠠᠭᠠᠵ᠊ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠪᠠᠢᠴᠠᠭᠠᠬᠤ ᠳᠠᠷᠤᠭ᠎ᠠ ᠨᠠᠷ ᠤᠨ ᠬᠤᠷᠠᠯᠳᠤᠭᠠᠨ ᠤ ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠢᠳᠠᠪᠤᠷᠢᠵᠢᠭᠤᠯᠵᠤ᠂ ᠬᠠᠷᠠᠯᠳ᠋ᠠ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠶᠢ ᠴᠢᠩᠭᠠᠷᠠᠭᠤᠯᠵᠤ᠂ ᠪᠠᠢᠴᠠᠭᠠᠬᠤ ᠠᠵᠢᠯ ᠤᠨ ᠥᠭᠡᠷᠡᠴᠢᠯᠡᠯᠳ᠋ᠡ ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠥᠭᠡᠷᠡᠴᠢᠯᠡᠯᠳ᠋ᠡ ᠶᠢᠨ ᠳᠤᠮᠳᠠ ᠠᠰᠠᠭᠤᠳᠠᠯ ᠢ ᠰᠢᠢᠳᠪᠦᠷᠢᠯᠡᠭᠦ ᠪᠠᠷ ᠬᠦᠴᠦᠯᠡᠵᠦ᠂ ᠥᠭᠡᠷᠡᠴᠢᠯᠡᠯᠳ᠋ᠡ ᠶᠢᠨ ᠰᠡᠳᠬᠢᠬᠦᠶ᠂ ᠥᠭᠡᠷᠡᠴᠢᠯᠡᠯᠳ᠋ᠡ ᠶᠢᠨ ᠠᠷᠭ᠎ᠠ ᠪᠠᠷᠢᠯ᠂ ᠥᠭᠡᠷᠡᠴᠢᠯᠡᠯᠳ᠋ᠡ ᠶᠢᠨ ᠠᠷᠭ᠎ᠠ ᠬᠡᠮᠵᠢᠶ᠎ᠡ ᠪᠠᠷ ᠪᠠᠢᠴᠠᠭᠠᠬᠤ ᠠᠵᠢᠯ ᠤᠨ ᠤᠳᠤᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠳᠤ ᠨᠡᠩ ᠰᠠᠢᠲᠤᠷ ᠦᠢᠯᠡᠴᠢᠯᠡᠬᠦ ᠬᠡᠷᠡᠭᠲᠡᠢ ᠭᠡᠵᠡᠢ᠃
        ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠪᠠᠢᠴᠠᠭᠠᠬᠤ ᠪᠠᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠬᠡᠷᠡᠭᠲᠡᠢ︾ ᠭᠡᠬᠦ ᠪᠠᠢᠷᠢᠯᠠᠭᠤᠯᠤᠯᠳ᠋ᠠ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠳᠡᠭᠡᠳᠦ ᠪᠠᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ︽2023 — 2027 ᠣᠨ ᠤ ᠪᠠᠢᠴᠠᠭᠠᠬᠤ ᠠᠵᠢᠯ ᠤᠨ ᠲᠥᠯᠥᠪᠵᠢᠭᠦᠯᠭᠡ︾ ᠶᠢ ᠰᠤᠳᠤᠯᠤᠨ ᠲᠣᠭᠲᠠᠭᠠᠵᠤ᠂ ᠪᠠᠢᠴᠠᠭᠠᠬᠤ ᠠᠵᠢᠯ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠢᠷᠡᠭᠦᠯᠭᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠥᠩᠭᠡᠷᠡᠭᠰᠡᠨ ᠨᠢᠭᠡ ᠵᠢᠯ ᠳᠤ᠂ ᠭᠤᠣᠯ ᠰᠡᠳᠦᠪᠲᠦ ᠬᠥᠮᠦᠵᠢᠯ ᠪᠠ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠠᠢ ᠤᠶᠠᠯᠳᠤᠭᠤᠯᠤᠨ᠂ ᠪᠠᠢᠴᠠᠭᠠᠬᠤ ᠠᠵᠢᠯ ᠤᠨ ᠥᠭᠡᠷᠡᠴᠢᠯᠡᠯᠲᠡ ᠶᠢᠨ ᠡᠯ᠎ᠡ ᠵᠦᠢᠯ ᠤᠨ ᠴᠢᠬᠤᠯᠠ ᠡᠭᠦᠷᠭᠡ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠨᠠᠮ᠎ᠠ ᠤᠨ ᠪᠠᠢᠴᠠᠭᠠᠬᠤ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂᠂ ᠪᠠᠢᠴᠠᠭᠠᠬᠤ ᠪᠠᠢᠭᠤᠯᠭ᠎ᠠ ᠶᠢᠨ ᠶᠡᠭᠡ ᠲᠠᠯ᠎ᠠ ᠳᠦ ᠴᠢᠳᠠᠮᠠᠭᠠᠢ ᠪᠠᠷ ᠦᠢᠯᠡᠴᠢᠯᠡᠬᠦ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠬᠢᠨᠠᠯᠲᠠ ᠶᠢᠨ ᠣᠳᠣᠬᠢᠴᠢᠯᠠᠭᠰᠠᠨ ᠲᠦᠷᠢᠮ ᠤᠨ ᠰᠢᠰᠲ᠋ᠧᠮ ᠢ ᠡᠮᠬᠢ ᠵᠢᠷᠤᠮ ᠲᠠᠢ ᠪᠠᠶᠢᠭᠤᠯᠵᠤ᠂ ᠬᠠᠤᠯᠢ  ᠴᠠᠭᠠᠵᠠ ᠶᠢᠨ ᠪᠠᠢᠭᠤᠯᠤᠯ ᠤᠨ ᠶᠡᠷᠦᠩᠬᠡᠢᠯᠡᠭᠰᠡᠨ ᠢᠵᠢ ᠪᠦᠷᠢᠳᠦᠭᠦᠯᠬᠦ ᠦᠭᠡᠷᠡᠴᠢᠯᠡᠯᠲᠡ ᠶᠢᠨ ᠳᠦᠷᠢᠮ ᠤᠨ ᠰᠢᠰᠲ᠋ᠧᠮ ᠢ ᠨᠡᠩ ᠴᠢᠩᠭ᠎ᠠ ᠪᠣᠯᠭᠠᠵᠤ᠂ ᠣᠳᠣᠬᠢᠴᠢᠯᠠᠭᠰᠠᠨ ᠪᠠᠢᠴᠠᠭᠠᠬᠤ ᠬᠠᠮᠢᠶᠠᠷᠤᠯᠳ᠋ᠠ ᠶᠢᠨ ᠳᠦᠷᠢᠮ ᠤᠨ  ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠲᠤᠭᠠᠵᠢᠭᠤᠯᠤᠭᠰᠠᠨ ᠪᠠᠢᠴᠠᠭᠠᠬᠤ ᠳᠦᠷᠢᠮ ᠤᠨ  ᠰᠢᠰᠲ᠋ᠧᠮ ᠢ ᠯᠠᠪᠳᠠᠭᠤᠨ ᠢᠶᠠᠷ ᠲᠦᠯᠬᠢᠨ ᠠᠭᠢᠭᠤᠯᠪᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠲᠥᠯᠥᠨ ᠵᠢᠯᠣᠭᠤᠳᠴᠤ ᠪᠠᠶᠢᠭᠠᠳ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠯᠬᠢᠨ ᠠᠬᠢᠭᠤᠯᠬᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠭᠦᠢᠴᠡᠳ ᠢᠯᠡᠷᠡᠭᠦᠯᠪᠡ᠃
        ︽ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠪᠠᠢᠭᠤᠯᠤᠯ ᠢ ᠲᠡᠭᠦᠯᠳᠡᠷᠵᠢᠭᠦᠯᠦᠨ ᠬᠦᠭᠵᠢᠭᠦᠯᠵᠦ᠂ ᠤᠯᠤᠰ ᠤᠨ ᠵᠠᠰᠠᠯᠳ᠋ᠠ ᠶᠢᠨ ᠰᠢᠰᠲ᠋ᠧᠮ ᠪᠠ ᠵᠠᠰᠠᠯᠳ᠋ᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ  ᠳᠦ ᠦᠭᠡᠷᠡᠴᠢᠯᠡᠯᠲᠡ ᠶᠢ ᠭᠦᠨᠵᠡᠭᠡᠢᠷᠡᠭᠦᠯᠬᠦ ᠴᠢᠬᠤᠯᠠᠲᠠᠢ ᠪᠠᠢᠵᠤ᠂ ᠳᠤᠮᠳᠠᠳᠤ ᠤᠯᠤᠰ ᠤᠨ ᠮᠠᠶᠢᠭ ᠤᠨ ᠤᠳᠤᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠳ᠋ᠠ ᠶᠢ ᠪᠦᠬᠦ ᠲᠠᠯ᠎ᠠ ᠪᠠᠷ ᠠᠬᠢᠭᠤᠯᠬᠤ  ᠳᠦ ᠪᠠᠰᠠ ᠦᠭᠡᠷᠡᠴᠢᠯᠡᠯᠲᠡ ᠶᠢ ᠭᠦᠨᠵᠡᠭᠡᠢᠷᠡᠭᠦᠯᠬᠦ ᠴᠢᠬᠤᠯᠠᠲᠠᠢ ᠪᠠᠢᠨ᠎ᠠ᠃
        ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠪᠣᠯ ᠪᠠᠢᠴᠠᠭᠠᠬᠤ ᠠᠵᠢᠯ ᠤᠨ ᠤᠳᠤᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠳᠤ ᠨᠡᠩ ᠰᠠᠢᠨ ᠦᠢᠯᠡᠴᠢᠯᠡᠬᠦ ᠵᠠᠩᠭᠢᠯᠠᠭ᠎ᠠ ᠶᠢᠨ ᠠᠷᠭ᠎ᠠ ᠮᠥᠨ᠃
        ᠡᠯ᠎ᠡ ᠱᠠᠲᠤᠨ ᠤ ᠪᠠᠢᠴᠠᠭᠠᠬᠤ ᠪᠠᠢᠭᠤᠯᠭ᠎ᠠ ᠶᠢᠨ ᠪᠦᠬᠦ ᠪᠠᠢᠴᠠᠭᠠᠬᠤ ᠠᠵᠢᠯᠲᠠᠨ ᠢᠯᠠᠩᠭᠤᠶ᠎ᠠ ᠤᠳᠤᠷᠢᠳᠬᠤ ᠺᠠᠳ᠋ᠷᠴᠤᠳ ᠴᠥᠮ ᠥᠭᠡᠷᠡᠴᠢᠯᠡᠯᠲᠡ ᠶᠢᠨ ᠰᠡᠳᠬᠢᠬᠦᠢ ᠪᠠᠷ ᠠᠵᠢᠯ ᠢᠶᠠᠨ ᠲᠥᠯᠥᠪᠯᠡᠬᠦ᠂ ᠥᠭᠡᠷᠡᠴᠢᠯᠡᠯᠲᠡ ᠶᠢᠨ ᠠᠷᠭ᠎ᠠ ᠪᠠᠷ ᠬᠠᠷᠠᠯᠲᠠ ᠪᠠᠨ ᠪᠡᠶᠡᠯᠡᠭᠦᠯᠬᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠵᠢᠯ ᠤᠨ ᠬᠥᠭᠵᠢᠯᠳ᠋ᠡ ᠶᠢ ᠠᠬᠢᠭᠤᠯᠬᠤ ᠦᠵᠡᠯ ᠰᠠᠨᠠᠭ᠎ᠠ ᠲᠠᠨᠢᠯᠲᠠ ᠪᠠ ᠴᠢᠳᠠᠪᠤᠷᠢ ᠶᠢᠨ ᠬᠢᠷᠢ ᠬᠡᠮᠵᠢᠶ᠎ᠡ ᠶᠢ ᠨᠡᠮᠡᠭᠳᠡᠭᠦᠯᠦᠨ᠂ ᠪᠠᠢᠴᠠᠭᠠᠬᠤ ᠠᠵᠢᠯ ᠤᠨ ᠤᠨᠤᠯᠵᠢᠬᠤᠨ᠂  ᠰᠢᠰᠲ᠋ᠧᠮ᠂ ᠲᠣᠭᠲᠠᠴᠠ᠂ ᠴᠢᠳᠠᠪᠤᠷᠢ ᠶᠢᠨ ᠣᠳᠣᠬᠢᠴᠢᠯᠠᠯᠲᠠ ᠪᠠᠷ ᠭᠤᠣᠯᠳᠠᠯᠭ᠎ᠠ ᠪᠣᠯᠭᠠᠵᠤ᠂ ᠪᠠᠢᠴᠠᠭᠠᠬᠤ ᠠᠵᠢᠯ ᠤᠨ ᠦᠭᠡᠷᠡᠴᠢᠯᠡᠯᠲᠡ ᠶᠢᠨ ︽ᠵᠢᠷᠭᠤᠭᠠᠨ ᠶᠡᠭᠡ  ᠰᠢᠰᠲ᠋ᠧᠮ︾ ᠤᠨ ᠪᠠᠢᠭᠤᠯᠤᠯᠳ᠋ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠤᠯᠢ  ᠴᠠᠭᠠᠵᠠ ᠶᠢᠨ ᠪᠠᠢᠭᠤᠯᠤᠯ ᠤᠨ ᠶᠡᠷᠦᠩᠬᠡᠢᠯᠡᠭᠰᠡᠨ ᠢᠵᠢ ᠪᠦᠷᠢᠳᠦᠭᠦᠯᠬᠦ ᠦᠭᠡᠷᠡᠴᠢᠯᠡᠯᠲᠡ ᠶᠢ ᠭᠦᠨᠵᠡᠭᠡᠢᠷᠡᠭᠦᠯᠦᠨ᠂ ᠪᠠᠢᠴᠠᠭᠠᠬᠤ ᠠᠵᠢᠯ ᠤᠨ ᠤᠳᠤᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ᠃
        ᠪᠠᠢᠴᠠᠭᠠᠬᠤ ᠪᠠᠢᠭᠤᠯᠭ᠎ᠠ ᠶᠢᠨ ᠬᠠᠤᠯᠢ  ᠴᠠᠭᠠᠵᠠ ᠶᠢᠨ ᠬᠢᠨᠠᠯᠳ᠋ᠠ ᠶᠢ ᠲᠥᠪᠯᠡᠷᠡᠭᠦᠯᠦᠨ ᠴᠢᠩᠭᠠᠳᠬᠠᠵᠤ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠵᠠᠷᠭ᠋᠊ᠤ ᠶᠢᠨ ᠬᠢᠨᠠᠯᠲᠠ ᠲᠠᠯᠪᠢᠬᠤ ᠲᠣᠭᠲᠠᠴ᠊ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠠᠢᠴᠠᠭᠠᠬᠤ ᠠᠵᠢᠯ ᠤᠨ ᠨᠡᠢᠳ᠋ᠡ ᠶᠢᠨ ᠠᠰᠢᠭᠲᠤ ᠵᠠᠷᠭᠤ ᠶᠢᠨ ᠳᠦᠷᠢᠮ ᠢ ᠲᠡᠭᠦᠯᠳᠡᠷᠵᠢᠭᠦᠯᠵᠦ᠂ ᠪᠠᠢᠴᠠᠭᠠᠬᠤ ᠠᠵᠢᠯ ᠤᠨ ᠲᠤᠷᠰᠢᠨ ᠪᠠᠢᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ  ᠴᠠᠭᠠᠵᠠ ᠶᠢᠨ ᠬᠢᠨᠠᠯᠲᠠ ᠲᠠᠯᠪᠢᠬᠤ ᠴᠢᠨᠠᠷ ᠪᠦᠲᠦᠮᠵᠢ ᠪᠠᠨ ᠳᠡᠭᠡᠭᠰᠢᠯᠡᠭᠦᠯᠵᠦ᠂ ᠬᠠᠤᠯᠢ  ᠴᠠᠭᠠᠵᠠ ᠶᠢᠨ ᠲᠥᠪ ᠭᠤᠣᠯᠴᠢ ᠪᠠᠢᠬᠤ ᠶᠢ ᠠᠬᠢᠭᠤᠯᠬᠤ ᠬᠡᠷᠡᠭᠲᠡᠢ᠃
        ᠬᠠᠤᠯᠢ  ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠭᠡᠬᠦ ᠡᠨᠡᠬᠦ ︽ᠦᠬᠡᠷ ᠤᠨ ᠬᠠᠮᠠᠷ︾ ᠢ ᠪᠥᠬᠦ ᠲᠠᠯ᠎ᠠ ᠪᠠᠷ ᠣᠨᠣᠪᠴᠢᠲᠠᠢ ᠴᠢᠩᠭ᠎ᠠ ᠠᠳᠬᠤᠵᠤ᠂ ᠪᠠᠢᠴᠠᠭᠠᠬᠤ ᠡᠷᠭᠡ ᠶᠢᠨ ᠠᠵᠢᠯᠯᠠᠭᠠᠨ ᠤ ᠬᠢᠵᠠᠭᠠᠷᠯᠠᠬᠤ ᠬᠢᠨᠠᠯᠳ᠋ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ  ᠴᠠᠭᠠᠵᠠ ᠶᠢᠨ ᠬᠡᠷᠡᠭ ᠰᠢᠢᠳᠪᠦᠷᠢᠯᠡᠬᠦ ᠡᠷᠬᠡ ᠬᠠᠷᠢᠭᠤᠴᠠᠯᠭ᠎ᠠ ᠶᠢ ᠲᠣᠬᠢᠷᠠᠭᠤᠯᠬᠤ ᠪᠠ ᠬᠠᠤᠯᠢ  ᠴᠠᠭᠠᠵᠠ ᠶᠢᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠪᠠ ᠨᠡᠬᠡᠮᠵᠢᠯᠡᠬᠦ ᠳᠤᠭᠲᠠᠴᠠ ᠶᠢ ᠲᠡᠭᠦᠯᠳᠡᠷᠵᠢᠭᠦᠯᠵᠦ᠂ ᠲᠤᠬᠠᠢᠯᠠᠭᠰᠠᠨ ᠠᠵᠢᠯ ᠤᠨᠬᠠᠮᠢᠶᠠᠷᠤᠯᠲᠠ ᠶᠢᠨ ᠳᠤᠭᠲᠠᠴᠠ ᠶᠢ ᠰᠢᠯᠢᠳᠡᠭᠵᠢᠭᠦᠯᠵᠦ᠂ ᠪᠠᠢᠴᠠᠭᠠᠬᠤ ᠶᠠᠪᠤᠳᠠᠯ ᠢ ᠢᠯᠡ ᠪᠣᠯᠭᠠᠬᠤ ᠳᠤᠭᠲᠠᠴᠠ ᠶᠢ ᠲᠡᠭᠦᠯᠳᠡᠷᠵᠢᠭᠦᠯᠵᠦ᠂ ᠪᠠᠢᠴᠠᠭᠠᠬᠤ ᠡᠷᠬᠡ ᠶᠢᠨ ᠬᠠᠤᠯᠢ ᠶᠣᠰᠣᠭᠠᠷ ᠲᠥᠪ ᠭᠤᠣᠯᠴᠢ ᠥᠨᠳᠥᠷ ᠪᠦᠲᠦᠮᠵᠢᠲᠡᠢ ᠠᠷᠢᠭᠤᠨ ᠴᠢᠬᠡᠴᠢ ᠪᠠᠢᠬᠤ ᠶᠢ ᠪᠠᠲᠤᠯᠠᠨ᠎ᠠ᠃
        ︽ᠥᠭᠡᠷᠡᠴᠢᠯᠡᠯᠲᠡ ᠶᠢ ᠨᠢᠭᠡ ᠯᠡ ᠳᠡᠭᠡᠷ᠎ᠡ ᠪᠦᠲᠦᠭᠡᠴᠢᠬᠡᠬᠦ ᠪᠣᠯᠤᠯᠴᠠᠭ᠎ᠠ ᠦᠭᠡᠶ᠂ ᠨᠢᠭᠡ ᠯᠡ ᠳᠡᠭᠡᠷ᠎ᠡ ᠰᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠴᠤ ᠪᠢᠰᠢ ᠶᠤᠮ︾ ᠭᠡᠵᠡᠶ᠃ ᠬᠤᠷᠠᠯ᠎ᠠ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠪᠠᠢᠷᠢᠯᠠᠭᠤᠯᠤᠯᠳ᠋ᠠ ᠶᠢᠨ ᠱᠠᠭᠠᠷᠳᠠᠯᠭ᠎ᠠ ᠶᠣᠰᠣᠭᠠᠷ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠦᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠢᠷᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ ᠦᠭᠡᠷᠡᠴᠢᠯᠡᠯᠲᠡ ᠶᠢᠨ ᠪᠠᠢᠴᠠᠭᠠᠬᠤ ᠠᠵᠢᠯ  ᠳᠤ ᠬᠤᠯᠪᠣᠭᠳᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡ ᠴᠤᠭᠴᠠᠵᠢᠭᠤᠯᠤᠨ ᠰᠠᠶᠢᠲᠤᠷ ᠠᠳᠬᠤᠵᠤ᠂ ᠪᠠᠢᠴᠠᠭᠠᠬᠤ ᠠᠵᠢᠯ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠣᠨ ᠤ ᠪᠠ ᠱᠠᠲᠤ ᠦᠶ᠎ᠡ ᠶᠢᠨ ᠴᠢᠨᠠᠷᠲᠠᠢ ᠪᠠᠢᠴᠠᠭᠠᠬᠤ ᠦᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢᠯᠠᠵᠤ᠂ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠦᠷᠭᠦᠯᠵᠢᠯᠡᠨ ᠲᠦᠯᠬᠢᠨ ᠠᠬᠢᠭᠤᠯᠵᠤ᠂ ᠨᠢᠭᠡ ᠨᠢᠭᠡ ᠠᠯᠬᠤᠮ ᠢᠶᠠᠷ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠵᠦ᠂ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
        ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠂ ᠠᠰᠠᠭᠤᠳᠠᠯ ᠢ  ᠰᠢᠢᠳᠪᠦᠷᠢᠯᠡᠬᠦ ᠶᠠᠪᠤᠴᠠ ᠪᠣᠯ ᠳᠠᠷᠤᠶ ᠥᠭᠡᠷᠡᠴᠢᠯᠡᠯᠲᠡ ᠶᠢᠨ ᠶᠠᠪᠤᠴᠠ ᠮᠥᠨ᠂ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠭᠡᠯ ᠪᠣᠯ ᠳᠠᠷᠤᠶ ᠥᠭᠡᠷᠡᠴᠢᠯᠡᠯᠲᠡ ᠶᠢᠨ ᠦᠷ᠎ᠡ ᠪᠦᠲᠦᠭᠡᠯ ᠮᠥᠨ᠃
        ᠪᠠᠶᠢᠴᠠᠭᠠᠨ ᠰᠤᠳᠤᠯᠤᠯᠲᠠ ᠪᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ ᠠᠰᠠᠭᠤᠳᠠᠯ ᠢ ᠦᠨᠡᠨ ᠬᠦ ᠣᠨᠣᠪᠴᠢᠲᠠᠢ ᠰᠢᠢᠳᠪᠦᠷᠢᠯᠡᠵᠦ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠷᠭ᠎ᠠ ᠬᠡᠮᠵᠢᠡᠶ᠎ᠡ ᠪᠠᠨ ᠪᠣᠳᠠᠲᠠᠢ ᠳᠤᠷᠠᠳᠴᠤ᠂ ᠤᠯᠤᠯᠴᠠᠭ᠎ᠠ ᠵᠣᠬᠢᠴᠠᠭᠤᠯᠭ᠎ᠠ ᠪᠠᠷ ᠲᠠᠮᠵᠢᠨ ᠵᠥᠷᠢᠯᠳᠦᠭᠡᠨ ᠢᠶᠠᠨ ᠨᠡᠩ ᠰᠠᠶᠢᠲᠤᠷ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠷᠠᠯ ᠤᠨ ᠬᠦᠴᠦᠨ ᠢᠶᠠᠨ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃
        ᠬᠤᠷᠠᠯ ᠠᠴᠠ᠂ ᠦᠨᠳᠦᠰᠦᠨ ᠱᠠᠲᠤᠨ ᠤ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢᠨ ᠡᠬᠢ ᠪᠤᠯᠠᠭ ᠮᠥᠨ᠃ ᠦᠨᠳᠦᠰᠦᠨ ᠱᠠᠲᠤᠨ ᠤ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠬᠦ ᠬᠡᠷᠡᠭᠲᠡᠶ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠣᠷᠣᠭᠰᠢ ᠪᠠᠨ ᠵᠢᠯᠣᠭᠤᠳᠬᠤ ᠪᠠ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠬᠦ ᠪᠠᠨ ᠴᠢᠩᠭᠠᠳᠬᠠᠵᠤ᠂ ᠨᠢᠭᠡ ᠪᠦᠯᠦᠭ ᠦᠨᠳᠦᠰᠦᠨ ᠱᠠᠲᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠠ ᠶᠢ ᠳ᠋ᠦᠩᠨᠡᠨ ᠪᠣᠯᠪᠠᠰᠤᠷᠠᠭᠤᠯᠵᠤ᠂ ᠡᠯ᠎ᠡ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠭᠡᠷᠡᠴᠢᠯᠡᠯᠲᠡ ᠶᠢᠨ ᠬᠠᠶᠢᠨ ᠰᠥᠪᠡᠭᠴᠢᠯᠡᠯᠲᠡ ᠶᠢ ᠢᠳᠡᠪᠬᠢᠲᠡᠶ᠂ ᠵᠢᠷᠤᠮᠵᠢᠭᠤᠨ᠂ ᠡᠮᠬᠢ ᠵᠢᠷᠤᠮ ᠲᠠᠢ ᠪᠠᠷ ᠥᠷᠨᠢᠭᠦᠯᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠬᠤ ᠬᠡᠷᠡᠭᠲᠡᠶ᠃
        ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠪᠠᠶᠢᠴᠠᠭᠠᠬᠤ ᠠᠵᠢᠯ ᠤᠨ ᠤᠨᠤᠯ ᠤᠨ ᠵᠢᠯᠤᠭᠤᠳᠤᠯᠭ᠎ᠠ ᠪᠠ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ ᠪᠠᠶᠢᠴᠠᠭᠠᠬᠤ ᠠᠵᠢᠯ ᠤᠨ ᠤᠨᠤᠯ ᠤᠨ ᠰᠤᠳᠤᠯᠭᠠᠨ ᠢ ᠦᠷᠭᠦᠯᠵᠢᠯᠡᠨ ᠴᠢᠩᠭᠠᠳᠬᠠᠬᠤ ᠮᠥᠷᠲᠡᠭᠡᠨ ᠪᠠᠰᠠ ᠪᠠᠶᠢᠴᠠᠭᠠᠬᠤ ᠠᠵᠢᠯ ᠤᠨ ᠤᠨᠤᠯ ᠤᠨ ᠰᠢᠨ᠎ᠡ ᠡᠭᠦᠳᠦᠯᠲᠡ ᠪᠠᠷ ᠳᠠᠮᠵᠢᠭᠤᠯᠤᠨ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠶ︔ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠶᠢᠨ ᠳᠤᠮᠳᠠᠬᠢ ᠰᠠᠭᠤᠷᠢ ᠠᠰᠠᠭᠤᠳᠠᠯ᠂ ᠲᠤᠪᠤᠶᠢᠮ᠎ᠠ ᠠᠰᠠᠭᠤᠳᠠᠯ ᠤᠨ ᠲᠤᠬᠠᠶ ᠤᠨᠤᠯ ᠤᠨ ᠰᠤᠳᠤᠯᠭᠠᠨ᠂ ᠭᠡᠷᠡᠴᠢᠯᠡᠯᠲᠡ ᠶᠢᠨ ᠵᠠᠳᠠᠯᠤᠯᠲᠠ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠪᠠᠶᠢᠴᠠᠭᠠᠬᠤ ᠠᠵᠢᠯ ᠤᠨ ᠤᠨᠤᠯ ᠤᠨ ᠰᠤᠳᠤᠯᠭᠠᠨ ᠤ ᠴᠢᠨᠠᠷ ᠰᠠᠶᠢᠲᠠᠶ ᠦᠷ᠎ᠡ ᠪᠦᠲᠦᠭᠡᠯ ᠢ ᠥᠭᠡᠷᠡᠴᠢᠯᠡᠯᠲᠡ ᠶᠢᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠴᠢᠬᠤᠯᠠᠴᠢᠯᠠᠵᠤ᠂ ᠬᠠᠷᠢᠯᠴᠠᠨ ᠨᠥᠬᠦᠴᠡᠯᠳᠦᠬᠦ ᠳᠤᠮᠳᠠ ᠪᠠᠶᠢᠴᠠᠭᠠᠬᠤ ᠠᠵᠢᠯ ᠤᠨ ᠤᠨᠤᠯ ᠬᠢᠭᠡᠳ ᠦᠢᠯᠡᠳᠦᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃
        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

 

 

 

ᠢᠷᠡᠯᠲᠡ
ᠡᠸᠡᠭᠭᠢ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro