ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ  ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠨ     ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠳ᠋ᠦ ᠤᠷᠤᠯᠴᠠᠭᠤᠯᠪᠠ

2024-03-21 15:34:14
ᠵᠣᠬᠢᠶᠠᠭᠴᠢ
ᠬᠠᠩᠭᠠᠯ


      ᠥᠢᠷ᠎ᠠ ᠳ᠋ᠦ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠡᠢᠲᠡ ᠶᠢᠨ ᠠᠰᠢᠭ ᠤᠨ ᠬᠠᠮᠠᠭᠠᠯᠠᠯᠲᠠ  ᠶᠢᠨ ᠨᠡᠢᠯᠡᠮᠡᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠬᠤᠣᠷ  ᠬᠥᠨᠥᠭᠡᠯ ᠲᠠᠢ ᠢᠳᠡᠭᠡᠨ ᠪᠣᠷᠣᠯᠠᠭᠤᠯᠤᠭᠰᠠᠨ ᠡᠷᠡᠭᠦᠦ ᠶᠢᠨ ᠬᠡᠷᠡᠭ ᠲᠦ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠲᠤ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠢᠪᠡ᠃ ᠬᠤᠷᠠᠯ ᠳᠤ 1 ᠨᠡᠷ᠎ᠡ ᠠᠷᠠᠳ ᠤᠨ ᠬᠢᠨᠠᠯᠲᠠ ᠲᠠᠯᠪᠢᠭᠴᠢ᠂ 3 ᠨᠡᠷ᠎ᠡ ᠭᠡᠷᠡᠴᠢᠯᠡᠭᠡ ᠰᠣᠨᠣᠰᠤᠭᠴᠢ᠂ 3 ᠨᠡᠷ᠎ᠡ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠨ ᠣᠷᠣᠯᠴᠠᠭᠤᠯᠵᠠᠢ᠃
      ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ᠂ ᠪᠠᠶᠢᠴᠠᠭᠠᠬᠤ ᠲᠤᠰᠢᠶᠠᠯᠲᠠᠨ ᠨᠡᠶᠢᠲᠡ ᠶᠢᠨ ᠠᠰᠢᠭᠲᠤ  ᠵᠠᠷᠭᠤ ᠶᠢᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠ ᠨᠡᠶᠢᠲᠡ ᠶᠢᠨ ᠠᠰᠢᠭᠲᠤ  ᠵᠠᠷᠭᠤ ᠶᠢᠨ ᠬᠡᠷᠡᠭ ᠰᠢᠢᠳᠪᠦᠷᠢᠯᠡᠬᠦ ᠲᠤᠬᠠᠢ ᠭᠡᠷᠡᠴᠢᠯᠡᠭᠡ ᠰᠣᠨᠣᠰᠬᠤ ᠵᠢᠷᠤᠮ  ᠳ᠋ᠦ ᠲᠠᠨᠢᠯᠭᠤᠴᠠᠯᠭ᠎ᠠ ᠬᠢᠵᠦ᠂ ᠭᠡᠷᠡᠴᠢᠯᠡᠭᠡ ᠰᠣᠨᠣᠰᠬᠤ  ᠵᠣᠷᠢᠯᠭ᠎ᠠ ᠪᠠ ᠠᠴᠢ ᠬᠤᠯᠪᠣᠭᠳᠠᠯ ᠢ ᠲᠣᠳᠣᠷᠬᠠᠶᠢᠯᠠᠨ ᠦᠭᠦᠯᠡᠬᠦ ᠶᠢᠨ ᠬᠠᠮᠲᠤ ᠬᠡᠷᠡᠭ ᠤᠨ ᠪᠣᠳᠠᠲᠤ ᠶᠠᠪᠤᠳᠠᠯ᠂ ᠬᠠᠤᠯᠢ ᠴᠠᠭᠠᠵᠠ ᠶᠢᠨ ᠦᠨᠳᠦᠰᠦᠯᠡᠯ ᠵᠢᠴᠢ ᠭᠡᠷᠡᠴᠢᠯᠡᠭᠡ ᠰᠣᠨᠣᠰᠬᠤ ᠴᠢᠬᠤᠯᠠᠲᠠᠢ ᠠᠰᠠᠭᠤᠳᠠᠯ ᠢ ᠲᠠᠨᠢᠯᠴᠠᠭᠤᠯᠤᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠬᠡᠷᠡᠭ ᠤᠨ ᠪᠣᠳᠠᠲᠤ ᠶᠠᠪᠤᠳᠠᠯ᠂ ᠭᠡᠷᠡᠴᠢ ᠪᠠᠷᠢᠮᠲᠠ ᠶᠢ ᠪᠥᠬᠦ ᠲᠠᠯ᠎ᠠ ᠪᠠᠷ ᠣᠶᠢᠯᠠᠭᠠᠭᠰᠠᠨ ᠰᠠᠭᠤᠷᠢᠨ ᠳᠡᠭᠡᠷ᠎ᠡ᠂ ᠲᠤᠬᠠᠢ ᠶᠢᠨ ᠬᠥᠮᠥᠨ ᠠᠴᠠ ᠠᠰᠠᠭᠤᠯᠲᠠ ᠠᠰᠠᠭᠤᠵᠠᠢ᠃ ᠬᠠᠮᠤᠭ ᠰᠡᠭᠦᠯ ᠳᠤ ᠭᠡᠷᠡᠴᠢᠯᠡᠭᠡ ᠰᠣᠨᠣᠰᠤᠭᠴᠢ ᠠᠴᠠ ᠶᠠᠩ ᠣᠪᠣᠭᠲᠤ ᠶᠢᠨ ᠢᠳᠡᠭᠡᠨ ᠤ ᠠᠮᠤᠷ ᠲᠦᠪᠰᠢᠨ ᠢ  ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳ᠋ᠦ ᠪᠠᠢᠴᠠᠭᠠᠬᠤ ᠪᠠᠢᠭᠤᠯᠭ᠎ᠠ ᠨᠡᠶᠢᠲᠡ ᠶᠢᠨ  ᠠᠰᠢᠭᠲᠤ  ᠵᠠᠭᠠᠯᠳᠤᠯᠭ᠎ᠠ ᠬᠢᠬᠦ  ᠢ ᠰᠠᠨᠠᠯ ᠨᠢᠭᠡᠲᠠᠢ ᠵᠦᠪᠰᠢᠶᠡᠷᠡᠵᠠᠢ᠃ ᠲᠤᠬᠠᠢ ᠶᠢᠨ ᠬᠥᠮᠥᠨ ᠪᠠᠰᠠ ᠥᠪᠡᠷ ᠤᠨ ᠦᠢᠯᠡ ᠠᠵᠢᠯᠯᠠᠭ᠎ᠠ ᠶᠢᠨ ᠢᠶᠠᠨ ᠪᠤᠷᠤᠭᠤ ᠶᠢ ᠲᠠᠨᠢᠵᠤ᠂ ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠭᠰᠡᠨ ᠰᠠᠨᠠᠯ ᠳᠤ ᠣᠨᠳᠣᠣ ᠰᠠᠨᠠᠯ ᠦᠭᠡᠢ᠃ ᠪᠠᠶᠢᠴᠠᠭᠠᠬᠤ ᠪᠠᠶᠢᠭᠤᠯᠭ᠎ᠠ ᠶᠢᠨ ᠢᠳᠡᠭᠡᠨ ᠤ ᠠᠮᠥᠷ ᠲᠦᠪᠰᠢᠨ ᠤ ‍ ᠬᠦᠷᠢᠶᠡᠨ ᠳᠠᠬᠢ ᠨᠡᠶᠢᠲᠡ ᠶᠢᠨ  ᠠᠰᠢᠭᠲᠤ ᠵᠠᠷᠭᠤ ᠶᠢᠨ ᠠᠵᠢᠯ ᠥᠷᠨᠢᠭᠦᠯᠬᠦ ᠨᠢ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠦᠴᠦᠲᠡᠢ ᠠᠷᠭ᠎ᠠ ᠬᠡᠮᠵᠢᠶ᠎ᠡ ᠮᠥᠨ ᠭᠡᠵᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠵᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠣᠨᠣᠯᠵᠢᠬᠤᠨ ᠢ ᠭᠦᠢᠴᠡᠳ ᠢᠯᠡᠷᠡᠭᠦᠯᠪᠡ ᠭᠡᠵᠠᠢ᠃
       ᠪᠠᠶᠢᠴᠠᠭᠠᠬᠤ ᠪᠠᠶᠢᠭᠤᠯᠭ᠎ᠠ ᠢᠯᠡ ᠪᠠᠷ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠴᠤ ᠴᠢᠳᠠᠬᠤ ᠮᠥᠷᠲᠡᠭᠡᠨ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠵᠢᠷᠤᠮ ᠢ ᠨᠡᠶᠢᠭᠡᠮ ᠤᠨ ᠡᠯ᠎ᠡ ᠡᠲᠡᠭᠡᠳ ᠲᠤ ᠣᠶᠢᠯᠠᠭᠠᠭᠤᠯᠵᠤ᠂ ᠬᠠᠤᠯᠢ ᠴᠠᠭᠠᠵᠠ ᠶᠢᠨ ᠲᠥᠪ ᠭᠤᠣᠯᠴᠢ ᠰᠢᠳᠤᠷᠭᠤ ᠶᠣᠰᠣ ᠶᠢ ᠣᠯᠵᠤ ᠬᠠᠷᠠᠭᠤᠯᠤᠨ᠎ᠠ᠃

ᠲᠠᠷᠠᠭᠠᠴᠢ ᠶᠢᠨ ᠠᠯᠬᠤᠮ ᠳᠤ᠂ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠡᠶᠢᠲᠡ ᠶᠢᠨ ᠠᠰᠢᠭᠲᠤ ᠵᠠᠷᠭᠤ ᠶᠢᠨ ᠭᠡᠷᠡᠴᠢᠯᠡᠭᠡ ᠰᠣᠨᠣᠰᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ︽ᠤᠯᠤᠰ ᠲᠥᠷᠥ ᠶᠢᠨ ᠵᠥᠪᠯᠡᠯᠭᠡᠨ + ᠪᠠᠶᠢᠴᠠᠭᠠᠬᠤ︾ ᠬᠠᠮᠵᠢᠯᠴᠠᠨ ᠬᠢᠨᠠᠯᠲᠠ ᠲᠠᠯᠪᠢᠬᠤ ᠵᠠᠭᠪᠤᠷ ᠢ ᠬᠠᠶᠢᠨ ᠰᠦᠪᠡᠭᠴᠢᠯᠡᠵᠦ᠂ ᠨᠡᠶᠢᠲᠡ ᠶᠢᠨ ᠠᠰᠢᠭ ᠤᠨ ᠬᠠᠮᠠᠭᠠᠯᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠬᠠᠮᠲᠤ ᠪᠠᠷ ᠠᠬᠢᠭᠤᠯᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠ ᠨᠡᠶᠢᠲᠡ ᠶᠢᠨ ᠠᠰᠢᠭᠲᠤ ᠵᠠᠷᠭᠤ ᠳ᠋ᠦ ᠳᠡᠮᠵᠢᠭᠰᠡᠨ ᠬᠠᠮᠲᠤ ᠶᠢᠨ ᠢᠯᠠᠯᠲᠠ  ᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃

 


   

ᠢᠷᠡᠯᠲᠡ
ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro