ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠲᠦᠩᠯᠢᠶᠣᠣ ᠬᠤᠲᠠ ᠶᠢᠨ ᠪᠠᠶᠢᠴᠠᠭᠠᠬᠤ ᠪᠠᠶᠢᠭᠤᠯᠭ᠎ᠠ ︽ᠪᠠᠶᠢᠴᠠᠭᠠᠬᠤ +N︾ ᠬᠡᠪ ᠢ ᠡᠭᠦᠳᠴᠦ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠰᠢᠢᠳᠪᠦᠷᠢᠯᠡᠭᠰᠡᠨ ᠪᠠᠶᠢᠨ᠎ᠠ         

2024-03-28 17:28:49
ᠵᠣᠬᠢᠶᠠᠭᠴᠢ
ᠴᠦᠨ ᠮᠧᠢ

  
    2023 ᠤᠨ ᠳᠤ᠂ ᠲᠦᠩᠯᠢᠶᠣᠣ ᠬᠤᠲᠠ ᠶᠢᠨ ᠪᠠᠶᠢᠴᠠᠭᠠᠬᠤ ᠪᠠᠶᠢᠭᠤᠯᠭ᠎ᠠ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠠᠭᠴᠠ ᠭᠠᠷ  ᠢᠶᠡᠷ ᠬᠤᠶᠠᠷ ᠡᠷᠣᠬᠡ ᠶᠢ ᠲᠣᠯᠭᠠᠭᠣᠷᠢᠯᠠᠬᠣ︾ ᠦᠢᠯᠡᠳᠦᠯ ᠢᠶᠠᠨ ᠪᠠᠳᠠᠷᠠᠭᠤᠯᠤᠨ᠂ ︽ᠨᠡᠪᠲᠡᠯᠬᠦ ᠮᠠᠶ᠋ᠢᠭ︾  ᠦᠨ ᠬᠢᠨᠠᠯᠲᠠ ᠲᠠᠯᠪᠢᠬᠤ ᠤᠨᠤᠯᠵᠢᠬᠤᠨ ᠢ ᠦᠢᠯᠡᠳᠦᠯᠭᠡᠵᠢᠭᠦᠯᠵᠦ᠂ ᠬᠠᠥᠯᠢ ᠪᠠᠷ ᠲᠣᠭᠲᠠᠭᠠᠭᠰᠠᠨ ᠡᠭᠦᠷᠭᠡ ᠴᠢᠳᠠᠮᠵᠢ ᠳᠠᠭᠠᠨ ᠰᠠᠭᠤᠷᠢᠯᠠᠨ᠂ ᠲᠤᠰᠬᠠᠢ ᠲᠥᠷᠥᠯ ᠦᠨ ᠠᠵᠢᠯ  ᠢᠶᠡᠷ ᠬᠥᠲᠥᠯᠦᠨ ᠳᠠᠭᠤᠯᠤᠨ᠂ ᠭᠤᠤᠯᠳᠤ ᠪᠠᠷ ᠬᠠᠮᠲᠤᠷᠠᠨ ᠬᠥᠳᠡᠯᠦᠯᠴᠡᠬᠦ᠂ ᠬᠦᠨᠳᠡᠯᠡᠨ ᠢᠶᠠᠷ ᠬᠠᠷᠢᠯᠴᠠᠨ ᠦᠢᠯᠡᠳᠦᠯᠴᠡᠭᠰᠡᠨ ᠮᠠᠷᠭᠤᠯᠳᠤᠭᠠᠨ ᠢ ᠬᠠᠮᠵᠢᠯᠴᠠᠨ ᠰᠢᠢᠳᠪᠦᠷᠢᠯᠡᠬᠦ ᠬᠡᠪ ᠢ ᠪᠣᠢ ᠪᠣᠯᠭᠠᠵᠤ᠂ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠮᠵᠢᠯᠴᠠᠭ᠎ᠠ ᠶᠢ ᠴᠢᠩᠭᠠᠳᠬᠠᠵᠤ᠂ ᠪᠠᠶᠢᠴᠠᠭᠠᠵᠤ ᠬᠢᠨᠠᠨ ᠬᠠᠷᠭᠤᠭᠤᠯᠬᠤ᠂ ᠬᠢᠨᠠᠯᠲᠠ ᠲᠠᠯᠪᠢᠨ ᠵᠠᠯᠠᠷᠠᠭᠤᠯᠬᠤ᠂ ᠡᠶᠡᠳᠡᠭᠦᠯᠦᠨ ᠠᠬᠢᠭᠤᠯᠬᠤ᠂ ᠤᠳᠤᠷᠢᠳᠤᠯᠭ᠎ᠠ ᠡᠴᠡ ᠬᠡᠷᠡᠭ ᠳᠠᠭᠠᠭᠠᠴᠢᠯᠠᠬᠤ᠂ ᠢᠯᠡ ᠪᠠᠷ ᠭᠡᠷᠡᠴᠢ ᠰᠣᠨᠣᠰᠬᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠵᠡᠷᠭᠡ ᠶᠢ ᠭᠦᠢᠴᠡᠳ ᠬᠡᠷᠡᠭᠯᠡᠨ᠂ 28 ᠬᠤᠪᠢ ᠵᠠᠰᠠᠭ  ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠰᠢᠢᠣᠡᠪᠣᠷᠢᠯᠡᠵᠣ᠂ ᠠᠳᠠᠯᠢ ᠬᠤᠭᠤᠴᠠᠭᠠᠨ ᠤ ᠬᠢ ᠠᠴᠠ 600 % ᠪᠠᠷ ᠳᠡᠭᠡᠭᠰᠢᠯᠡᠵᠦ᠂ ᠵᠠᠰᠠᠭ ᠵᠠᠬᠢᠷᠭᠠᠨ ᠤ ᠬᠡᠷᠡᠭ ᠨᠢ ᠲᠠᠭᠤᠰᠠᠭᠰᠠᠨ ᠴᠦ ᠤᠴᠢᠷ ᠶᠠᠪᠤᠳᠠᠯ ᠨᠢ ᠰᠢᠢᠳᠪᠦᠷᠢᠯᠡᠭᠳᠡᠬᠦ ᠳᠤ ᠪᠡᠷᠬᠡᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃
    ᠨᠢᠭᠡ᠂ ᠲᠤᠰᠬᠠᠢ ᠠᠵᠢᠯᠯᠠᠭ᠎ᠠ  ᠪᠠᠷ ᠬᠥᠲᠥᠯᠦᠨ ᠵᠢᠯᠤᠭᠤᠳᠬᠤ ᠶᠢ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠣᠯᠠᠨ ᠲᠥᠮᠡᠨ ᠳᠤ ᠦᠢᠯᠡᠴᠢᠯᠡᠵᠡᠢ  
    ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠬᠦ᠂  ᠬᠠᠦᠯᠢ ᠪᠠᠷ ᠵᠠᠰᠠᠭᠰᠠᠨ ᠬᠤᠳᠠᠯᠳᠤᠭᠠᠨ ᠤ ᠣᠷᠴᠢᠨ ᠲᠤᠭᠤᠷᠢᠨ ᠢ ᠰᠢᠯᠢᠳᠡᠭᠵᠢᠭᠦᠯᠬᠦ ᠵᠡᠷᠭᠡ ᠭᠤᠤᠯᠳᠤᠯᠭᠠᠲᠦ ᠠᠵᠢᠯ ᠤᠨ ᠲᠤᠭᠤᠷᠢᠨ ᠳᠤ᠂ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ᠂ ᠤᠷᠤᠭ ᠤᠨ ᠳᠡᠩᠰᠡᠯᠡᠯᠲᠡ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠲᠠᠢ ᠨᠢᠭᠲᠠ ᠬᠤᠯᠪᠤᠭᠳᠠᠬᠤ  ᠬᠦᠷᠢᠶᠡᠨ ᠳᠤ ᠠᠩᠬᠠᠷᠤᠯ  ᠢᠶᠠᠨ ᠲᠥᠪᠯᠡᠷᠡᠭᠦᠯᠵᠦ᠂  ᠵᠠᠰᠠᠭ ᠵᠠᠬᠢᠷᠭᠠᠨ ᠤ  ᠪᠠᠶᠢᠴᠠᠭᠠᠨ ᠬᠢᠨᠠᠯᠲᠠ ᠲᠠᠯᠪᠢᠬᠤ  ᠪᠠᠷ  ᠳᠠᠮᠵᠢᠨ ᠬᠠᠤᠯᠢ ᠶᠣᠰᠣᠭᠠᠷ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠬᠠᠮᠠᠭᠠᠯᠠᠬᠤ ᠲᠤᠰᠬᠠᠢ ᠲᠥᠷᠥᠯ ᠦᠨ ᠠᠵᠢᠯ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠡᠷᠬᠡ ᠠᠰᠢᠭ ᠢ ᠬᠠᠮᠠᠭᠠᠯᠠᠬᠤ ᠲᠤᠰᠬᠠᠢ ᠲᠥᠷᠥᠯ ᠦᠨ ᠠᠵᠢᠯ᠂ ᠭᠠᠵᠠᠷ ᠰᠢᠷᠤᠢ  ᠶᠢᠨ ᠬᠠᠤᠯᠢ ᠬᠡᠷᠡᠭᠵᠢᠭᠦᠯᠬᠦ ᠬᠦᠷᠢᠶ᠎ᠡ  ᠬᠡᠪᠴᠢᠶᠡᠨ ᠤ ᠵᠠᠷᠭᠤ ᠶᠢᠨ ᠪᠤᠰᠤ ᠭᠦᠢᠴᠡᠳᠭᠡᠬᠦ ᠬᠡᠷᠡᠭ ᠲᠤ ᠬᠢᠨᠠᠯᠲᠠ ᠲᠠᠯᠪᠢᠬᠤ ᠲᠤᠰᠬᠠᠢ ᠲᠥᠷᠥᠯ ᠦᠨ ᠠᠵᠢᠯ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠲᠤᠰᠬᠠᠢ ᠲᠥᠷᠥᠯ ᠦᠨ ᠠᠵᠢᠯ  ᠢ ᠥᠷᠨᠢᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠰᠢᠢᠳᠪᠦᠷᠢᠯᠡᠬᠦ ᠶᠢ ᠲᠤᠰᠬᠠᠢ ᠲᠥᠷᠥᠯ ᠦᠨ ᠠᠵᠢᠯ  ᠤᠨ ᠵᠠᠪᠠᠯ ᠭᠦᠢᠴᠡᠳᠬᠡᠬᠦ ᠠᠵᠢᠯ  ᠤᠨ ᠳᠠᠷᠠᠭᠠᠯᠠᠯ ᠳᠤ ᠤᠷᠤᠭᠤᠯᠵᠦ᠂ ᠲᠤᠰᠬᠠᠢ ᠲᠥᠷᠥᠯ ᠦᠨ ᠠᠵᠢᠯ ᠳᠤᠮᠳᠠ ᠪᠠᠶᠢᠴᠠᠭᠠᠨ ᠲᠤᠳᠤᠯᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ  ᠲᠡᠭᠦᠨ ᠤ ᠰᠠᠯᠠᠭ᠎ᠠ ᠮᠥᠴᠢᠷ  ᠤᠨ ᠡᠭᠦᠷᠭᠡ ᠲᠤᠰᠢᠶᠠᠯ  ᠢᠶᠠᠨ ᠭᠦᠢᠴᠡᠳᠬᠡᠭᠰᠡᠨ ᠦᠭᠡᠢ ᠪᠤᠶᠤ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠵᠡᠷᠭᠡ  ᠪᠠᠶᠢᠳᠠᠯ ᠳᠤ ᠴᠢᠭᠯᠡᠭᠦᠯᠦᠨ᠂ 103 ᠬᠤᠪᠢ ᠪᠠᠶᠢᠴᠠᠭᠠᠬᠤ ᠰᠠᠨᠠᠭᠤᠯᠭ᠎ᠠ  ᠲᠤᠷᠠᠳᠴᠦ᠂ ᠬᠠᠥᠯᠢ ᠶᠤᠰᠤᠭᠠᠷ ᠵᠠᠰᠠᠭ  ᠶᠠᠪᠤᠭᠤᠯᠬᠤ ᠶᠢ ᠠᠬᠢᠭᠤᠯᠪᠠ᠃ ᠬᠤᠳᠠ ᠶᠢᠨ ᠪᠠᠶᠢᠴᠠᠭᠠᠬᠤ ᠬᠤᠷᠢᠶ᠎ᠠ ᠵᠠᠰᠠᠭ ᠵᠠᠬᠢᠷᠭᠠᠨ ᠤ ᠪᠠᠶᠢᠴᠠᠭᠠᠨ ᠰᠤᠳᠤᠯᠬᠤ ᠳᠤᠭᠤᠢᠯᠠᠩ ᠪᠠᠶᠢᠭᠤᠯᠵᠤ᠂ ︽ᠵᠠᠳᠠᠯᠤᠨ ᠰᠢᠨᠵᠢᠯᠡᠬᠦ ᠬᠡᠯᠪᠡᠷᠢ ᠶᠢᠨ ᠰᠤᠳᠤᠯᠤᠯᠲᠠ ᠬᠢᠵᠦ᠂  ᠵᠣᠷ ᠪᠢᠴᠢᠬᠥ ᠬᠡᠯᠪᠡᠷᠢ ᠶᠢᠨ ᠵᠢᠯᠣᠭᠤᠳᠤᠯᠭ᠎ᠠ ᠬᠢᠬᠦ︾  ᠠᠵᠢᠯᠯᠠᠭ᠎ᠠ ᠥᠷᠨᠢᠭᠦᠯᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠪᠠᠶᠢᠴᠠᠭᠠᠨ ᠬᠢᠨᠠᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠪᠠᠶᠢᠴᠠᠭᠠᠬᠤ ᠬᠤᠷᠢᠶ᠎ᠠ ᠶᠢᠨ ᠬᠡᠷᠡᠭ ᠰᠢᠢᠳᠪᠦᠷᠢᠯᠡᠬᠦ  ᠳᠤᠮᠳᠠᠬᠢ ᠲᠦᠪᠡᠭᠲᠡᠢ᠂ ᠡᠮᠵᠢᠭᠲᠡᠢ ᠠᠰᠠᠭᠤᠳᠠᠯ ᠳᠤ ᠪᠣᠳᠠᠲᠠᠢ ᠵᠢᠯᠣᠭᠤᠳᠬᠤ ᠰᠠᠨᠠᠯ ᠳᠤᠷᠠᠳᠴᠤ᠂ ᠡᠯ᠎ᠡ ᠬᠤᠰᠢᠭᠤ ᠰᠢᠶᠠᠨ ᠬᠤᠲᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ  ᠦᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠠᠷᠪᠠᠭᠠᠳ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤᠨ ᠪᠠᠶᠢᠭᠤᠯᠭ᠎ᠠ ᠯᠤᠭ᠎ᠠ ᠰᠠᠨᠠᠯ ᠬᠣᠷᠢᠶᠠᠬᠣ ᠰᠠᠭᠣᠳᠠᠯ ᠤᠨ ᠬᠤᠷᠠᠯ ᠬᠢᠵᠦ᠂ 36 ᠵᠤᠷᠪᠤᠰ ᠰᠠᠨᠠᠯ ᠵᠥᠪᠯᠡᠯᠭᠡ ᠬᠤᠷᠢᠶᠠᠵᠦ᠂ ᠵᠠᠰᠠᠭ ᠵᠠᠬᠢᠷᠭᠠᠨ ᠤ ᠪᠠᠶᠢᠴᠠᠭᠠᠨ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠮᠵᠢ ᠶᠢ ᠠᠬᠢᠭᠣᠯᠣᠭᠰᠠᠨ ᠪᠠᠢᠨ᠎ᠠ᠃
    ᠬᠤᠶᠠᠷ᠂ ᠬᠠᠮᠵᠢᠯᠴᠠᠬᠤ ᠲᠣᠭᠲᠠᠴᠠ ᠶᠢ ᠪᠠᠶᠢᠭᠤᠯᠵᠦ᠂ ᠮᠠᠷᠭᠤᠯᠳᠤᠭᠠᠨ ᠢ ᠰᠢᠢᠳᠪᠦᠷᠢᠯᠡᠬᠦ  ᠨᠡᠶᠢᠯᠡᠮᠡᠯ ᠬᠦᠴᠦᠨ ᠢ  ᠨᠢᠭᠳᠠᠷᠠᠭᠣᠯᠪᠠ  
    ᠵᠠᠰᠠᠭ ᠵᠠᠬᠢᠷᠭᠠᠨ ᠤ ᠮᠠᠷᠭᠤᠯᠳᠤᠭᠠᠨ ᠢ ᠡᠬᠢ ᠠᠴᠠ ᠨᠢ ᠰᠢᠢᠳᠪᠦᠷᠢᠯᠡᠬᠦ  ᠠᠵᠢᠯᠯᠠᠭ᠎ᠠ ᠶᠢ ᠤᠯᠠᠮ ᠨᠢᠭᠡ ᠠᠯᠬᠤᠮ  ᠴᠢᠩᠭᠠᠳᠬᠠᠬᠤ  ᠶᠢᠨ ᠲᠥᠯᠥᠭᠡ᠂ ᠬᠤᠶᠠᠷ ᠱᠠᠲᠤᠨ ᠤ ᠪᠠᠶᠢᠴᠠᠭᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠬᠠᠤᠯᠢ ᠴᠠᠭᠠᠵᠠ ᠵᠠᠰᠠᠭ ᠵᠠᠬᠢᠷᠭᠠᠨ ᠤ ᠪᠠᠶᠢᠭᠤᠯᠭ᠎ᠠ ᠲᠠᠢ  ᠬᠠᠮᠲᠤᠷᠠᠯᠴᠠᠨ ᠵᠥᠷᠢᠴᠡᠯ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠬᠦ ᠠᠵᠢᠯ ᠢ ᠬᠦᠴᠦᠯᠡᠨ ᠠᠬᠢᠭᠤᠯᠵᠤ᠂ ᠮᠠᠷᠭᠤᠯᠳᠤᠭᠠᠨ ᠢ ᠰᠣᠶᠣᠭᠠᠯᠠᠵᠣ ᠪᠠᠶᠢᠭ᠎ᠠ ᠪᠠᠶᠢᠳᠠᠯ  ᠢ ᠰᠢᠢᠳᠪᠦᠷᠢᠯᠡᠬᠦ  ᠪᠠᠷ ᠴᠢᠷᠮᠠᠶᠢᠪᠠ᠃ ᠬᠤᠳᠠ ᠶᠢᠨ ᠪᠠᠶᠢᠴᠠᠭᠠᠬᠤ ᠬᠤᠷᠢᠶ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠲᠠᠢ ᠲᠤᠰᠪᠤᠷᠢ ︽ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠬᠤ ᠠᠵᠢᠯ ᠤᠨ ᠲᠤᠭᠲᠠᠴᠠ︾᠂ ︽ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠰᠢᠢᠳᠪᠦᠷᠢᠯᠡᠬᠦ ᠶᠢ ᠠᠬᠢᠭᠤᠯᠬᠤ ᠠᠷᠭ᠎ᠠ︾  ᠲᠤᠭᠲᠠᠭᠠᠵᠤ᠂ ᠬᠠᠷᠢᠯᠴᠠᠨ ᠮᠡᠳᠡᠭᠡ ᠵᠠᠩᠬᠢ ᠨᠡᠪᠲᠡᠷᠡᠯᠴᠡᠬᠦ᠂ ᠰᠤᠳᠤᠯᠤᠨ ᠶᠠᠷᠢᠯᠴᠠᠵᠤ ᠵᠥᠪᠳᠡᠯᠴᠡᠬᠦ᠂ ᠶᠠᠷᠢᠶ᠎ᠠ ᠬᠡᠯᠡᠯᠴᠡᠭᠡ ᠶᠢ ᠠᠷᠭᠠᠴᠠᠬᠤ᠂ ᠲᠤᠬᠠᠢᠯᠠᠭᠰᠠᠨ ᠠᠵᠢᠯ ᠤᠨ ᠰᠣᠯᠢᠯᠴᠠᠭ᠎ᠠ ᠬᠢᠬᠦ ᠵᠡᠷᠭᠡ ᠠᠵᠢᠯ ᠤᠨ ᠲᠤᠭᠲᠠᠴᠠ ᠶᠢ ᠪᠠᠶᠢᠭᠤᠯᠪᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠤᠯᠪᠤᠭᠠᠯᠠᠨ ᠵᠠᠰᠠᠭ ᠵᠠᠬᠢᠷᠭᠠᠨ ᠤ ᠪᠠᠶᠢᠴᠠᠭᠠᠬᠤ ᠪᠠ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠣᠯᠬᠣ ᠠᠵᠢᠯ ᠤᠨ ᠲᠤᠭᠲᠠᠴᠠ ᠶᠢ ᠲᠤᠭᠲᠠᠭᠠᠵᠤ  ᠪᠠᠶᠢᠴᠠᠭᠠᠬᠤ ᠪᠠᠶᠢᠭᠤᠯᠭ᠎ᠠ ᠬᠢᠭᠡᠳ ᠪᠠᠶᠢᠭᠠᠯᠢ ᠶᠢᠨ ᠡᠬᠢ ᠪᠠᠶᠠᠯᠢᠭ ᠤᠨ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠤᠨ ᠡᠬᠢ ᠪᠠᠶᠠᠯᠢᠭ ᠤᠨ ᠬᠠᠥᠯᠢ ᠬᠡᠷᠡᠭᠵᠢᠭᠦᠯᠬᠦ ᠬᠦᠷᠢᠶ᠎ᠡ ᠬᠡᠪᠴᠢᠶᠡᠨ ᠳᠠᠬᠢ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯᠯᠠᠭ᠎ᠠ ᠳᠤ ᠳᠡᠮᠵᠢᠯᠭᠡ ᠬᠠᠩᠭᠠᠪᠠ᠃ ᠡᠯ᠎ᠡ ᠦᠨᠳᠦᠰᠦᠨ ᠱᠠᠲᠤᠨ  ᠤ ᠪᠠᠶᠢᠴᠠᠭᠠᠬᠤ ᠬᠤᠷᠢᠶ᠎ᠠ ᠪᠣᠳᠠᠲᠤ ᠪᠠᠶᠢᠳᠠᠯ ᠳᠠᠭᠠᠨ ᠰᠠᠭᠤᠷᠢᠯᠠᠨ᠂  ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠯᠤᠭ᠎ᠠ  ᠢᠳᠡᠪᠬᠢᠳᠠᠢ ᠬᠠᠮᠵᠢᠯᠴᠠᠵᠣ᠂ 5 ᠵᠦᠢᠯ ᠤᠨ ᠲᠤᠭᠲᠠᠴᠠ ᠶᠢ ᠪᠠᠶᠢᠭᠤᠯᠵᠤ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠠᠵᠢᠯ ᠤᠨ ᠨᠡᠶᠢᠯᠡᠯ ᠬᠦᠴᠦᠨ ᠢᠶᠠᠨ ᠨᠡᠮᠡᠭᠳᠡᠭᠦᠯᠵᠦ᠂ ᠮᠠᠷᠭᠤᠯᠳᠤᠭᠠᠨ ᠢ ᠨᠠᠮᠳᠠᠭᠤᠯᠤᠨ ᠬᠡᠷᠡᠭ ᠰᠢᠢᠳᠪᠦᠷᠢᠯᠡᠬᠦ ᠬᠡᠪᠴᠢᠶ᠎ᠡ ᠶᠢ ᠥᠷᠭᠡᠳᠬᠡᠪᠡ᠃ ᠺᠠᠶᠢᠯᠦ ᠰᠢᠶᠠᠨ ᠤ ᠪᠠᠶᠢᠴᠠᠭᠠᠬᠤ ᠬᠤᠷᠢᠶ᠎ᠠ ᠪᠠ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠲᠠ ᠶᠢᠨ ᠠᠩᠬᠠᠳᠠᠭᠴᠢ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠬᠠᠮᠵᠢᠯᠴᠠᠭᠠᠨ ᠤ ᠠᠯᠪᠠᠨ ᠭᠡᠷ ᠪᠠᠶᠢᠭᠤᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠦᠯᠢᠶᠡᠨ ᠠᠪᠬᠤ᠂ ᠰᠢᠢᠳᠪᠦᠷᠢᠯᠡᠬᠦ ᠪᠥᠬᠦ ᠶᠠᠪᠤᠴᠠ ᠶᠢ ᠲᠣᠳᠣᠷᠬᠠᠢᠯᠠᠪᠠ᠃  ᠬᠣᠣᠯᠢᠨ ᠭᠣᠣᠯ ᠬᠤᠲᠠ ᠶᠢᠨ ᠪᠠᠢᠴᠠᠭᠠᠬᠤ ᠬᠤᠷᠢᠶ᠎ᠠ ᠪᠠ ᠬᠤᠲᠠ ᠶᠢᠨ ᠰᠢᠭᠦᠬᠦ ᠬᠤᠷᠢᠶ᠎ᠠ ᠵᠠᠷᠭᠤᠯᠳᠤᠬᠤ ᠠᠴᠠ ᠡᠮᠦᠨ᠎ᠡ ᠡᠶᠡᠳᠡᠭᠦᠯᠬᠦ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠲᠤᠭᠲᠠᠴᠠ ᠶᠢ ᠪᠠᠶᠢᠭᠤᠯᠵᠦ᠂ ᠬᠡᠷᠡᠭ ᠤᠨ ᠰᠦᠪᠡᠭᠴᠢ ᠶᠢᠨ ᠢᠷᠡᠯᠲᠡ ᠶᠢ ᠤᠯᠠᠮ ᠨᠢᠭᠡ ᠠᠯᠬᠤᠮ ᠥᠷᠭᠡᠳᠬᠡᠪᠡ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠬᠤᠰᠢᠭᠤᠨ ᠤ ᠰᠢᠭᠦᠬᠦ ᠬᠤᠷᠢᠶ᠎ᠠ ᠪᠠ ᠬᠠᠤᠯᠢ ᠴᠠᠭᠠᠵᠠ ᠶᠢᠨ ᠲᠣᠪᠴᠢᠶ᠎ᠠ ᠲᠠᠢ ᠬᠤᠯᠪᠣᠭᠠᠯᠠᠨ ᠬᠠᠮᠵᠢᠯᠴᠠᠬᠤ ᠲᠤᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ  ᠰᠢᠢᠳᠭᠡᠯ ᠪᠠ ᠵᠠᠷᠭᠤ ᠶᠢᠨ ᠪᠤᠰᠤ ᠭᠦᠢᠴᠡᠳᠭᠡᠬᠦ ᠶᠢ ᠬᠠᠷᠢᠯᠴᠠᠨ ᠠᠪᠴᠠᠯᠳᠤᠭᠤᠯᠬᠤ  ᠶᠢ ᠬᠠᠮᠲᠦ ᠪᠠᠷ ᠠᠬᠢᠭᠤᠯᠵᠤ᠂ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠬᠠᠤᠯᠢ  ᠶᠤᠰᠤᠨ ᠤ ᠡᠷᠬᠡ ᠠᠰᠢᠭ ᠢ ᠪᠠᠲᠤᠯᠠᠵᠠᠢ᠃   ᠡᠨᠡ ᠵᠢᠯ᠂ ᠲᠦᠩᠯᠢᠶᠣᠣ ᠬᠤᠲᠠ ᠶᠢᠨ ᠪᠠᠶᠢᠴᠠᠭᠠᠬᠤ ᠪᠠᠶᠢᠭᠤᠯᠭ᠎ᠠ ᠬᠠᠮᠵᠢᠯᠴᠠᠬᠤ ᠲᠤᠭᠲᠠᠴᠠ ᠳᠤ ᠲᠦᠰᠢᠭᠯᠡᠨ᠂ ᠵᠠᠷᠭᠤ ᠠᠴᠠ ᠡᠮᠦᠨᠡᠬᠢ 22 ᠬᠤᠪᠢ ᠵᠠᠰᠠᠭ ᠵᠠᠬᠢᠷᠭᠠᠨ ᠤ ᠮᠠᠷᠭᠤᠯᠳᠤᠭᠠᠨ ᠢ ᠡᠶᠡᠳᠡᠭᠦᠯᠵᠡᠢ᠃
    ᠭᠤᠷᠪᠠ᠂ ᠠᠷᠠᠳ ᠤᠨ ᠠᠮᠢᠳᠤᠷᠠᠯ ᠤᠨ ᠠᠰᠢᠭ ᠲᠤᠰᠠ ᠳᠤ  ᠲᠥᠪᠯᠡᠷᠡᠭᠦᠯᠵᠦ᠂ ᠮᠠᠷᠭᠤᠯᠳᠤᠭᠠᠨ ᠢ ᠣᠯᠠᠨ ᠲᠠᠯ᠎ᠠ ᠪᠠᠷ ᠨᠠᠮᠳᠠᠭᠣᠯᠪᠠ
    ᠭᠠᠵᠠᠷ ᠰᠢᠷᠣᠢ᠂ ᠭᠡᠷ ᠪᠠᠢᠰᠢᠩ᠂ ᠠᠮᠢ ᠠᠬᠤᠢ᠂ ᠤᠷᠤᠭ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠲᠥᠪᠯᠡᠷᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠵᠡᠷᠭᠡ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠬᠦ   ᠶᠢ ᠰᠠᠭᠠᠳ ᠦᠭᠡᠢ ᠨᠡᠪᠲᠡᠷᠡᠭᠦᠯᠵᠦ᠂ ᠣᠯᠠᠨ ᠡᠰᠢᠵᠢᠭᠦᠯᠦᠭᠰᠡᠨ ᠮᠠᠷᠭᠤᠯᠳᠤᠭᠠᠨ  ᠢ ᠨᠠᠮᠳᠠᠭᠣᠯᠬᠣ ᠠᠷᠭ᠎ᠠ ᠮᠠᠶ᠋ᠢᠭ  ᠢ ᠬᠡᠷᠡᠭᠯᠡᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ  ᠵᠠᠷᠭᠤ ᠶᠢᠨ ᠡᠮᠦᠨ᠎ᠡ᠂ ᠳᠤᠮᠳᠠ᠂ ᠰᠡᠭᠦᠯ ᠳᠤ ᠨᠠᠮᠳᠠᠭᠤᠯᠬᠤ ᠳᠤ ᠢᠳᠡᠪᠬᠢᠲᠡᠢ ᠣᠷᠣᠯᠴᠠᠵᠤ᠂ ᠬᠢᠨᠠᠯᠲᠠ ᠲᠠᠯᠪᠢᠬᠤ ᠳᠤᠮᠳᠠ ᠡᠶᠡᠳᠡᠭᠦᠯᠬᠦ᠂ ᠡᠶᠡᠳᠡᠭᠦᠯᠬᠦ ᠳᠤᠮᠳᠠ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠨᠠᠷᠢᠯᠢᠭ ᠤᠨᠤᠪᠴᠢᠲᠠᠢ ᠬᠢᠨᠠᠯᠲᠠ ᠲᠠᠯᠪᠢᠬᠤ᠂ ︽ᠨᠡᠪᠲᠡᠯᠬᠦ ᠮᠠᠶ᠋ᠢᠭ︾  ᠤᠨ ᠬᠢᠨᠠᠯᠲᠠ ᠲᠠᠯᠪᠢᠬᠤ ᠪᠠ  ᠣᠯᠠᠨ ᠲᠠᠯ᠎ᠠ ᠪᠠᠷ  ᠠᠰᠢᠭ ᠬᠦᠷᠲᠡᠬᠦ ᠦᠵᠡᠯᠲᠡ ᠶᠢ ᠮᠠᠷᠭᠤᠯᠳᠤᠭᠠᠨ ᠢ  ᠰᠢᠢᠣᠡᠪᠣᠷᠢᠯᠡᠬᠥ ᠪᠦᠬᠦ ᠶᠠᠪᠤᠴᠠ ᠳᠤ ᠲᠤᠤᠱᠯᠠᠭᠤᠯᠤᠨ᠎ᠠ᠃ ᠨᠢᠭᠡ ᠳᠤ᠂ ᠳᠤᠲᠤᠭᠠᠲᠤ  ᠳᠠᠭᠠᠨ ᠬᠤᠯᠪᠤᠭᠠᠯᠠᠨ ᠬᠦᠲᠦᠯᠦᠯᠴᠡᠵᠦ᠂ ᠨᠢᠭᠡ ᠴᠤᠭᠴᠠᠵᠢᠨ ᠡᠭᠦᠷᠭᠡ ᠲᠤᠰᠢᠶᠠᠯ ᠢᠶᠠᠨ ᠭᠦᠢᠴᠡᠳᠭᠡᠵᠡᠢ᠃ ᠵᠠᠰᠠᠭ ᠵᠠᠬᠢᠷᠭᠠᠨ ᠤ ᠬᠡᠷᠡᠭ ᠢ ᠲᠥᠪᠯᠡᠷᠡᠭᠦᠯᠦᠨ ᠬᠠᠮᠢᠶᠠᠷᠬᠤ ᠠᠵᠢᠯ ᠤᠨ ᠬᠡᠯᠪᠡᠷᠢ ᠳᠣᠣᠷ᠎ᠠ᠂ ᠲᠤᠬᠠᠢ ᠶᠢᠨ ᠭᠠᠵᠠᠷ ᠤᠨ ᠪᠠᠶᠢᠴᠠᠭᠠᠬᠤ ᠪᠠᠶᠢᠭᠤᠯᠭ᠎ᠠ ᠶᠢᠨ ᠪᠣᠳᠠᠲᠤ ᠪᠠᠶᠢᠳᠠᠯ ᠢ ᠰᠠᠶᠢᠨ ᠤᠶᠢᠯᠠᠭᠠᠬᠤ᠂ ᠠᠵᠢᠯ ᠢᠶᠠᠨ ᠦᠷᠨᠢᠭᠦᠯᠬᠦ ᠳᠤ ᠳᠥᠭᠦᠮ ᠪᠠᠶᠢᠬᠤ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ ︽ᠭᠠᠭᠴᠠ ᠪᠠᠷ ᠲᠡᠮᠡᠴᠡᠬᠦ︾ ᠪᠠᠶᠢᠳᠠᠯ ᠢ ᠬᠣᠪᠢᠷᠠᠭᠣᠯᠣᠨ᠂ ᠬᠠᠷᠢᠯᠴᠠᠨ ᠬᠠᠪᠰᠤᠷᠤᠯᠴᠠᠨ᠂ ᠳᠡᠭᠡᠷ᠎ᠡ ᠳᠣᠣᠷ᠎ᠠ ᠨᠢᠭᠡ ᠴᠣᠭᠴᠠᠵᠢᠭᠤᠯᠤᠨ ᠬᠡᠷᠡᠭ ᠰᠢᠢᠳᠪᠦᠷᠢᠯᠡᠬᠦ  ᠠᠷᠭ᠎ᠠ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠣᠯᠬᠣ ᠨᠡᠢᠯᠡᠮᠡᠯ ᠬᠦᠴᠦᠨ ᠢ ᠪᠦᠷᠢᠯᠳᠦᠭᠦᠯᠵᠡᠢ᠃ ᠬᠣᠣᠯᠢᠨ ᠭᠣᠣᠯ ᠬᠤᠲᠠ ᠶᠢᠨ ᠪᠠᠶᠢᠴᠠᠭᠠᠬᠤ ᠬᠤᠷᠢᠶ᠎ᠠ ᠯᠢᠦ ᠣᠪᠣᠭᠲᠤ ᠪᠠ ᠺᠠᠶᠢᠯᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠷᠤᠭ ᠤᠨ ᠶᠠᠪᠤᠳᠠᠯ  ᠤᠨ ᠲᠠᠩᠰᠠᠯᠠᠯᠲᠠ ᠢ ᠬᠦᠴᠦᠨ ᠦᠭᠡᠢ ᠪᠣᠯᠭᠠᠬᠤ ᠳᠤ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠵᠠᠰᠠᠭ ᠵᠠᠬᠢᠷᠭᠠᠨ ᠤ ᠵᠠᠷᠭᠤ ᠶᠢᠨ ᠬᠡᠷᠡᠭ  ᠬᠠᠷᠢᠴᠠᠩᠭᠤᠢ ᠲᠦᠪᠯᠡᠷᠡᠭᠦᠯᠦᠨ ᠬᠠᠷᠢᠶᠠᠯᠠᠬᠤ ᠲᠣᠭᠲᠠᠭᠠᠯ ᠳᠤ ᠰᠠᠭᠤᠷᠢᠯᠠᠨ᠂ ᠬᠤᠲᠠ ᠶᠢᠨ ᠪᠠᠶᠢᠴᠠᠭᠠᠬᠤ ᠬᠤᠷᠢᠶ᠎ᠠ ᠳᠤ ᠬᠡᠷᠡᠭ ᠤᠨ ᠪᠠᠶᠢᠳᠠᠯ ᠢ ᠴᠠᠭ ᠲᠤᠬᠠᠢ ᠳᠤᠨᠢ ᠲᠤᠰᠬᠠᠬᠤ ᠶᠢᠨ ᠬᠠᠮᠲᠤ ᠺᠠᠶᠢᠯᠤ  ᠰᠢᠶᠠᠨ ᠤ ᠪᠠᠶᠢᠴᠠᠭᠠᠬᠤ ᠬᠤᠷᠢᠶ᠎ᠠ ᠲᠠᠢ ᠬᠠᠷᠢᠯᠴᠠᠵᠤ᠂ ᠳᠡᠭᠡᠷ᠎ᠡ ᠳᠣᠣᠷ᠎ᠠ ᠱᠠᠲᠦ ᠪᠠᠷ ᠢᠶᠠᠨ ᠬᠤᠯᠪᠣᠭᠠᠯᠠᠨ᠂ ᠬᠤᠰᠢᠭᠤ ᠬᠣᠭᠣᠷᠣᠨᠳᠤ ᠪᠠᠨ ᠬᠠᠮᠲᠤᠷᠠᠯᠴᠠᠨ᠂ ᠡᠮᠦᠨᠡᠬᠢ ᠬᠤᠭᠤᠴᠠᠭᠠᠨ ᠤ ᠰᠦᠪᠡᠭᠴᠢ ᠶᠢ ᠦᠨᠡᠯᠡᠨ ᠵᠢᠱᠢᠬᠦ᠂ ᠪᠠᠶᠢᠴᠠᠭᠠᠨ ᠰᠤᠳᠤᠯᠵᠤ ᠬᠢᠨᠠᠨ ᠬᠠᠷᠭᠤᠭᠤᠯᠬᠤ ᠵᠡᠷᠭᠡ ᠠᠵᠢᠯ  ᠢ ᠬᠠᠷᠢᠯᠴᠠᠨ ᠬᠠᠪᠰᠤᠷᠴᠤ  ᠦᠷᠨᠢᠭᠦᠯᠬᠦ ᠶᠢᠨ ᠬᠠᠮᠲᠤ᠂  ᠢᠯᠡ ᠪᠠᠷ ᠭᠡᠷᠡᠴᠢ ᠰᠣᠨᠣᠰᠬᠤ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠤ ᠰᠠᠨᠠᠯ ᠪᠠ ᠭᠡᠷᠡᠴᠢᠯᠡᠭᠡ ᠰᠤᠨᠤᠰᠤᠬᠴᠢᠳ ᠤᠨ ᠦᠨᠡᠯᠡᠨ ᠶᠠᠷᠢᠯᠴᠠᠭᠰᠠᠨ ᠰᠠᠨᠠᠯ  ᠢ ᠭᠦᠢᠴᠡᠳ ᠰᠣᠨᠣᠰᠴᠤ᠂ ᠺᠠᠶᠢᠯᠤ ᠰᠢᠶᠠᠨ ᠤ ᠠᠷᠠᠳ ᠤᠨ ᠶᠠᠪᠤᠳᠠᠯ  ᠤᠨ ᠲᠣᠪᠴᠢᠶ᠎ᠠ ᠶᠢᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠬᠤ ᠰᠠᠨᠠᠭᠤᠯᠭ᠎ᠠ ᠲᠤᠷᠠᠳᠤᠨ᠂ ᠲᠡᠭᠦᠨ ᠤ ᠬᠠᠤᠯᠢ ᠶᠣᠰᠣᠭᠠᠷ ᠵᠠᠰᠠᠭ  ᠶᠠᠪᠤᠭᠤᠯᠬᠤ ᠶᠢ ᠠᠬᠢᠭᠤᠯᠪᠠ᠃ ᠡᠴᠦᠰ ᠲᠤ ᠯᠢᠦ ᠣᠪᠣᠭᠲᠤ ᠺᠠᠶᠢᠯᠤ ᠰᠢᠶᠠᠨ ᠤ ᠠᠷᠠᠳ ᠤᠨ ᠶᠠᠪᠤᠳᠠᠯ  ᠤᠨ ᠲᠣᠪᠴᠢᠶ᠎ᠠ ᠲᠠᠢ ᠡᠪᠰᠡᠭᠦᠯᠬᠦ  ᠨᠤᠲᠠᠯᠠᠯᠲᠠ ᠶᠢᠨ ᠪᠢᠴᠢᠭ ᠲᠣᠭᠲᠠᠵᠤ᠂ ᠵᠠᠭᠠᠯᠳᠤᠯᠭ᠎ᠠ ᠪᠠᠨ ᠪᠤᠴᠠᠭᠠᠵᠤ᠂ ᠲᠤᠰ ᠵᠠᠰᠠᠭ ᠵᠠᠬᠢᠷᠭᠠᠨ ᠤ ᠮᠠᠷᠭᠤᠯᠳᠤᠭᠠᠨ ᠦᠨᠡᠨᠬᠦ ᠨᠠᠮᠳᠠᠵᠠᠢ᠃ ᠬᠤᠶᠠᠷ ᠲᠤ᠂ ᠭᠠᠳᠠᠭᠠᠲᠦ ᠬᠦᠴᠦᠨ ᠳᠤ ᠲᠦᠰᠢᠭᠯᠡᠨ᠂ ᠮᠠᠷᠭᠤᠯᠳᠤᠭᠠᠨ ᠢ ᠨᠠᠮᠳᠠᠭᠣᠯᠪᠠ᠃ ᠺᠠᠶᠢᠯᠤ ᠰᠢᠶᠠᠨ ᠤ ᠪᠠᠶᠢᠴᠠᠭᠠᠬᠤ ᠬᠤᠷᠢᠶ᠎ᠠ ᠴᠢᠦᠢ ᠣᠪᠣᠭᠲᠤ ᠬᠢᠭᠡᠳ ᠺᠠᠶᠢᠯᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠭᠤᠷᠪᠠᠳᠡᠬᠢ ᠡᠲᠡᠭᠡᠳ ᠭᠧ ᠣᠪᠣᠭᠲᠤ᠂ ᠴᠧᠨ ᠣᠪᠣᠭᠲᠤ ᠶᠢᠨ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠨᠤᠲᠠᠯᠠᠯᠲᠠ ᠳᠤ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠪᠠᠶᠢᠴᠠᠭᠠᠬᠤ ᠲᠤᠰᠢᠶᠠᠯᠲᠠᠨ ᠬᠡᠷᠡᠭ ᠤᠨ ᠲᠥᠪᠯᠡᠷᠡᠯ ᠠᠰᠠᠭᠤᠳᠠᠯ ᠤᠨ ᠲᠤᠭᠤᠷᠢᠨ ᠳᠤ᠂ ᠬᠡᠷᠡᠭ ᠤᠨ ᠡᠪᠬᠡᠮᠡᠯ ᠢ ᠪᠠᠶᠢᠴᠠᠭᠠᠨ ᠦᠵᠡᠬᠦ + ᠲᠤᠬᠠᠢ ᠶᠢᠨ ᠭᠠᠵᠠᠷ ᠲᠤ ᠬᠠᠶᠢᠨ ᠬᠡᠮᠵᠢᠯᠲᠡ ᠬᠢᠬᠦ + ᠬᠠᠮᠲᠤᠷᠠᠭᠰᠠᠨ ᠬᠤᠷᠠᠯ ᠬᠤᠷᠠᠯᠳᠤᠭᠤᠯᠬᠤ + ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠵᠠᠷᠭᠡ ᠪᠠᠷ ᠳᠠᠮᠵᠢᠨ ᠭᠤᠷᠪᠠᠳᠠᠬᠢ ᠡᠲᠡᠭᠡᠳ ᠲᠤᠰ ᠬᠡᠷᠡᠭ ᠲᠤ ᠬᠤᠯᠪᠤᠭᠳᠠᠬᠤ ᠭᠠᠵᠠᠷ ᠰᠢᠷᠦᠢ ᠶᠢ ᠲᠤᠷᠠᠪᠡᠷ ᠡᠵᠡᠯᠡᠵᠦ ᠬᠡᠷᠡᠭᠯᠡᠭᠰᠡᠨ ᠪᠣᠳᠠᠲᠤ ᠬᠡᠷᠡᠭ ᠢ ᠪᠠᠶᠢᠴᠠᠭᠠᠨ ᠲᠣᠳᠣᠯᠠᠪᠠ᠃ ᠣᠯᠠᠨ ᠤᠳᠠᠭ᠎ᠠ ᠡᠶᠡᠳᠡᠭᠦᠯᠬᠦ ᠪᠠᠷ ᠳᠠᠮᠵᠢᠨ᠂ ᠭᠤᠷᠪᠠᠳᠠᠬᠢ ᠡᠲᠡᠭᠡᠳ ᠭᠠᠵᠠᠷ ᠰᠢᠷᠦᠢ ᠶᠢᠨ ᠲᠠᠯᠠᠪᠠᠢ ᠪᠠᠷ ᠴᠢᠦᠢ ᠣᠪᠣᠭᠲᠤ ᠳᠤ ᠠᠷᠪᠠᠨ ᠲᠦᠮᠡᠨ ᠲᠦᠭᠦᠷᠡᠩ ᠤᠨ ᠲᠥᠯᠥᠪᠦᠷᠢ ᠥᠭᠴᠦ᠂ ᠺᠠᠶᠢᠯᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠴᠢᠦᠢ ᠣᠪᠣᠭᠲᠤ ᠶᠢᠨ ᠳᠠᠭᠠᠭᠠᠴᠢᠯᠠᠭᠰᠠᠨ ᠭᠠᠵᠠᠷ  ᠰᠢᠷᠦᠢ ᠶᠢᠨ  ᠡᠷᠬᠡ  ᠶᠢ ᠳᠠᠬᠢᠨ ᠲᠣᠳᠣᠯᠠᠵᠤ᠂ ᠬᠤᠶᠠᠷ ᠲᠠᠯ᠎ᠠ ᠪᠠᠷ ᠢᠶᠠᠨ ᠡᠶᠡᠳᠡᠬᠦ ᠵᠥᠪᠯᠡᠯᠴᠡᠬᠡᠷ ᠲᠣᠭᠲᠠᠵᠤ᠂ ᠴᠢᠦᠢ ᠣᠪᠣᠭᠲᠤ ᠶᠢᠨ 10 ᠭᠠᠷᠤᠢ ᠵᠢᠯ  ᠤᠨ ᠰᠡᠳᠬᠢᠯ  ᠤᠨ ᠵᠠᠩᠭᠢᠷᠠᠭ᠎ᠠ ᠠᠳᠡ ᠬᠦᠷᠦᠭᠡᠳ ᠦᠨᠡᠨᠬᠦ ᠲᠠᠶᠢᠯᠠᠭᠳᠠᠪᠠ᠃ ᠭᠤᠷᠪᠠ ᠳᠤ᠂ ᠤᠳᠤᠷᠢᠳᠤᠯᠭ᠎ᠠ ᠠᠴᠠ ᠬᠡᠷᠡᠭ   ᠳᠠᠭᠠᠭᠠᠴᠢᠯᠠᠨ ᠰᠢᠢᠳᠪᠦᠷᠢᠯᠡᠵᠦ ᠡᠪᠰᠡᠬᠦ ᠶᠢ ᠠᠬᠢᠭᠤᠯᠪᠠ᠃ ᠬᠤᠷᠴᠢᠨ ᠲᠤᠭᠤᠷᠢᠭ ᠤᠨ ᠪᠠᠶᠢᠴᠠᠭᠠᠬᠤ ᠬᠤᠷᠢᠶ᠎ᠠ ᠲᠤᠭᠤᠷᠢᠭ ᠤᠨ ᠠᠷᠠᠳ ᠤᠨ ᠵᠠᠰᠠᠭ ᠤᠨ ᠤᠷᠳᠥᠨ ᠤ ᠵᠠᠩ ᠤᠪᠤᠭᠲᠤ ᠶᠢᠨ ᠭᠡᠷ ᠪᠠᠶᠢᠰᠢᠩ ᠲᠠᠲᠠᠪᠤᠷᠢᠯᠠᠬᠤ ᠨᠦᠬᠦᠪᠦᠷᠢ ᠶᠢᠨ ᠲᠣᠭᠲᠠᠭᠠᠯ ᠶᠢ ᠠᠯᠪᠠᠲᠠᠨ ᠬᠡᠷᠡᠭᠵᠢᠭᠦᠯᠬᠦ ᠪᠠᠷ ᠭᠤᠶᠤᠴᠢᠯᠠᠭᠰᠠᠨ ᠬᠡᠷᠡᠭ  ᠲᠤ᠂ ᠵᠢᠯ ᠬᠤᠭᠤᠴᠠᠭ᠎ᠠ ᠨᠢ ᠤᠷᠲᠤ᠂ ᠰᠢᠢᠳᠪᠦᠷᠢᠯᠡᠬᠦ ᠳᠤ ᠪᠤᠳᠤᠯᠢᠶᠠᠨᠲᠠᠢ ᠪᠠᠶᠢᠳᠠᠯ ᠳᠤ ᠴᠢᠭᠯᠡᠭᠦᠯᠦᠨ᠂ ᠲᠤᠰᠬᠠᠢ ᠬᠡᠷᠡᠭ ᠰᠢᠢᠳᠪᠦᠷᠢᠯᠡᠬᠦ ᠪᠦᠯᠬᠦᠮ ᠪᠠᠶᠢᠭᠤᠯᠵᠤ᠂  ᠤᠳᠤᠷᠢᠳᠤᠯᠭ᠎ᠠ ᠬᠡᠷᠡᠭ ᠳᠠᠭᠠᠭᠠᠴᠢᠯᠠᠨ᠂ ᠭᠡᠷ ᠪᠠᠶᠢᠰᠢᠩ ᠲᠠᠲᠠᠪᠤᠷᠢᠯᠠᠬᠤ ᠬᠠᠮᠢᠶᠠᠷᠤᠯᠲᠠ ᠶᠢᠨ ᠲᠣᠪᠴᠢᠶ᠎ᠠ ᠪᠠ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠠᠢ ᠣᠯᠠᠨ ᠤᠳᠠᠭ᠎ᠠ ᠰᠠᠨᠠᠯ ᠰᠤᠯᠢᠯᠴᠠᠨ᠂ ᠵᠠᠩ ᠤᠪᠤᠭᠲᠤ ᠳᠤ ᠠᠷᠪᠠᠭᠠᠳ ᠤᠳᠠᠭ᠎ᠠ ᠬᠠᠤᠯᠢ ᠲᠠᠶᠢᠯᠪᠤᠷᠢᠯᠠᠵᠦ ᠶᠤᠰᠤ ᠶᠠᠷᠢᠨ᠂  ᠵᠠᠰᠠᠭ ᠤᠨ ᠤᠷᠳᠥᠨ ᠵᠠᠩ ᠤᠪᠤᠭᠲᠤ ᠳᠤ ᠵᠤᠬᠢᠰᠲᠠᠢ ᠨᠦᠬᠦᠪᠦᠷᠢ ᠦᠭᠴᠦ᠂ ᠮᠠᠷᠭᠤᠯᠳᠤᠭᠠᠨ ᠢ ᠦᠨᠡᠨ ᠪᠣᠳᠠᠳᠠᠢ ᠰᠢᠢᠳᠪᠦᠷᠢᠯᠡᠭᠰᠡᠨ ᠪᠠᠶᠢᠨ᠎ᠠ᠃

     ᠳᠥᠷᠪᠡ ᠳᠤ᠂ ᠬᠠᠤᠯᠢ ᠴᠠᠭᠠᠵᠠ  ᠶᠢᠨ ᠠᠪᠤᠷᠠᠨ ᠲᠤᠰᠠᠯᠠᠯᠲᠠ ᠬᠢᠵᠦ᠂ ᠬᠦᠴᠢᠷᠳᠡᠯ ᠢ ᠲᠤᠭᠤᠯᠠᠪᠠ

    ᠬᠤᠲᠠ ᠶᠢᠨ ᠪᠠᠶᠢᠴᠠᠭᠠᠬᠤ ᠬᠤᠷᠢᠶ᠎ᠠ ᠬᠤᠣ ᠣᠪᠣᠭᠲᠤ ᠶᠢᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠬᠦ  ᠳᠤᠮᠳᠠ᠂ ᠭᠤᠶᠤᠴᠢᠯᠠᠭᠴᠢ ᠶᠢᠨ ᠭᠤᠶᠤᠴᠢᠯᠠᠯ ᠢ   ᠳᠡᠮᠵᠢᠭᠰᠡᠨ ᠦᠭᠡᠢ ᠪᠤᠯᠪᠠᠴᠦ ᠭᠤᠶᠤᠴᠢᠯᠠᠭᠴᠢ ᠶᠢᠨ ᠲᠤᠰ ᠬᠡᠷᠡᠭ ᠠᠴᠠ ᠪᠣᠯᠵᠤ ᠠᠮᠢᠳᠤᠷᠠᠯ ᠨᠢ ᠬᠦᠴᠢᠷᠳᠡᠯᠲᠡᠢ᠂ ᠭᠡᠷ ᠪᠦᠯᠢ ᠶᠢᠨ ᠳᠠᠷᠤᠭᠠᠰᠤ ᠬᠦᠨᠳᠦ  ᠪᠤᠯᠤᠭᠰᠠᠨ ᠢ ᠣᠯᠵᠤ ᠮᠡᠳᠡᠭᠡᠳ᠂ ᠲᠡᠭᠦᠨ ᠢ ᠬᠠᠪᠰᠤᠷᠤᠨ ᠬᠤᠶᠠᠷ ᠲᠦᠮᠡᠨ ᠲᠥᠭᠦᠷᠢᠭ  ᠤᠨ ᠬᠠᠤᠯᠢ ᠴᠠᠭᠠᠵᠠ  ᠶᠢᠨ ᠠᠪᠤᠷᠠᠨ ᠲᠤᠰᠠᠯᠠᠬᠤ ᠮᠥᠩᠭᠦ  ᠭᠤᠶᠤᠴᠢᠯᠠᠨ ᠥᠭᠴᠦ᠂ ᠪᠣᠳᠠᠲᠠᠢ ᠬᠦᠴᠢᠷᠳᠡᠯ  ᠢ ᠨᠢ ᠰᠢᠢᠳᠪᠦᠷᠢᠯᠡᠵᠡᠢ᠃ ᠲᠡᠭᠦᠨ ᠤ ᠲᠠᠭᠤ ᠳᠤ᠂  ᠬᠦᠯᠢᠴᠡᠩᠭᠦᠢ ᠬᠠᠤᠯᠢ ᠶᠢᠨ ᠲᠠᠶᠢᠯᠪᠤᠷᠢ ᠬᠢᠵᠦ᠂  ᠬᠤᠣ ᠣᠪᠣᠭᠲᠤ ᠪᠠᠶᠢᠴᠠᠭᠠᠬᠤ  ᠪᠠᠶᠢᠭᠤᠯᠭ᠎ᠠ ᠶᠢᠨ ᠲᠣᠭᠲᠠᠭᠠᠯ  ᠢ ᠬᠦᠯᠢᠶᠡᠨ ᠠᠪᠴᠤ᠂ ᠵᠠᠷᠭᠤ ᠵᠣᠭᠰᠣᠭᠠᠬᠤ ᠠᠮᠠᠯᠠᠯᠲᠠ ᠶᠢᠨ ᠪᠢᠴᠢᠭ ᠲᠤ ᠭᠠᠷ  ᠤᠨ ᠦᠰᠦᠭ ᠵᠢᠷᠤᠪᠠ᠃
    ᠪᠠᠶᠢᠴᠠᠭᠠᠬᠤ ᠪᠠᠶᠢᠭᠤᠯᠭ᠎ᠠ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ  ᠪᠠᠷ ᠰᠢᠢᠳᠪᠦᠷᠢᠯᠡᠬᠦ ᠨᠢ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠴᠢᠬᠤᠯᠠ ᠭᠤᠭᠴᠤᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠦᠩᠯᠢᠶᠣᠣ ᠬᠤᠲᠠ ᠶᠢᠨ ᠪᠠᠶᠢᠴᠠᠭᠠᠬᠤ  ᠪᠠᠶᠢᠭᠤᠯᠭ᠎ᠠ 

︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ  ᠢ  ᠴᠢᠩᠭᠠᠳᠬᠠᠬᠤ ᠲᠤᠬᠠᠢ ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ  ᠪᠠᠷ ᠰᠢᠢᠳᠪᠦᠷᠢᠯᠡᠬᠦ ᠶᠢ ᠪᠠᠶᠢᠴᠠᠭᠠᠬᠤ ᠠᠵᠢᠯ ᠤᠨ ᠴᠢᠬᠤᠯᠠ ᠭᠠᠷᠳᠠᠴᠠ ᠪᠣᠯᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ  ᠯᠤᠭ᠎ᠠ ᠬᠦᠴᠦᠨ ᠢᠶᠠᠨ ᠬᠠᠮᠳᠤᠳᠬᠠᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠳᠠᠢ ᠪᠠᠷ ᠰᠢᠢᠳᠪᠦᠷᠢᠯᠡᠬᠦ  ᠦᠢᠯᠡᠳᠦᠯᠴᠡᠭᠡ ᠶᠢ ᠬᠠᠮᠲᠤᠪᠠᠷ ᠠᠬᠢᠭᠤᠯᠵᠤ᠂  ᠬᠠᠥᠯᠢ ᠪᠠᠷ ᠵᠠᠰᠠᠬᠤ ᠵᠠᠰᠠᠭ ᠤᠨ ᠤᠷᠳᠥᠨ ᠤ ᠪᠠᠶᠢᠭᠤᠯᠤᠯᠲᠠ ᠶᠢ ᠠᠬᠢᠭᠤᠯᠬᠤ ᠪᠠᠷ ᠬᠦᠴᠦᠯᠡᠨ ᠴᠢᠷᠮᠠᠶᠢᠨ᠎ᠠ᠃

 

ᠢᠷᠡᠯᠲᠡ
ᠲᠦᠩᠯᠢᠶᠣᠣ ᠬᠤᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro