ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠣᠷᠭᠠᠭᠣᠯᠢ ᠴᠣᠭᠯᠠᠭᠰᠠᠨ ᠤ ᠳᠠᠷᠠᠭᠠᠬᠢ ᠠᠩᠬᠠᠨ ᠤ ᠬᠠᠤᠯᠢ ᠶᠢᠨ ᠬᠢᠴᠢᠶᠡᠯ

2024-03-28 17:30:44
ᠵᠣᠬᠢᠶᠠᠭᠴᠢ
ᠲᠡᠷᠭᠡᠯ

 

 ᠬᠠᠷᠢᠶᠠᠵᠠᠢ ᠵᠢᠷᠭᠢᠵᠦ ᠬᠠᠪᠤᠷ ᠢᠷᠡᠯ᠎ᠡ᠂ ᠰᠢᠨ᠎ᠡ ᠰᠤᠷᠤᠯᠭ᠎ᠠ ᠶᠢᠨ ᠬᠣᠭᠣᠴᠠᠭ᠎ᠠ ᠰᠢᠨ᠎ᠡ ᠨᠢᠭᠡᠨ ᠬᠠᠭᠣᠳᠠᠰᠣ ᠶᠢ ᠰᠡᠬᠦᠯ᠎ᠡ᠃ ᠨᠠᠰᠣᠨ ᠳᠤ ᠥᠯᠦ ᠬᠦᠷᠦᠭᠰᠡᠳ ᠦᠨ ᠰᠦᠯᠵᠢᠶᠡᠨ ᠦ ᠠᠮᠤᠷ ᠲᠥᠪᠰᠢᠨ ᠤ ᠦᠵᠡᠯ ᠣᠬᠠᠮᠰᠠᠷ ᠢ ᠳᠡᠭᠡᠭᠰᠢᠯᠡᠭᠦᠯᠵᠦ᠂ ᠬᠠᠣᠯᠢ ᠪᠠᠷ ᠵᠠᠰᠠᠬᠤ ᠶᠢ ᠰᠣᠷᠭᠠᠭᠣᠯᠢ ᠶᠢᠨ ᠬᠦᠷᠢᠶᠡᠨ ᠳᠦ ᠤᠯᠠᠮ ᠨᠢᠭᠡ ᠠᠯᠬᠤᠮ ᠲᠦᠭᠡᠮᠡᠯᠵᠢᠭᠦᠯᠬᠦ ᠶᠢᠨ ᠲᠥᠯᠦᠭᠡ᠂ 3 ᠰᠠᠷ᠎ᠠ ᠶᠢᠨ 6 ᠦ ᠡᠳᠦᠷ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠣ ᠬᠣᠷᠢᠶᠠᠨ ᠤ ᠬᠠᠣᠯᠢ ᠴᠠᠭᠠᠵᠠ ᠶᠢᠨ ᠳᠡᠳ᠋ ᠰᠤᠷᠭᠠᠭᠤᠯᠢ  ᠵᠢᠨ ᠵᠠᠬᠢᠷᠣᠯ᠂ ᠨᠠᠰᠣᠨ ᠳᠤ ᠥᠯᠦ ᠬᠦᠷᠦᠭᠰᠡᠳ ᠦᠨ ᠪᠠᠶᠢᠴᠠᠭᠠᠬᠣ ᠭᠡᠯᠳᠡᠰ ᠦᠨ ᠪᠠᠶᠢᠴᠠᠭᠠᠬᠤ ᠠᠵᠢᠯᠳᠠᠨ ᠢ ᠳᠠᠭᠠᠭᠣᠯᠣᠨ ᠠᠪᠠᠭ᠎ᠠ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠣᠯᠢ ᠳᠤ ᠬᠦᠷᠴᠦ᠂ ᠰᠦᠯᠵᠢᠶᠡᠨ ᠦ ᠠᠮᠦᠷ ᠲᠦᠪᠰᠢᠨ᠂ ᠴᠠᠬᠢᠯᠭᠠᠨ ᠬᠣᠯᠪᠣᠭᠠᠨ ︵ᠲᠣᠣᠷ ᠰᠦᠯᠵᠢᠶ᠎ᠡ︶ ᠤ ᠮᠡᠬᠡᠯᠡᠯ ᠦᠨ ᠲᠣᠬᠠᠢ ᠬᠠᠣᠯᠢ ᠶᠢᠨ ᠬᠢᠴᠢᠶᠡᠯ ᠣᠷᠣᠵᠦ᠂  ᠰᠣᠷᠣᠭᠴᠢᠳ ᠲᠤ ᠨᠠᠰᠣᠨ ᠳᠤ ᠥᠯᠦ ᠬᠦᠷᠦᠭᠰᠡᠳ ᠦᠨ ᠡᠷᠬᠡ ᠠᠰᠢᠭ ᠢᠶᠠᠨ ᠬᠠᠮᠠᠭᠠᠯᠠᠬᠤ ᠬᠠᠣᠯᠢ ᠶᠢᠨ ᠮᠡᠳᠡᠯᠭᠡ ᠶᠢ ᠰᠣᠷᠳᠠᠯᠴᠢᠯᠠᠵᠠᠢ᠃

 

   

ᠬᠢᠴᠢᠶᠡᠯ ᠤᠨ ᠶᠠᠪᠤᠴᠠ ᠳᠤ᠂  ᠲᠤᠰ ᠬᠣᠷᠢᠶᠠᠨ ᠤ ᠪᠠᠶᠢᠴᠠᠭᠠᠬᠤ ᠠᠵᠢᠯᠳᠠᠨ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠠᠰᠣᠨ ᠳᠤ ᠥᠯᠦ ᠬᠦᠷᠦᠭᠰᠡᠳ ᠤᠨ ᠰᠦᠯᠵᠢᠶᠡᠨ ᠬᠠᠮᠠᠭᠠᠯᠠᠯᠲᠠ ᠶᠢᠨ ᠲᠦᠷᠢᠮ︾ ᠤᠨ ᠲᠣᠬᠠᠢ ᠲᠠᠶᠢᠯᠤᠮᠵᠢ ᠬᠢᠵᠦ᠂ ︽ᠶᠠᠭᠤ ᠶᠢ ᠰᠦᠯᠵᠢᠶᠡᠨ ᠦ ᠠᠮᠦᠷ ᠲᠥᠪᠰᠢᠨ ᠭᠡᠬᠦ ᠪᠤᠢ︾ ︽ᠰᠦᠯᠵᠢᠶᠡᠨ ᠦ ᠠᠮᠦᠷ ᠲᠥᠪᠰᠢᠨ ᠦ ᠲᠠᠯ᠎ᠠ ᠳᠤ ᠶᠠᠮᠠᠷ ᠶᠠᠮᠠᠷ ᠭᠡᠮ ᠰᠣᠭᠣᠭ ᠣᠷᠣᠰᠢᠵᠤ ᠪᠠᠶᠢᠬᠤ ᠪᠤᠢ︾ ︽ᠲᠠᠨᠢᠯ ᠪᠣᠰᠤ ᠰᠦᠯᠵᠢᠶᠡᠨ ᠦ ᠠᠨᠳᠠ ᠳᠤ ᠦᠨᠡᠨ ᠪᠣᠲᠠᠲᠠᠢ ᠣᠪᠣᠭ ᠨᠡᠷ᠎ᠡ ᠪᠠ ᠨᠠᠷᠢᠨ ᠲᠣᠳᠣᠷᠬᠠᠢ ᠰᠠᠭᠤᠭ᠎ᠠ ᠭᠠᠵᠠᠷ ᠢᠶᠠᠨ ᠬᠡᠯᠡᠵᠦ ᠪᠣᠯᠬᠤ ᠦᠭᠡᠢ︾ ᠵᠡᠷᠭᠡ ᠲᠠᠯ᠎ᠠ ᠠᠴᠠ ᠵᠠᠳᠠᠯᠵᠤ᠂ ᠰᠣᠷᠣᠭᠴᠢᠳ ᠢ ᠪᠣᠯᠪᠠᠰᠣᠨ ᠢᠶᠠᠷ ᠰᠦᠯᠵᠢᠶᠡᠨ ᠳᠦ ᠭᠠᠷᠴᠦ᠂ ᠪᠣᠬᠢᠷᠳᠣᠯ ᠦᠭᠡᠢ ᠪᠡᠷ ᠰᠦᠯᠵᠢᠶᠡᠨ ᠳᠦ ᠭᠠᠷᠴᠦ᠂ ᠡᠷᠡᠭᠦᠯ ᠢᠶᠡᠷ ᠰᠦᠯᠵᠢᠶᠡᠨ ᠳᠦ ᠭᠠᠷᠬᠤ ᠶᠢ ᠵᠢᠯᠣᠭᠣᠳᠣᠨ ᠰᠦᠯᠵᠢᠶᠡᠨ ᠦ ᠮᠡᠳᠡᠭᠡ ᠵᠠᠩᠭᠢ ᠶᠢᠨ ᠦᠨᠡᠨ ᠬᠣᠳᠠᠯ ᠢ ᠢᠯᠭᠠᠬᠤ᠂ ᠬᠤᠪᠢ ᠬᠦᠮᠦᠨ ᠦ ᠮᠡᠳᠡᠭᠡ ᠵᠠᠩᠭᠢ ᠶᠢᠨ ᠠᠮᠦᠷ ᠲᠦᠪᠰᠢᠨ ᠢ ᠬᠠᠮᠠᠭᠠᠯᠠᠬᠤ᠂ ᠴᠠᠬᠢᠯᠭᠠᠨ ᠬᠣᠯᠪᠣᠭᠠᠨ ᠤ ᠰᠦᠯᠵᠢᠶᠡᠨ ᠦ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠨᠢ ᠲᠡᠭᠡᠭᠰᠢᠯᠡᠭᠦᠯᠪᠡ᠃

 

   

 ᠨᠠᠰᠤᠨ ᠳᠤ ᠦᠯᠥ ᠬᠦᠷᠦᠭᠰᠡᠳ ᠪᠣᠯ ᠡᠬᠡ ᠣᠷᠣᠨ ᠤ ᠢᠷᠡᠭᠡᠳᠦᠢ᠂ ᠦᠨᠳᠦᠰᠦᠲᠡᠨ ᠦ ᠬᠦᠰᠡᠯ ᠡᠷᠡᠮᠡᠯᠵᠡᠯ ᠪᠣᠯᠣᠨ᠎ᠠ᠂ ᠰᠦᠯᠵᠢᠶᠡᠨ ᠦ ᠣᠷᠴᠢᠨ ᠢ ᠴᠡᠪᠡᠷᠰᠢᠭᠦᠯᠬᠦ᠂ ᠨᠠᠰᠣᠨ ᠳᠤ ᠥᠯᠦ ᠬᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠣ ᠶᠢ ᠬᠠᠮᠠᠭᠠᠯᠠᠬᠤ ᠨᠢ ᠦᠢ ᠤᠯᠠᠨ ᠠᠶᠢᠯ ᠡᠷᠦᠬᠡ ᠶᠢᠨ ᠲᠣᠰ ᠪᠡᠶ᠎ᠡ ᠶᠢᠨ ᠠᠰᠢᠭ ᠲᠣᠰᠠ ᠲᠠᠢ ᠬᠣᠯᠪᠣᠭᠳᠠᠵᠤ ᠪᠠᠶᠢᠳᠠᠭ᠃ ᠳᠠᠷᠠᠭᠠᠴᠢ ᠶᠢᠨ ᠠᠯᠬᠤᠮ ᠳᠤ᠂ ᠠᠪᠠᠭ᠎ᠠ ᠬᠣᠰᠢᠭᠣᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠠᠰᠣᠨ ᠳᠤ ᠥᠯᠦ ᠬᠦᠷᠦᠭᠰᠡᠳ ᠦᠨ ᠰᠦᠯᠵᠢᠶᠡᠨ ᠬᠠᠮᠠᠭᠠᠯᠠᠯᠲᠠ ᠶᠢᠨ ᠲᠦᠷᠢᠮ︾ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠴᠠᠬᠢᠯᠭᠠᠨ ᠬᠣᠯᠪᠣᠭᠠᠨ ︵ᠲᠣᠣᠷ ᠰᠦᠯᠵᠢᠶ᠎ᠡ︶ ᠤ ᠮᠡᠬᠡᠯᠡᠯ ᠢ ᠡᠰᠡᠷᠭᠦᠴᠡᠬᠦ︾ ᠵᠡᠷᠭᠡ ᠬᠠᠣᠯᠢ ᠴᠠᠭᠠᠵᠠ ᠬᠠᠣᠯᠢ ᠲᠣᠭᠳᠠᠭᠠᠯ ᠢ ᠦᠷᠭᠦᠯᠵᠢᠯᠡᠨ ᠤᠬᠠᠭᠤᠯᠤᠨ ᠲᠥᠭᠡᠮᠡᠯᠵᠢᠭᠦᠯᠵᠦ᠂ ᠥᠷᠭᠡᠨ ᠣᠯᠠᠨ ᠰᠣᠷᠣᠭᠴᠢᠳ ᠲᠤ ᠠᠮᠦᠷ ᠲᠦᠪᠰᠢᠨ ᠢᠶᠡᠷ ᠰᠦᠯᠵᠢᠶᠡᠨ ᠳᠦ ᠭᠠᠷᠬᠤ᠂ ᠬᠠᠤᠯᠢ ᠶᠣᠰᠣᠭᠠᠷ ᠰᠦᠯᠵᠢᠶᠡᠨ ᠳᠦ ᠭᠠᠷᠬᠤ᠂ ᠵᠤᠬᠢᠬᠤ ᠬᠡᠮᠵᠢᠶ᠎ᠡ ᠪᠡᠷ ᠰᠦᠯᠵᠢᠶᠡᠨ ᠳᠦ ᠭᠠᠷᠬᠤ ᠶᠢ ᠣᠷᠢᠶᠠᠯᠠᠵᠤ᠂ ᠨᠠᠰᠣᠨ ᠳᠤ ᠥᠯᠦ ᠬᠦᠷᠦᠭᠰᠡᠳ ᠦᠨ ᠡᠷᠬᠡ ᠠᠰᠢᠭ ᠲᠤ ᠬᠣᠯᠪᠣᠭᠳᠠᠭᠰᠠᠨ ᠬᠠᠤᠯᠢ ᠴᠠᠭᠠᠵᠠ ᠶᠢᠨ ᠣᠬᠠᠭᠣᠯᠭ᠎ᠠ ᠰᠣᠷᠳᠠᠯᠴᠢᠯᠠᠭ᠎ᠠ ᠶᠢ ᠨᠡᠩ ᠥᠷᠭᠡᠨ ᠬᠡᠪᠴᠢᠶᠡᠨ ᠳᠦ ᠬᠦᠷᠭᠡᠬᠦ ᠪᠣᠯᠣᠨ᠎ᠠ᠃

 

 

 

 

 

ᠢᠷᠡᠯᠲᠡ
ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠣ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro