ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠠᠮᠢ ᠠᠬᠤᠶ  ᠶᠢᠨ ᠪᠠᠶᠢᠴᠠᠭᠠᠯᠲᠠ ᠨᠢ ᠬᠥᠬᠡᠮᠳᠦᠭ ᠨᠣᠭᠣᠭᠠᠨ ᠠᠭᠤᠯᠠ ᠤᠰᠤ  ᠶᠢ ᠢᠨᠢᠶᠡᠮᠰᠦᠭ ᠴᠢᠷᠠᠶ ᠲᠠᠶ ᠪᠣᠯᠭᠠᠪᠠ

2024-04-09 15:11:06
ᠵᠣᠬᠢᠶᠠᠭᠴᠢ
ᠤᠳᠬᠤᠨᠪᠢᠯᠢᠭ᠌ ᠬᠠᠰᠭᠤᠸ᠎ᠠ

 

     ᠠᠷᠯᠠᠨ ᠮᠢᠷᠠᠯᠵᠠᠬᠤ ᠨᠣᠮᠢᠨ ᠥᠩᠭᠡ  ᠠᠮᠢᠵᠢᠷᠠᠯ ᠤᠨ ᠤᠳᠬ᠎ᠠ ᠶᠢ ᠲᠠᠶᠢᠯᠣᠩᠨᠠᠵᠤ᠂  ᠤᠷᠢᠬᠠᠨ ᠰᠠᠯᠬᠢᠨ ᠤ ᠠᠶᠠᠰ ᠢᠶᠠᠷ ᠲᠣᠭ ᠳᠠᠯᠪᠠᠭ᠎ᠠ ᠨᠠᠮᠢᠷᠠᠭᠰᠠᠨ ᠬᠠᠪᠤᠷ ᠤᠨ ᠡᠶᠡᠪᠡᠷᠭᠦᠦ ᠤᠯᠠᠷᠢᠯ ᠳᠤ᠂ ᠠᠯᠠᠱᠠ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭ ᠤᠨ ᠣᠢ ᠶᠢᠨ ᠠᠮᠢ ᠠᠬᠤᠢ ᠶᠢᠨ ᠰᠠᠭᠤᠷᠢᠨ ᠭᠠᠵᠠᠷ ᠪᠠᠶᠢᠭᠤᠯᠤᠭᠳᠠᠭᠰᠠᠨ ᠶᠣᠰᠣᠯᠠᠯ ᠬᠢᠪᠡ᠃

ᠣᠶᠢᠷ᠎ᠠ ᠶᠢᠨ ᠡᠳᠦᠷ᠂ ᠠᠯᠠᠱᠠ ᠠᠶᠢᠮᠠᠭ ᠤᠨ ᠪᠠᠶᠢᠴᠠᠭᠠᠬᠤ ᠬᠣᠪᠢᠶᠠᠷᠢ ᠬᠣᠷᠢᠶ᠎ᠠ ᠪᠣᠯᠣᠨ ᠠᠯᠠᠱᠠ ᠵᠡᠭᠦᠨ ᠬᠣᠰᠢᠭᠤᠨ ᠤ ᠪᠠᠶᠢᠴᠠᠭᠠᠬᠤ ᠬᠣᠷᠢᠶ᠎ᠠ ᠬᠠᠮᠲᠤᠪᠠᠷ ︽ᠪᠠᠶᠢᠴᠠᠭᠠᠬᠤ ᠪᠠᠶᠢᠭᠤᠯᠭ᠎ᠠ ︿ᠨᠣᠭᠣᠭᠠᠷᠠᠭᠤᠯᠤᠯᠲᠠ ᠬᠢᠵᠦ﹀᠂ ᠪᠣᠬᠢᠷᠳᠣᠯ ᠦᠭᠡᠢ ᠣᠷᠴᠢᠨ ᠢ ︿ᠠᠰᠢᠭ ᠬᠦᠷᠲᠡᠭᠡᠬᠦ﹀ — ᠠᠯᠠᠱᠠ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭ ᠤᠨ ᠣᠢ ᠶᠢᠨ ᠠᠮᠢ ᠠᠬᠤᠢ ᠶᠢᠨ ᠰᠠᠭᠤᠷᠢᠨ ᠭᠠᠵᠠᠷ ᠪᠠᠶᠢᠭᠤᠯᠤᠭᠳᠠᠭᠰᠠᠨ ᠶᠣᠰᠣᠯᠠᠯ︾ ᠵᠣᠬᠢᠶᠠᠨ ᠪᠠᠶᠢᠭᠤᠯᠪᠠ᠃

     ᠠᠯᠠᠱᠠ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠢᠭ ᠤᠨ ᠣᠢ ᠶᠢᠨ ᠠᠮᠢ ᠠᠬᠤᠢ ᠶᠢᠨ ᠰᠠᠭᠤᠷᠢᠨ ᠭᠠᠵᠠᠷ ᠤᠨ ᠵᠢᠷᠣᠭᠯᠠᠭᠰᠠᠨ ᠶᠡᠷᠦᠩᠬᠡᠢ ᠲᠠᠯᠠᠪᠠᠢ ᠨᠢ 3.3 ᠳᠥᠷᠪᠡᠯᠵᠢᠨ ᠺᠢᠯᠦᠮᠧᠲ᠋ᠧᠷ ᠲᠠᠯᠠᠪᠠᠢ ᠲᠠᠢ ᠪᠠᠶᠢᠵᠤ᠂ 2024  ᠣᠨ ᠳᠤ 500 ᠮᠦ ᠲᠠᠯᠠᠪᠠᠢ ᠶᠢ ᠣᠶᠢᠵᠢᠭᠤᠯᠤᠨ᠂ ᠭᠤᠷᠪᠠᠨ ᠵᠢᠯ ᠦᠨ ᠬᠤᠭᠤᠴᠠᠭᠠᠨ ᠳᠤ ᠪᠦᠬᠦᠨ ᠢ ᠪᠦᠲᠦᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ᠂ ᠴᠡᠴᠡᠭᠲᠦ ᠲᠤᠯᠠᠬ᠎ᠠ ᠮᠣᠳᠣ᠂ ᠵᠠᠭ ᠮᠣᠳᠣ ᠪᠡᠷ ᠭᠣᠣᠯᠯᠠᠨ᠎ᠠ᠃ ᠰᠠᠭᠤᠷᠢᠨ ᠭᠠᠵᠠᠷ ᠨᠢ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠠᠮᠢ ᠠᠬᠤᠢ ᠶᠢ ᠬᠠᠮᠠᠭᠠᠯᠠᠬᠤ ᠴᠢᠳᠠᠮᠵᠢ ᠦᠢᠯᠡᠳᠦᠯ ᠢ ᠪᠠᠳᠠᠷᠠᠭᠤᠯᠬᠤ ᠪᠠᠷ ᠵᠣᠷᠢᠯᠭ᠎ᠠ ᠪᠣᠯᠭᠠᠵᠤ᠂ ᠠᠯᠪᠠᠨ ᠵᠢᠷᠤᠮ ᠢᠶᠠᠷ ᠲᠠᠷᠢᠬᠤ᠂ ᠬᠡᠷᠡᠭ ᠲᠦ ᠬᠣᠯᠪᠣᠭᠳᠠᠭᠴᠢ ᠶᠢ ᠨᠥᠬᠥᠨ ᠲᠠᠷᠢᠬᠤ ᠵᠡᠷᠭᠡ ᠬᠡᠰᠡᠭ ᠬᠣᠪᠢᠶᠠᠵᠤ᠂ ᠨᠥᠬᠥᠨ ᠲᠠᠷᠢᠬᠤ ᠬᠡᠰᠡᠭ ᠢ ᠠᠮᠢ ᠠᠬᠤᠢ ᠶᠢᠨ ᠣᠷᠴᠢᠨ ᠢ ᠬᠣᠬᠢᠷᠠᠭᠤᠯᠤᠭᠰᠠᠨ ᠬᠡᠷᠡᠭ ᠦᠨ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠲᠠᠢ ᠬᠣᠯᠪᠣᠭᠳᠠᠭᠰᠠᠨ ᠪᠠᠶᠢᠭᠤᠯᠭ᠎ᠠ ᠬᠤᠪᠢ ᠬᠦᠮᠦᠨ ᠨᠥᠬᠥᠨ ᠲᠠᠷᠢᠵᠤ ᠨᠣᠭᠣᠭᠠᠷᠠᠭᠤᠯᠤᠯᠲᠠ ᠬᠢᠬᠦ ᠡᠭᠦᠷᠭᠡ ᠬᠠᠷᠢᠭᠤᠯᠴᠠᠯᠭ᠎ᠠ ᠪᠠᠨ ᠪᠡᠶᠡᠯᠡᠭᠦᠯᠬᠦ ᠳᠦ ᠵᠣᠷᠢᠭᠤᠯᠤᠭᠰᠠᠨ ᠶᠤᠮ᠃ ᠪᠠᠶᠢᠴᠠᠭᠠᠬᠤ ᠬᠣᠷᠢᠶᠠᠨ ᠤ ᠨᠡᠶᠢᠲᠡ ᠶᠢᠨ ᠠᠰᠢᠭ ᠤᠨ ᠣᠢ ᠶᠢᠨ ᠬᠡᠪ ᠵᠢᠱᠢᠶ᠎ᠡ ᠪᠡᠷ ᠨᠡᠶᠢᠭᠡᠮ ᠦᠨ ᠡᠯ᠎ᠡ ᠡᠲᠡᠭᠡᠳ ᠦᠨ ᠨᠡᠶᠢᠲᠡ ᠶᠢᠨ ᠠᠰᠢᠭ ᠤᠨ ᠣᠢ ᠶᠢᠨ ᠪᠦᠲᠦᠭᠡᠨ ᠪᠠᠶᠢᠭᠤᠯᠤᠯᠲᠠ ᠳᠤ ᠥᠷᠭᠡᠨ ᠢᠶᠡᠷ ᠣᠷᠣᠯᠴᠠᠬᠤ ᠶᠢ ᠬᠥᠲᠥᠯᠥᠨ᠂ ᠠᠮᠢ ᠠᠬᠤᠢ ᠶᠢᠨ ᠣᠷᠴᠢᠨ ᠢ ᠬᠠᠮᠠᠭᠠᠯᠠᠬᠤ ᠰᠠᠶᠢᠨ ᠰᠠᠶᠢᠬᠠᠨ ᠲᠠᠳᠬᠠᠯ ᠢ ᠪᠤᠢ ᠪᠣᠯᠭᠠᠬᠤ ᠶᠢ ᠰᠡᠳᠦᠨ ᠰᠠᠨᠠᠭᠠᠴᠢᠯᠠᠵᠣ᠂ ᠪᠦᠬᠦ ᠨᠡᠶᠢᠭᠡᠮ ᠦᠨ ᠠᠮᠢ ᠠᠬᠤᠢ ᠶᠢᠨ ᠣᠷᠴᠢᠨ ᠢ ᠬᠠᠮᠠᠭᠠᠯᠠᠬᠤ ᠬᠠᠮᠲᠤᠷᠠᠭᠰᠠᠨ ᠬᠦᠴᠦᠨ ᠢ ᠪᠣᠢ ᠪᠣᠯᠭᠠᠬᠤ ᠶᠢ ᠠᠬᠢᠭᠤᠯᠬᠤ ᠭᠡᠰᠡᠨ ᠶᠤᠮ᠃  ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠴᠦᠯᠯᠡᠷᠬᠡᠭ ᠭᠠᠵᠠᠷ ᠣᠷᠣᠨ ᠤ ᠠᠮᠢ ᠠᠬᠤᠢ ᠶᠢᠨ ᠪᠣᠯᠪᠠᠰᠤᠨ ᠢ ᠴᠣᠭᠴᠠᠯᠠᠨ ᠪᠠᠶᠢᠭᠤᠯᠤᠯᠲᠠ ᠶᠢ ᠪᠠᠲᠤᠯᠠᠨ ᠠᠬᠢᠭᠤᠯᠬᠤ ᠳᠤ ᠠᠰᠢᠭᠲᠠᠢ ᠪᠠᠷ ᠪᠠᠷᠠᠬᠤ ᠦᠭᠡᠢ᠂ ᠦᠨᠳᠦᠰᠦᠨ ᠱᠠᠲᠤᠨ ᠤ ᠨᠡᠶᠢᠭᠡᠮ ᠵᠠᠰᠠᠯᠲᠠ ᠶᠢᠨ ᠰᠢᠰᠲ᠋ᠧᠮ ᠪᠠ ᠨᠡᠶᠢᠭᠡᠮ ᠵᠠᠰᠠᠯᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠳᠦ ᠪᠠᠶᠢᠴᠠᠭᠠᠬᠤ ᠬᠦᠴᠦᠨ ᠢ ᠨᠡᠮᠡᠷᠢᠯᠡᠨ᠂ ᠪᠠᠶᠢᠴᠠᠭᠠᠬᠤ ᠠᠷᠭ᠎ᠠ ᠲᠥᠰᠥᠯ ᠢ ᠬᠠᠩᠭᠠᠵᠤ᠂ ᠭᠠᠵᠠᠷ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠭᠠᠵᠠᠷ ᠤᠨ ᠮᠥᠨᠲᠡᠭᠡᠯ ᠪᠠ ᠳᠡᠮᠵᠢᠯᠭᠡ ᠶᠢ ᠣᠯᠪᠠ᠃

ᠠᠯᠠᠱᠠ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠸᠠᠩ ᠺᠸ ᠸᠸᠢ᠄ ᠪᠠᠶᠢᠴᠠᠭᠠᠬᠤ ᠨᠡᠶᠢᠲᠡ ᠶᠢᠨ ᠠᠰᠢᠭ ᠤᠨ ᠣᠢ ᠶᠢᠨ ᠠᠮᠢ ᠠᠬᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠱᠢ ᠵᠢᠨ ᠫᠢᠩ ᠦᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠨᠠᠶᠢᠲᠠᠪᠤᠷᠢᠵᠢᠭᠤᠯᠤᠨ ᠲᠤᠤᠱᠯᠠᠭᠤᠯᠵᠤ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠢᠳᠡᠪᠬᠢᠲᠡᠢ ᠭᠦᠢᠴᠡᠳᠭᠡᠬᠦ ᠴᠢᠬᠤᠯᠠ ᠦᠢᠯᠡ ᠠᠵᠢᠯᠯᠠᠭ᠎ᠠ ᠪᠠᠶᠢᠵᠤ᠂ ᠨᠢᠰᠭᠡᠯ ᠢᠶᠡᠷ ᠲᠠᠷᠢᠭᠰᠠᠨ ᠪᠦᠰᠡ ᠶᠢᠨ ᠤᠷᠭᠤᠮᠠᠯ ᠬᠤᠴᠢᠯᠭ᠎ᠠ ᠮᠠᠭᠤᠳᠠᠬᠤ ᠶᠢ ᠬᠢᠵᠠᠭᠠᠷᠯᠠᠬᠤ᠂  ᠡᠪᠳᠡᠭᠳᠡᠭᠰᠡᠨ ᠠᠮᠢ ᠠᠬᠤᠢ ᠶᠢᠨ ᠣᠷᠴᠢᠨ ᠢ ᠨᠥᠬᠥᠨ ᠰᠠᠶᠢᠵᠢᠷᠠᠭᠤᠯᠬᠤ ᠠᠵᠢᠯ ᠳᠤ ᠳᠠᠭᠤᠷᠢᠶᠠᠯ ᠪᠣᠯᠬᠤ ᠪᠠᠷ ᠪᠠᠷᠠᠬᠤ ᠦᠭᠡᠢ᠂ ᠣᠯᠠᠨ ᠨᠡᠶᠢᠲᠡ ᠳᠦ ᠬᠠᠤᠯᠢ ᠵᠠᠰᠠᠯᠲᠠ ᠶᠢᠨ ᠬᠦᠮᠦᠵᠢᠯ ᠬᠢᠬᠦ ᠴᠢᠬᠤᠯᠠ ᠰᠠᠭᠤᠷᠢᠨ ᠭᠠᠵᠠᠷ ᠢ ᠬᠠᠩᠭᠠᠪᠠ ᠭᠡᠵᠦ ᠢᠯᠡᠳᠭᠡᠪᠡ᠃

     ᠠᠯᠠᠱᠠ ᠠᠶᠢᠮᠠᠭ ᠤᠨ ᠨᠠᠮ ᠤᠨ ᠬᠣᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠦᠨ ᠪᠠᠶᠢᠩᠭᠤ ᠶᠢᠨ ᠳᠡᠳ᠋ ᠱᠦᠵᠢ᠂ ᠬᠣᠶᠠᠳᠤᠭᠠᠷ ᠳᠡᠰ ᠦᠨ ᠲᠣᠭᠣᠷᠢᠨ ᠬᠢᠨᠠᠭᠴᠢ ᠲᠣᠣ ᠵᠢᠨ ᠢᠦᠢ ᠨᠥᠬᠥᠷ ᠡᠴᠡ ᠠᠯᠠᠱᠠ ᠠᠶᠢᠮᠠᠭ ᠤᠨ ᠪᠠᠶᠢᠴᠠᠭᠠᠬᠤ ᠨᠡᠶᠢᠲᠡ ᠶᠢᠨ ᠠᠰᠢᠭ ᠤᠨ ᠣᠢ ᠶᠢᠨ ᠠᠮᠢ ᠠᠬᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠴᠢᠬᠤᠯᠠ ᠠᠴᠢ ᠬᠣᠯᠪᠣᠭᠳᠠᠯ ᠪᠣᠯᠣᠨ ᠨᠥᠯᠥᠭᠡ ᠶᠢ ᠪᠦᠷᠢᠨ ᠦᠨᠡᠯᠡᠵᠦ᠂ ᠪᠠᠶᠢᠴᠠᠭᠠᠬᠤ ᠪᠠᠶᠢᠭᠤᠯᠭ᠎ᠠ ᠬᠠᠤᠯᠢ ᠠᠴᠠ ᠣᠯᠭᠣᠭᠰᠠᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠤᠨ ᠴᠢᠳᠠᠮᠵᠢ ᠪᠠᠨ ᠢᠳᠡᠪᠬᠢᠲᠡᠢ ᠭᠦᠢᠴᠡᠳᠭᠡᠵᠦ᠂ ︽ᠪᠠᠶᠢᠴᠠᠭᠠᠬᠤ ᠬᠣᠷᠢᠶᠠᠨ ᠤ ᠴᠡᠩᠬᠡᠷ ᠥᠩᠭᠡ︾  ᠳᠡᠭᠡᠷ᠎ᠡ ︽ᠠᠮᠢ ᠠᠬᠤᠢ ᠶᠢᠨ ᠨᠣᠮᠢᠨ ᠥᠩᠭᠡ︾ ᠨᠡᠮᠡᠨ᠂ ᠨᠡᠶᠢᠲᠡ ᠶᠢᠨ ᠠᠰᠢᠭᠲᠤ ᠣᠢ ᠶᠢᠨ ᠰᠠᠭᠤᠷᠢᠨ ᠭᠠᠵᠠᠷ ᠤᠨ ᠠᠮᠢ ᠠᠬᠤᠢ ᠶᠢᠨ ᠣᠷᠴᠢᠨ ᠢ ᠬᠠᠮᠠᠭᠠᠯᠠᠬᠤ ᠦᠢᠯᠡᠳᠦᠯ ᠢᠶᠡᠨ ᠢᠳᠡᠪᠬᠢᠲᠡᠢ ᠪᠠᠳᠠᠷᠠᠭᠤᠯᠬᠤ ᠬᠡᠷᠡᠭᠳᠡᠢ ᠭᠡᠵᠦ ᠱᠠᠭᠠᠷᠳᠠᠵᠠᠢ᠃

    

 

 

 

 

       ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠠᠮᠢ ᠠᠬᠤᠢ ᠶᠢ ᠬᠠᠮᠲᠤ ᠪᠠᠷ ᠰᠠᠬᠢᠨ ᠬᠠᠮᠠᠭᠠᠯᠠᠬᠤ ᠰᠠᠨᠠᠭᠠᠴᠢᠯᠠᠭ᠎ᠠ ᠶᠢᠨ ᠰᠠᠮᠪᠠᠷ᠎ᠠ ᠳᠡᠭᠡᠷ᠎ᠡ ᠭᠠᠷ ᠤᠨ ᠦᠰᠦᠭ ᠵᠢᠷᠤᠵᠤ ᠲᠤᠷᠠᠰᠬᠠᠯ ᠦᠯᠡᠳᠡᠭᠡᠭᠰᠡᠨ ᠪᠠᠶᠢᠨ᠎ᠠ᠃ ᠣᠯᠠᠨ ᠢᠶᠠᠷ ᠢᠶᠠᠨ ᠮᠣᠳᠣ ᠲᠠᠷᠢᠵᠤ ᠣᠶᠢᠵᠢᠭᠤᠯᠬᠤ ᠲᠣᠭᠣᠷᠢᠭ ᠬᠡᠰᠡᠭ ᠲᠦ ᠬᠦᠷᠵᠡ ᠪᠠᠷᠢᠨ ᠨᠥᠬᠡᠨ ᠤᠬᠤᠵᠤ᠂ ᠰᠣᠶᠣᠭ᠎ᠠ ᠰᠠᠭᠤᠯᠭᠠᠨ ᠰᠢᠷᠣᠢ ᠨᠡᠮᠡᠬᠦ᠂ ᠰᠠᠭᠤᠷᠢ ᠶᠢ ᠨᠢ ᠲᠠᠭᠲᠤᠰᠢᠷᠠᠭᠤᠯᠤᠨ ᠤᠰᠤᠯᠠᠬᠤ ᠡᠯ᠎ᠡ ᠭᠣᠭᠴᠣᠭ᠎ᠠ ᠶᠢ ᠳᠡᠰ ᠳᠠᠷᠠᠭ᠎ᠠ ᠲᠠᠢ ᠬᠢᠵᠦ᠂ ᠶᠣᠰᠣᠯᠠᠯ ᠤᠨ ᠠᠵᠢᠯᠯᠠᠭ᠎ᠠ ᠵᠣᠬᠢᠶᠠᠨ ᠪᠠᠶᠢᠭᠤᠯᠤᠭᠰᠠᠨ ᠡᠳᠦᠷ 6000 ᠰᠠᠭᠤᠷᠢ ᠴᠡᠴᠡᠭᠲᠦ ᠲᠤᠯᠠᠬ᠎ᠠ ᠮᠣᠳᠣ ᠲᠠᠷᠢᠭᠰᠠᠨ ᠪᠦᠭᠡᠳ᠂ ᠣᠶᠢᠵᠢᠭᠤᠯᠤᠯᠲᠠ ᠶᠢᠨ ᠲᠠᠯᠠᠪᠠᠢ ᠳᠤ ︽ᠪᠠᠶᠢᠴᠠᠭᠠᠬᠤ ᠬᠣᠷᠢᠶᠠᠨ ᠤ ᠴᠡᠩᠬᠡᠷ ᠥᠩᠭᠡ︾ ᠡᠬᠡ ᠤᠯᠤᠰ ᠲᠠᠭᠠᠨ ᠨᠣᠮᠢᠨ ᠠᠬᠤᠢ ᠪᠠᠶᠢᠭᠤᠯᠬᠤ ᠭᠣᠣᠯ ᠰᠡᠳᠦᠪᠲᠦ ᠨᠠᠮ ᠡᠪᠯᠡᠯ ᠤᠨ ᠡᠳᠦᠷ ᠦᠨ ᠠᠵᠢᠯᠯᠠᠭ᠎ᠠ ᠥᠷᠨᠢᠭᠦᠯᠵᠡᠢ᠃

 

ᠢᠷᠡᠯᠲᠡ
ᠠᠯᠠᠱᠠ ᠠᠶᠢᠮᠠᠭ ᠤᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro