ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠴᠢᠩ ᠱᠦᠶ ᠾᠧ ᠰᠢᠶᠠᠨ  ᠤ ᠪᠠᠶᠢᠴᠠᠭᠠᠬᠤ ᠬᠣᠷᠢᠶ᠎ᠠ ᠪᠣᠯᠤᠨ ᠰᠢᠶᠠᠨ  ᠤ ᠰᠢᠭᠦᠬᠦ ᠬᠣᠷᠢᠶ᠎ᠠ ᠂ ᠰᠢᠶᠠᠨ  ᠤ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ ᠂ ᠰᠢᠶᠠᠨ  ᠤ ᠬᠠᠤᠯᠢ ᠴᠠᠭᠠᠵᠠ   ᠢᠨ ᠲᠣᠪᠴᠢᠶ᠎ᠠ ᠡᠷᠡᠭᠦᠦ   ᠢᠨ ᠬᠡᠷᠡᠭ  ᠤᠨ ᠲᠦᠪᠡᠭᠲᠡᠶ ᠬᠡᠷᠡᠭ ᠪᠠ ᠳᠥᠭᠥᠮ ᠬᠡᠷᠡᠭ   ᠢ ᠰᠠᠯᠭᠠᠬᠤ ᠠᠵᠢᠯ   ᠢ ᠪᠦᠬᠦ ᠲᠠᠯ᠎ᠠ ᠪᠠᠷ ᠬᠠᠮᠵᠢᠯᠴᠠᠨ ᠠᠬᠢᠭᠤᠯᠬᠤ ᠨᠠᠷᠢᠨ ᠳᠦᠷᠢᠮ  ᠦᠨ ᠲᠤᠬᠠᠶ ᠬᠠᠮᠲᠤᠷᠠᠨ ᠭᠠᠷ ᠤᠨ ᠦᠰᠦᠭ ᠵᠢᠷᠤᠪᠠ

2024-04-15 11:14:21
ᠵᠣᠬᠢᠶᠠᠭᠴᠢ
ᠪᠠᠢ ᠴᠢᠩ ᠯᠢᠨ

 
       ᠴᠢᠩ ᠱᠦᠢ ᠾᠧ ᠰᠢᠶᠠᠨ  ᠤ ᠠᠷᠠᠳ  ᠤᠨ ᠪᠠᠶᠢᠴᠠᠭᠠᠬᠤ ᠬᠣᠷᠢᠶ᠎ᠠ᠂ ᠠᠷᠠᠳ  ᠤᠨ ᠳᠡᠭᠡᠳᠦ ᠪᠠᠶᠢᠴᠠᠭᠠᠬᠤ ᠬᠣᠷᠢᠶᠠᠨ  ᠤ《ᠬᠡᠷᠡᠭ ᠨᠢᠭᠡᠪᠦᠷᠢ  ᠢ ᠴᠢᠨᠠᠷ ᠰᠠᠶᠢᠲᠠᠶ᠂ ᠦᠷ᠎ᠡ ᠪᠦᠲᠦᠮᠵᠢᠲᠡᠶ ᠰᠠᠶᠢᠲᠤᠷ ᠰᠢᠶᠳᠪᠦᠷᠢᠯᠡᠬᠦ》 ᠪᠡᠷ ᠦᠨᠳᠦᠰᠦᠨ ᠦᠷᠳᠡᠭ   ᠤᠨ ᠬᠥᠭᠡᠭᠡᠴᠡᠯᠳᠦᠯ ᠪᠣᠯᠭᠠᠵᠤ᠂ ᠲᠤᠰ ᠬᠣᠷᠢᠶᠠᠨ  ᠤ  ᠪᠣᠳᠠᠲᠤ ᠪᠠᠶᠢᠳᠠᠯ ᠲᠠᠶ ᠤᠶᠠᠯᠳᠤᠭᠤᠯᠤᠨ᠂ 《ᠲᠦᠷᠪᠡᠨ ᠶᠡᠬᠡ  ᠪᠠᠶᠢᠴᠠᠭᠠᠬᠤ  ᠢᠨ ᠲᠦᠪᠡᠭᠲᠡᠶ ᠬᠡᠷᠡᠭ  ᠪᠠ ᠳᠥᠭᠥᠮ  ᠬᠡᠷᠡᠭ᠂ ᠬᠦᠨᠳᠦ ᠬᠦᠨᠭᠭᠡᠨ᠂ ᠲᠦᠷᠭᠡᠨ ᠤᠳᠠᠭᠠᠨ  ᠢ ᠢᠯᠭᠠᠬᠤ   ᠶᠢ  ᠦᠨᠳᠦᠰᠦᠯᠡᠨ᠂ ᠪᠠᠷᠢᠮᠵᠢᠶ᠎ᠠ ᠪᠠ ᠶᠠᠪᠤᠴᠠ   ᠶᠢ ᠢᠳᠡᠪᠬᠢᠲᠡᠶ  ᠬᠠᠶᠢᠨ ᠰᠦᠪᠡᠭᠴᠢᠯᠡᠵᠦ᠂ ᠰᠢᠶᠠᠨ  ᠤ ᠰᠢᠭᠦᠬᠦ ᠬᠣᠷᠢᠶ᠎ᠠ᠂ ᠰᠢᠶᠠᠨ  ᠤ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ᠂ ᠰᠢᠶᠠᠨ  ᠤ ᠬᠠᠤᠯᠢ ᠴᠠᠭᠠᠵᠠ ᠢᠨ ᠲᠣᠪᠴᠢᠶ᠎ᠠ ᠲᠠᠶ ᠬᠠᠮᠲᠤᠷᠠᠨ 《ᠡᠷᠡᠭᠦᠦ  ᠢᠨ ᠬᠡᠷᠡᠭ  ᠤᠨ ᠲᠦᠪᠡᠭᠲᠡᠶ ᠬᠡᠷᠡᠭ ᠪᠠ ᠳᠥᠭᠥᠮ  ᠬᠡᠷᠡᠭ  ᠢ ᠰᠠᠯᠭᠠᠬᠤ ᠠᠵᠢᠯ  ᠢ ᠪᠦᠬᠦ ᠲᠠᠯ᠎ᠠ ᠪᠠᠷ ᠬᠠᠮᠵᠢᠯᠴᠠᠨ ᠠᠬᠢᠭᠤᠯᠬᠤ ᠲᠤᠬᠠᠶ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠨᠠᠷᠢᠨ ᠲᠦᠷᠢᠮ》 ᠭᠡᠵᠦ ᠲᠣᠪᠴᠢᠯᠠᠨ᠎ᠠ) ᠲᠣᠭᠲᠠᠭᠠᠵᠤ᠂ ᠬᠡᠷᠡᠭ  ᠢ ᠰᠠᠯᠭᠠᠨ ᠰᠢᠶᠳᠪᠦᠷᠢᠯᠡᠬᠦ  ᠶᠢ ᠳᠤᠰᠭᠠᠢᠵᠢᠯᠠᠨ  ᠲᠡᠭᠦᠯᠳᠡᠷᠵᠢᠭᠦᠯᠵᠦ ᠂ ᠬᠡᠷᠡᠭ  ᠢ  ᠰᠠᠯᠭᠠᠨ ᠰᠢᠶᠳᠪᠦᠷᠢᠯᠡᠬᠦ ᠲᠣᠭᠲᠠᠴᠠ  ᠶᠢ ᠨᠠᠷᠢᠯᠢᠬᠵᠢᠭᠤᠯᠬᠤ᠂   ᠬᠡᠷᠡᠭ  ᠢ ᠳᠥᠭᠥᠮᠴᠢᠯᠡᠨ  ᠲᠦᠷᠭᠡᠨ ᠰᠢᠶᠳᠪᠦᠷᠢᠯᠡᠬᠦ ᠂ ᠲᠦᠪᠡᠭᠲᠡᠶ   ᠬᠡᠷᠡᠭ  ᠢ ᠨᠠᠷᠢᠨ ᠰᠢᠶᠳᠪᠦᠷᠢᠯᠡᠬᠦ  ᠶᠢ   ᠠᠬᠢᠭᠤᠯᠦᠨ᠂ ᠬᠠᠤᠯᠢ  ᠴᠠᠭᠠᠵᠠ  ᠢᠨ ᠡᠬᠢ  ᠪᠠᠶᠠᠯᠢᠭ   ᠢ  ᠤᠯᠠᠮ  ᠨᠢᠭᠡ ᠠᠯᠬᠤᠮ  ᠲᠤᠬᠢᠷᠠᠭᠤᠯᠵᠦ᠂ ᠪᠠᠢᠴᠠᠭᠠᠬᠤ  ᠠᠵᠢᠯ  ᠤᠨ ᠬᠡᠷᠡᠭ ᠰᠢᠶᠳᠪᠦᠷᠢᠯᠡᠬᠦ ᠠᠮᠢᠳᠤᠯᠢᠭ  ᠬᠦᠴᠦᠨ  ᠢ   ᠬᠥᠭ᠍ᠵᠢᠭᠦᠯᠵᠦ  ᠂  ᠬᠠᠤᠯᠢ   ᠴᠠᠭᠠᠵᠠ ᠢᠨ  ᠦᠢᠯᠡᠳᠦᠯ  ᠴᠢᠳᠠᠪᠦᠷᠢ  ᠢ ᠪᠥᠬᠥ  ᠲᠠᠯ᠎ᠠ  ᠪᠡᠷ᠎   ᠲᠡᠭᠡᠭ᠍ᠰᠢᠯᠡᠭᠦᠯᠦᠨ᠎ᠡ᠃

      ︽ ᠨᠠᠷᠢᠨ ᠲᠦᠷᠢᠮ ︾ ᠳ᠋ᠤ ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠬᠤ ᠦᠨᠳᠦᠰᠦᠨ ᠵᠠᠷᠴᠢᠮ  ᠢ ᠲᠣᠳᠣᠷᠬᠠᠶ ᠲᠣᠭᠲᠠᠭᠠᠵᠠᠶ ᠃    ᠲᠣᠰ ᠨᠠᠷᠢᠨ ᠲᠦᠷᠢᠮ  ᠳ᠋ᠦ ᠳᠣᠲᠣᠭᠠᠳᠤ   ᠶᠢ ᠬᠠᠮᠠᠭᠠᠯᠠᠬᠤ ᠂ ᠪᠠᠶᠢᠴᠠᠭᠠᠬᠤ ᠂ ᠰᠢᠭᠦᠬᠦ ᠂  ᠬᠠᠤᠯᠢ  ᠴᠠᠭᠠᠵᠠ  ᠢᠨ   ᠲᠣᠪᠴᠢᠶ᠎ᠠ  ᠵᠡᠷᠭᠡ ᠳᠥᠷᠪᠡᠨ ᠰᠠᠯᠠᠭ᠎ᠠ ᠮᠥᠴᠢᠷ ᠂  ᠡᠷᠡᠭᠦᠦ  ᠢᠨ ᠵᠠᠷᠭᠤ  ᠵᠢᠨ ᠡᠯ᠎ᠡ ᠭᠣᠭᠴᠣᠭᠠᠨ  ᠳ᠋ᠡᠬᠢ  ᠬᠡᠷᠡᠭ  ᠢ ᠰᠢᠶᠳᠪᠦᠷᠢᠯᠡᠬᠦ  ᠪᠣᠳᠠᠲᠠᠶ ᠵᠣᠯᠭᠠᠯᠴᠠᠭ᠎ᠠ  ᠶᠢ ᠭᠣᠣᠯᠳᠠᠯᠭ᠎ᠠ ᠲᠠᠶ ᠨᠠᠷᠢᠯᠢᠬᠵᠢᠭᠤᠯᠵᠤ ᠂ ᠢᠯᠭᠠᠨ ᠲᠠᠨᠢᠵᠤ ᠪᠣᠯᠬᠤ ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠢ  ᠪᠥᠭᠡᠳ ᠪᠣᠳᠠᠲᠠᠶ ᠣᠨᠴᠠᠭᠠᠶ ᠬᠡᠷᠡᠭ ᠂ ᠣᠨᠴᠠᠭᠠᠶ ᠵᠢᠱᠢᠶ᠎ᠡ ᠪᠡᠷ ᠡᠩ  ᠤᠨ ᠪᠠᠷᠢᠮᠵᠢᠶ᠎ᠠ  ᠪᠤᠯᠭᠠᠬᠤ  ᠥᠬᠡᠶ   ᠪᠠᠢᠵᠦ᠂  ᠬᠡᠷᠡᠭᠯᠡᠬᠦ ᠬᠡᠪᠴᠢᠶᠡᠨ ᠳᠡᠬᠢ ᠬᠡᠷᠡᠭ  ᠂ ᠳᠥᠭᠥᠮ ᠳᠥᠲᠡ  ᠪᠣᠯ ᠳᠥᠭᠥᠮ ᠳᠥᠲᠡ᠂ ᠲᠦᠪᠡᠭᠲᠡᠢ ᠪᠣᠯ ᠲᠦᠪᠡᠭᠲᠡᠢ ᠪᠠᠶᠢᠬᠤ  ᠶᠢ ᠡᠷᠡᠰ ᠪᠡᠶᠡᠯᠡᠭᠦᠯᠵᠦ᠂  ᠢᠯᠡᠳᠭᠡᠨ  ᠲᠡᠮᠳᠡᠭ᠍ᠯᠡᠬᠦ   ᠶᠢ ᠵᠢᠷᠤᠮᠵᠢᠭᠤᠯᠵᠤ᠂ ᠬᠡᠪᠴᠢᠶᠡᠨ ᠳᠡᠬᠢ ᠬᠡᠷᠡᠭ  ᠢ ᠳᠥᠭᠥᠮ ᠳᠥᠲᠡ ᠪᠡᠷ ᠲᠦᠷᠭᠡᠨ ᠰᠢᠢᠳᠪᠦᠷᠢᠯᠡᠬᠦ᠂ ᠲᠦᠪᠡᠭᠲᠡᠢ ᠬᠡᠷᠡᠭ  ᠢ ᠨᠠᠷᠢᠯᠢᠭ ᠰᠢᠢᠳᠪᠦᠷᠢᠯᠡᠬᠦ   ᠶᠢ ᠪᠦᠲᠦᠮᠵᠢᠲᠡᠢ ᠠᠬᠢᠭᠤᠯᠵᠤ᠂ ᠲᠤᠷᠰᠢᠨ ᠪᠠᠶᠢᠴᠠᠭᠠᠬᠤ᠂ ᠡᠵᠡᠮᠳᠡᠬᠦ᠂ ᠰᠢᠭᠦᠬᠦ   ᠶᠢ ᠪᠦᠬᠦ ᠲᠠᠯ᠎ᠠ ᠪᠠᠷ ᠲᠦᠷᠭᠡᠳᠬᠡᠬᠦ   ᠶᠢ ᠪᠡᠶᠡᠯᠡᠭᠦᠯᠦᠨ᠎ᠡ︔ ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠨ ᠲᠣᠬᠢᠷᠠᠭᠤᠯᠬᠤ   ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠲᠣᠳᠣᠷᠬᠠᠶ ᠪᠠᠶᠢᠵᠤ᠂ ᠬᠦᠷᠢᠶ᠎ᠡ ᠬᠡᠪᠴᠢᠶᠡᠨ  ᠤ ᠬᠡᠷᠡᠭ  ᠲᠤ᠂ ᠠᠰᠠᠭᠤᠳᠠᠯ   ᠪᠠ ᠦᠷ᠎ᠡ ᠪᠦᠲᠦᠮᠵᠢ  ᠪᠡᠷ ᠤᠳᠤᠷᠢᠳᠤᠮᠵᠢ  ᠪᠣᠯᠭᠠᠬᠤ  ᠶᠢ ᠪᠠᠷᠢᠮᠲᠠᠯᠠᠵᠤ᠂ ᠲᠦᠪᠡᠭᠲᠡᠶ ᠬᠡᠷᠡᠭ  ᠤᠨ ᠪᠠᠷᠢᠮᠵᠢᠶ᠎ᠠ   ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠵᠤ᠂ ᠬᠥᠳᠡᠯᠦᠩᠭᠦᠶ ᠪᠡᠷ ᠲᠣᠬᠢᠷᠠᠭᠤᠯᠤᠨ᠂ ᠲᠦᠪᠡᠭᠲᠡᠶ ᠬᠡᠷᠡᠭ ᠪᠠ ᠲᠥᠬᠥᠮ ᠬᠡᠷᠡᠭ  ᠤᠨ ᠬᠠᠷᠢᠴᠠᠯ  ᠢ ᠵᠣᠬᠢᠰᠲᠠᠶ ᠪᠠᠶᠢᠯᠭᠠᠬᠤ   ᠶᠢ ᠦᠨᠡᠨᠬᠦ ᠪᠠᠲᠤᠯᠠᠪᠠ᠃ 
     ︽ᠨᠠᠷᠢᠨ ᠲᠦᠷᠢᠮ ︾ ᠳ᠋ᠤ  ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠨ ᠲᠣᠬᠢᠷᠠᠭᠤᠯᠬᠤ  ᠳ᠋ᠦ ᠬᠡᠷᠡᠭᠯᠡᠬᠦ ᠬᠡᠪᠴᠢᠶ᠎ᠡ  ᠶᠢ ᠲᠣᠳᠣᠷᠬᠠᠶ ᠲᠣᠭᠲᠠᠭᠠᠵᠠᠶ ᠃ ᠲᠣᠰ ᠨᠠᠷᠢᠨ ᠲᠦᠷᠢᠮ  ᠨᠢ ᠬᠣᠯᠪᠣᠭᠳᠠᠯ ᠪᠥᠬᠥᠶ   ᠬᠠᠥᠯᠢ  ᠴᠠᠭᠠᠵᠠ᠂ ᠬᠠᠥᠯᠢ ᠲᠣᠭᠲᠠᠭᠠᠯ  ᠢ  ᠦᠨᠳᠦᠰᠦᠯᠡᠭᠰᠡᠨ ᠦ ᠬᠠᠮᠲᠤ᠂ ᠬᠥᠬᠡᠬᠣᠲᠠ  ᠵᠢᠨ ᠠᠷᠠᠳ  ᠤᠨ ᠪᠠᠶᠢᠴᠠᠭᠠᠬᠤ ᠬᠣᠷᠢᠶ᠎ᠠ ᠢᠨ ︽ᠡᠷᠡᠭᠦᠦ   ᠢᠨ ᠬᠡᠷᠡᠭ  ᠤᠨ  ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠬᠤ ᠠᠵᠢᠯ  ᠢ ᠪᠥᠬᠥ ᠲᠠᠯ᠎ᠠ ᠪᠠᠷ ᠬᠠᠮᠵᠢᠯᠴᠠᠨ ᠠᠬᠢᠭᠤᠯᠬᠤ ᠲᠤᠬᠠᠶ ᠲᠣᠭᠲᠠᠭᠠᠯ ︵ ᠲᠤᠷᠰᠢᠨ ᠬᠡᠷᠡᠭᠵᠢᠭᠦᠯᠬᠦ  ︾ ᠶᠣᠰᠣᠭᠠᠷ ᠂ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠂ ᠪᠠᠶᠢᠴᠠᠭᠠᠬᠤ  ᠪᠠᠶᠢᠭᠤᠯᠭ᠎ᠠ ᠂ ᠰᠢᠭᠦᠬᠦ ᠬᠣᠷᠢᠶ᠎ᠠ ᠂   ᠬᠠᠤᠯᠢ ᠴᠠᠭᠠᠵᠠ ᠢᠨ ᠲᠣᠪᠴᠢᠶ᠎ᠠ᠂ ᠡᠷᠡᠭᠦᠦ  ᠢᠨ ᠵᠠᠷᠭᠤ  ᠤᠨ ︽ ᠲᠥᠬᠥᠮ ᠬᠡᠷᠡᠭ ︾  ᠢ ᠭᠥᠯᠢᠶᠡᠨ ᠠᠪᠴᠤ ᠰᠢᠶᠳᠪᠦᠷᠢᠯᠡᠬᠦ ᠦᠶ᠎ᠡ  ᠢᠨ ᠠᠵᠢᠯ  ᠤᠨ ᠡᠭᠦᠷᠭᠡ ᠬᠠᠷᠢᠭᠤᠴᠠᠯᠭ᠎ᠠ   ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ ᠂ ᠬᠡᠷᠡᠭ ᠰᠢᠶᠳᠪᠦᠷᠢᠯᠡᠬᠦ ᠠᠶᠢᠵᠠᠮ   ᠢ ᠲᠦᠷᠭᠡᠳᠬᠡᠨ᠂ ᠡᠷᠡᠭᠦᠦ  ᠢᠨ ᠬᠡᠷᠡᠭ  ᠤᠨ ᠪᠠᠶᠢᠴᠠᠭᠠᠬᠤ ᠠᠵᠢᠯ  ᠤᠨ ᠶᠠᠰᠤ ᠴᠢᠨᠠᠷ  ᠢ  ᠳᠡᠭᠡᠭᠰᠢᠯᠡᠭᠦᠯᠪᠡ᠃ ᠳᠥᠭᠥᠮ ᠬᠡᠷᠡᠭ ᠪᠠ ᠲᠦᠪᠡᠭᠲᠡᠶ ᠬᠡᠷᠡᠭ  ᠤᠨ ᠬᠦᠷᠢᠶ᠎ᠡ ᠬᠡᠪᠴᠢᠶ᠎ᠡ᠂ ᠳᠥᠭᠥᠮ ᠬᠡᠷᠡᠭ ᠪᠠ ᠲᠦᠪᠡᠭᠲᠡᠶ ᠬᠡᠷᠡᠭ  ᠤᠨ ᠲᠦᠷᠦᠯ ᠬᠡᠯᠪᠡᠷᠢ᠂ ᠳᠥᠭᠥᠮ ᠬᠡᠷᠡᠭ ᠪᠠ ᠲᠦᠪᠡᠭᠲᠡᠶ ᠬᠡᠷᠡᠭ  ᠢ ᠬᠤᠪᠢᠷᠠᠭᠤᠯᠬᠤ᠂ ᠳᠥᠭᠥᠮ ᠬᠡᠷᠡᠭ  ᠢ ᠦᠨᠡᠯᠡᠨ ᠵᠢᠱᠢᠬᠦ  ᠳ᠋ᠦ ᠲᠣᠳᠣᠷᠬᠠᠶ ᠱᠠᠭᠠᠷᠳᠠᠯᠭ᠎ᠠ  ᠳᠤᠷᠠᠳᠴᠤ ᠂ ᠬᠡᠷᠡᠭ  ᠢ ᠳᠠᠷᠤᠶ ᠲᠦᠷᠭᠡᠨ ᠰᠢᠶᠳᠪᠦᠷᠢᠯᠡᠬᠦ ᠮᠥᠷᠲᠡᠭᠡᠨ ᠣᠨᠣᠪᠴᠢᠲᠠᠶ ᠰᠢᠶᠳᠪᠦᠷᠢᠯᠡᠬᠦ   ᠶᠢ ᠦᠨᠡᠨᠬᠦ ᠪᠠᠲᠤᠯᠠᠪᠠ︔ ᠳᠣᠲᠣᠭᠠᠳᠤ   ᠶᠢ ᠬᠠᠮᠠᠭᠠᠯᠠᠬᠤ᠂ ᠪᠠᠶᠢᠴᠠᠭᠠᠬᠤ ᠂ ᠰᠢᠭᠦᠬᠦ ᠂ ᠬᠠᠤᠯᠢ  ᠴᠠᠭᠠᠵᠠ  ᠢᠨ  ᠳᠤᠪᠴᠢᠶ᠎ᠠ   ᠢᠨ ᠬᠠᠮᠵᠢᠯᠴᠠᠭ᠎ᠠ  ᠶᠢ ᠴᠢᠩᠭᠠᠳᠬᠠᠵᠤ᠂ ᠬᠠᠤᠯᠢ ᠴᠠᠭᠠᠵᠠ  ᠢᠨ  ᠣᠨᠣᠯᠵᠢᠬᠤᠨ  ᠢ ᠤᠯᠠᠮ ᠨᠢᠭᠡ ᠠᠯᠬᠤᠮ ᠨᠢᠭᠡᠳᠬᠡᠵᠦ᠂  ᠲᠦᠪᠡᠭᠲᠡᠢ ᠬᠡᠷᠡᠭ ᠪᠠ  ᠳᠥᠭᠥᠮ  ᠬᠡᠷᠡᠭ  ᠢ ᠰᠠᠯᠭᠠᠬᠤ ᠪᠠᠷᠢᠮᠵᠢᠶ᠎ᠠ   ᠶᠢ ᠨᠢᠭᠡᠳᠬᠡᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠪᠤᠴᠠ   ᠶᠢ ᠨᠢᠭᠡᠳᠬᠡᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠲᠤᠷᠠᠯ ᠬᠦᠴᠦᠨ  ᠢ ᠪᠦᠷᠢᠯᠳᠦᠭᠦᠯᠵᠦ᠂  ᠲᠤᠰ ᠰᠢᠶᠠᠨ  ᠤ ᠡᠷᠡᠭᠦᠦ  ᠢᠨ ᠬᠡᠷᠡᠭ  ᠢ ᠰᠢᠢᠳᠪᠦᠷᠢᠯᠡᠬᠦ ᠶᠠᠰᠤ ᠴᠢᠨᠠᠷ  ᠢ ᠳᠡᠭᠡᠭᠰᠢᠯᠡᠭᠦᠯᠦᠨ᠂ ᠦᠷ᠎ᠡ ᠠᠰᠢᠭ  ᠨᠡᠮᠡᠭᠳᠡᠭᠦᠯᠬᠦ ︽ᠲᠦᠷᠭᠡᠨ  ᠤ ᠵᠠᠮ︾ ᠳ᠋ᠦ ᠣᠷᠣᠭᠤᠯᠪᠠ᠃ 
     ︽ ᠨᠠᠷᠢᠨ ᠲᠦᠷᠢᠮ ︾ ᠳ᠋ᠤ ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠨ ᠲᠣᠬᠢᠷᠠᠭᠤᠯᠬᠤ ᠮᠠᠭᠠᠳᠯᠠᠨ ᠲᠣᠭᠲᠠᠭᠠᠬᠤ ᠭᠣᠭᠴᠣᠭ᠎ᠠ   ᠶᠢ ᠨᠠᠷᠢᠯᠢᠬᠵᠢᠭᠤᠯᠪᠠ ᠃ ᠲᠣᠰ 《ᠨᠠᠷᠢᠨ ᠲᠦᠷᠢᠮ 》 ᠳ᠋ᠦ  ᠡᠷᠡᠭᠦᠦ   ᠢᠨ ᠬᠡᠷᠡᠭ  ᠤᠨ ᠪᠠᠶᠢᠴᠠᠭᠠᠬᠤ ᠰᠠᠯᠠᠭ᠎ᠠ ᠮᠥᠴᠢᠷ ᠲᠤᠷᠰᠢᠨ ᠪᠠᠶᠢᠴᠠᠭᠠᠯᠲᠠ  ᠬᠢᠨᠠᠯᠲᠠ ᠲᠠᠯᠪᠢᠬᠤ ᠪᠠ ᠬᠠᠮᠵᠢᠯᠴᠠᠬᠤ ᠠᠵᠢᠯ ᠤᠨ ᠲᠣᠭᠲᠠᠴᠠ ᠪᠠᠷ ᠳᠠᠮᠵᠢᠭᠤᠯᠤᠨ ᠂ ᠲᠤᠷᠰᠢᠨ ᠪᠠᠶᠢᠴᠠᠭᠠᠬᠤ ᠪᠠᠶᠢᠭᠤᠯᠭ᠎ᠠ ᠲᠠᠶ ᠬᠠᠮᠲᠤ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ   ᠪᠡᠷ ᠰᠢᠯᠵᠢᠭᠦᠯᠦᠨ ᠬᠦᠷᠭᠡᠬᠦ ᠭᠡᠵᠦ ᠪᠠᠶᠢᠭ᠎ᠠ ᠲᠦᠪᠡᠭᠲᠡᠶ ᠬᠡᠷᠡᠭ  ᠪᠠ ᠲᠥᠬᠥᠮ ᠬᠡᠷᠡᠭ  ᠢ ᠲᠥᠷᠥᠯ ᠬᠤᠪᠢᠶᠠᠨ ᠵᠥᠪᠳᠡᠯᠴᠡᠬᠦ ᠠᠵᠢᠯ  ᠢ ᠰᠠᠶᠢᠲᠤᠷ ᠬᠢᠵᠦ ᠂ ᠲᠥᠬᠥᠮ ᠬᠡᠷᠡᠭ  ᠤᠨ ᠪᠠᠷᠢᠮᠵᠢᠶ᠎ᠠ ᠳᠤ ᠨᠡᠶᠢᠴᠡᠪᠡᠯ ᠂ ᠲᠤᠷᠰᠢᠨ ᠪᠠᠶᠢᠴᠠᠭᠠᠬᠤ ᠪᠠᠶᠢᠭᠤᠯᠭ᠎ᠠ  ᠡᠴᠡ ᠬᠡᠷᠡᠭ  ᠤᠨ ᠬᠠᠪᠢᠰᠦᠨ  ᠳ᠋ᠦ ︽ ᠲᠥᠬᠥᠮ ᠬᠡᠷᠡᠭ ︾  ᠤᠨ ᠲᠡᠮᠳᠡᠭ  ᠢ ᠬᠠᠳᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ ︔ ᠬᠡᠷᠡᠭ ᠤᠨ ᠬᠠᠮᠢᠶᠠᠷᠤᠯᠲᠠ  ᠢᠨ ᠰᠠᠯᠠᠭ᠎ᠠ ᠮᠥᠴᠢᠷ ᠂ ᠬᠡᠷᠡᠭ   ᠭᠥᠯᠢᠶᠡᠨ ᠠᠪᠴᠤ ᠬᠢᠨᠠᠨ ᠪᠠᠶᠢᠴᠠᠭᠠᠬᠤ  ᠳ᠋ᠠᠭᠠᠨ ᠂ ᠲᠣᠰ ᠨᠠᠷᠢᠨ ᠲᠦᠷᠢᠮ  ᠤᠨ ᠱᠠᠭᠠᠷᠳᠠᠯᠭ᠎ᠠ   ᠶᠢ ᠦᠨᠳᠦᠰᠦᠯᠡᠨ᠂ ᠳᠣᠲᠣᠭᠠᠳᠤ   ᠶᠢ ᠬᠠᠮᠠᠭᠠᠯᠠᠬᠤ ᠪᠠᠶᠢᠭᠤᠯᠭ᠎ᠠ  ᠢᠨ ᠰᠠᠨᠠᠯ ᠲᠠᠶ ᠤᠶᠠᠯᠳᠤᠭᠤᠯᠤᠨ ᠬᠢᠨᠠᠨ ᠪᠠᠶᠢᠴᠠᠭᠠᠵᠤ ᠨᠤᠲᠠᠯᠠᠬᠤ   ᠵᠢᠨ ᠬᠠᠮᠲᠤ ᠂ ᠪᠠᠶᠢᠴᠠᠭᠠᠬᠤ ᠲᠤᠬᠠᠶᠢᠯᠠᠭᠰᠠᠨ ᠠᠵᠢᠯ  ᠤᠨ ᠰᠢᠰᠲ᠋ᠧᠮ  ᠤᠨ ᠬᠡᠷᠡᠭ  ᠤᠨ ᠨᠡᠷᠡᠶᠢᠳᠦᠯ  ᠤᠨ ᠡᠮᠦᠨ᠎ᠡ ︽ ᠲᠥᠬᠥᠮ ᠬᠡᠷᠡᠭ ︾ ᠬᠡᠵᠦ  ᠳᠤᠳᠤᠷᠬᠠᠢᠯᠠᠵᠦ᠂ ᠵᠣᠬᠢᠴᠠᠩᠭᠤᠶ ᠲᠥᠬᠥᠮ ᠬᠡᠷᠡᠭ ᠢ ᠰᠢᠶᠳᠪᠦᠷᠢᠯᠡᠬᠦ ᠪᠦᠯᠬᠦᠮ ᠳᠦ ᠬᠤᠪᠢᠶᠠᠷᠢᠯᠠᠨ ᠥᠭᠴᠦ  ᠰᠢᠢᠳᠪᠦᠷᠢᠯᠡᠨ᠎ᠡ︔ ᠪᠠᠶᠢᠴᠠᠭᠠᠬᠤ ᠪᠠᠶᠢᠭᠤᠯᠭ᠎ᠠ ᠠᠳᠠᠯᠢ ᠱᠠᠲᠤᠨ  ᠤ ᠠᠷᠠᠳ  ᠤᠨ ᠰᠢᠭᠦᠬᠦ ᠬᠣᠷᠢᠶ᠎ᠠ ᠲᠠᠢ  ᠵᠣᠬᠢᠴᠠᠭᠤᠯᠵᠤ᠂  ᠳᠤᠭᠲᠠᠭᠰᠠᠨ ᠠᠵᠢᠯᠯᠠᠬᠤ ᠡᠳᠦᠷ   ᠲᠤ ᠲᠣᠪᠴᠢ ᠬᠡᠷᠡᠭ  ᠢ ᠲᠥᠪᠯᠡᠷᠡᠭᠦᠯᠦᠨ ᠠᠯᠪᠠᠨ ᠵᠠᠭᠠᠯᠳᠤᠯᠭ᠎ᠠ  ᠬᠢᠨ᠎ᠡ᠃ ᠠᠷᠠᠳ  ᠤᠨ ᠰᠢᠭᠦᠬᠦ ᠬᠣᠷᠢᠶ᠎ᠠ ᠲᠣᠪᠴᠢ ᠬᠡᠷᠡᠭ  ᠢ ᠲᠥᠪᠯᠡᠷᠡᠭᠦᠯᠦᠨ ᠲᠢᠩᠬᠢᠮ ᠨᠡᠭᠡᠭᠡᠵᠦ ᠬᠢᠨᠠᠨ ᠪᠠᠶᠢᠴᠠᠭᠠᠵᠤ ᠪᠣᠯᠤᠨ᠎ᠠ᠂ ᠪᠠᠶᠢᠴᠠᠭᠠᠬᠤ ᠪᠠᠶᠢᠭᠤᠯᠭ᠎ᠠ ᠠᠯᠪᠠᠨ ᠵᠠᠭᠠᠯᠳᠤᠭᠴᠢ   ᠶᠢ ᠲᠣᠮᠢᠯᠠᠨ ᠲᠥᠪᠯᠡᠷᠡᠭᠦᠯᠦᠨ ᠰᠢᠭᠦᠯᠲᠡ ᠳᠦ ᠣᠷᠣᠯᠴᠠᠭᠤᠯᠤᠨ ᠠᠯᠪᠠᠨ ᠵᠠᠭᠠᠯᠳᠤᠯᠭ᠎ᠠ   ᠶᠢ ᠳᠡᠮᠵᠢᠬᠦ ᠬᠡᠷᠡᠭᠲᠡᠶ᠃ 
     ︽ ᠨᠠᠷᠢᠨ ᠲᠦᠷᠢᠮ ︾ ᠳ᠋ᠤ  ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠬᠤ ᠵᠢᠷᠤᠮ  ᠤᠨ ᠱᠠᠭᠠᠷᠳᠠᠯᠭ᠎ᠠ   ᠶᠢ ᠲᠣᠳᠣᠷᠬᠠᠶ ᠲᠣᠭᠲᠠᠭᠠᠵᠠᠶ ᠃ ᠨᠢᠭᠡ  ᠳ᠋ᠦ᠂ ᠰᠢᠭᠤᠳ ᠵᠠᠭᠠᠯᠳᠤᠬᠤ ᠱᠠᠭᠠᠷᠳᠠᠯᠭ᠎ᠠ᠃ ᠲᠤᠷᠰᠢᠨ ᠪᠠᠶᠢᠴᠠᠭᠠᠬᠤ ᠪᠠᠶᠢᠭᠤᠯᠭ᠎ᠠ  ᠬᠡᠷᠡᠭ  ᠢ ᠳᠥᠭᠥᠮᠴᠢᠯᠡᠬᠦ ᠨᠥᠬᠥᠴᠡᠯ  ᠲᠠᠢ ᠨᠡᠢᠴᠡᠬᠦ᠂ ᠬᠣᠶᠠᠷ ᠲᠠᠯ᠎ᠠ   ᠤᠨ ᠲᠤᠬᠠᠶ  ᠢᠨ ᠬᠥᠮᠦᠨ᠂ ᠲᠥᠯᠥᠪᠦᠷᠢ ᠣᠶᠢᠯᠠᠭᠠᠯᠴᠠᠭ᠎ᠠ  ᠢᠨ ᠬᠡᠯᠡᠯᠴᠡᠭᠡᠷ ᠳᠣᠭᠢᠷᠬᠠᠰᠠᠨ ᠪᠥᠭᠡᠳ ᠶᠠᠯ᠎ᠠ ᠬᠢᠵᠦ ᠥᠩᠭᠡᠷᠡᠭᠰᠡᠨ  ᠦᠭᠡᠢ  ᠂ ᠲᠠᠬᠢᠨ ᠶᠠᠯ᠎ᠠ ᠬᠢᠭᠰᠡᠨ ᠭᠡᠷᠡᠭᠳᠡᠨ ᠂ ᠵᠣᠬᠢᠰ ᠢ ᠨᠢ ᠦᠵᠡᠵᠦ ᠬᠦᠨᠳᠦ ᠪᠡᠷ ᠰᠢᠳᠬᠡᠬᠦ ᠬᠡᠷᠡᠭ  ᠢ ᠪᠠᠷᠢᠪᠴᠢᠯᠠᠭᠤᠯᠬᠤ ᠳ᠋ᠦ ᠮᠡᠳᠡᠭᠦᠯᠬᠦ ᠦᠭᠡᠢ ᠪᠡᠷ ᠰᠢᠭᠤᠳ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ ᠵᠠᠭᠠᠯᠳᠤᠭᠤᠯᠵᠤ ᠪᠣᠯᠤᠨ᠎ᠠ︔ ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ᠂ ᠬᠣᠷᠢᠬᠤ ᠴᠢᠬᠤᠯᠠ ᠴᠢᠨᠠᠷ ᠲᠠᠶ ᠭᠡᠵᠦ ᠦᠵᠡᠪᠡᠯ᠂ ᠠᠯᠪᠠᠳᠠᠯᠭ᠎ᠠ  ᠢᠨ ᠠᠷᠭ᠎ᠠ ᠬᠡᠮᠵᠢᠶ᠎ᠡ  ᠪᠠᠨ ᠬᠤᠪᠢᠷᠠᠭᠤᠯᠵᠤ᠂ ᠳᠣᠲᠣᠭᠠᠳᠤ   ᠶᠢ ᠬᠠᠮᠠᠭᠠᠯᠠᠬᠤ ᠪᠠᠶᠢᠭᠤᠯᠭ᠎ᠠ ᠪᠠᠷ ᠭᠦᠢᠴᠡᠳᠬᠡᠭᠦᠯᠵᠦ ᠪᠣᠯᠤᠨ᠎ᠠ᠃ ᠬᠣᠶᠠᠷ   ᠲᠤ᠂ ᠬᠡᠷᠡᠭ  ᠢ ᠳᠥᠭᠥᠮᠴᠢᠯᠡᠨ ᠲᠦᠷᠭᠡᠨ ᠰᠢᠶᠳᠪᠦᠷᠢᠯᠡᠬᠦ ᠱᠠᠭᠠᠷᠳᠠᠯᠭ᠎ᠠ᠃ ᠲᠣᠪᠴᠢ ᠬᠡᠷᠡᠭ  ᠢ ᠰᠢᠶᠳᠪᠦᠷᠢᠯᠡᠬᠦ ᠦᠶ᠎ᠡ  ᠳ᠋ᠦ᠂ ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ 《ᠬᠡᠷᠡᠭ ᠰᠢᠶᠳᠪᠦᠷᠢᠯᠡᠬᠦ ᠲᠦᠷᠢᠮ》 ᠢ  ᠵᠥᠷᠢᠴᠡᠬᠦ ᠦᠭᠡᠢ ᠤᠷᠢᠲᠠᠯ  ᠳᠤᠤᠷ᠎ᠠ᠂ ᠡᠷᠬᠡ ᠡᠭᠦᠷᠭᠡ   ᠶᠢ ᠲᠥᠪᠯᠡᠷᠡᠭᠦᠯᠦᠨ  ᠮᠡᠳᠡᠭᠦᠯᠵᠦ᠂   ᠪᠢᠴᠢᠭ ᠬᠠᠷ᠎ᠠ  ᠢ ᠳᠥᠭᠥᠮᠴᠢᠯᠡᠬᠦ᠂ ᠬᠡᠷᠡᠭ ᠰᠢᠶᠳᠪᠦᠷᠢᠯᠡᠬᠦ ᠠᠷᠭ᠎ᠠ ᠮᠠᠶ᠋ᠢᠭ  ᠢ ᠰᠢᠯᠢᠳᠡᠭᠵᠢᠭᠦᠯᠬᠦ᠂ ᠬᠡᠷᠡᠭ ᠰᠢᠶᠳᠪᠦᠷᠢᠯᠡᠬᠦ ᠬᠤᠭᠤᠴᠠᠭ᠎ᠠ   ᠶᠢ  ᠪᠣᠭᠣᠨᠢᠰᠬᠠᠬᠤ ᠵᠡᠷᠭᠡ   ᠶᠢ ᠬᠡᠷᠡᠭᠯᠡᠨ᠂ ᠬᠡᠷᠡᠭ ᠰᠢᠶᠳᠪᠦᠷᠢᠯᠡᠬᠦ  ᠶᠠᠰᠦ ᠴᠢᠨᠠᠷ ᠪᠠ ᠦᠷ᠎ᠡ ᠪᠦᠲᠦᠮᠵᠢ   ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠣᠯᠤᠨ᠎ᠠ᠃ ᠭᠤᠷᠪᠠ  ᠳ᠋ᠦ᠂ ᠲᠦᠪᠡᠭᠲᠡᠶ ᠬᠡᠷᠡᠭ  ᠢ ᠨᠠᠷᠢᠨ ᠰᠢᠶᠳᠪᠦᠷᠢᠯᠡᠬᠦ ᠱᠠᠭᠠᠷᠳᠠᠯᠭ᠎ᠠ᠃ ᠡᠷᠡᠭᠦᠦ  ᠢᠨ ᠬᠡᠷᠡᠭ  ᠢ ᠪᠠᠶᠢᠴᠠᠭᠠᠬᠤ ᠳ᠋ᠦ ᠲᠦᠪᠡᠭᠲᠡᠶ ᠬᠡᠷᠡᠭ  ᠢ ᠰᠢᠶᠳᠪᠦᠷᠢᠯᠡᠬᠦ  ᠳ᠋ᠦ ᠬᠠᠤᠯᠢ ᠴᠠᠭᠠᠵᠠ  ᠢᠨ ᠲᠣᠭᠲᠠᠭᠠᠯ  ᠢ ᠴᠢᠩᠭ᠎ᠠ ᠵᠢᠷᠤᠮᠯᠠᠨ᠂ ᠬᠡᠷᠡᠴᠢ ᠪᠠᠷᠢᠮᠲᠠ  ᠢ ᠬᠢᠨᠠᠨ ᠪᠠᠶᠢᠴᠠᠭᠠᠬᠤ ᠪᠠ ᠬᠡᠷᠡᠭᠯᠡᠬᠦ   ᠶᠢ ᠴᠢᠩᠭᠠᠳᠬᠠᠵᠤ᠂ ᠲᠢᠩᠬᠢᠮ  ᠤᠨ ᠰᠢᠭᠦᠯᠲᠡ  ᠢᠨ ᠪᠡᠯᠡᠳᠬᠡᠯ ᠲᠥᠰᠦᠯ  ᠢ ᠰᠢᠨᠵᠢᠯᠡᠬᠦ ᠤᠬᠠᠭᠠᠨᠴᠢ ᠪᠠᠷ ᠳᠦᠷᠢᠮᠯᠡᠵᠦ᠂ ᠰᠢᠭᠦᠯᠲᠡ ᠳᠦ ᠣᠷᠣᠯᠴᠠᠬᠤ ᠴᠢᠳᠠᠪᠤᠷᠢ  ᠶᠢ ᠳᠡᠭᠡᠭᠰᠢᠯᠡᠭᠦᠯᠵᠦ᠂ ᠨᠠᠷᠢᠯᠢᠬᠵᠢᠭᠤᠯᠤᠨ  ᠰᠢᠢᠳᠪᠦᠷᠢᠯᠡᠨ ᠂ ᠬᠡᠷᠡᠭ ᠰᠢᠢᠳᠪᠦᠷᠢᠯᠡᠬᠦ  ᠶᠠᠰᠤ ᠴᠢᠨᠠᠷ  ᠢ ᠪᠠᠲᠤᠯᠠᠬᠤ ᠬᠡᠷᠡᠭᠲᠡᠶ᠃ ᠢᠯᠠᠩᠭᠤᠶ᠎ᠠ ᠬᠦᠨᠳᠦ ᠶᠡᠬᠡ᠂ ᠨᠠᠷᠢᠨ ᠪᠤᠳᠤᠯᠢᠶᠠᠨᠲᠠᠶ᠂ ᠬᠦᠴᠢᠷ ᠲᠦᠪᠡᠭᠲᠡᠶ ᠬᠡᠷᠡᠭ  ᠢ ᠰᠢᠶᠳᠪᠦᠷᠢᠯᠡᠬᠦ   ᠳᠦ ᠪᠠᠨ ᠠᠵᠢᠯᠳᠠᠨ  ᠤ ᠣᠷᠣᠨ ᠲᠣᠭ᠎ᠠ   ᠪᠡᠷ᠎ ᠪᠠᠶᠢᠴᠠᠭᠠᠬᠤ ᠲᠤᠰᠢᠶᠠᠯᠲᠠᠨ  ᠢ ᠰᠣᠩᠭᠣᠨ᠂ ᠲᠤᠰᠬᠠᠶ ᠬᠡᠷᠡᠭ  ᠤᠨ ᠳᠤᠭᠤᠶᠢᠯᠠᠩ ᠪᠠᠶᠢᠭᠤᠯᠵᠤ᠂ ᠰᠢᠶᠳᠪᠦᠷᠢᠯᠡᠭᠰᠡᠨ ᠠᠬᠢᠴᠠ  ᠶᠢ ᠲᠣᠭᠲᠠᠮᠠᠯ ᠬᠤᠭᠤᠴᠠᠭᠠᠨ ᠳᠤ  ᠵᠠᠷᠯᠠᠨ ᠮᠡᠳᠡᠭᠳᠡᠵᠦ ᠬᠡᠷᠡᠭ ᠰᠢᠶᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ   ᠶᠢ ᠦᠨᠡᠨᠬᠦ ᠪᠠᠲᠤᠯᠠᠵᠤ ᠪᠣᠯᠤᠨ᠎ᠠ᠃ 
       ︽ ᠨᠠᠷᠢᠨ ᠲᠦᠷᠢᠮ ︾ ᠳ᠋ᠤ ᠲᠦᠪᠡᠭᠲᠡᠶ ᠬᠡᠷᠡᠭ ᠪᠠ ᠲᠥᠬᠥᠮ ᠬᠡᠷᠡᠭ ᠢ ᠰᠠᠯᠭᠠᠬᠤ ᠠᠵᠢᠯ  ᠤᠨ ᠪᠠᠲᠤᠯᠠᠭ᠎ᠠ  ᠢᠨ ᠲᠣᠭᠲᠠᠴᠠ   ᠶᠢ ᠴᠢᠬᠤᠯᠠᠴᠢᠯᠠᠵᠠᠶ ᠃ ᠰᠢᠶᠠᠨ  ᠤ ᠨᠠᠮ ᠤᠨ ᠬᠣᠷᠢᠶ᠎ᠠ  ᠢᠨ ᠤᠯᠤᠰ ᠲᠥᠷᠥ  ᠬᠠᠤᠯᠢ ᠴᠠᠭᠠᠵᠠ  ᠢᠨ ᠬᠣᠷᠢᠶ᠎ᠠ ᠂ ᠡᠷᠡᠭᠦᠦ  ᠢᠨ  ᠬᠡᠷᠡᠭ  ᠤᠨ ᠲᠦᠪᠡᠭᠲᠡᠶ ᠬᠡᠷᠡᠭ ᠪᠠ ᠲᠥᠬᠥᠮ ᠬᠡᠷᠡᠭ  ᠢ ᠰᠠᠯᠭᠠᠬᠤ ᠠᠵᠢᠯ  ᠢ ᠪᠥᠬᠥ ᠲᠠᠯ᠎ᠠ ᠪᠠᠷ ᠬᠠᠮᠵᠢᠯᠴᠠᠨ ᠠᠬᠢᠭᠤᠯᠬᠤ   ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ ᠨᠠᠶᠢᠳᠠᠪᠤᠷᠢᠵᠢᠭᠤᠯᠬᠤ  ᠢᠨ ᠬᠠᠮᠲᠤ ᠂ ᠲᠠᠪᠴᠠᠩ  ᠤᠨ ᠠᠵᠢᠯᠯᠠᠭᠠᠨ ᠤ ᠳᠤᠮᠳᠠ ᠢᠯᠡᠷᠡᠭᠰᠡᠨ ᠠᠰᠠᠭᠤᠳᠠᠯ  ᠢ ᠵᠣᠬᠢᠴᠠᠭᠤᠯᠤᠨ ᠰᠢᠶᠳᠪᠦᠷᠢᠯᠡᠨ᠎ᠡ ︔ ᠳᠣᠲᠣᠭᠠᠳᠤ   ᠶᠢ ᠬᠠᠮᠠᠭᠠᠯᠠᠬᠤ᠂ ᠪᠠᠶᠢᠴᠠᠭᠠᠬᠤ ᠂ ᠰᠢᠭᠦᠬᠦ ᠂  ᠬᠠᠤᠯᠢ ᠴᠠᠭᠠᠵᠠ  ᠢᠨ  ᠳᠤᠪᠴᠢᠶ᠎ᠠ ᠵᠣᠬᠢᠴᠠᠭᠤᠯᠭ᠎ᠠ ᠨᠡᠪᠲᠡᠷᠡᠯᠴᠡᠭᠡ ᠪᠡᠨ ᠴᠢᠩᠭᠠᠳᠬᠠᠬᠤ ᠬᠡᠷᠡᠭᠲᠡᠶ᠃ ᠲᠦᠪᠡᠭᠲᠡᠶ ᠬᠡᠷᠡᠭ᠂ ᠳᠥᠭᠥᠮ ᠬᠡᠷᠡᠭ  ᠢ ᠢᠯᠭᠠᠬᠤ ᠳᠤ ᠪᠡᠷᠬᠡᠲᠡᠶ ᠪᠠᠶᠢᠪᠠᠯ᠂ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠪᠠᠶᠢᠭᠤᠯᠭ᠎ᠠ ᠵᠥᠪᠳᠡᠯᠴᠡᠨ ᠲᠣᠭᠲᠠᠭᠠᠵᠤ ᠪᠣᠯᠤᠨ᠎ᠠ︔ ᠬᠠᠮᠵᠢᠯᠴᠠᠬᠤ ᠪᠠᠨ ᠴᠢᠩᠭᠠᠳᠬᠠᠵᠤ᠂ ᠡᠷᠡᠭᠦᠦ  ᠢᠨ ᠬᠡᠷᠡᠭ  ᠤᠨ   ᠲᠦᠪᠡᠭᠲᠡᠢ ᠬᠡᠷᠡᠭ   ᠪᠠ  ᠳᠥᠭᠥᠮ  ᠬᠡᠷᠡᠭ  ᠢ ᠰᠠᠯᠭᠠᠬᠤ ᠠᠵᠢᠯ   ᠢ ᠴᠠᠭ ᠲᠤᠬᠠᠶ   ᠳ᠋ᠤᠨᠢ ᠨᠡᠪᠲᠡᠷᠡᠯᠴᠡᠵᠦ᠂ ᠠᠵᠢᠯ  ᠤᠨ ᠨᠡᠶᠢᠯᠡᠮᠡᠯ ᠬᠦᠴᠦᠨ  ᠢ ᠪᠦᠷᠢᠯᠳᠦᠭᠦᠯᠦᠨ᠂ ᠠᠵᠢᠯ  ᠤᠨ ᠳᠤᠮᠳᠠ ᠢᠯᠡᠷᠡᠭᠰᠡᠨ ᠠᠰᠠᠭᠤᠳᠠᠯ ᠪᠠ ᠲᠤᠯᠭᠠᠷᠠᠭᠰᠠᠨ ᠬᠦᠴᠢᠷᠳᠡᠯ  ᠢ ᠬᠠᠮᠲᠤ ᠪᠠᠷ ᠵᠣᠬᠢᠴᠠᠭᠤᠯᠤᠨ ᠰᠢᠢᠳᠪᠦᠷᠢᠯᠡᠨ᠎ᠡ᠃ 

 


      ᠣᠷᠴᠢᠭᠤᠯᠤᠭᠴᠢ᠄ ᠪᠠᠢ ᠴᠢᠩ ᠯᠢᠨ 
      ᠸᠠᠩ ᠬᠣᠩ  ᠨᠠᠢᠢᠷᠠᠭᠤᠯᠡᠪᠠ

ᠢᠷᠡᠯᠲᠡ
ᠴᠢᠩ ᠱᠦᠢ ᠾᠧ ᠰᠢᠶᠠᠨ  ᠤ ᠠᠷᠠᠳ  ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro