ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠯ ᠢ ᠰᠡᠷᠭᠡᠶᠢᠯᠡᠬᠦ ᠲᠤᠰᠬᠠᠶ ᠠᠵᠢᠯᠯᠠᠭ᠎ᠠ ᠥᠷᠨᠢᠭᠦᠯᠪᠡ

2024-04-28 17:20:32
ᠵᠣᠬᠢᠶᠠᠭᠴᠢ
ᠶᠢᠷᠲᠢᠨᠴᠦ

 

ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ︽ᠪᠠᠢᠴᠠᠭᠠᠬᠣ ᠶᠢᠨ ᠠᠷᠠᠳ ᠤᠨ ᠠᠮᠢᠳᠤᠷᠠᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠦᠶᠯᠡᠳᠦᠯᠭᠡᠵᠢᠭᠦᠯᠬᠦ ᠶᠢᠨ ᠲᠥᠯᠥᠭᠡ ᠂ ᠶᠢᠰᠦᠳᠦᠭᠡᠷ ᠪᠥᠬᠥ ᠠᠷᠠᠳ ᠤᠨ ᠤᠯᠤᠰ ᠤᠨ ᠠᠮᠤᠷ ᠲᠦᠪᠰᠢᠨ ᠦ ᠬᠥᠮᠦᠵᠢᠯ ᠦᠨ ᠡᠳᠦᠷ ᠬᠦᠷᠴᠦ ᠢᠷᠡᠬᠦ ᠲᠠᠰᠢᠷᠠᠮ ᠳᠤ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠠᠰᠤᠨ ᠳᠤ ᠥᠯᠥ ᠭᠦᠷᠦᠭᠰᠡᠳ ᠦᠨ ᠬᠠᠸᠯᠢ ᠴᠠᠭᠠᠵᠠ ᠶᠢᠨ ᠬᠠᠮᠠᠭᠠᠯᠠᠯᠲᠠ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ ᠂ ︽ᠬᠠᠸᠯᠢ ᠪᠠᠷ ᠵᠠᠰᠠᠬᠤ︾ ᠡᠷᠴᠢᠮ ᠢᠶᠡᠷ ︽ᠠᠷᠠᠳ ᠤᠨ ᠠᠮᠢᠳᠤᠷᠠᠯ︾  ᠤᠨ ᠳᠣᠯᠠᠭᠠᠴᠠ ᠶᠢ ᠳᠡᠭᠡᠭᠰᠢᠯᠡᠭᠦᠯᠵᠦ ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠦ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠂ ︽ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠯ ᠨᠢ ᠬᠡᠨ ᠦ ᠪᠤᠷᠤᠭᠤ ᠪᠣᠶ︾ ᠭᠡᠬᠦ ᠬᠠᠸᠯᠢ ᠲᠦᠭᠡᠮᠡᠯᠵᠢᠭᠦᠯᠬᠦ ᠬᠥᠮᠦᠵᠢᠯ ᠦᠨ ᠰᠢᠷᠢᠰ ᠲᠤᠰᠬᠠᠶ ᠠᠵᠢᠯᠯᠠᠭ᠎ᠠ ᠶᠢ ᠥᠷᠨᠢᠭᠦᠯᠪᠡ ᠃ 

 

 

ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠭᠡᠵᠦ ᠶᠠᠭᠤ ᠪᠣᠶ︖ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠪᠠ ᠰᠤᠷᠭᠠᠭᠤᠯᠢ ᠶᠢᠨ ᠬᠦᠷᠢᠶᠡᠨ ᠦ ᠡᠵᠡᠷᠬᠡᠭᠯᠡᠯ ᠨᠢ ᠶᠠᠮᠠᠷ ᠢᠯᠭᠠᠭ᠎ᠠ ᠲᠠᠶ ᠪᠣᠶ︖  ᠪᠠᠢᠴᠠᠭᠠᠬᠣ ᠳᠣᠰᠢᠶᠠᠯᠲᠠᠨ ᠤ ᠦᠷᠭᠦᠯᠵᠢᠯᠡᠭᠰᠡᠨ ᠠᠰᠠᠭᠤᠳᠠᠯ ᠤᠳ ᠨᠢ ᠡᠨᠳᠡ ᠰᠠᠭᠤᠵᠤ ᠪᠠᠶᠢᠭ᠎ᠠ ᠰᠤᠷᠤᠭᠴᠢᠳ ᠤᠨ ᠪᠣᠳᠣᠯᠬᠢᠯᠠᠯ ᠪᠠ ᠤᠷᠮ᠎ᠠ ᠪᠠᠬ᠎ᠠ ᠶᠢ ᠲᠠᠲᠠᠪᠠ᠃  ᠬᠠᠥᠯᠢ ᠪᠠᠷ ᠵᠠᠰᠠᠬᠤ  ᠰᠤᠷᠭᠠᠭᠤᠯᠢ ᠵᠢᠨ ᠳᠡᠳ᠋ ᠵᠠᠬᠢᠷᠤᠯ ᡁᠢ ᠰᠢᠨ ᠶᠢᠩ ᠪᠣᠳᠠᠲᠤ ᠪᠠᠶᠢᠳᠠᠯ ᠳᠠᠬᠢ ᠪᠣᠳᠠᠲᠠᠢ ᠬᠡᠷᠡᠭ ᠦᠨ ᠵᠢᠱᠢᠢ᠎ᠡ ᠶᠢ ᠦᠨᠳᠦᠰᠦᠯᠡᠵᠦ᠂ ᠲᠠᠯᠠᠳ ᠬᠣᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠳᠥᠷᠪᠡᠳᠦᠭᠡᠷ ᠠᠩᠬᠢ ᠶᠢᠨ ᠪᠦᠬᠦ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ  ᠤ ᠬᠦᠴᠦᠷᠬᠡᠭᠯᠡᠯ ᠡᠴᠡ ᠵᠠᠶᠢᠳᠠᠭᠤ ᠪᠠᠢᠬᠣ ᠬᠡᠮᠡᠷᠯᠢᠭ ᠤᠭᠤᠲᠠᠨ ᠤ ᠤᠷᠠᠨ ᠠᠷᠭ᠎ᠠ ᠶᠢ ᠤᠯᠠᠮᠵᠢᠯᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠰᠤᠷᠤᠭᠴᠢᠳ ᠤᠨ ᠮᠠᠳᠠᠭ ᠲᠠᠶ ᠠᠰᠠᠭᠤᠳᠠᠯ ᠢ ᠨᠢ ᠰᠢᠢᠳᠪᠦᠷᠢᠯᠡᠨ ᠥᠭᠴᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠢᠴᠢ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤ ᠶᠢ ᠮᠠᠭᠠᠳᠯᠠᠨ ᠲᠣᠭᠲᠠᠭᠠᠬᠤ ᠶᠢ ᠣᠶᠠᠯᠳᠠᠭᠣᠯᠣᠨ ᠲᠤᠰ ᠬᠢᠴᠢᠶᠡᠯ ᠢ ᠤᠷᠬᠢᠯ ᠳᠤᠨᠢ ᠬᠦᠷᠭᠡᠵᠡᠢ᠃ 

ᠪᠠᠶᠢᠴᠠᠭᠠᠬᠤ ᠲᠤᠰᠢᠶᠠᠯᠲᠠᠨ ᠴᠢᠶᠣᠤ ᠶᠤᠸᠠᠨ ᠬᠡᠷᠡᠭ  ᠢᠶᠡᠷ ᠬᠠᠣᠯᠢ ᠶᠢ  ᠲᠠᠶᠢᠯᠪᠤᠷᠢᠯᠠᠵᠤ᠂ ᠪᠣᠳᠠᠲᠠᠶ ᠬᠡᠷᠡᠭ ᠦᠨ ᠵᠢᠱᠢᠶ᠎ᠡ ᠪᠡᠷ ᠳᠠᠮᠵᠢᠭᠤᠯᠤᠨ ᠬᠡᠸᠬᠡᠳ ᠦᠳ ᠲᠦ ᠄ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠬᠡᠯᠪᠡᠷᠢ ᠨᠢ ᠣᠯᠠᠨ ᠶᠠᠩᠵᠤ ᠶᠢᠨ ᠪᠠᠢᠵᠣ᠂ ᠶᠠᠮᠠᠷᠪᠠ ᠵᠣᠷᠢᠭᠤᠳᠠ ᠂ ᠮᠠᠭᠤ ᠰᠠᠨᠠᠭ᠎ᠠ ᠲᠠᠶ ᠦᠶᠯᠡ ᠠᠵᠢᠯᠯᠠᠭ᠎ᠠ ᠂ ᠦᠭᠡ ᠬᠡᠯᠡ ᠪᠤᠶᠤ ᠣᠶᠤᠨ ᠰᠠᠨᠠᠭᠠᠨ ᠤ ᠳᠣᠷᠣᠮᠵᠢᠯᠠᠯ ᠨᠢ ᠪᠡᠶ᠎ᠡ ᠮᠠᠬᠠᠪᠣᠳ ᠤᠨ ᠭᠡᠮᠲᠦᠯ ᠂ ᠡᠳ᠋ ᠬᠥᠷᠥᠩᠭᠡ ᠶᠢᠨ ᠬᠣᠬᠢᠷᠠᠯ ᠪᠤᠶᠤ ᠣᠶᠤᠨ ᠰᠠᠨᠠᠭᠠᠨ ᠤ ᠬᠣᠬᠢᠷᠠᠭᠣᠯᠣᠯ ᠢ ᠪᠣᠢ ᠪᠣᠯᠭᠠᠪᠠᠯ ᠴᠥᠮ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢᠶᠠᠷ ᠦᠵᠡᠵᠦ ᠪᠣᠯᠤᠨ᠎ᠠ ᠭᠡᠵᠦ ᠬᠡᠯᠡᠪᠡ᠃ ᠪᠠᠶᠢᠴᠠᠭᠠᠬᠤ ᠲᠤᠰᠢᠶᠠᠯᠲᠠᠨ ᠴᠢᠶᠣᠤ ᠶᠤᠸᠠᠨ ᠬᠠᠤᠯᠢ ᠴᠠᠭᠠᠵᠠ ᠶᠢᠨ ᠲᠠᠯ᠎ᠠ ᠠᠴᠠ ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠪᠠ ᠵᠠᠯᠠᠭᠣ ᠪᠠᠭ᠎ᠠ ᠶᠠᠯ᠎ᠠ ᠬᠢᠭᠰᠡᠳ ᠢ ᠰᠢᠳᠬᠡᠬᠦ ᠲᠤᠬᠠᠢ ᠲᠣᠭᠲᠠᠭᠠᠯ ᠢ ᠲᠠᠶᠢᠯᠪᠤᠷᠢᠯᠠᠪᠠ᠃ ᠲᠡᠷᠡ ᠬᠠᠮᠲᠤ ᠰᠤᠷᠤᠭᠴᠢᠳ ᠲᠤ᠄ ᠬᠠᠤᠯᠢ ᠴᠠᠭᠠᠵᠠ ᠶᠢ ᠵᠥᠷᠢᠴᠡᠪᠡᠯ ᠬᠠᠷᠢᠭᠤᠴᠠᠯᠭ᠎ᠠ ᠡᠭᠦᠷᠭᠡᠯᠡᠨ᠎ᠡ᠂ ᠴᠢᠮᠠᠶᠢ ᠨᠠᠰᠤ ᠪᠠᠭ᠎ᠠ ᠭᠡᠳ ᠬᠠᠤᠯᠢ ᠠᠴᠠ ᠭᠠᠳᠠᠭᠤᠷ ᠳᠤᠷ᠎ᠠ ᠪᠠᠷ ᠢᠶᠠᠨ ᠶᠠᠪᠣᠭᠣᠯᠬᠣ ᠦᠭᠡᠢ ᠭᠡᠵᠦ ᠬᠡᠯᠡᠵᠦ ᠥᠭᠪᠡ᠃ 

 

 

ᠬᠠᠤᠯᠢ ᠪᠠᠷ ᠵᠠᠰᠠᠬᠤ ᠳᠡᠳ᠋ ᠵᠠᠬᠢᠷᠤᠯ ᠵᠧᠦ ᠰᠢᠶᠤᠤ ᠰᠢᠶᠠ ᠳᠠᠯᠠᠳ ᠬᠣᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠤᠷᠢᠯᠭ᠎ᠠ ᠪᠠᠷ ᠲᠤᠰ ᠰᠤᠷᠭᠠᠭᠤᠯᠢ ᠶᠢᠨ ᠪᠦᠬᠦ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠰᠤᠷᠤᠭᠴᠢᠳ ᠲᠤ ᠵᠠᠬᠢᠶᠠᠯᠠᠭ᠎ᠠ ᠶᠢᠨ ᠮᠠᠶᠠᠭᠲᠣ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠢᠴᠢᠶᠡᠯ ᠬᠢᠴᠢᠶᠡᠯᠯᠡᠵᠦ ᠂ ︽ᠰᠤᠷᠭᠠᠭᠤᠯᠢ ᠶᠢᠨ ᠬᠦᠷᠢᠶᠡᠨ ᠦ ᠲᠤᠷᠤᠮᠵᠢᠯᠠᠯ ᠢ ᠰᠡᠷᠭᠡᠶᠢᠯᠡᠬᠦ︾ ᠲᠤᠬᠠᠢ ᠬᠠᠮᠢᠶ᠎ᠠ ᠪᠦᠬᠦᠢ ᠮᠡᠳᠡᠯᠭᠡ ᠶᠢ ᠵᠢᠭᠠᠵᠤ ᠥᠭᠭᠦᠭᠰᠡᠨ ᠢᠶᠡᠷ ᠪᠠᠷᠠᠬᠤ ᠦᠭᠡᠢ ᠪᠠᠰᠠ ᠬᠡᠰᠡᠭ ᠰᠤᠷᠤᠭᠴᠢᠳ ᠤᠨ ᠲᠥᠯᠥᠭᠡᠯᠡᠭᠴᠢ ᠶᠢ ᠣᠷᠢᠨ ᠪᠠᠢᠴᠠᠭᠠᠬᠣ ᠬᠣᠷᠢᠶᠠᠨ ᠳᠤ ᠬᠦᠷᠴᠦ ᠬᠠᠤᠯᠢ ᠪᠠᠷ ᠵᠠᠰᠠᠬᠤ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤ ᠣᠷᠣᠯᠴᠠᠭᠤᠯᠵᠤ᠂ ᠳᠡᠳᠡᠨ ᠳᠦ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠠᠵᠢᠯ ᠵᠢᠴᠢ ᠣᠷᠴᠢᠨ ᠲᠣᠭᠣᠷᠢᠨ ᠢ ᠪᠡᠶᠡᠴᠢᠯᠡᠨ ᠣᠶᠢᠯᠠᠭᠠᠭᠤᠯᠵᠠᠢ᠃ ᠡᠭᠦᠨ ᠦ ᠵᠡᠷᠭᠡ ᠳᠦ ᠰᠡᠳᠬᠢᠴᠡ  ᠶᠢᠨ ᠪᠠᠭᠰᠢ  ᠶᠢ ᠤᠷᠢᠵᠤ ᠰᠤᠷᠤᠭᠴᠢᠳ ᠲᠤ ᠰᠡᠳᠬᠢᠴᠡ  ᠶᠢᠨ ᠵᠢᠯᠣᠭᠣᠳᠣᠯᠭ᠎ᠠ  ᠶᠢᠨ ᠰᠤᠷᠭᠠᠨ ᠬᠥᠮᠦᠵᠢᠯ ᠦᠨ ᠠᠵᠢᠯ ᠬᠠᠩᠭᠠᠯᠭᠠᠵᠤ ᠂ ᠡᠨᠡ ᠣᠳᠠᠭᠠᠨ ᠤ ᠪᠡᠶ᠎ᠡ ᠪᠡᠷ  ᠢᠶᠡᠨ ᠣᠶᠢᠯᠠᠭᠠᠬᠤ ᠠᠵᠢᠯᠯᠠᠭ᠎ᠠ  ᠶᠢ ᠨᠡᠩ ᠭᠦᠨᠵᠡᠭᠡᠢ ᠣᠳᠬ᠎ᠠ ᠠᠭᠣᠯᠭ᠎ᠠ ᠲᠠᠢ ᠪᠣᠯᠭᠠᠪᠠ᠃ ᠬᠣᠶᠠᠷ ᠲᠠᠯ᠎ᠠ ᠪᠠᠷ ᠢᠶᠠᠨ ᠬᠠᠷᠢᠯᠴᠠᠨ ᠬᠥᠳᠡᠯᠦᠯᠴᠡᠬᠦ ᠬᠡᠯᠪᠡᠷᠢ ᠪᠡᠷ ᠳᠠᠮᠵᠢᠭᠤᠯᠤᠨ ᠂ ᠳᠣᠷᠣᠮᠵᠢᠯᠠᠯ  ᠠᠴᠠ ᠬᠡᠷᠬᠢᠨ ᠵᠠᠶᠢᠯᠠᠰᠬᠢᠬᠦ ᠶᠢ ᠣᠯᠠᠨ ᠳᠤ ᠵᠢᠭᠠᠵᠤ ᠥᠭᠬᠦ ᠪᠡᠷ ᠪᠠᠷᠠᠬᠤ ᠥᠬᠡᠶ ᠂ ᠪᠠᠰᠠ ᠬᠠᠮᠲᠤ ᠰᠤᠷᠤᠭᠴᠢᠳ ᠬᠣᠭᠣᠷᠣᠨᠳᠣ ᠪᠠᠨ ᠨᠥᠬᠥᠷᠰᠡᠭ ᠢᠶᠡᠷ ᠬᠠᠷᠢᠯᠴᠠᠨ ᠬᠠᠪᠰᠤᠷᠤᠯᠴᠠᠵᠤ ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠣᠷᠣᠯᠴᠠᠭᠴᠢ ᠪᠣᠯᠬᠤ ᠥᠬᠡᠶ ᠂ ᠨᠠᠩ ᠴᠤ ᠬᠠᠵᠠᠭᠤ  ᠠᠴᠠ ᠬᠠᠷᠠᠭᠴᠢ ᠪᠣᠯᠬᠤ ᠥᠬᠡᠶ ᠪᠠᠶᠢᠬᠤ ᠶᠢ ᠰᠠᠨᠠᠭᠠᠴᠢᠯᠠᠪᠠ᠃ 

ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠠᠮᠤᠷ ᠲᠦᠪᠰᠢᠨ ᠦ ᠬᠥᠮᠦᠵᠢᠯ ᠦᠨ ᠠᠷᠭ᠎ᠠ ᠬᠡᠮᠵᠢᠶ᠎ᠡ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠪᠠᠲᠤᠯᠠᠬᠤ ᠶᠢᠨ ᠲᠥᠯᠥᠭᠡ ᠂ ᠲᠡᠯᠡᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠲᠡᠯᠡᠳ ᠬᠣᠰᠢᠭᠤᠨ ᠤ ᠰᠤᠷᠭᠠᠨ ᠬᠥᠮᠦᠵᠢᠯ ᠦᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠮᠤᠷ ᠲᠦᠪᠰᠢᠨ ᠦ ᠠᠯᠪᠠᠨ ᠬᠡᠷ ᠂ ᠲᠡᠯᠡᠳ ᠬᠣᠰᠢᠭᠤᠨ ᠤ ᠬᠠᠷᠢᠶᠠᠲᠤ ᠣᠷᠣᠨ ᠤ ᠳᠣᠲᠣᠭᠠᠲᠣ ᠶᠢ ᠬᠠᠮᠠᠭᠠᠯᠠᠬᠣ ᠰᠠᠯᠪᠣᠷᠢ ᠲᠠᠶ ᠬᠠᠮᠲᠤᠷᠠᠨ ᠬᠣᠰᠢᠭᠤᠨ ᠤ ᠳᠤᠮᠳᠠᠳᠤ ᠰᠤᠷᠭᠠᠭᠤᠯᠢ ᠳᠤ ︽ᠢᠷᠣᠭᠠᠷ ᠲᠣᠨᠢ ᠬᠦᠷᠭᠡᠬᠦ ᠬᠡᠯᠪᠡᠷᠢ ︾ ᠶᠢᠨ ᠶᠡᠬᠡ ᠪᠠᠶᠢᠴᠠᠭᠠᠯᠲᠠ ᠬᠢᠪᠠ ᠃ ᠰᠤᠷᠭᠠᠭᠤᠯᠢ ᠶᠢᠨ ᠬᠢᠨᠠᠨ ᠡᠵᠢᠮᠰᠢᠬᠦ ᠵᠢᠷᠣᠭ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠬᠦ ᠵᠣᠬᠢᠴᠠᠩᠭᠤᠶ ᠬᠠᠮᠢᠶᠠᠷᠤᠯᠲᠠ ᠶᠢᠨ ᠲᠦᠷᠢᠮ ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠵᠡᠷᠭᠡ ᠶᠢ ᠪᠠᠶᠢᠴᠠᠭᠠᠨ ᠦᠵᠡᠬᠦ ᠪᠡᠷ ᠳᠠᠮᠵᠢᠭᠤᠯᠤᠨ ᠂ ᠢᠯᠡᠷᠡᠭᠦᠯᠦᠭᠰᠡᠨ ᠠᠰᠠᠭᠤᠳᠠᠯ ᠳᠤ ᠵᠣᠬᠢᠴᠠᠩᠭᠤᠶ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠠᠷᠭ᠎ᠠ ᠬᠡᠮᠵᠢᠶ᠎ᠡ ᠶᠢ ᠬᠠᠮᠲᠤ ᠳᠤᠨᠢ ᠳᠤᠷᠠᠳᠤᠨ ᠭᠠᠷᠭᠠᠵᠤ ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠬᠡᠷᠡᠭ ᠡᠭᠦᠰᠬᠦ ᠶᠢ ᠡᠷᠡᠰ ᠬᠣᠷᠢᠭᠯᠠᠵᠤ ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠴᠤᠬᠤᠶᠢᠯᠲᠠ ᠶᠢ ᠪᠣᠭᠣᠮᠢᠯᠠᠵᠠᠶ ᠃ 

 

 

4 ᠳ᠋ᠦ᠋ᠭᠡᠷ ᠰᠠᠷ᠎ᠠ  ᠠᠴᠠ ᠨᠠᠰᠢ ᠂ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠰᠦᠯᠵᠢᠶᠡᠨ ᠳᠡᠭᠡᠷ᠎ᠡ  ᠡᠴᠡ ᠭᠠᠳᠠᠨ᠎ᠠ ︽ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠤᠨ ᠲᠤᠬᠠᠶ NO ᠬᠡᠯᠡᠬᠦ︾ ᠬᠠᠸᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 7 ᠤᠳᠠᠭ᠎ᠠ ᠥᠷᠨᠢᠭᠦᠯᠪᠡ᠃ ᠳᠠᠯᠠᠳ ᠬᠣᠰᠢᠭᠤᠨ ᠤ ᠰᠢᠭᠦᠬᠦ ᠬᠣᠷᠢᠶ᠎ᠠ ᠂ ᠳᠠᠯᠠᠳ ᠬᠣᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠶ ᠬᠠᠮᠲᠤᠷᠠᠨ ᠰᠦᠯᠵᠢᠶᠡᠨ ᠳᠡᠭᠡᠷ᠎ᠡ ︽ ᠬᠠᠣᠯᠢ ᠲᠠᠶ ᠬᠠᠮᠲᠤ ᠤᠷᠤᠭᠰᠢᠯᠠᠵᠤ ᠂ ᠡᠷᠡᠭᠦᠯ ᠢᠶᠡᠷ ᠦᠰᠦᠨ ᠪᠣᠶᠢᠵᠢᠨ᠎ᠠ ︱ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠶ᠎ᠡ ︾ ᠭᠡᠬᠦ ᠲᠤᠰᠬᠠᠶ ᠰᠡᠳᠦᠪᠲᠦ ᠬᠠᠸᠯᠢ ᠪᠠᠷ ᠵᠠᠰᠠᠬᠤ ᠲᠠᠶᠢᠯᠤᠮᠵᠢ ᠶᠢ 1 ᠤᠳᠠᠭ᠎ᠠ ᠬᠠᠮᠲᠤᠷᠠᠨ ᠨᠡᠪᠲᠡᠷᠡᠭᠦᠯᠪᠡ᠃ ᠳᠠᠯᠠᠳ ᠬᠣᠰᠢᠭᠤᠨ ᠤ ᠨᠠᠮ ᠤᠨ ᠬᠣᠷᠢᠶ᠎ᠠ ᠂ ᠬᠣᠰᠢᠭᠤᠨ ᠤ ᠰᠤᠷᠭᠠᠨ ᠬᠥᠮᠦᠵᠢᠯ ᠦᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠷᠠᠯᠳᠤᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠳᠤ 1 ᠤᠳᠠᠭ᠎ᠠ ᠣᠷᠣᠯᠴᠠᠵᠤ ᠂ ᠳᠠᠯᠠᠳ ᠬᠣᠰᠢᠭᠤᠨ ᠤ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠂ ᠳᠠᠯᠠᠳ ᠬᠣᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠪᠠᠶᠢᠴᠠᠭᠠᠬᠤ ᠨᠡᠭᠡᠭᠡᠯᠲᠡᠲᠦ ᠡᠳᠦᠷ ᠦᠨ ᠠᠵᠢᠯᠯᠠᠭ᠎ᠠ ᠶᠢ 2 ᠤᠳᠠᠭ᠎ᠠ ᠥᠷᠨᠢᠭᠦᠯᠪᠡ ᠃ 

ᠬᠠᠤᠯᠢ ᠶᠢ ᠮᠡᠳᠡᠵᠦ ᠤᠶᠤᠨ ᠤᠬᠠᠭᠠᠨ ᠢᠶᠠᠨ ᠬᠠᠳᠠᠩᠰᠢᠭᠣᠯᠵᠣ᠂ ᠬᠠᠤᠯᠢ ᠶᠢ ᠣᠶᠢᠯᠠᠭᠠᠵᠤ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠲᠥᠪ ᠪᠣᠯᠭᠠᠨ᠎ᠠ᠃ ᠬᠡᠦᠬᠡᠳ ᠨᠢᠭᠡᠪᠦᠷᠢ ᠰᠤᠷᠭᠠᠭᠤᠯᠢ ᠶᠢᠨ ᠬᠦᠷᠢᠶᠡᠨ ᠦ ᠳᠠᠷᠤᠯᠠᠯ ᠲᠤᠷᠤᠮᠵᠢᠯᠠᠯ ᠢ ᠲᠡᠪᠴᠢᠵᠦ᠂  ᠬᠠᠥᠯᠢ ᠪᠠᠷ ᠵᠠᠰᠠᠬᠤ ᠨᠡᠷᠡᠨ ᠦ ᠭᠡᠷᠡᠯ  ᠢ ᠭᠡᠢᠭᠦᠯᠵᠦ᠂ ᠬᠢᠵᠠᠭᠠᠷ ᠦᠭᠡᠢ ᠬᠠᠷᠠᠩᠭᠤᠢ ᠶᠢᠨ ᠳᠤᠮᠳᠠᠭᠤᠷ ᠭᠠᠭᠴᠠᠭᠠᠷᠳᠠᠮᠠᠯ ᠢᠶᠠᠷ ᠤᠷᠤᠭᠰᠢᠯᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠳᠠᠯᠠᠳ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ︽ ᠵᠢᠷᠭᠤᠭᠠᠨ ᠶᠡᠬᠡ ᠬᠠᠮᠠᠭᠠᠯᠠᠯᠲᠠ ︾ ᠶᠢ ᠵᠡᠷᠭᠡᠪᠡᠷ ᠦᠷᠭᠦᠯᠵᠢᠯᠡᠨ ᠠᠬᠢᠭᠤᠯᠵᠤ ᠂ ︽1+5>6= ᠪᠣᠳᠠᠲᠠᠶ︾ ᠶᠢ ᠴᠢᠷᠮᠠᠶᠢᠨ ᠪᠡᠶᠡᠯᠡᠭᠦᠯᠵᠦ ᠂ ᠬᠠᠸᠯᠢ ᠪᠠᠷ ᠵᠠᠰᠠᠬᠤ ᠳᠡᠳ᠋ ᠵᠠᠬᠢᠷᠤᠯ ᠤᠨ ᠡᠭᠦᠷᠭᠡ ᠬᠠᠷᠢᠭᠤᠴᠠᠯᠭ᠎ᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ ᠂ ᠨᠠᠰᠤᠨ ᠳᠤ ᠥᠯᠥ ᠭᠦᠷᠦᠭᠰᠡᠳ ᠦᠨ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠦᠴᠦᠨ ᠢ ᠲᠠᠰᠤᠷᠠᠯᠲᠠ ᠥᠬᠡᠶ ᠳᠠᠮᠵᠢᠭᠤᠯᠵᠤ ᠂ ᠨᠠᠰᠤᠨ ᠳᠤ ᠥᠯᠥ ᠭᠦᠷᠦᠭᠰᠡᠳ ᠦᠨ ᠦᠰᠦᠨ ᠪᠣᠶᠢᠵᠢᠯᠲᠠ ᠶᠢᠨ ᠵᠠᠮ ᠢ ᠪᠠᠢᠴᠠᠭᠠᠬᠣ ᠬᠠᠢᠷ᠎ᠠ ᠰᠡᠳᠬᠢᠯᠭᠡ  ᠪᠠᠷ ᠳᠡᠮᠵᠢᠨ ᠲᠤᠰᠠᠯᠠᠨ᠎ᠠ ᠃ 

 

 

 

ᠢᠷᠡᠯᠲᠡ
ᠣᠷᠳᠤᠰ ᠬᠤᠲᠠ ᠵᠢᠨ ᠳᠠᠯᠠᠳ ᠬᠤᠰᠢᠭᠤᠨ ᠤ ᠠᠷᠠᠳ ᠤᠨ ᠪᠠᠢᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro