ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠷᠡᠬᠦᠦ ᠶᠢᠨ ᠭᠡᠷᠡᠭ ᠲᠤ ᠭᠤᠮᠤᠳᠠᠯ ᠲᠤᠭᠠᠴᠢᠬᠤ ᠳᠤ ᠮᠡᠳᠡᠬᠦ ᠴᠢᠬᠤᠯᠠᠳᠠᠢ ᠵᠦᠢᠯ

2016-06-03 14:46:38
ᠵᠣᠬᠢᠶᠠᠭᠴᠢ

ᠥᠪᠦᠷ ᠮᠤᠩᠭᠤᠯ ᠤᠨ ᠠᠷᠠᠳ ᠤᠨ ᠪᠠᠶᠢᠴᠠᠭᠠᠬᠤ ᠬᠤᠷᠢᠶᠠᠨ ᠤ ᠡᠷᠡᠬᠦᠦ ᠶᠢᠨ ᠭᠡᠷᠡᠭ ᠲᠤ ᠭᠤᠮᠤᠳᠠᠯ ᠲᠤᠭᠠᠴᠢᠬᠤ ᠶᠢ ᠬᠦᠯᠢᠶᠡᠨ ᠠᠪᠬᠤ ᠭᠡᠪᠴᠢᠶ᠎ᠠ


︵ᠨᠢᠭᠡ︶ ᠲᠤᠰ ᠬᠤᠷᠢᠶᠠᠨ ᠤ ᠵᠠᠷᠭᠤ ᠶᠢ ᠲᠠᠭᠤᠰᠬᠠᠭᠰᠠᠨ ᠡᠷᠡᠬᠦᠦ ᠶᠢᠨ ᠭᠡᠷᠡᠭ ᠢ ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠨ ᠠᠪᠬᠤ ᠦᠭᠡᠢ ᠠᠴᠠ ᠪᠤᠯᠵᠤ ᠭᠤᠮᠤᠳᠠᠯ ᠲᠤᠭᠠᠴᠢᠬᠤ᠂ ᠡᠬᠦᠨ ᠳᠤ ᠪᠠᠭᠳᠠᠬᠤ ᠨᠢ᠄


1. ᠠᠷᠠᠳ ᠤᠨ ᠪᠠᠶᠢᠴᠠᠭᠠᠬᠤ ᠬᠤᠷᠢᠶᠠᠨ ᠤ ᠪᠠᠷᠢᠪᠴᠢᠯᠠᠬᠤ ᠶᠢ ᠵᠦᠪᠰᠢᠶᠡᠷᠡᠬᠦ ᠦᠭᠡᠢ ᠲᠤᠭᠳᠠᠭᠠᠯ ᠢ ᠭᠦᠯᠢᠶᠡᠨ ᠠᠪᠬᠤ ᠦᠭᠡᠢ ᠠᠴᠠ ᠪᠤᠯᠵᠤ ᠭᠤᠮᠤᠳᠠᠯ ᠲᠤᠭᠠᠴᠢᠬᠤ


2. ᠠᠷᠠᠳ ᠤᠨ ᠪᠠᠶᠢᠴᠠᠭᠠᠬᠤ ᠬᠤᠷᠢᠶᠠᠨ ᠤ ᠦᠯᠦ ᠵᠠᠭᠠᠯᠳᠤᠬᠤ ᠲᠤᠭᠳᠠᠭᠠᠯ ᠢ ᠬᠦᠯᠢᠶᠠᠨ ᠠᠪᠬᠤ ᠦᠭᠡᠢ ᠪᠤᠯᠵᠤ ᠭᠤᠮᠤᠳᠠᠯ ᠲᠤᠭᠠᠴᠢᠬᠤ


3. ᠠᠷᠠᠳ ᠤᠨ ᠪᠠᠶᠢᠴᠠᠭᠠᠬᠤ ᠬᠤᠷᠢᠶᠠᠨ ᠤ ᠭᠡᠷᠡᠭ ᠢ ᠬᠦᠴᠦᠨ ᠦᠭᠡᠢ ᠪᠤᠯᠭᠠᠬᠤ ᠲᠤᠭᠳᠠᠭᠠᠯ ᠢ ᠬᠦᠯᠢᠶᠡᠨ ᠠᠪᠬᠤ ᠦᠭᠡᠢ ᠠᠴᠠ ᠪᠤᠯᠵᠤ ᠭᠤᠮᠤᠳᠠᠯ ᠲᠤᠭᠠᠴᠢᠬᠤ


4. ᠠᠷᠠᠳ ᠤᠨ ᠪᠠᠶᠢᠴᠠᠭᠠᠬᠤ ᠬᠤᠷᠢᠶᠠᠨ ᠤ ᠪᠤᠰᠤᠳ ᠵᠠᠷᠭᠤ ᠶᠢ ᠲᠠᠭᠤᠰᠬᠠᠭᠰᠠᠨ ᠡᠷᠡᠬᠦᠦ ᠶᠢᠨ ᠭᠡᠷᠡᠭ ᠢ ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠨ ᠠᠪᠬᠤ ᠦᠭᠡᠢ ᠠᠴᠠ ᠪᠤᠯᠵᠤ ᠭᠤᠮᠤᠳᠠᠯ ᠲᠤᠭᠠᠴᠢᠬᠤ


︵ᠬᠤᠶᠠᠷ︶ ᠬᠤᠤᠷᠯᠠᠭᠳᠠᠭᠴᠢ ᠲᠤᠤᠷ᠎ᠠ ᠨᠢᠭᠡᠨ ᠱᠠᠳᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠦᠯᠦ ᠵᠠᠭᠠᠯᠳᠤᠬᠤ ᠲᠤᠭᠳᠠᠭᠠᠯ ᠢ ᠬᠦᠯᠢᠶᠡᠨ ᠠᠪᠬᠤ ᠦᠭᠡᠢ ᠠᠴᠠ ᠪᠤᠯᠵᠤ ᠲᠤᠯᠤᠭᠠᠨ ᠡᠳᠦᠷ ᠤᠨ  ᠳᠤᠳᠤᠷᠠᠬᠢ ᠭᠤᠮᠤᠳᠠᠯ ᠲᠤᠭᠠᠴᠢᠯᠳᠠ


︵ᠭᠤᠷᠪᠠ︶ ᠲᠤᠤᠷ᠎ᠠ ᠨᠢᠭᠡ ᠱᠠᠳᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠵᠠᠷᠭᠤ ᠶᠢ ᠲᠠᠭᠤᠰᠬᠠᠭᠰᠠᠨ ᠡᠷᠡᠬᠦᠦ ᠶᠢᠨ ᠭᠡᠷᠡᠭ ᠢ ᠰᠢᠢᠳᠪᠦᠷᠢᠯᠡᠭᠰᠡᠨ ᠲᠤᠭᠳᠠᠭᠠᠯ ᠢ ᠬᠦᠯᠢᠶᠡᠨ ᠠᠪᠬᠤ ᠦᠭᠡᠢ ᠪᠦᠭᠡᠳ ᠲᠤᠤᠷ᠎ᠠ ᠨᠢᠭᠡ ᠱᠠᠳᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢᠭᠡᠨᠳᠡ ᠪᠠᠶᠢᠴᠠᠭᠠᠭᠰᠠᠨ ᠪᠤᠶᠤ ᠲᠠᠬᠢᠨ ᠪᠠᠶᠢᠴᠠᠭᠠᠵᠤ ᠲᠠᠭᠤᠰᠬᠠᠭᠰᠠᠨ ᠤ ᠲᠤᠬᠠᠢ  ᠭᠤᠮᠤᠳᠠᠯ ᠲᠤᠭᠠᠴᠢᠯᠳᠠ


︵ᠲᠦᠷᠪᠡ︶ ᠠᠳᠠᠯᠢ ᠱᠠᠳᠤᠨ ᠤ ᠠᠷᠠᠳ ᠤᠨ ᠰᠢᠬᠦᠬᠦ ᠬᠤᠷᠢᠶ᠎ᠠ ᠶᠢᠨ ᠨᠢᠭᠡᠨᠳᠡ ᠬᠦᠴᠦᠨ ᠲᠠᠢ ᠪᠤᠯᠤᠭᠰᠠᠨ ᠡᠷᠡᠬᠦᠦ ᠶᠢᠨ ᠭᠡᠷᠡᠭ ᠤᠨ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ ᠶᠢ ᠬᠦᠯᠢᠶᠡᠨ ᠠᠪᠬᠤ ᠦᠭᠡᠢ ᠠᠴᠠ ᠪᠤᠯᠵᠤ ᠭᠤᠮᠤᠳᠠᠯ  ᠲᠤᠭᠠᠴᠢᠯᠲᠠ


︵ᠲᠠᠪᠤ︶ ᠲᠤᠤᠷ᠎ᠠ ᠱᠠᠳᠤᠨ ᠤ ᠠᠷᠠᠳ ᠤᠨ ᠰᠢᠬᠦᠬᠦ ᠬᠤᠷᠢᠶ᠎ᠡ ᠠᠴᠠ ᠨᠢᠭᠡᠨᠳᠡ ᠬᠦᠴᠦᠨ ᠲᠠᠢ ᠪᠤᠯᠤᠭᠰᠠᠨ ᠡᠷᠡᠬᠦᠦ ᠶᠢᠨ ᠭᠡᠷᠡᠭ ᠤᠨ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ ᠶᠢ ᠬᠦᠯᠢᠶᠡᠨ ᠠᠪᠬᠤ ᠦᠭᠡᠢ ᠪᠦᠭᠡᠳ ᠲᠤᠤᠷ᠎ᠠ ᠨᠢᠭᠡᠨ ᠱᠠᠳᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢᠭᠡᠨᠳᠡ ᠪᠠᠶᠢᠴᠠᠭᠠᠭᠰᠠᠨ ᠪᠤᠶᠤ ᠲᠠᠬᠢᠨ ᠪᠠᠶᠢᠴᠠᠭᠠᠵᠤ ᠲᠠᠭᠤᠰᠬᠠᠭᠰᠠᠨ ᠤ ᠲᠤᠬᠠᠢ ᠭᠤᠮᠤᠳᠠᠯ ᠲᠤᠭᠠᠴᠢᠯᠳᠠ


ᠡᠷᠡᠬᠦᠦ ᠶᠢᠨ ᠭᠡᠷᠡᠭ ᠲᠤ ᠭᠤᠮᠤᠳᠠᠯ ᠲᠤᠭᠠᠴᠢᠬᠤ ᠶᠢ ᠰᠢᠢᠳᠪᠦᠷᠢᠯᠡᠬᠦ


ᠤᠤᠯ ᠤᠨ ᠰᠢᠢᠳᠪᠦᠷᠢᠯᠡᠭᠰᠡᠨ ᠲᠤᠭᠳᠠᠭᠠᠯ ᠪᠤᠶᠤ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ ᠨᠢ ᠵᠦᠪ ᠪᠠᠶᠢᠪᠠᠯ᠂ ᠲᠡᠬᠦᠨ ᠢ ᠪᠠᠷᠢᠮᠳᠠᠯᠠᠨ᠎ᠠ︔ ᠤᠤᠯ ᠤᠨ ᠰᠢᠢᠳᠪᠦᠷᠢᠯᠡᠭᠰᠡᠨ ᠲᠤᠭᠳᠠᠭᠠᠯ ᠪᠤᠶᠤ ᠰᠢᠬᠦᠨ ᠲᠠᠰᠤᠯᠤᠯᠳᠠ᠂ ᠬᠢᠨᠠᠨ ᠲᠠᠰᠤᠯᠤᠯᠳᠠ ᠨᠢ ᠪᠤᠷᠤᠭᠤ ᠪᠠᠶᠢᠪᠠᠯ᠂ ᠪᠤᠳᠠᠳᠤ ᠪᠠᠶᠢᠳᠠᠯ ᠢ ᠨᠢ ᠦᠵᠡᠨ ᠬᠤᠪᠢᠷᠠᠭᠤᠯᠵᠤ᠂ ᠬᠦᠴᠦᠨ ᠦᠭᠡᠢ ᠪᠤᠯᠭᠠᠵᠤ᠂ ᠲᠤᠭᠳᠠᠭᠠᠯ ᠭᠠᠷᠭᠠᠬᠤ ᠪᠤᠶᠤ ᠰᠢᠬᠦᠬᠦ ᠬᠤᠷᠢᠶᠠᠨ ᠳᠤ ᠡᠰᠡᠷᠬᠦᠴᠡᠨ ᠵᠠᠭᠠᠯᠳᠤᠨ᠎ᠠ᠃


ᠪᠠᠶᠢᠴᠠᠭᠠᠬᠤ ᠪᠠᠶᠢᠭᠤᠯᠭ᠎ᠠ ᠶᠢᠨ ᠤᠯᠤᠰ ᠤᠨ ᠲᠦᠯᠦᠪᠦᠷᠢ ᠶᠢᠨ ᠭᠡᠷᠡᠭ ᠢ ᠬᠦᠯᠢᠶᠡᠨ ᠠᠪᠬᠤ ᠭᠡᠪᠴᠢᠶ᠎ᠠ


ᠪᠠᠶᠢᠴᠠᠭᠠᠬᠤ ᠪᠠᠶᠢᠭᠤᠯᠭ᠎ᠠ ᠵᠢᠴᠢ ᠲᠡᠬᠦᠨ ᠤ ᠠᠵᠢᠯᠳᠠᠨ ᠡᠬᠦᠷᠭᠡ ᠲᠤᠰᠢᠶᠠᠯ ᠢᠶᠠᠨ ᠬᠦᠢᠴᠡᠳᠭᠡᠬᠦ ᠶᠠᠪᠤᠴᠠ ᠳᠤ ᠪᠡᠶ᠎ᠡ ᠶᠢᠨ ᠡᠷᠭᠡ ᠴᠢᠯᠦᠭᠡ᠂ ᠡᠳ᠋ ᠬᠦᠷᠦᠩᠭᠡ ᠶᠢᠨ ᠡᠷᠭᠡ ᠴᠢᠯᠦᠭᠡᠨ ᠳᠤ ᠬᠠᠯᠳᠠᠭᠰᠠᠨ ᠪᠠᠶᠢᠪᠠᠯ᠂ ᠬᠤᠤᠷᠯᠠᠭᠳᠠᠭᠴᠢ ᠪᠠᠶᠢᠴᠠᠭᠠᠬᠤ ᠪᠠᠶᠢᠭᠤᠯᠭ᠎ᠠ ᠳᠤ ᠲᠦᠯᠦᠪᠦᠷᠢᠯᠡᠬᠦᠯᠬᠦ ᠪᠠᠷ ᠭᠤᠶᠤᠴᠢᠯᠠᠬᠤ ᠡᠷᠭᠡ ᠲᠠᠢ᠃


ᠲᠦᠯᠦᠪᠦᠷᠢᠯᠡᠬᠦᠯᠬᠦ ᠪᠠᠷ ᠭᠤᠶᠤᠴᠢᠯᠠᠭᠴᠢ ᠪᠤᠶᠤ ᠲᠦᠯᠦᠬᠦ ᠡᠬᠦᠷᠭᠡ ᠲᠠᠢ ᠪᠠᠶᠢᠭᠤᠯᠭ᠎ᠠ ᠠᠷᠠᠳ ᠤᠨ ᠰᠢᠬᠦᠬᠦ ᠬᠤᠷᠢᠶᠠᠨ ᠤ ᠲᠦᠯᠦᠪᠦᠷᠢᠯᠡᠬᠦ ᠺᠤᠮᠢᠰ ᠤᠨ ᠭᠠᠷᠭᠠᠭᠰᠠᠨ ᠡᠷᠡᠬᠦᠦ ᠶᠢᠨ ᠭᠡᠷᠡᠭ ᠤᠨ ᠲᠦᠯᠦᠪᠦᠷᠢᠯᠡᠬᠦ ᠲᠤᠭᠳᠠᠭᠠᠯ ᠪᠤᠶᠤ ᠢᠷᠭᠡᠨ ᠤ ᠵᠠᠰᠠᠭ ᠵᠠᠬᠢᠷᠭᠠᠨ ᠤ ᠵᠠᠷᠭᠤ ᠶᠢᠨ ᠲᠦᠯᠦᠪᠦᠷᠢᠯᠡᠬᠦ ᠲᠤᠭᠳᠠᠭᠠᠯ ᠵᠢᠴᠢ ᠠᠷᠠᠳ ᠤᠨ ᠰᠢᠬᠦᠬᠦ ᠬᠤᠷᠢᠶᠠᠨ ᠤ ᠵᠠᠰᠠᠭ ᠵᠠᠬᠢᠷᠭᠠᠨ ᠤ ᠲᠦᠯᠦᠪᠦᠷᠢᠯᠡᠬᠦ ᠲᠤᠭᠳᠠᠭᠠᠯ᠂ ᠬᠢᠨᠠᠨ ᠲᠠᠰᠤᠯᠤᠯᠳᠠ ᠶᠢ ᠬᠦᠯᠢᠶᠡᠬᠦ ᠦᠭᠡᠢ ᠪᠤᠯ᠂ ᠠᠷᠠᠳ ᠤᠨ ᠪᠠᠶᠢᠴᠠᠭᠠᠬᠤ ᠬᠤᠷᠢᠶᠠᠨ ᠳᠤ ᠭᠤᠮᠤᠳᠠᠯ ᠲᠤᠭᠠᠴᠢᠵᠤ ᠪᠤᠯᠤᠨ᠎ᠠ᠃


ᠢᠷᠡᠯᠲᠡ
ᠥᠪᠦᠷ ᠮᠤᠩᠭᠤᠯ ᠤᠨ ᠪᠠᠶᠢᠴᠠᠭᠠᠬᠤ ᠬᠤᠷᠢᠶᠠᠨ ᠤ ᠤᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro