ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠤᠯᠳᠠ

2017-01-22 10:11:31
ᠵᠣᠬᠢᠶᠠᠭᠴᠢ
ᠮᠠ ᠶᠥᠡᠭ ᠱᠸᠡᠭ

    ᠳᠥᠷᠪᠡ᠂ ᠬᠠᠤᠯᠢ ᠪᠠᠷᠢᠬᠤ ᠪᠠᠶᠢᠭᠤᠯᠤᠯ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠤᠨ᠂ ᠪᠠᠶᠢᠴᠠᠭᠠᠬᠤ ᠡᠷᠬᠡ  ᠶᠢᠨ  ᠬᠠᠤᠯᠢ  ᠶᠤᠰᠤᠭᠠᠷ ᠳᠥᠪ ᠭᠤᠤᠯᠴᠢ  ᠪᠥᠳᠤᠮᠵᠢᠳᠡᠢ  ᠬᠡᠷᠡᠭᠵᠢᠬᠦᠯᠥᠭᠳᠡᠬᠦ  ᠶᠢ  ᠪᠠᠳᠤᠯᠠᠪᠡ 

    ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠥᠬᠡᠷᠡᠴᠢᠯᠠᠯᠳᠠ ᠶᠢᠨ ᠳᠤᠬᠠᠢ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ᠂ ᠥᠬᠡᠷᠡᠴᠢᠯᠠᠯᠳᠠ ᠶᠢᠨ ᠠᠷᠭ᠎ᠠ ᠬᠡᠮᠵᠢᠶ᠎ᠠ ᠶᠢᠨ ᠨᠠᠶᠢᠳᠠᠪᠤᠷᠢᠵᠢᠭᠤᠯᠤᠯᠳᠠ ᠶᠢ ᠬᠥᠴᠤᠳᠡᠢ ᠠᠳᠬᠤᠵᠤ᠂ ᠪᠠᠶᠢᠴᠠᠭᠠᠬᠤ ᠠᠵᠢᠯ ᠤᠨ ᠬᠥᠭᠵᠢᠯᠳᠠ ᠶᠢᠨ ᠬᠥᠴᠢᠷ ᠰᠡᠳᠤᠪ ᠶᠢ ᠰᠢᠢᠳᠪᠤᠷᠢᠯᠠᠵᠠᠢ᠃ 

    ᠪᠠᠶᠢᠴᠠᠭᠠᠬᠤ ᠳᠤᠰᠢᠶᠠᠯᠳᠠᠨ ᠤ ᠤᠷᠤᠨ ᠳᠤᠭᠠᠳᠤ ᠳᠥᠷᠢᠮ ᠤᠨ ᠥᠬᠡᠷᠡᠴᠢᠯᠠᠯᠳᠠ ᠶᠢ ᠪᠥᠬᠦ ᠳᠡᠯ᠎ᠠ ᠪᠠᠷ ᠶᠠᠪᠤᠭᠤᠯᠪᠡ᠃ ᠪᠤᠭᠤᠳᠤ᠂ ᠤᠯᠠᠭᠠᠠᠬᠠᠳᠠ ᠬᠤᠶᠠᠷ ᠭᠠᠵᠠᠷ ᠤᠨ ᠳᠤᠷᠰᠢᠯᠳᠠ ᠶᠢᠨ ᠴᠢᠬ ᠤᠨ ᠠᠵᠢᠯ ᠤᠨ ᠳᠤᠷᠰᠢᠯᠭ᠎ᠠ ᠶᠢ ᠨᠠᠷᠢᠨ ᠬᠢᠨᠠᠮᠠᠭᠠᠢ ᠳ᠋ᠦᠡᠭᠨᠡᠵᠤ᠂ ᠪᠥᠬᠦ ᠤᠷᠤᠨ ᠤ ᠭᠤᠷᠪᠡᠨ ᠱᠠᠳᠤᠨ ᠤ ᠬᠤᠷᠢᠶᠠᠨ ᠳᠤ ᠤᠷᠤᠨ ᠳᠤᠭᠠᠳᠤ ᠪᠠᠶᠢᠴᠠᠭᠠᠬᠤ ᠳᠤᠰᠢᠶᠠᠯᠳᠠᠨ ᠢ ᠰᠤᠩᠭᠤᠨ ᠳᠤᠮᠢᠯᠠᠬᠤ ᠠᠵᠢᠯ ᠢ ᠪᠥᠬᠦ ᠳᠡᠯ᠎ᠠ ᠪᠠᠷ ᠥᠷᠨᠢᠬᠦᠯᠵᠠᠢ᠃ ᠥᠠᠳᠤᠰᠤᠨ ᠱᠠᠳᠤ ᠪᠠ ᠬᠡᠷᠡᠭ ᠨᠠᠯᠢᠶᠡᠳ ᠤᠯᠠᠨ ᠭᠠᠵᠠᠷ ᠤᠷᠤᠨ ᠳᠠᠰᠢ ᠬᠡᠯᠪᠠᠶᠢᠬᠦ ᠪᠠᠷ ᠵᠠᠷᠴᠢᠮ ᠪᠤᠯᠭᠠᠵᠤ᠂ ᠭᠤᠷᠪᠡᠨ ᠱᠠᠳᠤᠨ ᠤ ᠬᠤᠷᠢᠶ᠎ᠠ ᠶᠢᠨ ᠠᠩᠬᠠᠳᠤᠭᠠᠷ ᠪᠥᠯᠥᠭ ᠪᠠᠶᠢᠴᠠᠭᠠᠬᠤ ᠳᠤᠰᠢᠶᠠᠯᠳᠠᠨ ᠤ ᠤᠷᠤᠨ ᠳᠤᠭ᠎ᠠ ᠶᠢ ᠰᠢᠠᠵᠢᠯᠡᠬᠦ ᠤᠬᠠᠭᠠᠠᠴᠢ ᠪᠠᠷ ᠵᠥᠢ ᠵᠤᠬᠢᠰᠳᠡᠢ ᠳᠤᠬᠢᠷᠠᠭᠤᠯᠪᠠ᠃ ᠨᠠᠷ᠎ᠠ ᠮᠡᠳᠡᠬᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠰᠢᠯᠭᠠᠬᠤ᠂ ᠬᠢᠨᠠᠨ ᠰᠢᠯᠭᠠᠬᠤ ᠵᠠᠷᠬᠡ 12 ᠭᠤᠬᠴᠤᠭ᠎ᠠ ᠪᠠᠷ ᠳᠡᠮᠵᠢᠨ᠂ ᠪᠥᠬᠦ ᠤᠷᠤᠨ ᠳᠤ 2458 ᠨᠠᠷ᠎ᠠ ᠰᠢᠯᠢᠳᠡᠭ ᠤᠷᠤᠨ ᠳᠤᠭᠠᠳᠤ ᠪᠠᠶᠢᠴᠠᠭᠠᠬᠤ ᠳᠤᠰᠢᠶᠠᠯᠳᠠᠨ ᠢ ᠰᠢᠯᠢᠨ ᠰᠤᠩᠭᠤᠪᠠ᠃ 12 ᠰᠠᠷ᠎ᠠ ᠶᠢᠨ 21 ᠤ ᠡᠳᠤᠷ᠂ ᠪᠥᠬᠦ ᠤᠷᠤᠨ ᠤ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠨᠢᠬᠡᠳᠤᠯᠳᠡᠢ ᠵᠢᠷᠤᠮ ᠢᠶᠠᠷ ᠤᠷᠤᠨ ᠳᠤᠭᠠᠳᠤ ᠪᠠᠶᠢᠴᠠᠭᠠᠬᠤ ᠳᠤᠰᠢᠶᠠᠯᠳᠠᠨ ᠤ ᠳᠠᠩᠭᠠᠷᠢᠬᠯᠠᠬᠤ ᠶᠤᠰᠤᠯᠠᠯ ᠢ ᠵᠠᠷᠬᠡᠪᠡᠷ ᠶᠠᠪᠤᠬᠳᠠᠭᠤᠯᠤᠨ᠂ ᠠᠵᠢᠯ ᠤᠨ ᠪᠠᠶᠢᠷᠢ ᠶᠢᠨ ᠠᠮᠠᠯᠠᠯᠳᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠤᠷᠤᠨ ᠳᠤᠭᠠᠳᠤ ᠪᠠᠶᠢᠴᠠᠭᠠᠬᠤ ᠳᠤᠰᠢᠶᠠᠯᠳᠠᠨ ᠳᠤ ᠳᠤᠮᠢᠯᠠᠯᠳᠠ ᠶᠢᠨ ᠪᠢᠴᠢᠭ ᠭᠠᠷᠳᠠᠭᠤᠯᠤᠨ᠂ ᠰᠢᠯᠢᠳᠡᠭ ᠪᠠᠶᠢᠴᠠᠭᠠᠬᠤ ᠳᠤᠰᠢᠶᠠᠯᠳᠠᠨ ᠤ ᠡᠬᠢ ᠪᠠᠶᠠᠯᠢᠭ ᠢ ᠬᠡᠷᠡᠭ ᠰᠢᠳᠬᠡᠬᠦ ᠡᠮᠤᠨ᠎ᠠ ᠹᠷᠤᠠᠲ ᠳᠤ ᠳᠥᠪᠯᠡᠷᠡᠬᠦᠯᠤᠨ᠂ ᠪᠠᠶᠢᠴᠠᠭᠠᠬᠤ ᠠᠵᠢᠯᠳᠠᠨ ᠢ ᠳᠥᠷᠤᠯᠵᠢᠬᠦᠯᠤᠨ ᠬᠠᠮᠢᠶᠠᠷᠬᠤ ᠵᠠᠩᠬᠢᠯᠠᠭ᠎ᠠ ᠶᠢᠨ ᠴᠢᠨᠠᠷᠳᠡᠢ ᠨᠢᠬᠡ ᠠᠯᠬᠤᠮ ᠢ ᠠᠯᠬᠤᠵᠠᠢ᠃ 

    ᠬᠠᠤᠯᠢ ᠪᠠᠷᠢᠵᠤ ᠬᠡᠷᠡᠭ ᠰᠢᠳᠬᠡᠬᠦ ᠬᠠᠷᠢᠭᠤᠴᠠᠯᠭ᠎ᠠ ᠶᠢᠨ ᠳᠥᠷᠢᠮ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠪᠡ᠃ ︽ᠬᠡᠨ ᠬᠡᠷᠡᠭ ᠰᠢᠳᠬᠡᠪᠡᠯ ᠬᠡᠨ ᠬᠠᠷᠢᠭᠤᠴᠠᠨ᠂ ᠬᠡᠨ ᠳᠤᠬᠳᠠᠭᠠᠪᠠᠯ ᠬᠡᠨ ᠬᠠᠷᠢᠭᠤᠴᠠᠬᠤ︾ ᠱᠠᠭᠠᠷᠳᠡᠯᠭ᠎ᠠ ᠶᠤᠰᠤᠭᠠᠷ᠂ ᠬᠠᠤᠯᠢ ᠪᠠᠷᠢᠬᠤ ᠬᠠᠷᠢᠭᠤᠴᠠᠯᠭ᠎ᠠ ᠶᠢᠨ ᠳᠥᠷᠢᠮ ᠢ ᠳᠡᠬᠦᠯᠳᠡᠷᠵᠢᠬᠦᠯᠬᠦ ᠳᠤᠬᠠᠢ ᠬᠡᠷᠡᠭᠵᠢᠬᠦᠯᠬᠦ ᠰᠠᠨᠠᠯ ᠪᠠ 13 ᠢᠵᠢ ᠪᠥᠷᠢᠳᠤᠬᠦᠯᠥᠭᠰᠡᠨ ᠳᠥᠷᠢᠮ ᠢ ᠪᠠᠶᠢᠭᠤᠯᠤᠨ᠂ ᠪᠠᠶᠢᠴᠠᠭᠠᠬᠤ ᠳᠤᠰᠢᠶᠠᠯᠳᠠᠨ ᠤ ᠭᠤᠤᠯ ᠴᠤᠬᠴᠠᠳᠤ ᠪᠠᠶᠢᠷᠢ ᠶᠢ ᠳᠤᠪᠤᠶᠢᠯᠭᠠᠬᠰᠠᠨ ᠬᠡᠷᠡᠭ ᠰᠢᠳᠬᠡᠬᠦ ᠬᠠᠷᠢᠭᠤᠴᠠᠯᠭ᠎ᠠ ᠶᠢᠨ ᠳᠥᠷᠢᠮ ᠢ ᠠᠩᠬ᠎ᠠ ᠠᠯᠬᠤᠮ ᠳᠤᠬᠳᠠᠭᠠᠪᠠ᠃ ᠭᠠᠭᠴᠠᠭᠠᠷ ᠰᠢᠳᠬᠡᠬᠦ ᠪᠠᠶᠢᠴᠠᠭᠠᠬᠤ ᠳᠤᠰᠢᠶᠠᠯᠳᠠᠨ ᠪᠠ ᠪᠠᠶᠢᠴᠠᠭᠠᠬᠤ ᠳᠤᠰᠢᠶᠠᠯᠳᠠᠨ ᠤ ᠬᠡᠷᠡᠭ ᠰᠢᠳᠬᠡᠬᠦ ᠳᠤᠭᠤᠢᠢᠯᠠᠩ ᠵᠠᠷᠬᠡ ᠬᠤᠶᠠᠷ ᠵᠥᠢᠯ ᠤᠨ ᠬᠡᠷᠡᠭ ᠰᠢᠳᠬᠡᠬᠦ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ᠂ ᠥᠡᠭᠬᠡᠷᠡᠭᠰᠡᠨ ᠤ ︽ᠭᠤᠷᠪᠡᠨ ᠱᠠᠳᠤ ᠪᠠᠷ ᠢᠶᠠᠨ ᠬᠢᠨᠠᠨ ᠵᠥᠪᠰᠢᠶᠡᠷᠡᠬᠦ︾ ᠵᠠᠰᠠᠭ ᠵᠠᠬᠢᠷᠭᠠᠠᠴᠢᠯᠠᠬᠰᠠᠨ ᠬᠡᠷᠡᠭ ᠰᠢᠳᠬᠡᠬᠦ ᠵᠠᠬᠪᠤᠷ ᠢ ᠥᠬᠡᠷᠡᠴᠢᠯᠠᠨ᠂ ᠬᠡᠷᠡᠭ ᠰᠢᠳᠬᠡᠯᠳᠠ ᠶᠢᠨ ᠬᠠᠤᠯᠢ ᠪᠠᠷᠢᠬᠤ ᠰᠢᠠᠵᠢ ᠴᠢᠨᠠᠷ ᠢ ᠨᠡᠮᠡᠭᠳᠡᠬᠦᠯᠵᠠᠢ᠃ ᠪᠠᠶᠢᠴᠠᠭᠠᠬᠤ ᠳᠠᠷᠤᠭ᠎ᠠ᠂ ᠳᠡᠳ᠋ ᠪᠠᠶᠢᠴᠠᠭᠠᠬᠤ ᠳᠠᠷᠤᠭ᠎ᠠ ᠪᠡᠶᠡᠴᠢᠯᠡᠨ ᠤᠷᠤᠯᠴᠠᠬᠤ ᠬᠡᠷᠡᠭ ᠰᠢᠳᠬᠡᠬᠦ ᠳᠤᠬᠳᠠᠭᠠᠯ ᠢ ᠳᠤᠬᠳᠠᠭᠠᠨ᠂ ᠤᠷᠤᠨ ᠳᠤᠭ᠎ᠠ ᠳᠤ ᠤᠷᠤᠬᠰᠠᠨ ᠬᠤᠷᠢᠶᠠᠨ ᠤ ᠤᠳᠤᠷᠢᠳᠤᠯᠭ᠎ᠠ ᠬᠡᠷᠡᠭ ᠤᠨ ᠡᠪᠬᠡᠮᠡᠯ ᠢ ᠬᠢᠨᠠᠨ ᠪᠠᠶᠢᠴᠠᠭᠠᠬᠤ᠂ ᠰᠢᠬᠦᠨ ᠠᠰᠠᠭᠤᠬᠤ ᠯᠠᠪᠯᠠᠨ ᠠᠰᠠᠭᠤᠬᠤ᠂ ᠰᠢᠬᠦᠬᠦ ᠳᠢᠩᠬᠢᠮ ᠳᠤ ᠤᠷᠤᠯᠴᠠᠬᠤ ᠵᠠᠷᠬᠡ ᠠᠵᠢᠯ ᠢ ᠪᠡᠶᠡᠴᠢᠯᠡᠨ ᠬᠥᠢᠴᠡᠳᠬᠡᠬᠦ ᠶᠢᠨ ᠬᠠᠮᠳᠤ ᠬᠠᠷᠠᠭᠠᠯᠵᠠᠬᠰᠠᠨ ᠬᠠᠤᠯᠢ ᠪᠠᠷᠢᠬᠤ ᠬᠠᠷᠢᠭᠤᠴᠠᠯᠭ᠎ᠠ ᠡᠬᠦᠷᠬᠡᠯᠡᠪᠡ᠃ ᠳᠤᠯᠤᠳᠤᠭᠠᠷ ᠰᠠᠷ᠎ᠠ ᠠᠴᠠ ᠵᠢᠯ ᠤᠨ ᠡᠴᠤᠰ ᠪᠤᠯᠳᠡᠯ᠎ᠠ᠂ ᠪᠤᠭᠤᠳᠤ᠂ ᠤᠯᠠᠭᠠᠠᠬᠠᠳᠠ ᠶᠢᠨ ᠬᠤᠶᠠᠷ ᠱᠠᠳᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠳᠡᠳ᠋ ᠪᠠᠶᠢᠴᠠᠭᠠᠬᠤ ᠳᠠᠷᠤᠭ᠎ᠠ ᠡᠯ᠎ᠠ ᠳᠥᠷᠤᠯ ᠤᠨ 1478 ᠬᠡᠷᠡᠭ ᠢ ᠪᠡᠶᠡᠴᠢᠯᠡᠨ ᠤᠷᠤᠯᠴᠠᠵᠤ ᠰᠢᠳᠬᠡᠵᠠᠢ᠃ ᠠᠶᠢᠮᠠᠬ ᠬᠤᠳᠠ᠂ ᠬᠤᠰᠢᠭᠤ ᠰᠢᠶᠠᠨ ᠤ ᠬᠤᠷᠢᠶ᠎ᠠ ᠶᠢᠨ ᠳᠤᠳᠤᠭᠠᠳᠤ ᠪᠠᠶᠢᠭᠤᠯᠤᠮᠵᠢ ᠶᠢᠨ ᠥᠬᠡᠷᠡᠴᠢᠯᠠᠯᠳᠠ ᠶᠢ ᠯᠠᠪᠳᠠᠭᠤᠨ ᠢᠶᠠᠷ ᠳᠥᠯᠬᠢᠨ ᠠᠬᠢᠭᠤᠯᠵᠤ᠂ ᠡᠬᠢ ᠪᠠᠶᠠᠯᠢᠭ ᠤᠨ ᠳᠤᠬᠢᠷᠠᠭᠤᠯᠤᠯᠳᠠ ᠶᠢ ᠰᠢᠯᠢᠳᠡᠭᠵᠢᠬᠦᠯᠪᠠ᠃ ᠬᠢᠨᠠᠯᠳᠠ ᠳᠡᠯᠪᠢᠨ ᠬᠠᠮᠢᠶᠠᠷᠬᠤ ᠪᠤᠯᠤᠨ ᠡᠷᠬᠡ ᠶᠢ ᠳᠤᠷᠤᠬᠰᠢ ᠪᠠᠭᠤᠯᠭᠠᠬᠤ ᠶᠢ ᠵᠠᠷᠬᠡ ᠳᠤᠨᠢ ᠳᠥᠯᠬᠢᠨ ᠠᠬᠢᠭᠤᠯᠬᠤ ᠶᠢ ᠪᠠᠷᠢᠮᠳᠠᠯᠠᠵᠤ᠂ ᠰᠥᠯᠵᠢᠶᠠᠨ ᠳᠡᠬᠡᠷ᠎ᠠ ᠬᠡᠷᠡᠭ ᠰᠢᠳᠬᠡᠬᠦ ᠰᠢᠰᠲ᠋ᠧᠮ ᠳᠤ ᠳᠥᠰᠢᠭᠯᠡᠨ ᠬᠡᠷᠡᠭ ᠰᠢᠳᠬᠡᠬᠦ ᠴᠤᠪᠤᠷᠠᠯ ᠤᠨ ᠬᠠᠮᠢᠶᠠᠷᠤᠨ ᠡᠵᠡᠮᠰᠢᠯ ᠢᠶᠠᠨ ᠴᠢᠩᠭᠠᠳᠬᠠᠨ᠂ ᠬᠡᠷᠡᠭ ᠳᠠᠭᠠᠭᠠᠨ ᠰᠢᠳᠬᠡᠬᠦ ᠶᠢ ᠳᠤᠬᠳᠠᠭᠠᠬᠤ ᠳᠤᠬᠳᠠᠴᠠ ᠶᠢ ᠥᠬᠡᠷᠡᠴᠢᠯᠡᠨ᠂ ᠪᠠᠶᠢᠴᠠᠭᠠᠬᠤ ᠳᠤᠰᠢᠶᠠᠯᠳᠠᠨ ᠤ ᠬᠠᠤᠯᠢ ᠪᠠᠷᠢᠵᠤ ᠬᠡᠷᠡᠭ ᠰᠢᠳᠬᠡᠬᠦ ᠶᠠᠰᠤ ᠴᠢᠨᠠᠷ ᠤᠨ ᠥᠨᠠᠯᠠᠯᠳᠠ ᠶᠢᠨ ᠪᠠᠷᠢᠮᠵᠢᠶ᠎ᠠ ᠶᠢ ᠳᠤᠳᠤᠷᠬᠠᠢᠢᠯᠠᠨ᠂ ᠪᠠᠶᠢᠴᠠᠭᠠᠬᠤ ᠠᠵᠢᠯᠳᠠᠨ ᠪᠤᠯᠤᠨ ᠳᠤᠬᠠᠢ ᠶᠢᠨ ᠬᠥᠮᠤᠨ᠂ ᠬᠠᠤᠯᠢᠴᠢ᠂ ᠤᠠᠴᠠᠭᠠᠢ ᠬᠠᠷᠢᠴᠠᠭ᠎ᠠ ᠲᠠᠢ ᠬᠥᠮᠤᠨ᠂ ᠵᠠᠭᠤᠴᠢ ᠵᠤᠬᠢᠶᠠᠨ ᠪᠠᠶᠢᠭᠤᠯᠤᠯᠳᠠ ᠶᠢᠨ ᠬᠠᠷᠢᠯᠴᠠᠵᠤ ᠶᠠᠪᠤᠯᠴᠠᠬᠤ ᠥᠢᠯᠠ ᠠᠵᠢᠯᠯᠠᠭ᠎ᠠ ᠶᠢ ᠳᠥᠷᠢᠮᠵᠢᠬᠦᠯᠤᠨ᠂ ᠪᠠᠶᠢᠴᠠᠭᠠᠬᠤ ᠡᠷᠬᠡ ᠶᠢᠨ ᠬᠠᠤᠯᠢ ᠶᠤᠰᠤᠭᠠᠷ ᠵᠥᠪ ᠤᠨᠤᠪᠴᠢᠳᠡᠢ ᠬᠡᠷᠡᠭᠵᠢᠬᠦᠯᠥᠭᠳᠡᠬᠦ ᠶᠢ ᠪᠠᠳᠤᠯᠠᠪᠡ᠃ 

    ᠪᠠᠶᠢᠴᠠᠭᠠᠬᠤ ᠠᠵᠢᠯᠳᠠᠨ ᠤ ᠳᠤᠬᠠᠢᠢᠯᠠᠬᠰᠠᠨ ᠠᠵᠢᠯ ᠤᠨ ᠪᠠᠳᠤᠯᠠᠭ᠎ᠠ ᠪᠠ ᠥᠪᠡᠷᠳᠡᠬᠡᠨ ᠵᠠᠰᠠᠬᠤ ᠤᠷᠤᠨ ᠠᠴᠠ ᠳᠤᠷᠤᠬᠰᠢᠬᠢ ᠬᠥᠮᠤᠨ ᠡᠳ᠋ ᠤᠨ ᠶᠠᠪᠤᠳᠡᠯ ᠪᠠ ᠪᠤᠳᠠᠰ ᠢ ᠨᠢᠬᠡᠳᠤᠯᠳᠡᠢ ᠬᠠᠮᠢᠶᠠᠷᠬᠤ ᠠᠵᠢᠯ ᠢ ᠰᠠᠶᠢᠳᠤᠷ ᠬᠢᠬᠦ ᠳᠤ ᠢᠳᠡᠪᠬᠢᠳᠡᠢ ᠤᠷᠤᠯᠴᠠᠪᠠ᠃ ᠥᠪᠡᠷᠳᠡᠬᠡᠨ ᠵᠠᠰᠠᠬᠤ ᠤᠷᠤᠨ ᠤ ᠤᠷᠤᠨ ᠳᠤᠭ᠎ᠠ᠂ ᠡᠳ᠋ ᠤᠨ ᠵᠠᠰᠠᠭ ᠵᠠᠷᠬᠡ ᠰᠠᠯᠠᠭ᠎ᠠ ᠮᠥᠴᠢᠷ ᠲᠠᠢ ᠬᠠᠮᠳᠤᠷᠠᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠳᠤᠭᠤᠷᠢᠭ︶ ᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠮᠵᠢ ᠪᠠ ᠠᠵᠢᠯᠳᠠᠨ ᠤ ᠤᠷᠤᠨ ᠳᠤᠭ᠎ᠠ᠂ ᠤᠳᠤᠷᠢᠳᠬᠤ ᠳᠤᠰᠢᠶᠠᠯᠳᠠᠨ ᠤ ᠠᠵᠢᠯ ᠤᠨ ᠪᠠᠶᠢᠷᠢ ᠶᠢᠨ ᠳᠤᠭ᠎ᠠ ᠶᠢ ᠳᠡᠬᠡᠭᠰᠢ ᠰᠢᠯᠵᠢᠬᠦᠯᠤᠨ᠂ ᠥᠪᠡᠷᠳᠡᠬᠡᠨ ᠵᠠᠰᠠᠬᠤ ᠤᠷᠤᠨ ᠤ ᠪᠠᠶᠢᠭᠤᠯᠤᠮᠵᠢ ᠶᠢᠨ ᠤᠷᠤᠨ ᠳᠤᠭᠠᠨ ᠤ ᠰᠠᠯᠠᠭ᠎ᠠ ᠮᠥᠴᠢᠷ ᠠᠴᠠ ᠨᠢᠬᠡᠳᠤᠯᠳᠡᠢ ᠬᠠᠮᠢᠶᠠᠷᠤᠬᠰᠠᠨ ᠤ ᠬᠠᠮᠳᠤ᠂ ᠥᠨᠤ ᠵᠢᠯ ᠠᠴᠠ ᠡᠬᠢᠯᠡᠨ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ᠶᠢ ᠥᠪᠡᠷᠳᠡᠬᠡᠨ ᠵᠠᠰᠠᠬᠤ ᠤᠷᠤᠨ ᠤ ᠨᠢᠬᠡᠳᠤᠬᠡᠷ ᠱᠠᠳᠤᠨ ᠤ ᠡᠳ᠋ ᠤᠨ ᠵᠠᠰᠠᠭ ᠤᠨ ᠳᠥᠰᠤᠪ ᠲᠤ ᠨᠢᠬᠡᠳᠤᠯᠳᠡᠢ ᠤᠷᠤᠭᠤᠯᠤᠨ ᠬᠠᠮᠢᠶᠠᠷᠤᠨ᠎ᠠ᠃ ᠬᠥᠮᠤᠨ ᠤ ᠬᠥᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠳᠤᠯᠠᠭ᠎ᠠ ᠶᠢᠨ ᠳᠢᠩᠬᠢᠮ ᠲᠠᠢ ᠬᠠᠮᠵᠢᠯᠴᠠᠨ᠂ ᠪᠠᠶᠢᠴᠠᠭᠠᠬᠤ ᠠᠵᠢᠯᠳᠠᠨ ᠤ ᠴᠠᠯᠢᠩ ᠤᠯᠭᠤᠮᠵᠢ ᠶᠢᠨ ᠪᠠᠶᠢᠴᠠᠭᠠᠨ ᠰᠤᠳᠤᠯᠤᠯᠳᠠ ᠥᠷᠨᠢᠬᠦᠯᠥᠭᠰᠡᠨ ᠤ ᠬᠠᠮᠳᠤ᠂ ᠥᠪᠡᠷᠳᠡᠬᠡᠨ ᠵᠠᠰᠠᠬᠤ ᠤᠷᠤᠨ ᠤ ᠬᠤᠯᠪᠤᠬᠳᠡᠯ ᠪᠥᠬᠦᠢ ᠰᠠᠯᠠᠭ᠎ᠠ ᠮᠥᠴᠢᠷ ᠲᠠᠢ ᠬᠠᠮᠳᠤᠷᠠᠨ ᠤᠯᠠᠨ ᠤᠳᠠᠭ᠎ᠠ ᠰᠠᠭᠤᠳᠡᠯ ᠤᠨ ᠬᠤᠷᠠᠯ ᠬᠤᠷᠠᠯᠳᠤᠭᠤᠯᠤᠨ᠂ ᠴᠠᠯᠢᠩ ᠤᠨ ᠳᠥᠷᠢᠮ ᠤᠨ ᠥᠬᠡᠷᠡᠴᠢᠯᠠᠯᠳᠠ ᠶᠢ ᠳᠥᠯᠬᠢᠨ ᠠᠬᠢᠭᠤᠯᠪᠠ᠃ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠠᠵᠢᠯ ᠤᠨ ᠥᠷ᠎ᠠ ᠪᠥᠳᠤᠮᠵᠢ ᠶᠢᠨ ᠬᠢᠨᠠᠨ ᠰᠢᠯᠭᠠᠯᠳᠠ ᠪᠠᠷ ᠱᠠᠩᠨᠠᠯ ᠤᠨ ᠮᠥᠡᠭᠬᠦ ᠬᠤᠪᠢᠶᠠᠷᠢᠯᠠᠬᠤ ᠳᠤᠬᠠᠢ ᠬᠡᠷᠡᠭᠵᠢᠬᠦᠯᠬᠦ ᠰᠠᠨᠠᠯ ᠢ ᠰᠤᠳᠤᠯᠤᠨ ᠳᠤᠬᠳᠠᠭᠠᠵᠤ᠂ ᠬᠡᠷᠡᠭ ᠰᠢᠳᠬᠡᠭᠰᠡᠨ ᠳᠤᠭ᠎ᠠ ᠬᠡᠮᠵᠢᠶ᠎ᠠ᠂ ᠶᠠᠰᠤ ᠴᠢᠨᠠᠷ ᠪᠠ ᠥᠷ᠎ᠠ ᠳ᠋ᠦᠡᠭ ᠢᠶᠠᠷ ᠤᠳᠤᠷᠢᠳᠤᠮᠵᠢ ᠪᠤᠯᠭᠠᠬᠰᠠᠨ ᠰᠠᠶᠢᠨ ᠢ ᠨᠢ ᠱᠠᠩᠨᠠᠵᠤ ᠮᠠᠭᠤ ᠶᠢ ᠨᠢ ᠳᠤᠷᠭᠠᠬᠤ᠂ ᠠᠵᠢᠯᠴᠢ ᠶᠢ ᠨᠢ ᠱᠠᠩᠨᠠᠵᠤ ᠵᠠᠯᠭᠠᠬᠤ ᠶᠢ ᠨᠢ ᠳᠤᠷᠭᠠᠬᠤ ᠠᠵᠢᠯ ᠤᠨ ᠳᠤᠬᠳᠠᠴᠠ ᠶᠢ ᠪᠠᠶᠢᠭᠤᠯᠵᠠᠢ᠃ 

    ᠨᠠᠶᠢᠳᠠ ᠶᠢᠨ ᠠᠰᠢᠬᠳᠤ ᠵᠠᠷᠭᠤ ᠶᠢᠨ ᠳᠤᠷᠰᠢᠯᠳᠠ ᠶᠢᠨ ᠴᠢᠬ ᠤᠨ ᠠᠵᠢᠯ ᠢ ᠬᠥᠠᠵᠡᠬᠡᠶᠢᠷᠡᠬᠦᠯᠤᠨ ᠠᠬᠢᠭᠤᠯᠪᠠ᠃ ᠠᠮᠢ ᠠᠬᠤᠢ ᠶᠢᠨ ᠤᠷᠴᠢᠨ ᠳᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠥᠷᠢᠶ᠎ᠠ ᠪᠠᠷ ᠭᠤᠤᠯᠳᠡᠯᠭ᠎ᠠ ᠪᠤᠯᠭᠠᠨ᠂ ᠵᠠᠷᠭᠤ ᠶᠢᠨ ᠡᠮᠤᠨᠠᠬᠢ ᠵᠢᠷᠤᠮ ᠢᠶᠠᠷ ᠳᠡᠮᠵᠢᠨ ᠬᠠᠮᠢᠶ᠎ᠠ ᠪᠥᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠤᠰᠤᠭᠠᠷ ᠡᠬᠦᠷᠬᠡ ᠳᠤᠰᠢᠶᠠᠯ ᠢᠶᠠᠨ ᠬᠥᠢᠴᠡᠳᠬᠡᠭᠰᠡᠨ ᠥᠬᠡᠢ ᠪᠤᠶᠤ ᠡᠬᠦᠷᠬᠡ ᠳᠤᠰᠢᠶᠠᠯ ᠳᠠᠭᠠᠨ ᠬᠤᠶᠢᠷᠭᠤᠰᠢᠬᠰᠠᠨ 195 ᠬᠡᠷᠡᠭ ᠢ ᠵᠠᠯᠠᠷᠠᠭᠤᠯᠵᠤ᠂ ᠤᠯᠤᠰ ᠤᠨ ᠭᠠᠵᠠᠷ ᠰᠢᠷᠤᠢ ᠶᠢ ᠰᠢᠯᠵᠢᠬᠦᠯᠤᠨ ᠬᠤᠳᠠᠯᠳᠤᠬᠰᠠᠨ 3902.27 ᠳᠥᠮᠠᠨ ᠳᠥᠬᠦᠷᠢᠭ ᠢ ᠡᠬᠡᠬᠦᠯᠤᠨ ᠠᠪᠴᠢᠷᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠡᠳᠠᠵᠤ 299 ᠳᠥᠮᠠᠨ ᠳᠥᠬᠦᠷᠢᠭ ᠳᠤᠷᠭᠠᠯᠭᠠᠨ᠂ 31568.87 ᠮᠤ᠋ ᠤᠷᠭᠤᠮᠠᠯ ᠤᠨ ᠬᠤᠴᠢᠯᠭ᠎ᠠ ᠶᠢ ᠰᠢᠪᠠᠳᠠᠨ ᠰᠠᠷᠬᠦᠬᠡᠯᠬᠡᠵᠠᠢ᠃ ᠰᠢᠬᠦᠬᠦ ᠬᠤᠷᠢᠶᠠᠨ ᠳᠤ 45 ᠨᠠᠶᠢᠳᠠ ᠶᠢᠨ ᠠᠰᠢᠬᠳᠤ ᠵᠠᠷᠭᠤ ᠭᠠᠷᠭᠠᠵᠤ᠂ 4 ᠬᠡᠷᠡᠭ ᠤᠨ ᠰᠢᠬᠦᠨ ᠳᠠᠰᠤᠯᠤᠯᠳᠠ ᠶᠢ ᠨᠢᠬᠡᠨᠳᠠ ᠵᠠᠷᠯᠠᠵᠠᠢ᠃ ᠰᠥᠨᠢᠳ ᠵᠠᠬᠦᠨ ᠬᠤᠰᠢᠭᠤᠨ ᠤ ᠪᠠᠶᠢᠴᠠᠭᠠᠬᠤ ᠬᠤᠷᠢᠶ᠎ᠠ ᠠᠴᠠ ᠭᠠᠷᠭᠠᠬᠰᠠᠨ ᠥᠪᠤᠷ ᠮᠤᠩᠭᠤᠯ ᠤᠨ ᠠᠩᠬᠠᠳᠠᠬᠴᠢ ᠳᠡᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠰᠠᠨ ᠵᠠᠰᠠᠭ ᠵᠠᠬᠢᠷᠭᠠᠨ ᠤ ᠨᠠᠶᠢᠳᠠ ᠶᠢᠨ ᠠᠰᠢᠬᠳᠤ ᠵᠠᠷᠭᠤ ᠶᠢᠨ ᠬᠡᠷᠡᠭ ᠤᠨ ᠰᠢᠬᠦᠨ ᠳᠠᠰᠤᠯᠤᠯᠳᠠ ᠶᠢ ᠳᠤᠬᠠᠢ ᠶᠢᠨ ᠳᠢᠩᠬᠢᠮ ᠳᠤ ᠵᠠᠷᠯᠠᠨ᠂ ᠰᠢᠬᠦᠬᠦ ᠬᠤᠷᠢᠶ᠎ᠠ ᠪᠠᠶᠢᠴᠠᠭᠠᠬᠤ ᠪᠠᠶᠢᠭᠤᠯᠭ᠎ᠠ ᠶᠢᠨ ᠪᠥᠬᠦ ᠵᠠᠷᠭᠤ ᠶᠢᠨ ᠭᠤᠶᠤᠴᠢᠯᠠᠯ ᠢ ᠳᠡᠮᠵᠢᠭᠰᠡᠨ ᠪᠠᠶᠢᠨ᠎ᠠ᠃ ᠪᠥᠬᠦ ᠤᠷᠤᠨ ᠤ ᠨᠠᠶᠢᠳᠠ ᠶᠢᠨ ᠠᠰᠢᠬᠳᠤ ᠵᠠᠷᠭᠤ ᠶᠢᠨ ᠳᠤᠷᠰᠢᠯᠳᠠ ᠶᠢᠨ ᠴᠢᠬ ᠤᠨ ᠠᠵᠢᠯ ᠢ ᠯᠢ ᠵᠢᠢ ᠾᠸᠡᠭ ᠱᠥᠵᠢ᠂ ᠪᠦ᠋ ᠰᠢᠶᠤᠤ ᠯᠢᠨ ᠳᠠᠷᠢᠬᠦᠯᠡᠭᠴᠢ᠂ ᠯᠢ ᠵᠢᠶᠠ ᠳᠡᠳ᠋ ᠱᠥᠵᠢ ᠳᠡᠬᠡᠳᠤ ᠬᠡᠮᠵᠢᠶ᠎ᠠ ᠪᠠᠷ ᠬᠥᠠᠳᠤᠳᠬᠡᠨ ᠥᠵᠡᠵᠤ᠂ ᠵᠠᠰᠠᠭ ᠤᠨ ᠤᠷᠳᠤᠨ ᠪᠠ ᠬᠠᠮᠢᠶ᠎ᠠ ᠪᠥᠬᠦᠢ ᠰᠠᠯᠠᠭ᠎ᠠ ᠮᠥᠴᠢᠷ ᠢ ᠪᠥᠬᠦ ᠬᠥᠴᠤᠨ ᠢᠶᠠᠷ ᠳᠡᠮᠵᠢᠠ ᠬᠠᠮᠵᠢᠬᠤ ᠬᠡᠷᠡᠭᠳᠡᠢ ᠬᠡᠵᠤ ᠱᠠᠭᠠᠷᠳᠠᠵᠠᠢ᠃ ᠳᠤᠷᠰᠢᠯᠳᠠ ᠶᠢᠨ ᠴᠢᠬ ᠤᠨ ᠠᠵᠢᠯ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠥᠠᠳᠤᠳᠬᠡᠯ ᠢ ᠤᠯᠵᠤ᠂ ᠵᠠᠷᠢᠮ ᠵᠠᠰᠠᠬ ᠵᠠᠬᠢᠷᠭᠠᠨ ᠤ ᠨᠠᠶᠢᠳᠠ ᠶᠢᠨ ᠠᠰᠢᠬᠳᠤ ᠵᠠᠷᠭᠤ ᠶᠢᠨ ᠬᠡᠷᠡᠭ ᠤᠨ ᠳᠢᠩᠬᠢᠮ ᠤᠨ ᠰᠢᠬᠦᠯᠳᠠ ᠳᠤ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠥᠵᠢ᠂ ᠬᠤᠰᠢᠭᠤ ᠰᠢᠶᠠᠨ ᠤ ᠳᠠᠷᠤᠭ᠎ᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠠᠵᠢᠯᠳᠠᠨ ᠢᠶᠠᠨ ᠳᠠᠭᠠᠭᠤᠯᠤᠨ ᠳᠢᠩᠬᠢᠮ ᠳᠤ ᠬᠥᠷᠴᠤ ᠰᠤᠯᠠ ᠰᠤᠨᠤᠰᠤᠨ᠂ ᠳᠤᠬᠠᠢ ᠶᠢᠨ ᠭᠠᠵᠠᠷ ᠲᠠᠭᠠᠨ ᠬᠥᠴᠤᠳᠡᠢ ᠳᠤᠰᠬᠠᠯ ᠭᠠᠷᠭᠠᠪᠠ᠃ ᠮᠠᠨ ᠤ ᠤᠷᠤᠨ ᠤ ᠳᠤᠷᠰᠢᠯᠳᠠ ᠶᠢᠨ ᠴᠢᠬ ᠤᠨ ᠠᠵᠢᠯ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠶᠢᠨ ᠨᠤᠳᠠᠯᠠᠯ ᠪᠠ ᠰᠠᠶᠢᠰᠢᠶᠠᠯ ᠢ ᠤᠯᠵᠠᠢ᠃ 

    ᠳᠠᠪᠤ᠂ ᠡᠩᠨᠡᠬᠡᠨ ᠤ ᠪᠠᠶᠢᠭᠤᠯᠤᠯᠳᠠ ᠶᠢ ᠪᠥᠬᠦ ᠳᠡᠯ᠎ᠠ ᠪᠠᠷ ᠴᠢᠩᠭᠠᠳᠬᠠᠨ᠂ ᠴᠠᠭᠠᠷᠠᠵᠤ ᠬᠠᠳᠠᠭᠤᠵᠢᠬᠰᠠᠨ  ᠪᠠᠶᠢᠴᠠᠭᠠᠬᠤ  ᠡᠩᠨᠡᠭᠡ  ᠶᠢ ᠴᠢᠷᠮᠠᠶᠢᠨ ᠪᠠᠶᠢᠭᠤᠯᠪᠠ 

    ︽ᠤᠯᠤᠰ ᠳᠥᠷᠤ᠂ ᠳᠤᠬᠠᠢᠢᠯᠠᠬᠰᠠᠨ ᠠᠵᠢᠯ᠂ ᠬᠠᠷᠢᠭᠤᠴᠠᠯᠭ᠎ᠠ᠂ ᠰᠠᠬᠢᠯᠭ᠎ᠠ ᠪᠠᠳᠤ ᠪᠠ ᠤᠪᠤᠷ ᠰᠤᠷᠳᠡᠯ ᠤᠨ ᠳᠡᠯ᠎ᠠ ᠪᠠᠷ ᠴᠠᠭᠠᠷᠠᠵᠤ ᠬᠠᠳᠠᠭᠤᠵᠢᠬᠰᠠᠨ︾ ᠶᠠᠷᠤᠩᠬᠡᠢ ᠱᠠᠭᠠᠷᠳᠡᠯᠭ᠎ᠠ ᠶᠢ ᠪᠠᠷᠢᠮᠳᠠᠯᠠᠨ᠂ ᠡᠩᠨᠡᠬᠡᠨ ᠤ ᠬᠥᠮᠤᠵᠢᠯ᠂ ᠬᠠᠮᠢᠶᠠᠷᠤᠯᠳᠠ ᠪᠠ ᠬᠢᠨᠠᠯᠳᠠ ᠪᠠᠨ ᠴᠢᠩᠭ᠎ᠠ ᠪᠤᠳᠠᠳᠠᠢ ᠴᠢᠩᠳᠠᠯᠠᠪᠠ᠃ 

    ᠤᠯᠤᠰ ᠳᠥᠷᠤ᠂ ᠳᠤᠬᠠᠢᠢᠯᠠᠬᠰᠠᠨ ᠠᠵᠢᠯ ᠢ ︽ᠵᠠᠷᠬᠡᠪᠡᠷ ᠠᠳᠬᠤᠬᠤ︾ ᠶᠢ ᠪᠠᠷᠢᠮᠳᠠᠯᠠᠵᠤ᠂ ᠡᠩᠨᠡᠬᠡᠨ ᠤ ᠬᠡᠪ ᠴᠢᠨᠠᠷ ᠢ ᠪᠥᠬᠦ ᠳᠡᠯ᠎ᠠ ᠪᠠᠷ ᠳᠡᠬᠡᠭᠰᠢᠯᠡᠬᠦᠯᠪᠠ᠃ ᠰᠢ ᠶᠢᠨ ᠫᠢᠡᠭ ᠶᠠᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠠᠷᠪᠡᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠠ ᠬᠤᠷᠠᠯ ᠪᠠ ᠥᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠳᠥᠯᠤᠬᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠪᠠᠶᠢᠴᠠᠭᠠᠬᠤ ᠠᠵᠢᠯᠳᠠᠨ ᠢ ᠬᠥᠮᠤᠵᠢᠬᠦᠯᠤᠨ ︽ᠳᠥᠷᠪᠡᠨ ᠤᠬᠠᠮᠰᠠᠷ︾ ᠤᠠᠴᠠᠭᠠᠢᠢᠯᠠᠨ ᠭᠤᠤᠯᠯᠠᠬᠤ ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ ᠢ ᠪᠠᠳᠤ ᠪᠠᠬᠢ ᠪᠤᠢ ᠪᠤᠯᠭᠠᠵᠠᠢ᠃ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠤᠵᠢᠯ ᠢ ᠯᠠᠪᠳᠠᠭᠤᠨ ᠢᠶᠠᠷ ᠥᠷᠨᠢᠬᠦᠯᠵᠤ᠂ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠪᠠ᠃ ᠳᠡᠷᠢᠬᠦᠨ ᠤ ᠨᠠᠶᠢᠳᠡᠯᠢᠭ ᠢ ᠶᠡᠬᠡᠪᠡᠷ ᠬᠥᠮᠤᠵᠢᠬᠦᠯᠤᠨ ᠪᠤᠢ ᠪᠤᠯᠭᠠᠵᠤ᠂ ᠵᠠᠩ ᠵᠠᠩ ᠪᠤᠤ ᠶᠢᠨ ᠳᠠᠷᠠᠭ᠎ᠠ ᠫᠠᠨ ᡁᠢ ᠷᠦᠡᠭ ᠬᠡᠬᠦ ᠴᠢᠬᠤᠯᠠ ᠶᠡᠭᠡ ᠳᠡᠷᠢᠬᠦᠨ ᠤ ᠨᠠᠶᠢᠳᠡᠯᠢᠭ ᠢ ᠬᠥᠮᠤᠵᠢᠬᠦᠯᠤᠨ ᠭᠠᠷᠭᠠᠪᠠ᠃ ᠫᠠᠨ ᡁᠢ ᠷᠦᠡᠭ ᠨᠥᠬᠦᠷ ᠤᠷᠢᠳ ᠬᠤᠵᠢᠳ ︽ᠪᠥᠬᠦ ᠤᠷᠤᠨ ᠤ ᠰᠢᠯᠢᠳᠡᠭ ᠡᠪ ᠬᠠᠮᠳᠤ ᠨᠠᠮ ᠤᠨ ᠬᠡᠰᠢᠬᠦᠨ︾᠂ ︽ᠪᠥᠬᠦ ᠤᠯᠤᠰ ᠤᠨ ᠵᠢᠱᠢᠶᠠᠴᠢ ᠪᠠᠶᠢᠴᠠᠭᠠᠬᠤ ᠳᠤᠰᠢᠶᠠᠯᠳᠠᠨ︾᠂ ︽ᠪᠥᠬᠦ ᠤᠯᠤᠰ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ︾ ᠤ ᠢᠷᠡᠭᠤ ᠠᠯᠳᠠᠷ ᠤᠨ ᠴᠤᠯᠠ ᠬᠥᠷᠳᠡᠵᠤ᠂ CCTV2016 ᠤᠨ ᠤ ᠬᠠᠤᠯᠢ ᠪᠠᠷ ᠵᠠᠰᠠᠬᠤ ᠬᠥᠮᠤᠨ ᠢᠶᠠᠷ ᠰᠤᠩᠭᠤᠬᠳᠠᠪᠠ᠃ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠬᠠᠮᠳᠤᠷᠠᠨ ᠴᠤᠯᠠ ᠤᠯᠭᠤᠨ ᠬᠥᠬᠢᠬᠦᠯᠤᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠤᠨ᠂ ᠳᠥᠪ ᠤᠨ ᠤᠯᠤᠰ ᠳᠥᠷᠤ ᠬᠠᠤᠯᠢ ᠴᠠᠭᠠᠵᠠ ᠶᠢᠨ ᠬᠤᠷᠢᠶ᠎ᠠ ᠠᠴᠠ ᠮᠡᠳᠡᠭᠳᠡᠯ ᠪᠠᠭᠤᠯᠭᠠᠨ᠂ ᠫᠠᠨ ᡁᠢ ᠷᠦᠡᠭ ᠨᠥᠬᠦᠷ ᠤᠨ ᠳᠠᠷᠢᠬᠦᠨ ᠤ ᠥᠢᠯᠠ ᠠᠵᠢᠯᠯᠠᠭ᠎ᠠ ᠶᠢ ᠰᠤᠷᠤᠯᠴᠠᠨ ᠤᠬᠠᠭᠤᠯᠬᠤ ᠶᠢ ᠤᠷᠢᠶᠠᠯᠠᠵᠠᠢ᠃ ᠫᠠᠨ ᡁᠢ ᠷᠦᠡᠭ ᠨᠥᠬᠦᠷ ᠢᠶᠠᠷ ᠥᠯᠢᠬᠡᠷ ᠳᠠᠭᠤᠷᠢᠶᠠᠯ ᠪᠤᠯᠭᠠᠨ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠳᠤ ︽ᠵᠢᠱᠢᠶᠠᠴᠢ ᠪᠠᠷ ᠳᠠᠭᠤᠷᠢᠶᠠᠯ ᠪᠤᠯᠭᠠᠵᠤ ᠮᠥᠷᠤ ᠵᠠᠷᠬᠡᠴᠡᠨ ᠤᠷᠤᠬᠰᠢᠯᠠᠵᠤ᠂ ᠫᠠᠨ ᡁᠢ ᠷᠦᠡᠭ ᠮᠠᠶ᠋ᠢᠭ ᠤᠨ ᠡᠪ ᠬᠠᠮᠳᠤ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠤᠵᠢᠯ ᠤᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠬᠦᠯᠵᠠᠢ᠃ ︽ᠬᠡᠷᠡᠭ ᠢ ᠶᠠᠭᠠᠬᠢᠵᠤ ᠰᠢᠳᠬᠡᠪᠡᠯ ᠴᠡᠷᠢᠭ ᠢ ᠳᠡᠬᠡᠵᠤ ᠪᠤᠯᠪᠠᠰᠤᠷᠠᠭᠤᠯᠬᠤ︾ ᠪᠤᠯᠪᠠᠰᠤᠷᠠᠯ ᠤᠨ ᠬᠡᠪ ᠵᠠᠬᠪᠤᠷ ᠢ ᠪᠠᠷᠢᠮᠳᠠᠯᠠᠵᠤ᠂ ᠠᠵᠢᠯ ᠤᠨ ᠪᠠᠶᠢᠷᠢ ᠶᠢᠨ ᠪᠤᠯᠪᠠᠰᠤᠷᠠᠭᠤᠯᠤᠯ ᠬᠥᠷᠳᠡᠬᠡᠨ ᠪᠤᠳᠠᠳᠤ ᠥᠢᠯᠡᠳᠤᠯᠬᠡ ᠳᠤ ᠤᠷᠤᠯᠴᠠᠬᠤ ᠬᠥᠳᠡᠯᠬᠡᠬᠡᠨ ᠢ 8 ᠤᠳᠠᠭ᠎ᠠ ᠥᠷᠨᠢᠬᠦᠯᠤᠨ᠂ 17 ᠬᠤᠭᠤᠴᠠᠭ᠎ᠠ ᠪᠤᠯᠪᠠᠰᠤᠷᠠᠯ ᠬᠢᠵᠤ᠂ 2587 ᠨᠠᠷ᠎ᠠ ᠳᠤᠬᠠᠢᠢᠯᠠᠬᠰᠠᠨ ᠠᠵᠢᠯ ᠤᠨ ᠴᠢᠳᠠᠪᠤᠷᠢᠳᠠᠨ ᠢ ᠪᠤᠯᠪᠠᠰᠤᠷᠠᠭᠤᠯᠵᠠᠢ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠳᠢᠩᠬᠢᠮ ᠲᠠᠢ ᠬᠠᠮᠳᠤᠷᠠᠨ ︽ᠠᠩᠬᠠᠳᠤᠭᠠᠷ ᠬᠤᠭᠤᠴᠠᠭᠠᠨ ᠤ ᠪᠥᠬᠦ ᠤᠷᠤᠨ ᠤ ᠠᠯᠪᠡᠨ ᠵᠠᠭᠠᠯᠳᠤᠬᠴᠢ ᠪᠠ ᠬᠠᠤᠯᠢᠴᠢ ᠶᠢᠨ ᠴᠠᠴᠠ ᠪᠤᠯᠢᠶᠠᠯᠳᠤᠬᠤ ᠤᠷᠤᠯᠳᠤᠭᠠᠨ︾ ᠡᠷᠬᠢᠯᠡᠵᠤ᠂ ᠪᠤᠯᠪᠠᠰᠤᠷᠠᠭᠤᠯᠤᠯ ᠢᠶᠠᠨ ᠴᠢᠩᠭᠠᠳᠬᠠᠨ᠂ ᠬᠢᠷᠢ ᠳᠥᠪᠰᠢᠨ ᠢᠶᠠᠨ ᠳᠡᠬᠡᠭᠰᠢᠯᠡᠬᠦᠯᠵᠠᠢ᠃ 

    ᠪᠠᠶᠢᠴᠠᠭᠠᠬᠤ ᠠᠵᠢᠯ ᠢᠶᠠᠨ ᠪᠥᠬᠦ ᠳᠡᠯ᠎ᠠ ᠪᠠᠷ ᠴᠢᠩᠭ᠎ᠠ ᠵᠠᠰᠠᠵᠤ᠂ ᠪᠠᠶᠢᠴᠠᠭᠠᠬᠤ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠴᠢᠩᠭᠠᠳᠬᠠᠪᠠ᠃ ᠨᠠᠮ ᠤᠨ ᠳᠤᠳᠤᠭᠠᠳᠤᠬᠢ ᠤᠯᠤᠰ ᠳᠥᠷᠤ ᠶᠢᠨ ᠠᠮᠢᠳᠤᠷᠠᠯ ᠤᠨ ᠳᠥᠷᠢᠮ᠂ ᠨᠠᠮ ᠤᠨ ᠳᠤᠳᠤᠭᠠᠳᠤᠬᠢ ᠬᠢᠨᠠᠯᠳᠠ ᠳᠡᠯᠪᠢᠬᠤ ᠳᠥᠷᠢᠮ᠂ ᠠᠷᠢᠭᠤᠨ ᠴᠢᠬᠡᠴᠢ ᠪᠠᠷ ᠪᠡᠶ᠎ᠠ ᠪᠠᠨ ᠪᠠᠷᠢᠬᠤ ᠳᠥᠷᠢᠮ᠂ ᠰᠠᠬᠢᠯᠭ᠎ᠠ ᠪᠠᠳᠤ ᠶᠢᠨ ᠰᠢᠳᠬᠡᠯ ᠥᠭᠬᠦ ᠳᠥᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠥᠷᠢᠮ ᠢ ᠬᠥᠠᠵᠠᠬᠡᠢ ᠰᠤᠷᠤᠯᠴᠠᠨ ᠳᠤᠤᠱᠯᠠᠭᠤᠯᠵᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠠᠵᠢᠯ ᠤᠨ ᠳᠥᠷᠢᠮᠯᠠᠯ ᠳᠤ ᠵᠠᠰᠠᠪᠤᠷᠢ ᠤᠷᠤᠭᠤᠯᠵᠤ᠂ ᠡᠯ᠎ᠠ ᠱᠠᠳᠤᠨ ᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠠᠶᠢᠭᠤᠯᠤᠯᠳᠠ ᠶᠢ ᠳᠤᠪᠤᠶᠢᠯᠭᠠᠨ ᠴᠢᠩᠭᠠᠳᠬᠠᠵᠠᠢ᠃ ᠳᠤᠭᠤᠷᠢᠨ ᠥᠵᠡᠵᠤ ᠴᠠᠬᠳᠠᠨ ᠪᠠᠶᠢᠴᠠᠭᠠᠬᠤ ᠬᠤᠷᠴᠠ ᠰᠠᠯᠠᠮ᠎ᠠ ᠶᠢᠨ ᠥᠢᠯᠠᠳᠤᠯ ᠢ ᠪᠠᠳᠠᠷᠠᠭᠤᠯᠵᠤ᠂ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠴᠠ 2015 ᠤᠨ ᠳᠤ ᠳᠤᠭᠤᠷᠢᠨ ᠪᠠᠶᠢᠴᠠᠭᠠᠬᠰᠠᠨ 5 ᠬᠤᠪᠢᠶᠠᠷᠢ ᠬᠤᠳᠠ ᠶᠢᠨ ᠬᠤᠷᠢᠶᠠᠨ ᠳᠤ ᠬᠠᠷᠢᠭᠤ ᠰᠤᠷᠪᠤᠯᠵᠢᠯᠠᠵᠤ᠂ 6 ᠬᠤᠪᠢᠶᠠᠷᠢ ᠬᠤᠳᠠ ᠶᠢᠨ ᠬᠤᠷᠢᠶ᠎ᠠ᠂ 6 ᠥᠠᠳᠤᠰᠤᠨ ᠱᠠᠳᠤᠨ ᠤ ᠬᠤᠷᠢᠶᠠᠨ ᠳᠤ ᠳᠤᠭᠤᠷᠢᠨ ᠥᠵᠡᠵᠤ ᠴᠠᠬᠳᠠᠨ ᠪᠠᠶᠢᠴᠠᠭᠠᠯᠳᠠ ᠥᠷᠨᠢᠬᠦᠯᠵᠤ᠂ ᠪᠠᠶᠢᠴᠠᠭᠠᠬᠤ ᠠᠵᠢᠯ ᠢᠶᠠᠨ ᠪᠥᠬᠦ ᠳᠡᠯ᠎ᠠ ᠪᠠᠷ ᠴᠢᠩᠭ᠎ᠠ ᠵᠠᠰᠠᠬᠤ ᠶᠢ ᠳᠥᠯᠬᠢᠨ ᠠᠬᠢᠭᠤᠯᠵᠠᠢ᠃ ᠪᠠᠶᠢᠡᠭᠭᠤᠵᠢᠬᠰᠠᠨ᠂ ᠥᠪᠴᠢ ᠪᠥᠷᠬᠦᠬᠦᠯᠥᠭᠰᠡᠨ᠂ ᠳᠤᠤᠷᠯᠠᠬᠤ ᠬᠡᠯᠪᠠᠷᠢ ᠶᠢᠨ ᠪᠠᠶᠢᠴᠠᠭᠠᠬᠤ ᠶᠠᠪᠤᠳᠡᠯ ᠢ ᠱᠠᠭᠠᠷᠳᠠᠨ ᠪᠠᠶᠢᠴᠠᠭᠠᠬᠤ ᠠᠵᠢᠯ ᠢ ᠥᠷᠬᠦᠯᠵᠢᠯᠠᠨ ᠥᠷᠨᠢᠬᠦᠯᠵᠤ᠂ ᠰᠠᠬᠢᠯᠭ᠎ᠠ ᠪᠠᠳᠤ ᠪᠠ ᠳᠥᠷᠢᠮ ᠤᠨ ᠬᠥᠢᠴᠡᠳᠬᠡᠯᠳᠠ ᠶᠢᠨ ᠱᠠᠭᠠᠷᠳᠠᠨ ᠪᠠᠶᠢᠴᠠᠭᠠᠬᠤ ᠬᠥᠴᠤᠯᠠᠴᠠ ᠪᠠᠨ ᠨᠡᠮᠡᠭᠳᠡᠬᠦᠯᠵᠤ᠂ ᠥᠴᠤᠬᠡᠨ ᠴᠤ ᠢᠯᠳᠠᠷ ᠬᠠᠶᠠᠬᠤ ᠥᠬᠡᠢ ᠤᠪᠤᠷ ᠢᠶᠠᠷ ᠰᠠᠬᠢᠯᠭ᠎ᠠ ᠪᠠᠳᠤ ᠶᠢ ᠵᠥᠷᠢᠴᠡᠭᠰᠡᠨ 14 ᠨᠠᠷᠡᠰ ᠪᠠᠶᠢᠴᠠᠭᠠᠬᠤ ᠠᠵᠢᠯᠳᠠᠨ ᠢ ᠳᠥᠪ ᠴᠢᠩᠭ᠎ᠠ ᠪᠠᠶᠢᠴᠠᠭᠠᠨ ᠰᠢᠳᠬᠡᠵᠤ᠂ ᠡᠷᠡᠮᠡᠬᠡᠢ ᠵᠤᠷᠢᠭ ᠰᠢᠭᠤᠳᠤᠯ᠂ ᠪᠠᠳᠤ ᠴᠢᠩᠭ᠎ᠠ ᠰᠠᠬᠢᠯᠭ᠎ᠠ ᠪᠠᠳᠤ ᠪᠠᠷ ᠴᠠᠭᠠᠷᠠᠵᠤ ᠬᠠᠳᠠᠭᠤᠵᠢᠬᠰᠠᠨ ᠡᠩᠨᠡᠭᠡ ᠶᠢ ᠪᠠᠶᠢᠭᠤᠯᠪᠠ᠃ 

    ᠥᠠᠳᠤᠰᠤᠨ ᠱᠠᠳᠤ ᠠᠴᠠ ᠠᠳᠬᠤᠵᠤ᠂ ᠠᠵᠢᠯ ᠤᠨ ᠨᠠᠷᠢᠯᠢᠬᠵᠢᠭᠤᠯᠤᠬᠰᠠᠨ ᠬᠢᠷᠢ ᠳᠥᠪᠰᠢᠨ ᠢᠶᠠᠨ ᠳᠠᠰᠤᠷᠠᠯᠳᠠ ᠥᠬᠡᠢ ᠳᠡᠬᠡᠭᠰᠢᠯᠡᠬᠦᠯᠪᠠ᠃ ᠤᠯᠠᠭᠠᠠᠴᠠᠪ ᠬᠤᠳᠠ ᠶᠢᠨ ᠪᠠᠶᠢᠴᠠᠭᠠᠬᠤ ᠬᠤᠷᠢᠶ᠎ᠠ ᠪᠠ ᠯᠢᠶᠠᠩ ᠴᠸᠡᠭ ᠰᠢᠶᠠᠨ ᠤ ᠪᠠᠶᠢᠴᠠᠭᠠᠬᠤ ᠬᠤᠷᠢᠶ᠎ᠠ ᠶᠢ ᠳᠠᠰᠢᠷᠠᠮ ᠢᠶᠠᠷ ᠰᠤᠭᠤᠴᠢᠨ᠂ 2016 ᠤᠨ ᠤ ᠠᠵᠢᠯ ᠥᠷᠨᠢᠬᠦᠯᠤᠯᠳᠠ ᠳᠤ ᠥᠯᠢᠬᠡᠷ ᠠᠪᠴᠤ ᠥᠨᠠᠯᠠᠯᠳᠠ ᠬᠢᠵᠤ᠂ ᠬᠠᠤᠯᠢ ᠪᠠᠷᠢᠯᠳᠠ ᠶᠢᠨ ᠳᠥᠷᠢᠮᠵᠢᠬᠦᠨ ᠪᠤᠰᠤ ᠠᠰᠠᠭᠤᠳᠡᠯ ᠢ ᠰᠢᠢᠳᠪᠤᠷᠢᠯᠡᠬᠦ ᠶᠢ ᠥᠷᠬᠦᠯᠵᠢᠯᠠᠨ ᠠᠬᠢᠭᠤᠯᠵᠠᠢ᠃ ᠪᠠᠶᠢᠴᠠᠭᠠᠬᠤ ᠠᠵᠢᠯ ᠤᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢᠨ ᠠᠵᠢᠯᠯᠠᠭ᠎ᠠ ᠶᠢ ᠥᠷᠨᠢᠬᠦᠯᠵᠤ᠂ ᠬᠠᠤᠯᠢ ᠪᠠᠷᠢᠬᠤ ᠥᠢᠯᠠ ᠠᠵᠢᠯᠯᠠᠭ᠎ᠠ ᠶᠢ ᠳᠥᠷᠢᠮᠵᠢᠬᠦᠯᠥᠭᠰᠡᠨ ᠳᠤᠰᠬᠠᠢ ᠴᠡᠭᠴᠡᠯᠡᠨ ᠵᠠᠰᠠᠬᠤ ᠥᠷ᠎ᠠ ᠪᠥᠳᠤᠮᠵᠢ ᠶᠢ ᠬᠥᠠᠵᠡᠬᠡᠶᠢᠷᠡᠬᠦᠯᠥᠭᠰᠡᠨ ᠪᠠ ᠪᠠᠳᠤᠳᠬᠠᠵᠠᠢ᠃ ᠰᠢᠨ᠎ᠠ ᠶᠢ ᠡᠬᠦᠳᠤᠨ ᠰᠢᠯᠢᠳᠡᠭ ᠢ ᠪᠥᠳᠤᠬᠡᠬᠦ ᠥᠨᠠᠯᠠᠨ ᠰᠤᠩᠭᠤᠬᠤ ᠠᠵᠢᠯᠯᠠᠭ᠎ᠠ ᠥᠷᠨᠢᠬᠦᠯᠵᠤ᠂ ᠬᠥᠯᠤᠨ ᠪᠥᠢᠷ ᠤᠨ ᠪᠠᠶᠢᠴᠠᠭᠠᠬᠤ ᠬᠤᠷᠢᠶᠠᠨ ᠤ ︽ᠤᠶᠤᠨ ᠤᠬᠠᠭᠠᠠᠳᠤ ᠳᠤᠷᠰᠢᠨ ᠪᠠᠶᠢᠴᠠᠭᠠᠬᠤ ᠵᠠᠬᠪᠤᠷ ᠢᠶᠠᠷ᠂ ᠶᠡᠭᠡ ᠳᠤᠭ᠎ᠠ ᠪᠠᠷᠢᠮᠳᠠ ᠶᠢᠨ ᠴᠠᠬ ᠥᠶ᠎ᠠ ᠳᠠᠬᠢ ᠳᠤᠰᠢᠶᠠᠯ ᠤᠨ ᠶᠠᠯᠠᠳᠤ ᠬᠡᠷᠡᠭ ᠢ ᠳᠤᠷᠰᠢᠨ ᠪᠠᠶᠢᠴᠠᠭᠠᠬᠤ ᠬᠢᠷᠢ ᠳᠥᠪᠰᠢᠨ ᠢᠶᠠᠨ ᠳᠡᠬᠡᠭᠰᠢᠯᠡᠬᠦᠯᠬᠦ︾ ᠵᠠᠷᠬᠡ ᠠᠷᠪᠡᠨ ᠳᠥᠷᠤᠯ ᠵᠥᠢᠯ ᠨᠢ 2016 ᠤᠨ ᠤ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠰᠢᠨ᠎ᠠ ᠶᠢ ᠡᠬᠦᠳᠤᠨ ᠰᠢᠯᠢᠳᠡᠭ ᠢ ᠪᠥᠳᠥᠬᠡᠭᠰᠡᠨ ᠳᠥᠷᠤᠯ ᠵᠥᠢᠯ ᠢᠶᠠᠷ ᠥᠨᠠᠯᠡᠭᠳᠡᠵᠠᠢ᠃ ᠥᠠᠳᠤᠷ ᠡᠬᠢᠯᠠᠮᠳᠠ ᠪᠠᠷ ᠪᠠᠶᠢᠷᠢ ᠳᠤᠬᠳᠠᠭᠠᠵᠤ᠂ ᠥᠠᠳᠤᠷ ᠪᠠᠷᠢᠮᠵᠢᠶ᠎ᠠ ᠪᠠᠷ ᠪᠥᠳᠤᠬᠡᠨ ᠪᠠᠶᠢᠭᠤᠯᠵᠤ᠂ ᠪᠥᠬᠦ ᠤᠷᠤᠨ ᠤ ᠪᠠᠶᠢᠴᠠᠭᠠᠬᠤ ᠠᠵᠢᠯ ᠤᠨ ᠮᠡᠳᠡᠭᠡ ᠵᠠᠩᠬᠢᠴᠢᠯᠠᠯᠳᠠ ᠶᠢᠨ ᠪᠥᠳᠤᠬᠡᠨ ᠪᠠᠶᠢᠭᠤᠯᠤᠯᠳᠠ ᠶᠢ ᠬᠥᠴᠤᠳᠡᠢ ᠳᠥᠯᠬᠢᠨ ᠠᠬᠢᠭᠤᠯᠪᠡ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠳᠤᠰᠠᠭᠠᠷ ᠢᠶᠠᠨ ᠰᠤᠳᠤᠯᠤᠨ ᠨᠡᠬᠡᠬᠡᠭᠰᠡᠨ ︽ᠪᠠᠶᠢᠴᠠᠭᠠᠬᠤ ᠳᠤᠭ᠎ᠠ ᠪᠠᠷᠢᠮᠳᠠ ᠶᠢᠨ ᠰᠢᠰᠲ᠋ᠧᠮ︾ ᠨᠢ ᠪᠥᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠬᠥᠡᠭᠬᠡᠨ ᠬᠡᠷᠡᠭᠯᠡᠬᠡᠨ ᠤ ᠨᠡᠬᠡᠬᠡᠯᠳᠠ ᠶᠢᠨ ᠬᠥᠳᠡᠯᠬᠡᠬᠡᠨ ᠤ ᠨᠢᠬᠡᠳᠤᠬᠡᠷ ᠳᠠᠰ ᠤᠨ ᠱᠠᠩᠨᠠᠯ ᠢ ᠬᠥᠷᠳᠡᠵᠤ᠂ ᠠᠯᠤᠰ ᠬᠠᠷᠠᠭᠠᠨ ᠳᠡᠪᠳᠡᠮᠵᠢ ᠪᠠᠷ ᠰᠤᠷᠪᠤᠯᠵᠢᠯᠠᠯ ᠬᠥᠯᠢᠶᠡᠬᠦ᠂ ᠳᠤᠳᠤ ᠬᠠᠷᠠᠭᠠᠨ ᠳᠡᠪᠳᠡᠮᠵᠢᠳᠤ ᠬᠤᠷᠠᠯ ᠤᠨ ᠰᠢᠰᠲ᠋ᠧᠮ᠂ ᠨᠢᠬᠡᠳᠤᠯᠳᠡᠢ ᠳᠤᠬᠠᠢᠢᠯᠠᠬᠰᠠᠨ ᠠᠵᠢᠯ ᠤᠨ ᠬᠡᠷᠡᠭᠯᠡᠬᠡᠨ ᠤ ᠰᠢᠰᠲ᠋ᠧᠮ ᠤᠨ ᠮᠤᠩᠭᠤᠯ ᠬᠡᠯᠡᠨ ᠤ ᠳᠤᠭᠠᠴᠢᠯᠠᠬᠰᠠᠨ ᠳᠡᠪᠴᠠᠩ ᠵᠠᠷᠬᠡ ᠨᠢ ᠪᠥᠬᠦ ᠤᠯᠤᠰ ᠤᠨ ᠳᠡᠷᠢᠬᠦᠨ ᠤ ᠡᠩᠨᠡᠭᠡ ᠳᠤ ᠤᠷᠤᠪᠠ᠃ ᠥᠠᠳᠤᠰᠤᠨ ᠱᠠᠳᠤᠨ ᠤ ᠪᠠᠶᠢᠴᠠᠭᠠᠬᠤ ᠬᠤᠷᠢᠶᠠᠨ ᠤ ᠪᠥᠳᠤᠬᠡᠨ ᠪᠠᠶᠢᠭᠤᠯᠤᠯᠳᠠ ᠪᠠᠨ ᠴᠢᠩᠭᠠᠳᠬᠠᠵᠤ᠂ 5 ᠥᠠᠳᠤᠰᠤᠨ ᠱᠠᠳᠤᠨ ᠤ ᠬᠤᠷᠢᠶ᠎ᠠ ᠪᠥᠬᠦ ᠤᠯᠤᠰ ᠤᠨ ᠳᠠᠷᠢᠬᠦᠨ ᠤ ᠪᠠᠶᠢᠴᠠᠭᠠᠬᠤ ᠬᠤᠷᠢᠶ᠎ᠠ ᠪᠠᠷ ᠥᠨᠠᠯᠡᠭᠳᠡᠵᠠᠢ᠃ ᠰᠢᠶᠠᠩ ᠪᠠᠯᠭᠠᠰᠤ ᠰᠤᠮᠤ ᠶᠢᠨ ᠳᠤᠮᠢᠯᠠᠬᠰᠠᠨ ᠪᠠᠶᠢᠴᠠᠭᠠᠬᠤ ᠬᠡᠷ ᠤᠨ ᠪᠥᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠠᠷᠠᠳ ᠳᠥᠮᠠᠨ ᠤ ᠳᠠᠷᠬᠡᠳᠡᠬᠢ ᠪᠠᠶᠢᠴᠠᠭᠠᠬᠤ ᠬᠤᠷᠢᠶ᠎ᠠ ᠶᠢ ᠪᠠᠶᠢᠭᠤᠯᠵᠠᠢ᠃ 

    ᠳᠥᠯᠤᠬᠡᠯᠡᠭᠴᠢᠳ ᠡ᠂ ᠨᠠᠮ ᠤᠨ ᠤᠳᠤᠷᠢᠳᠤᠯᠭ᠎ᠠ ᠪᠤᠯ ᠥᠠᠳᠤᠰᠤᠨ ᠪᠠᠳᠤᠯᠠᠭ᠎ᠠ ᠮᠥᠨ᠃ ᠪᠢᠳᠠ ᠨᠠᠮ ᠤᠨ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠤ᠂ ᠪᠠᠶᠢᠴᠠᠭᠠᠬᠤ ᠠᠵᠢᠯ ᠤᠨ ᠵᠥᠪ ᠤᠨᠤᠪᠴᠢᠳᠡᠢ ᠤᠯᠤᠰ ᠳᠥᠷᠤ ᠶᠢᠨ ᠴᠢᠭᠯᠡᠯ ᠢ ᠯᠠᠪᠳᠠᠭᠤᠨ ᠪᠠᠳᠤᠳᠠᠢ ᠡᠵᠡᠮᠳᠡᠪᠡ᠃ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠪᠠ ᠤᠯᠤᠰ ᠳᠥᠷᠤ ᠶᠢᠨ ᠵᠥᠪᠯᠡᠯᠬᠡᠨ ᠤ ᠠᠷᠠᠳᠴᠢᠯᠠᠬᠰᠠᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠠᠵᠤ᠂ ᠪᠠᠶᠢᠴᠠᠭᠠᠬᠤ ᠡᠷᠬᠡ ᠶᠢᠨ ᠬᠠᠤᠯᠢ ᠶᠤᠰᠤᠭᠠᠷ ᠵᠥᠪ ᠤᠨᠤᠪᠴᠢᠳᠡᠢ ᠬᠡᠷᠡᠭᠵᠢᠬᠦᠯᠥᠭᠳᠡᠬᠦ ᠶᠢ ᠪᠠᠳᠤᠯᠠᠪᠠ᠃ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠳᠥᠯᠤᠬᠡᠯᠡᠭᠴᠢ ᠲᠠᠢ ᠰᠢᠭᠤᠳ ᠬᠠᠷᠢᠯᠴᠠᠬᠤ ᠳᠥᠷᠢᠮ ᠢ ᠳᠡᠬᠦᠯᠳᠡᠷᠵᠢᠬᠦᠯᠵᠤ᠂ 500 ᠭᠠᠷᠤᠢ ᠳᠥᠯᠤᠬᠡᠯᠡᠭᠴᠢ ᠶᠢ ᠰᠤᠷᠪᠤᠯᠵᠢᠯᠠᠨ᠂ ᠳᠥᠯᠤᠬᠡᠯᠡᠭᠴᠢ ᠶᠢ 132 ᠬᠥᠮᠤᠨ ᠤᠳᠠᠭ᠎ᠠ ᠤᠷᠢᠵᠤ ᠪᠠᠶᠢᠴᠠᠭᠠᠬᠤ ᠠᠵᠢᠯ ᠢ ᠪᠠᠶᠢᠴᠡᠭᠠᠯᠭᠠᠨ ᠥᠵᠡᠬᠦᠯᠵᠤ᠂ ᠳᠥᠯᠤᠬᠡᠯᠡᠭᠴᠢ᠂ ᠤᠯᠤᠰ ᠳᠥᠷᠤ ᠶᠢᠨ ᠵᠥᠪᠯᠡᠯᠬᠡᠨ ᠤ ᠬᠡᠰᠢᠬᠦᠨ ᠤ ᠳᠤᠷᠠᠳᠤᠬᠰᠠᠨ ᠰᠠᠨᠠᠯ ᠰᠠᠨᠠᠭᠤᠯᠭ᠎ᠠ ᠶᠢ ᠨᠢᠬᠡᠳ ᠨᠢᠬᠡ ᠪᠠᠷ ᠡᠮᠬᠢᠯᠠᠨ ᠰᠤᠳᠤᠯᠵᠤ ᠰᠢᠪᠠᠳᠠᠨ ᠨᠠᠶᠢᠳᠠᠪᠤᠷᠢᠵᠢᠭᠤᠯᠵᠠᠢ᠃ ᠨᠠᠶᠢᠬᠡᠮ ᠤᠨ ᠡᠯ᠎ᠠ ᠡᠳᠡᠬᠡᠳ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠥᠯᠢᠶᠠᠵᠤ᠂ ᠪᠥᠬᠦ ᠤᠷᠤᠨ ᠤ ᠭᠤᠷᠪᠡᠨ ᠱᠠᠳᠤᠨ ᠤ ᠪᠠᠶᠢᠴᠠᠭᠠᠬᠤ ᠬᠤᠷᠢᠶ᠎ᠠ ︽ᠳᠤᠷᠰᠢᠨ ᠪᠠᠶᠢᠴᠠᠭᠠᠯᠳᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠨ᠂ ᠬᠠᠤᠯᠢ ᠪᠠᠷᠢᠯᠳᠠ ᠶᠢᠨ ᠳᠥᠪ ᠭᠤᠤᠯᠴᠢ ᠶᠢ ᠬᠠᠮᠠᠭᠠᠯᠠᠬᠤ︾ ᠰᠡᠳᠤᠪᠳᠤ ᠪᠠᠶᠢᠴᠠᠭᠠᠬᠤ ᠨᠠᠬᠡᠬᠡᠯᠳᠠ ᠶᠢᠨ ᠡᠳᠤᠷ ᠤᠨ ᠬᠥᠳᠡᠯᠬᠡᠬᠡᠨ ᠢ ᠵᠠᠷᠬᠡᠪᠡᠷ ᠥᠷᠨᠢᠬᠦᠯᠪᠠ᠃ ᠠᠷᠠᠳ ᠤᠨ ᠳᠡᠬᠡᠳᠤ ᠪᠠᠶᠢᠴᠠᠭᠠᠬᠤ ᠬᠤᠷᠢᠶ᠎ᠠ ᠪᠥᠬᠦ ᠤᠯᠤᠰ ᠤᠨ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠤᠨ ᠬᠡᠰᠡᠭ ᠳᠥᠯᠤᠬᠡᠯᠡᠭᠴᠢ ᠶᠢ ᠵᠤᠬᠢᠶᠠᠨ ᠪᠠᠶᠢᠭᠤᠯᠤᠨ᠂ ᠮᠠᠨ ᠤ ᠤᠷᠤᠨ ᠤ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠠᠵᠢᠯ ᠢ ᠪᠠᠶᠢᠴᠠᠭᠠᠨ ᠥᠵᠡᠪᠡ᠃ ᠳᠥᠯᠤᠬᠡᠯᠡᠭᠴᠢᠳ ᠭᠤᠷᠪᠡᠨ ᠠᠶᠢᠮᠠᠭ ᠬᠤᠳᠠ ᠶᠢᠨ ᠳᠠᠪᠤᠨ ᠪᠠᠶᠢᠴᠠᠭᠠᠬᠤ ᠬᠤᠷᠢᠶ᠎ᠠ ᠶᠢ ᠳᠤᠬᠠᠢ ᠶᠢᠨ ᠭᠠᠵᠠᠷ ᠲᠤᠨᠢ ᠪᠠᠶᠢᠴᠠᠭᠠᠨ ᠥᠵᠡᠭᠰᠡᠨ ᠤ ᠳᠠᠷᠠᠭ᠎ᠠ᠂ ᠮᠠᠨ ᠤ ᠤᠷᠤᠨ ᠤ ᠠᠵᠢᠯ ᠳᠤ ᠳᠡᠬᠡᠳᠤ ᠬᠡᠮᠵᠢᠶᠠᠨ ᠤ ᠥᠨᠠᠯᠠᠯᠳᠠ ᠥᠭᠴᠠᠢ᠃ 

    ᠳᠥᠯᠤᠬᠡᠯᠡᠭᠴᠢᠳ ᠡ᠂ ᠨᠢᠬᠡ ᠵᠢᠯ ᠤᠨ ᠳᠤᠷᠰᠢ᠂ ᠪᠢᠳᠠ ︽ᠪᠥᠬᠦ ᠳᠡᠯ᠎ᠠ ᠳᠤ ᠥᠢᠯᠡᠴᠢᠯᠡᠨ᠂ ᠠᠷᠠᠳ ᠤᠨ ᠠᠮᠢᠳᠤᠷᠠᠯ ᠢ ᠪᠠᠳᠤᠯᠠᠬᠤ︾ ᠪᠠᠷ ᠡᠬᠦᠷᠬᠡ ᠳᠤᠰᠢᠶᠠᠯ ᠢᠶᠠᠨ ᠪᠥᠷᠢᠨ ᠬᠥᠢᠴᠡᠳᠬᠡᠬᠦ ᠥᠠᠳᠤᠰᠤᠨ ᠱᠠᠭᠠᠷᠳᠡᠯᠭ᠎ᠠ ᠪᠤᠯᠭᠠᠬᠤ ᠶᠢ ᠪᠠᠷᠢᠮᠳᠠᠯᠠᠵᠤ᠂ ᠬᠢᠨᠠᠯᠳᠠ ᠳᠡᠯᠪᠢᠬᠤ ᠳᠡᠬᠡᠷ᠎ᠠ ᠥᠨᠠᠠᠬᠦ ᠬᠥᠴᠤᠯᠠᠠ᠂ ᠤᠶᠤᠨ ᠳᠠᠮᠢᠷ ᠢᠶᠠᠨ ᠬᠡᠷᠡᠭ ᠰᠢᠳᠬᠡᠬᠦ ᠳᠡᠬᠡᠷ᠎ᠠ ᠳᠡᠯᠪᠢᠵᠤ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠳᠬᠡᠬᠦ ᠬᠥᠴᠤᠯᠠᠴᠠ᠂ ᠬᠢᠨᠠᠯᠳᠠ ᠳᠡᠯᠪᠢᠬᠤ ᠶᠠᠰᠤ ᠴᠢᠨᠠᠷ ᠤᠨ ᠭᠤᠤᠯ ᠳᠤᠭ᠎ᠠ ᠪᠠᠷᠢᠮᠳᠠ ︽ᠠᠷᠪᠠ ᠨᠢ ᠳᠡᠬᠡᠭᠰᠢᠯᠡᠵᠤ᠂ ᠳᠥᠷᠪᠡ ᠨᠢ ᠳᠤᠷᠤᠬᠰᠢᠯᠠᠬᠤ︾ ᠪᠠᠶᠢᠳᠡᠯ ᠢᠯᠡᠷᠡᠵᠤ᠂ ᠮᠠᠨ ᠤ ᠤᠷᠤᠨ ᠤ ᠪᠠᠶᠢᠴᠠᠭᠠᠬᠤ ᠺᠤᠮᠢᠰ ᠤᠨ ᠠᠵᠢᠯ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ᠂ ᠡᠷᠡᠬᠦᠤ ᠶᠢᠨ ᠬᠡᠷᠡᠭ ᠤᠨ ᠬᠥᠢᠴᠡᠳᠬᠡᠯᠳᠠ ᠶᠢ ᠪᠠᠶᠢᠴᠠᠭᠠᠬᠤ᠂ ᠢᠷᠬᠡᠨ ᠤ ᠪᠠ ᠵᠠᠰᠠᠭ ᠵᠠᠬᠢᠷᠭᠠᠨ ᠤ ᠬᠡᠷᠡᠭ ᠪᠠᠶᠢᠴᠠᠭᠠᠬᠤ᠂ ᠥᠠᠳᠤᠰᠤᠨ ᠱᠠᠳᠤᠨ ᠤ ᠬᠤᠷᠢᠶᠠᠨ ᠤ ᠪᠠᠶᠢᠭᠤᠯᠤᠯᠳᠠ᠂ ᠮᠡᠳᠡᠭᠡ ᠵᠠᠩᠬᠢᠴᠢᠯᠠᠯᠳᠠ ᠶᠢᠨ ᠪᠥᠳᠤᠬᠡᠨ ᠪᠠᠶᠢᠭᠤᠯᠤᠯᠳᠠ ᠵᠠᠷᠬᠡ ᠤᠯᠠᠨ ᠵᠥᠢᠯ ᠤᠨ ᠠᠵᠢᠯ ᠪᠥᠬᠦ ᠤᠯᠤᠰ ᠲᠤ ᠳᠤᠷᠰᠢᠯᠭ᠎ᠠ ᠪᠠᠨ ᠳᠠᠨᠢᠯᠴᠠᠭᠤᠯᠵᠤ᠂ ᠮᠠᠨ ᠤ ᠤᠷᠤᠨ ᠤ ᠪᠠᠶᠢᠴᠠᠭᠠᠬᠤ ᠠᠵᠢᠯ ᠤᠨ ᠳᠠᠷᠢᠬᠦᠨ ᠤ ᠬᠢᠷᠢ ᠳᠥᠪᠰᠢᠨ ᠢ ᠨᠡᠬᠡᠬᠦ ᠳᠡᠪᠠᠯᠳᠡᠳᠤ ᠬᠥᠭᠵᠢᠯᠳᠠ ᠶᠢᠨ ᠪᠠᠶᠢᠳᠡᠯ ᠡᠳᠤᠷ ᠢᠷᠡᠬᠦᠶ᠎ᠠ ᠢᠯᠡᠷᠬᠡᠢ ᠪᠤᠯᠤᠬᠰᠠᠨ ᠪᠠᠶᠢᠨ᠎ᠠ︔ ᠪᠢᠳᠠ ᠡᠩᠨᠡᠭᠡ ᠪᠠ ᠳᠤᠬᠠᠢᠢᠯᠠᠬᠰᠠᠨ ᠠᠵᠢᠯ ᠢ ᠵᠠᠷᠬᠡᠪᠡᠷ ᠠᠳᠬᠤᠬᠤ᠂ ᠥᠷ᠎ᠠ ᠪᠥᠳᠤᠮᠵᠢ ᠶᠢ ᠵᠠᠷᠬᠡᠪᠡᠷ ᠤᠯᠬᠤ ᠶᠢ ᠪᠠᠷᠢᠮᠳᠠᠯᠠᠵᠤ᠂ ᠡᠩᠨᠡᠬᠡᠨ ᠤ ᠪᠥᠳᠤᠬᠡᠨ ᠪᠠᠶᠢᠭᠤᠯᠤᠯᠳᠠ ᠳᠤ ᠪᠤᠯᠪᠠᠰᠤᠷᠠᠯ ᠢᠶᠠᠨ ᠴᠢᠩᠭᠠᠳᠬᠠᠨ᠂ ᠳᠤᠳᠠᠬᠳᠠᠯ ᠢᠶᠠᠨ ᠨᠥᠬᠦᠨ᠂ ᠳᠠᠷᠢᠬᠦᠨ ᠢ ᠪᠤᠢ ᠪᠤᠯᠭᠠᠬᠤ ᠪᠠᠷ ᠬᠥᠴᠤᠯᠠᠵᠤ᠂ 2016 ᠤᠨ ᠳᠤ ᠮᠠᠨ ᠤ ᠤᠷᠤᠨ ᠤ ᠪᠠᠶᠢᠴᠠᠭᠠᠬᠤ ᠠᠵᠢᠯᠳᠠᠨ ᠪᠥᠬᠦ ᠤᠯᠤᠰ ᠤᠨ ᠪᠠᠶᠢᠴᠠᠭᠠᠬᠤ ᠳᠤᠬᠠᠢᠢᠯᠠᠬᠰᠠᠨ ᠠᠵᠢᠯ ᠤᠨ ᠤᠷᠤᠯᠳᠤᠭᠠᠨ ᠤ ᠳ᠋ᠤᠭᠠᠷ ᠲᠤ ᠤᠷᠤᠬᠤ ᠬᠥᠮᠤᠨ ᠤ ᠳᠤᠭ᠎ᠠ ᠢᠯᠠᠷᠬᠡᠢ ᠨᠡᠮᠡᠭᠳᠡᠵᠤ᠂ ᠪᠥᠬᠦ ᠤᠯᠤᠰ ᠤᠨ ︽ᠠᠷᠪᠡᠨ ᠰᠤᠳᠤᠨ︾ ᠤ ᠳᠡᠮᠳᠡᠭᠯᠡᠯ ᠢ ᠡᠬᠦᠳᠴᠤ᠂ ᠡᠩᠨᠡᠬᠡᠨ ᠤ ᠪᠥᠬᠦᠯᠢ ᠴᠤᠬᠴᠠ ᠶᠢᠨ ᠤᠯᠤᠰ ᠳᠥᠷᠤ᠂ ᠳᠤᠬᠠᠢᠢᠯᠠᠬᠰᠠᠨ ᠠᠵᠢᠯ ᠤᠨ ᠬᠡᠪ ᠴᠢᠨᠠᠷ ᠨᠢ ᠢᠯᠡᠷᠬᠡᠢ ᠳᠡᠬᠡᠭᠰᠢᠯᠡᠬᠦ ᠬᠠᠨᠳᠤᠰᠢ ᠢᠯᠡᠷᠡᠭᠰᠡᠨ ᠪᠠᠶᠢᠨ᠎ᠠ᠃ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠼᠤᠤ ᠵᠢᠶᠠᠨ ᠮᠢᠩ ᠪᠠᠶᠢᠴᠠᠭᠠᠬᠤ ᠳᠠᠷᠤᠭ᠎ᠠ ᠮᠠᠨ ᠤ ᠤᠷᠤᠨ ᠳᠤ ᠪᠠᠶᠢᠴᠠᠭᠠᠨ ᠰᠤᠳᠤᠯᠤᠯᠳᠠ ᠬᠢᠭᠰᠡᠨ ᠤ ᠳᠠᠷᠠᠭ᠎ᠠ᠄ ︽ᠥᠪᠤᠷ ᠮᠤᠩᠭᠤᠯ ᠨᠢ ᠡᠬᠡ ᠤᠯᠤᠰ ᠤᠨ ᠬᠢᠯᠢ ᠬᠢᠵᠠᠭᠠᠷ ᠤᠷᠤᠨ ᠳᠤ ᠪᠠᠶᠢᠷᠢᠰᠢᠵᠤ᠂ ᠠᠵᠤ ᠠᠬᠤᠢ ᠶᠢᠨ ᠬᠥᠭᠵᠢᠯᠳᠠ ᠶᠢᠨ ᠳᠡᠯ᠎ᠠ ᠪᠠᠷ ᠵᠠᠬᠦᠨ ᠤᠷᠤᠨ ᠤ ᠬᠥᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ ᠳᠤᠳᠠᠮᠠᠭ ᠰᠢᠬ ᠪᠤᠯᠪᠠᠴᠤ ᠨᠠᠮ ᠤᠨ ᠬᠤᠷᠢᠶᠠᠨ ᠤ ᠵᠥᠪ ᠤᠨᠤᠪᠴᠢᠳᠡᠢ ᠤᠳᠤᠷᠢᠳᠤᠯᠭ᠎ᠠ ᠳᠤᠤᠷ᠎ᠠ᠂ ᠪᠠᠶᠢᠴᠠᠭᠠᠬᠤ ᠠᠵᠢᠯ ᠨᠢ ᠥᠴᠤᠬᠡᠨ ᠴᠤ ᠬᠤᠴᠤᠷᠤᠩᠭᠤᠢ ᠪᠢᠰᠢ᠂ ᠤᠯᠠᠩᠬᠢ ᠠᠵᠢᠯ ᠨᠢ ᠪᠥᠬᠦ ᠤᠯᠤᠰ ᠤᠨ ᠪᠠᠶᠢᠴᠠᠭᠠᠬᠤ ᠠᠵᠢᠯ ᠤᠨ ᠡᠮᠤᠨ᠎ᠠ ᠪᠠᠶᠢᠷᠢᠨ ᠳᠤ ᠵᠢᠭᠰᠠᠵᠤ ᠪᠠᠶᠢᠨ᠎ᠠ︾ ᠬᠡᠵᠤ ᠥᠨᠠᠯᠡᠪᠡ᠃ 

    ᠮᠠᠨ ᠤ ᠤᠯᠤᠬᠰᠠᠨ ᠠᠮᠵᠢᠯᠳᠠ ᠪᠤᠯ᠂ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠵᠥᠪ ᠤᠨᠤᠪᠴᠢᠳᠡᠢ ᠤᠳᠤᠷᠢᠳᠤᠯᠭ᠎ᠠ᠂ ᠥᠪᠡᠷᠳᠡᠬᠡᠨ ᠵᠠᠰᠠᠬᠤ ᠤᠷᠤᠨ ᠤ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠡᠭᠭᠤ ᠶᠢᠨ ᠬᠤᠷᠢᠶᠠᠨ ᠤ ᠬᠥᠴᠤᠳᠡᠢ ᠬᠢᠨᠠᠯᠳᠠ᠂ ᠡᠯ᠎ᠠ ᠱᠠᠳᠤᠨ ᠤ ᠨᠠᠮ ᠤᠨ ᠬᠤᠷᠢᠶ᠎ᠠ᠂ ᠠᠷᠠᠳ ᠤᠨ ᠳᠥᠯᠤᠬᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠳᠥᠷᠤ ᠶᠢᠨ ᠵᠥᠪᠯᠡᠯᠬᠡᠨ᠂ ᠨᠠᠶᠢᠬᠡᠮ ᠤᠨ ᠡᠯ᠎ᠠ ᠡᠳᠡᠬᠡᠳ ᠤᠨ ᠬᠥᠠᠳᠤᠳᠬᠡᠯ ᠬᠠᠮᠵᠢᠯᠠᠯ ᠬᠠᠷᠠᠭᠠᠯᠵᠠᠯ ᠳᠡᠮᠵᠢᠯᠬᠡ ᠶᠢᠨ ᠥᠷ᠎ᠠ ᠳ᠋ᠦᠡᠭ ᠪᠤᠯᠤᠨ᠎ᠠ᠃ ᠳᠥᠯᠤᠬᠡᠯᠡᠭᠴᠢᠳ ᠪᠠ ᠬᠡᠰᠢᠬᠦᠳ ᠠᠴᠠ ᠪᠠᠶᠢᠴᠠᠭᠠᠬᠤ ᠪᠠᠶᠢᠭᠤᠯᠤᠯ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠬᠦ᠂ ᠪᠠᠶᠢᠴᠠᠭᠠᠬᠤ ᠠᠵᠢᠯ ᠪᠠ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠬᠤ ᠳᠤ ᠰᠠᠨᠠᠯ ᠳᠤᠷᠠᠳᠤᠨ ᠠᠷᠭ᠎ᠠ ᠰᠥᠪᠡᠭᠴᠢᠯᠡᠵᠤ᠂ ᠮᠠᠨ ᠳᠤ ᠳᠤᠩ ᠶᠡᠭᠡ ᠬᠥᠳᠡᠯᠬᠡᠬᠦ ᠬᠥᠴᠤᠨ ᠪᠤᠯᠵᠠᠢ᠃ ᠡᠬᠦᠨ ᠳᠤ᠂ ᠪᠢ ᠥᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢ ᠳᠥᠯᠤᠬᠡᠯᠡᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠤᠶ᠎ᠠ︕

    ᠪᠢᠳᠠ ᠪᠠᠰᠠ ᠤᠷᠤᠰᠢᠵᠤ ᠪᠠᠶᠢᠭ᠎ᠠ ᠬᠥᠴᠢᠷᠳᠡᠯ ᠪᠠ ᠠᠰᠠᠭᠤᠳᠡᠯ ᠢᠶᠠᠨ ᠰᠡᠷᠬᠡᠭ ᠢᠶᠠᠷ ᠮᠡᠳᠡᠷᠡᠵᠤ ᠪᠠᠶᠢᠨ᠎ᠠ᠄ ᠨᠢᠬᠡ ᠳᠤ ᠪᠠᠶᠢᠴᠠᠭᠠᠬᠤ ᠠᠵᠢᠯ ᠤᠨ ᠪᠥᠬᠦ ᠳᠡᠯ᠎ᠠ ᠯᠤᠭ᠎ᠠ ᠶᠢᠨ ᠤᠶᠠᠯᠳᠤᠯ ᠨᠢ ᠳᠠᠳᠤᠢ ᠨᠢᠬᠳᠠ ᠪᠢᠰᠢ᠂ ᠪᠥᠬᠦ ᠳᠡᠯ᠎ᠠ ᠳᠤ ᠥᠢᠯᠡᠴᠢᠯᠡᠬᠦ ᠠᠷᠭ᠎ᠠ ᠬᠡᠮᠵᠢᠶ᠎ᠠ ᠨᠢ ᠳᠠᠳᠤᠢ ᠤᠨᠤᠴᠢᠳᠡᠢ ᠪᠢᠰᠢ᠂ ᠬᠠᠤᠯᠢ ᠪᠠᠷ ᠵᠠᠰᠠᠬᠤ ᠰᠡᠳᠬᠢᠴᠠ ᠪᠠ ᠬᠠᠤᠯᠢ ᠪᠠᠷ ᠵᠠᠰᠠᠬᠤ ᠬᠡᠯᠪᠠᠷᠢ ᠶᠢ ᠬᠡᠷᠡᠭᠯᠡᠨ ᠳᠥᠭᠰᠢᠬᠦᠷᠢ ᠶᠢ ᠰᠠᠷᠬᠡᠶᠢᠯᠠᠨ ᠡᠵᠡᠮᠳᠡᠬᠦ᠂ ᠵᠥᠷᠢᠴᠡᠯ ᠢ ᠨᠠᠮᠳᠠᠭᠤᠯᠬᠤ ᠬᠢᠷᠢ ᠳᠥᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠᠳᠠᠢ ᠪᠠᠶᠢᠬᠰᠠᠭᠠᠷ᠃ ᠬᠤᠶᠠᠷ ᠲᠤ ᠬᠠᠤᠯᠢ ᠴᠠᠭᠠᠵᠠ ᠠᠴᠠ ᠤᠯᠭᠤᠬᠰᠠᠨ ᠰᠢᠨ᠎ᠠ ᠪᠠᠷ ᠨᠡᠮᠡᠭᠳᠡᠭᠰᠡᠨ ᠳᠤᠰᠢᠶᠠᠯ ᠬᠠᠷᠢᠭᠤᠴᠠᠯᠭ᠎ᠠ ᠪᠠᠨ ᠬᠥᠢᠴᠡᠳᠬᠡᠭᠰᠡᠨ ᠨᠢ ᠳᠤᠤᠱᠳᠡᠢ ᠪᠢᠰᠢ᠂ ᠬᠠᠤᠯᠢ ᠬᠡᠷᠡᠭᠵᠢᠬᠦᠯᠤᠯᠳᠠ ᠬᠠᠤᠯᠢ ᠪᠠᠷᠢᠯᠳᠠ ᠶᠢᠨ ᠳᠥᠪ ᠭᠤᠤᠯᠴᠢ ᠪᠤᠰᠤ ᠪᠠᠶᠢᠳᠡᠯ ᠳᠤ ᠬᠢᠨᠠᠯᠳᠠ ᠳᠡᠯᠪᠢᠨ ᠵᠠᠯᠠᠷᠠᠭᠤᠯᠬᠤ ᠬᠥᠴᠤᠯᠠᠴᠠ᠂ ᠥᠷ᠎ᠠ ᠪᠥᠳᠤᠮᠵᠢ ᠨᠢ ᠠᠷᠠᠳ ᠤᠯᠠᠨ ᠤ ᠬᠥᠰᠡᠯ ᠡᠷᠡᠮᠠᠯᠵᠡᠯ ᠲᠠᠢ ᠬᠠᠷᠠᠬᠠᠨ ᠵᠥᠷᠢᠶ᠎ᠠ ᠲᠠᠢ ᠪᠠᠶᠢᠬᠰᠠᠭᠠᠷ᠃ ᠭᠤᠷᠪᠡ ᠳᠤ ᠬᠠᠤᠯᠢ ᠪᠠᠷᠢᠬᠤ ᠪᠠᠶᠢᠭᠤᠯᠤᠯ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠤᠨ ᠠᠬᠢᠭᠤᠯᠬᠤ ᠶᠠᠪᠤᠴᠠ ᠳᠤᠮᠳᠠ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠳᠡᠮᠵᠢᠯᠬᠡ ᠶᠢ ᠢᠳᠡᠪᠬᠢᠳᠡᠢ ᠰᠠᠨᠠᠭᠠᠴᠢᠯᠠᠭ᠎ᠠ ᠲᠠᠢ ᠪᠠᠷ ᠳᠡᠮᠡᠴᠡᠨ ᠤᠯᠬᠤ ᠬᠥᠴᠤᠯᠠᠴᠠ ᠪᠠᠨ ᠤᠯᠠᠮ ᠨᠢᠬᠡ ᠠᠯᠬᠤᠮ ᠴᠢᠩᠭᠠᠷᠠᠭᠤᠯᠬᠤ ᠴᠢᠬᠤᠯᠠᠳᠠᠢ ᠪᠠᠶᠢᠬᠰᠠᠭᠠᠷ᠃ ᠳᠥᠷᠪᠡ ᠳᠤ ᠬᠠᠤᠯᠢ ᠪᠠᠷᠢᠯᠳᠠ ᠶᠢᠨ ᠳᠥᠷᠢᠮᠵᠢᠬᠦᠨ ᠪᠤᠰᠤ ᠠᠰᠠᠭᠤᠳᠡᠯ ᠮᠥᠨ ᠯᠠ ᠤᠷᠤᠰᠢᠬᠰᠠᠭᠠᠷ᠂ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠴᠢᠬᠤᠯᠠᠳᠠᠢ ᠪᠠᠶᠢᠬᠰᠠᠭᠠᠷ᠃ ᠳᠠᠪᠤ ᠳᠤ ᠪᠠᠶᠢᠴᠠᠭᠠᠬᠤ ᠠᠵᠢᠯᠳᠠᠨ ᠤ ᠴᠢᠳᠠᠪᠤᠷᠢ ᠪᠠ ᠬᠡᠪ ᠴᠢᠨᠠᠷ ᠨᠢ ᠳᠥᠷᠢᠮᠵᠢᠬᠦ᠂ ᠳᠤᠰᠬᠠᠢᠢᠵᠢᠬᠤ᠂ ᠮᠡᠷᠬᠡᠵᠢᠬᠦ ᠱᠠᠭᠠᠷᠳᠡᠯᠭ᠎ᠠ ᠲᠠᠢ ᠪᠠᠰᠠ ᠨᠠᠯᠢᠶᠡᠳ ᠶᠡᠭᠡ ᠵᠥᠷᠢᠶ᠎ᠠ ᠲᠠᠢ ᠪᠠᠶᠢᠬᠰᠠᠭᠠᠷ᠂ ᠰᠠᠬᠢᠯᠭ᠎ᠠ ᠪᠠᠳᠤ ᠶᠢ ᠵᠥᠷᠢᠴᠡᠭᠰᠡᠨ ᠬᠡᠷᠡᠭ ᠮᠥᠨ ᠯᠠ ᠡᠬᠦᠰᠴᠤ᠂ ᠪᠠᠶᠢᠴᠠᠭᠠᠬᠤ ᠶᠢ ᠪᠥᠬᠦ ᠳᠡᠯ᠎ᠠ ᠪᠠᠷ ᠴᠢᠩᠭ᠎ᠠ ᠵᠠᠰᠠᠬᠤ ᠠᠵᠢᠯ ᠢ ᠮᠥᠨ ᠯᠠ ᠶᠡᠬᠡᠪᠡᠷ ᠴᠢᠩᠭᠠᠳᠬᠠᠬᠤ ᠴᠢᠬᠤᠯᠠᠳᠠᠢ ᠪᠠᠶᠢᠬᠰᠠᠭᠠᠷ᠃  ᠵᠢᠷᠭᠤᠭ᠎ᠠ ᠳᠤ ᠪᠠᠶᠢᠴᠠᠭᠠᠬᠤ ᠠᠵᠢᠯ ᠪᠤᠯᠤᠨ ᠮᠡᠳᠡᠭᠡ ᠵᠠᠩᠬᠢᠴᠢᠯᠠᠯᠳᠠ ᠶᠢᠨ ᠬᠥᠠᠵᠠᠬᠡᠢ ᠤᠶᠠᠯᠳᠤᠯ ᠬᠠᠷᠠᠬᠠᠨ ᠬᠥᠢᠴᠡᠳ ᠪᠤᠰᠤ᠂ ᠮᠡᠳᠡᠭᠡ ᠵᠠᠩᠬᠢᠴᠢᠯᠠᠯᠳᠠ ᠶᠢ ᠬᠡᠷᠡᠭᠯᠡᠬᠦ ᠠᠷᠭ᠎ᠠ ᠪᠠᠷᠢᠯ ᠪᠠ ᠬᠥᠷᠢᠶ᠎ᠠ ᠬᠡᠪᠴᠢᠶ᠎ᠠ ᠶᠢ ᠮᠥᠨ ᠯᠠ ᠳᠡᠬᠡᠭᠰᠢᠯᠡᠬᠦᠯᠬᠦ ᠤᠷᠤᠨ ᠵᠠᠢ ᠲᠠᠢ ᠪᠠᠶᠢᠬᠰᠠᠭᠠᠷ᠃ ᠪᠢᠳᠠ ᠠᠰᠠᠭᠤᠳᠡᠯ ᠢᠶᠠᠨ ᠯᠠᠪᠳᠡᠢ ᠠᠩᠬᠠᠷᠴᠤ᠂ ᠴᠢᠷᠮᠠᠶᠢᠨ ᠰᠢᠢᠳᠪᠤᠷᠢᠯᠡᠵᠤ ᠠᠬᠢᠭᠤᠯᠤᠨ᠎ᠠ᠃ 

    2017 ᠤᠨ ᠳᠤ᠂ ᠪᠥᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ᠂ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠤᠬᠡᠷ᠂ ᠳᠠᠪᠤᠳᠤᠭᠠᠷ᠂ ᠵᠢᠷᠭᠤᠳᠤᠭᠠᠷ ᠪᠥᠬᠦᠳᠠ ᠬᠤᠷᠠᠯ ᠪᠡ ᠰᠢ ᠶᠢᠨ ᠫᠢᠡᠭ ᠶᠠᠷᠤᠩᠬᠡᠢ ᠱᠥᠵᠢ ᠶᠢᠨ ᠰᠢᠷᠢᠰ ᠴᠢᠬᠤᠯᠠ ᠶᠠᠷᠢᠶ᠎ᠠ᠂ ᠥᠪᠤᠷ ᠮᠤᠩᠭᠤᠯ ᠢ ᠰᠢᠠᠵᠢᠯᠠᠨ ᠪᠠᠶᠢᠴᠠᠭᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠥᠠᠵᠠᠬᠡᠢ ᠰᠤᠷᠤᠯᠴᠠᠨ ᠳᠤᠤᠱᠯᠠᠭᠤᠯᠵᠤ᠂ ᠥᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠳᠥᠯᠤᠬᠡᠯᠡᠭᠴᠢᠳ ᠤᠨ ᠬᠤᠷᠠᠯ ᠪᠠ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠯᠠᠪᠳᠠᠭᠤᠨ ᠢᠶᠠᠷ ᠤᠷᠤᠬᠰᠢᠯᠠᠬᠤ ᠠᠵᠢᠯ ᠤᠨ ᠶᠠᠷᠤᠩᠬᠡᠢ ᠬᠥᠭ ᠠᠶᠠᠰ ᠢ ᠴᠢᠩᠭ᠎ᠠ ᠠᠳᠬᠤᠵᠤ᠂ ᠬᠠᠤᠯᠢ ᠪᠠᠷᠢᠵᠤ ᠬᠡᠷᠡᠭ ᠰᠢᠳᠬᠡᠬᠦ ᠪᠠᠷ ᠭᠤᠤᠯ ᠪᠤᠯᠭᠠᠵᠤ᠂ ᠥᠠᠳᠤᠰᠤᠨ ᠬᠠᠤᠯᠢ ᠬᠠᠤᠯᠢ ᠴᠠᠭᠠᠵᠠ ᠠᠴᠠ ᠤᠯᠭᠤᠬᠰᠠᠨ ᠳᠤᠰᠢᠶᠠᠯ ᠬᠠᠷᠢᠭᠤᠴᠠᠯᠭ᠎ᠠ ᠪᠠᠨ ᠥᠨᠠᠠᠴᠢ ᠰᠢᠳᠤᠷᠭᠤ ᠪᠠᠷ ᠬᠥᠢᠴᠡᠳᠬᠡᠵᠤ᠂ ᠰᠠᠬᠢᠨ ᠪᠠᠷᠠᠯᠠᠵᠤ ᠬᠠᠷᠢᠯᠴᠠᠨ ᠳᠤᠰᠯᠠᠯᠴᠠᠵᠤ᠂ ᠪᠥᠯᠬᠦᠮᠳᠠᠨ ᠳᠡᠮᠡᠴᠡᠵᠤ᠂ ᠪᠤᠴᠠᠯᠳᠠ ᠥᠬᠡᠢ ᠤᠷᠤᠬᠰᠢᠯᠠᠨ᠂ ︽ᠨᠢᠬᠡ ᠶᠡᠷᠤᠩᠬᠡᠢ ᠬᠠᠷᠠᠯᠳᠠ︾᠂ ︽ᠬᠤᠶᠠᠷ ᠬᠠᠯᠬᠠᠪᠴᠢ︾᠂ ︽ᠭᠤᠷᠪᠡᠨ ᠵᠤᠷᠪᠤᠰ ᠨᠠᠭᠠᠳᠤ ᠵᠠᠬ᠎ᠠ ᠶᠢᠨ ᠪᠠᠷᠢᠮᠵᠢᠶ᠎ᠠ︾᠂ ︽ᠳᠥᠷᠪᠡᠨ ᠥᠠᠳᠤᠷ ᠪᠠᠶᠢᠬᠤ︾᠂ ︽ᠳᠠᠪᠤᠨ ᠵᠤᠬᠢᠴᠠᠩᠭᠤᠢ ᠪᠠᠶᠢᠬᠤ︾᠂ ︽ᠵᠢᠷᠭᠤᠭᠠᠨ ᠶᠡᠭᠡ ᠰᠠᠭᠤᠷᠢᠨ ᠭᠠᠵᠠᠷ︾᠂ ︽ᠳᠤᠯᠤᠭᠠᠨ ᠳᠤᠤᠷ ᠳᠤᠯᠤᠭᠠᠨ ᠥᠢᠯᠠᠰ ᠳᠤᠯᠤᠭᠠᠨ ᠰᠢᠨ᠎ᠠ︾ ᠶᠢᠨ ᠪᠠᠶᠢᠷᠢᠯᠠᠭᠤᠯᠤᠯᠳᠠ ᠶᠢᠨ ᠱᠠᠭᠠᠷᠳᠡᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠪᠠᠳᠤᠳᠠᠢ ᠳᠥᠯᠬᠢᠨ ᠠᠬᠢᠭᠤᠯᠵᠤ᠂ ᠪᠠᠶᠢᠴᠠᠭᠠᠬᠤ ᠠᠵᠢᠯ ᠤᠨ ᠳᠡᠪᠠᠯᠳᠠᠳᠤ ᠬᠥᠭᠵᠢᠯᠳᠠ ᠶᠢᠨ ᠬᠠᠷᠠᠯᠳᠠ ᠵᠥᠭ ᠡᠷᠡᠯᠬᠡᠭᠯᠡᠨ ᠤᠷᠤᠬᠰᠢᠯᠠᠵᠤ᠂ ᠰᠢᠯᠢᠳᠡᠭ ᠥᠷ᠎ᠠ ᠪᠥᠳᠤᠮᠵᠢ ᠪᠠᠷ ᠥᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠵᠤ᠂ ᠨᠠᠮ ᠤᠨ ᠠᠷᠪᠡᠨ ᠶᠢᠰᠤᠳᠤᠬᠡᠷ ᠶᠡᠭᠡ ᠬᠤᠷᠠᠯ ᠤᠨ ᠠᠮᠵᠢᠯᠳᠡ ᠲᠠᠢ ᠨᠠᠬᠡᠬᠡᠬᠦ ᠶᠢ ᠤᠬᠳᠤᠨ᠎ᠠ᠃ 

    ᠨᠢᠬᠡᠳᠤᠬᠡᠷ ᠲᠤ᠂ ᠵᠥᠪ ᠤᠨᠤᠪᠴᠢᠳᠡᠢ ᠤᠯᠤᠰ ᠳᠥᠷᠤ ᠶᠢᠨ ᠴᠢᠭᠯᠡᠯᠳᠠ ᠶᠢ ᠴᠢᠩᠭ᠎ᠠ ᠠᠳᠬᠤᠵᠤ᠂ ᠠᠵᠤ ᠠᠬᠤᠢ ᠨᠠᠶᠢᠬᠡᠮ ᠤᠨ ᠬᠥᠭᠵᠢᠯᠳᠠ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠤᠷᠴᠢᠨ ᠳᠤᠭᠤᠷᠢᠨ ᠢ ᠪᠤᠢ ᠪᠤᠯᠭᠠᠨ᠎ᠠ᠃ ᠤᠯᠤᠰ ᠳᠥᠷᠤ ᠶᠢᠨ ᠥᠵᠡᠯ ᠤᠬᠠᠮᠰᠠᠷ᠂ ᠪᠥᠬᠦ ᠳᠡᠯ᠎ᠠ ᠶᠢᠨ ᠥᠵᠡᠯ ᠤᠬᠠᠮᠰᠠᠷ᠂ ᠭᠤᠤᠯᠯᠠᠬᠤ ᠥᠵᠡᠯ ᠤᠬᠠᠮᠰᠠᠷ᠂ ᠨᠢᠬᠡᠳᠤᠯᠳᠡᠢ ᠪᠠᠶᠢᠬᠤ ᠥᠵᠡᠯ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠥᠵᠡᠯ ᠰᠠᠨᠠᠭ᠎ᠠ᠂ ᠤᠯᠤᠰ ᠳᠥᠷᠤ᠂ ᠥᠢᠯᠠ ᠠᠵᠢᠯᠯᠠᠭ᠎ᠠ ᠳᠡᠬᠡᠷ᠎ᠡ ᠪᠠᠨ ᠨᠠᠩ ᠰᠠᠨᠠᠭᠠᠴᠢᠯᠠᠭ᠎ᠠ ᠠᠴᠠ ᠪᠠᠨ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠳᠥᠪ ᠬᠤᠷᠢᠶ᠎ᠠ ᠲᠠᠢ ᠳᠡᠬᠡᠳᠤ ᠬᠡᠮᠵᠢᠶ᠎ᠠ ᠪᠠᠷ ᠨᠢᠬᠡᠳᠤᠯᠳᠡᠢ ᠪᠠᠶᠢᠨ᠎ᠠ᠃ ᠪᠥᠬᠦ ᠳᠡᠯ᠎ᠠ ᠪᠠᠷ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠤ᠂ ᠳᠥᠭᠰᠢᠬᠦᠷᠢ ᠶᠢ ᠰᠠᠷᠬᠡᠶᠢᠯᠠᠨ ᠡᠵᠡᠮᠳᠡᠬᠦ᠂ ᠬᠥᠭᠵᠢᠯᠳᠠ ᠳᠤ ᠥᠢᠯᠡᠴᠢᠯᠡᠬᠦ ᠶᠢ ᠨᠠᠩ ᠳᠤᠪᠤᠶᠢᠮ᠎ᠠ ᠪᠠᠶᠢᠷᠢᠨ ᠳᠤ ᠳᠡᠯᠪᠢᠵᠤ᠂ ᠶᠠᠯᠠᠳᠤ ᠬᠡᠷᠡᠭ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠬᠦ᠂ ᠬᠠᠤᠯᠢ ᠵᠥᠷᠢᠴᠡᠯᠳᠠ ᠳᠤ ᠬᠢᠨᠠᠯᠳᠠ ᠳᠡᠯᠪᠢᠨ ᠵᠠᠯᠠᠷᠠᠭᠤᠯᠬᠤ᠂ ᠳᠥᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠴᠢᠳᠠᠪᠤᠷᠢ ᠶᠢᠨ ᠬᠢᠷᠢ ᠳᠥᠪᠰᠢᠨ ᠢᠶᠠᠨ ᠳᠠᠰᠤᠷᠠᠯᠳᠠ ᠥᠬᠡᠢ ᠳᠡᠬᠡᠭᠰᠢᠯᠡᠬᠦᠯᠤᠨ᠎ᠠ᠃ 

    ᠬᠤᠶᠠᠳᠤᠭᠠᠷ ᠲᠤ᠂ ︽ᠭᠤᠷᠪᠡᠨ ᠵᠤᠷᠪᠤᠰ ᠨᠠᠭᠠᠳᠤ ᠵᠠᠬ᠎ᠠ ᠶᠢᠨ ᠪᠠᠷᠢᠮᠵᠢᠶ᠎ᠠ︾ ᠶᠢ ᠪᠠᠳᠤ ᠰᠠᠬᠢᠨ᠂ ᠡᠩᠬᠡ ᠳᠠᠶᠢᠪᠤᠡᠭ ᠥᠪᠤᠷ ᠮᠤᠩᠭᠤᠯ᠂ ᠬᠠᠤᠯᠢ ᠪᠠᠷ ᠵᠠᠰᠠᠬᠤ ᠥᠪᠤᠷ ᠮᠤᠩᠭᠤᠯ ᠤᠨ ᠪᠦᠳᠤᠬᠡᠨ ᠪᠠᠶᠢᠭᠤᠯᠤᠯᠳᠠ ᠶᠢ ᠢᠳᠡᠪᠬᠢᠳᠡᠢ ᠳᠥᠯᠬᠢᠨ ᠠᠬᠢᠭᠤᠯᠤᠨ᠎ᠠ᠃ ᠬᠥᠭᠵᠢᠯᠳᠠ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠳᠤ ᠰᠠᠬᠢᠨ᠂ ᠡᠯ᠎ᠠ ᠵᠥᠢᠯ ᠤᠨ ᠬᠥᠠᠳᠤ ᠨᠤᠴᠢᠳᠡᠢ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠬᠥᠴᠤᠳᠡᠢ ᠴᠤᠬᠢᠯᠳᠠ ᠥᠭᠴᠤ᠂ ᠤᠯᠤᠰ ᠤᠨ ᠤᠯᠤᠰ ᠳᠥᠷᠤ ᠶᠢᠨ ᠠᠮᠤᠷ ᠳᠥᠪᠰᠢᠨ ᠪᠠ ᠵᠠᠰᠠᠭ ᠤᠨ ᠡᠷᠬᠡ ᠶᠢᠨ ᠠᠮᠤᠷ ᠳᠥᠪᠰᠢᠨ ᠢ ᠡᠷᠡᠰ ᠬᠠᠮᠠᠭᠠᠯᠠᠨ᠂ ᠨᠠᠶᠢᠬᠡᠮ ᠤᠨ ᠡᠶ᠎ᠡ ᠵᠤᠬᠢᠴᠡᠯ ᠳᠤᠬᠳᠠᠭᠤᠨ ᠢ ᠬᠠᠮᠠᠭᠠᠯᠠᠵᠤ᠂ ᠬᠠᠨᠭ᠍ᠭᠠᠯᠭ᠎ᠠ ᠶᠢᠨ ᠳᠡᠯ᠎ᠠ ᠶᠢᠨ ᠪᠥᠳᠤᠴᠠ ᠶᠢᠨ ᠴᠢᠨᠠᠷᠳᠡᠢ ᠥᠬᠡᠷᠡᠴᠢᠯᠠᠯᠳᠠ᠂ ᠠᠵᠤ ᠠᠬᠤᠢ ᠶᠢᠨ ᠬᠡᠯᠪᠠᠷᠢ ᠪᠠᠨ ᠬᠤᠪᠢᠷᠠᠭᠤᠯᠤᠨ ᠳᠠᠰ ᠳᠡᠪᠰᠢᠬᠦ ᠵᠠᠷᠬᠡ ᠴᠢᠬᠤᠯᠠ ᠶᠡᠭᠡ ᠰᠢᠢᠳᠪᠤᠷᠢᠳᠤ ᠪᠠᠶᠢᠷᠢᠯᠠᠭᠤᠯᠤᠯᠳᠠ ᠶᠢ ᠪᠠᠳᠤᠯᠠᠬᠤ ᠳᠤ ᠥᠢᠯᠡᠴᠢᠯᠡᠨ᠎ᠠ᠃ ᠠᠮᠢ ᠠᠬᠤᠢ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠳᠤ ᠰᠠᠬᠢᠨ᠂ ᠮᠠᠨ ᠤ ᠤᠯᠤᠰ ᠤᠨ ᠤᠮᠠᠷᠠᠳᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠳᠥᠪᠰᠢᠨ ᠤ ᠬᠠᠯᠬᠠᠪᠴᠢ ᠶᠢ ᠪᠠᠶᠢᠭᠤᠯᠤᠨ ᠪᠠᠳᠤᠳᠬᠠᠬᠤ ᠳᠤ ᠬᠥᠴᠤᠳᠡᠢ ᠬᠠᠤᠯᠢ ᠴᠠᠭᠠᠵᠠ ᠶᠢᠨ ᠪᠠᠳᠤᠯᠠᠭ᠎ᠠ ᠬᠠᠨᠭ᠍ᠭᠠᠨ᠎ᠠ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠳᠤ ᠰᠠᠬᠢᠨ᠂ ᠠᠷᠠᠳ ᠤᠨ ᠠᠮᠢᠳᠤᠷᠠᠯ ᠤᠨ ᠬᠥᠷᠢᠶᠠᠨ ᠳᠠᠬᠢ ᠳᠤᠰᠢᠶᠠᠯ ᠤᠨ ᠶᠠᠯᠠᠳᠤ ᠬᠡᠷᠡᠭ ᠢ ᠳᠥᠪ ᠴᠢᠩᠭ᠎ᠠ ᠪᠠᠷ ᠪᠠᠶᠢᠴᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠵᠤ᠂ ᠠᠷᠠᠳ ᠤᠨ ᠠᠮᠢᠳᠤᠷᠠᠯ ᠳᠤ ᠥᠢᠯᠡᠴᠢᠯᠠᠨ᠂ ᠢᠷᠬᠡᠨ ᠤ ᠡᠷᠬᠡ ᠶᠢ ᠬᠠᠮᠠᠭᠠᠯᠠᠵᠤ᠂ ᠠᠷᠠᠳ ᠢᠷᠬᠡᠨ ᠤ ᠠᠰᠢᠭ ᠳᠤᠰᠠ ᠶᠢ ᠨᠠᠶᠢᠳᠠᠪᠤᠷᠢᠵᠢᠭᠤᠯᠤᠨ᠎ᠠ᠃ 

    ᠭᠤᠷᠪᠠᠳᠤᠭᠠᠷ ᠲᠤ᠂ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠬᠦ ᠶᠢ ᠥᠴᠤᠬᠡᠨ ᠴᠤ ᠰᠤᠯᠠᠷᠠᠭᠤᠯᠤᠯ ᠥᠬᠡᠢ ᠠᠳᠬᠤᠵᠤ᠂ ᠢᠯᠵᠠᠷᠠᠯ ᠢ ᠵᠠᠯᠬᠠᠭᠠᠨ ᠰᠢᠳᠬᠡᠬᠦ ᠥᠠᠳᠤᠷ ᠳᠠᠷᠤᠯᠳᠠᠳᠤ ᠪᠠᠶᠢᠳᠡᠯ ᠢ ᠥᠷᠬᠦᠯᠵᠢᠯᠠᠨ ᠪᠠᠷᠢᠮᠳᠠᠯᠠᠨ᠎ᠠ᠃ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠥᠬᠡᠷᠡᠴᠢᠯᠠᠯᠳᠠ ᠶᠢᠨ ᠴᠢᠬᠤᠯᠠ ᠶᠡᠭᠡ ᠠᠴᠢ ᠬᠤᠯᠪᠤᠬᠳᠡᠯ ᠢ ᠬᠥᠠᠵᠡᠬᠡᠢ ᠳᠠᠨᠢᠵᠤ᠂ ᠨᠠᠮ ᠤᠨ ᠳᠥᠪ ᠬᠤᠷᠢᠶᠠᠨ ᠤ ᠰᠢᠢᠳᠪᠤᠷᠢᠳᠤ ᠪᠠᠶᠢᠷᠢᠯᠠᠭᠤᠯᠤᠯᠳᠠ ᠶᠢ ᠪᠥᠬᠦ ᠳᠡᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠳᠡᠯ᠎ᠠ ᠶᠢᠨ ᠥᠵᠡᠯ ᠤᠬᠠᠮᠰᠠᠷ ᠢᠶᠠᠨ ᠥᠨᠠᠠᠬᠦ ᠴᠢᠩᠭᠠᠳᠬᠠᠨ᠎ᠠ᠃ ᠮᠠᠨ ᠤ ᠤᠷᠤᠨ ᠨᠢ ᠳᠤᠷᠰᠢᠯᠳᠠ ᠶᠢᠨ ᠴᠢᠬ ᠤᠨ ᠪᠤᠰᠤ ᠤᠷᠤᠨ ᠪᠤᠯᠤᠬᠰᠠᠨ ᠤ ᠬᠤᠪᠢ ᠳᠤ ᠥᠵᠡᠯ ᠰᠠᠨᠠᠭ᠎ᠠ ᠪᠠᠨ ᠪᠠᠳᠤ ᠪᠠᠶᠢᠯᠭᠠᠨ᠂ ᠠᠵᠢᠯ ᠢᠶᠠᠨ ᠥᠷᠬᠦᠯᠵᠢᠯᠡᠬᠦᠯᠬᠦ ᠶᠢ ᠪᠠᠷᠢᠮᠳᠠᠯᠠᠨ᠂ ᠳᠤᠰᠢᠶᠠᠯ ᠤᠨ ᠶᠠᠯᠠᠳᠤ ᠬᠡᠷᠡᠭ ᠢ ᠵᠠᠯᠬᠠᠭᠠᠨ ᠰᠢᠳᠬᠡᠬᠦ ᠬᠥᠴᠤᠯᠠᠴᠠ ᠪᠠᠨ ᠤᠬᠳᠤ ᠰᠤᠯᠠᠷᠠᠭᠤᠯᠬᠤ ᠥᠬᠡᠢ᠂ ᠥᠴᠤᠬᠡᠨ ᠴᠤ ᠢᠯᠳᠠᠷ ᠬᠠᠶᠠᠬᠤ ᠥᠬᠡᠢ ᠤᠪᠤᠷ ᠢᠶᠠᠨ ᠤᠬᠳᠤ ᠬᠤᠪᠢᠷᠠᠭᠤᠯᠬᠤ ᠥᠬᠡᠢ ᠪᠠᠶᠢᠬᠤ ᠶᠢ ᠪᠠᠷᠢᠮᠳᠠᠯᠠᠨ᠂ ᠠᠵᠢᠯ ᠤᠨ ᠬᠥᠴᠤᠯᠠᠴᠠ ᠪᠠᠨ ᠥᠷᠬᠦᠯᠵᠢᠯᠠᠨ ᠴᠢᠩᠭᠠᠷᠠᠭᠤᠯᠵᠤ᠂ ᠠᠵᠢᠯ ᠤᠨ ᠶᠠᠰᠤ ᠴᠢᠨᠠᠷ ᠪᠠ ᠥᠷ᠎ᠠ ᠪᠥᠳᠤᠮᠵᠢ ᠪᠠᠨ ᠳᠠᠰᠤᠷᠠᠯᠳᠠ ᠥᠬᠡᠢ ᠳᠡᠬᠡᠭᠰᠢᠯᠡᠬᠦᠯᠤᠨ᠂ ᠤᠯᠤᠰ ᠤᠨ ᠪᠠᠶᠢᠴᠠᠭᠠᠬᠤ ᠪᠠᠶᠢᠭᠤᠯᠤᠯ ᠤᠨ ᠥᠬᠡᠷᠡᠴᠢᠯᠠᠯᠳᠠ ᠠᠴᠠ ᠪᠤᠯᠵᠤ ᠳᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠬᠡᠬᠦ ᠪᠠ ᠤᠷᠢᠳᠴᠢᠯᠠᠨ ᠰᠠᠷᠬᠡᠶᠢᠯᠡᠬᠦ ᠠᠵᠢᠯ ᠢᠶᠠᠨ ᠤᠬᠳᠤ ᠰᠤᠯᠠᠷᠠᠭᠤᠯᠬᠤ ᠥᠬᠡᠢ᠃ ᠳᠤᠷᠰᠢᠯᠳᠠ ᠶᠢᠨ ᠴᠢᠬ ᠤᠨ ᠭᠠᠵᠠᠷ ᠤᠷᠤᠨ ᠤ ᠥᠬᠡᠷᠡᠴᠢᠯᠠᠯᠳᠠ ᠶᠢ ᠠᠩᠬᠠᠷᠴᠤ᠂ ᠠᠵᠢᠯ ᠢᠶᠠᠨ ᠵᠤᠯᠭᠠᠭᠤᠯᠬᠤ ᠠᠰᠠᠭᠤᠳᠡᠯ ᠢ ᠡᠷᠳᠠ ᠠᠴᠠ ᠰᠥᠪᠡᠭᠴᠢᠯᠡᠨ᠂ ᠥᠬᠡᠷᠡᠴᠢᠯᠠᠯᠳᠠ ᠶᠢ ᠠᠬᠢᠭᠤᠯᠬᠤ ᠬᠠᠮ ᠬᠥᠴᠤᠨ ᠢ ᠪᠤᠢ ᠪᠤᠯᠭᠠᠨ᠎ᠠ᠃ 

    ᠳᠥᠷᠪᠡᠳᠤᠬᠡᠷ ᠲᠤ᠂ ᠬᠠᠤᠯᠢ ᠪᠠᠷ ᠵᠠᠰᠠᠬᠤ ᠠᠮᠢ ᠨᠠᠰᠤᠨ ᠤ ᠱᠤᠭᠤᠮ ᠢ ᠪᠠᠳᠤ ᠰᠠᠬᠢᠨ᠂ ᠵᠠᠷᠭᠤ ᠶᠢᠨ ᠠᠵᠢᠯᠯᠠᠭ᠎ᠠ ᠳᠤ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠶᠢ ᠥᠷᠬᠦᠯᠵᠢᠯᠠᠨ ᠴᠢᠩᠭᠠᠳᠬᠠᠨ᠎ᠠ᠃ ᠰᠢᠬᠦᠨ ᠳᠠᠰᠤᠯᠬᠤ ᠪᠠᠷ ᠭᠤᠤᠯ ᠪᠤᠯᠭᠠᠬᠰᠠᠨ ᠡᠷᠡᠬᠦᠤ ᠶᠢᠨ ᠵᠠᠷᠭᠤ ᠶᠢᠨ ᠳᠥᠷᠢᠮ ᠤᠨ ᠥᠬᠡᠷᠡᠴᠢᠯᠠᠯᠳᠠ ᠶᠢᠨ ᠱᠠᠭᠠᠷᠳᠡᠯᠭ᠎ᠠ ᠶᠢ ᠬᠥᠠᠵᠡᠬᠡᠢ ᠳᠤᠤᠱᠠᠯᠠᠭᠤᠯᠤᠨ ᠨᠠᠶᠢᠳᠠᠪᠤᠷᠢᠵᠢᠭᠤᠯᠵᠤ᠂ ᠡᠷᠡᠬᠦᠤ ᠶᠢᠨ ᠬᠡᠷᠡᠭ᠂ ᠢᠷᠬᠡᠨ ᠤ ᠬᠡᠷᠡᠭ᠂ ᠵᠠᠰᠠᠭ ᠵᠠᠬᠢᠷᠭᠠᠨ ᠤ ᠵᠠᠷᠭᠤ ᠶᠢᠨ ᠠᠵᠢᠯᠯᠠᠭ᠎ᠠ ᠪᠠ ᠡᠷᠡᠬᠦᠤ ᠶᠢᠨ ᠬᠡᠷᠡᠭ ᠤᠨ ᠬᠥᠢᠴᠡᠳᠬᠡᠯᠳᠠ᠂ ᠢᠷᠬᠡᠨ ᠤ ᠬᠡᠷᠡᠭ ᠤᠨ ᠬᠥᠢᠴᠡᠳᠬᠡᠯᠳᠠ ᠶᠢᠨ ᠬᠠᠤᠯᠢ ᠴᠠᠭᠠᠵᠠ ᠶᠢᠨ ᠬᠢᠨᠠᠯᠳᠠ ᠳᠡᠯᠪᠢᠬᠤ ᠪᠠᠨ ᠥᠷᠬᠦᠯᠵᠢᠯᠠᠨ ᠴᠢᠩᠭᠠᠳᠬᠠᠵᠤ᠂ ᠬᠠᠤᠯᠢ ᠬᠡᠷᠡᠭᠵᠢᠬᠦᠯᠥᠯᠳᠠ ᠬᠠᠤᠯᠢ ᠪᠠᠷᠢᠯᠳᠠ ᠶᠢᠨ ᠡᠰᠡ ᠥᠢᠯᠡᠳᠬᠦᠢ ᠪᠠ ᠳᠤᠷ᠎ᠠ ᠪᠠᠷ ᠥᠢᠯᠡᠳᠬᠦᠢ ᠠᠰᠠᠭᠤᠳᠡᠯ ᠳᠤ ᠬᠢᠨᠠᠯᠳᠠ ᠳᠡᠯᠪᠢᠬᠤ ᠪᠠᠨ ᠴᠢᠩᠭᠠᠳᠬᠠᠨ᠂ ᠡᠷᠡᠬᠦᠳᠠᠨ ᠥᠴᠢᠭᠯᠡᠬᠦᠯᠬᠦ᠂ ᠬᠠᠤᠯᠢ ᠪᠤᠰᠤ ᠪᠠᠷ ᠬᠡᠷᠡᠴᠢ ᠠᠪᠬᠤ ᠳᠤ ᠬᠢᠨᠠᠯᠳᠠ ᠳᠡᠯᠪᠢᠨ ᠵᠠᠯᠠᠷᠠᠭᠤᠯᠬᠤ ᠪᠠ ᠡᠬᠢ ᠡᠬᠦᠰᠤᠯ ᠠᠴᠠ ᠨᠢ ᠤᠷᠢᠳᠴᠢᠯᠠᠨ ᠰᠠᠷᠬᠡᠶᠢᠯᠡᠬᠦ ᠶᠢ ᠴᠢᠩᠭᠠᠳᠬᠠᠨ᠂ ᠬᠠᠤᠯᠢ ᠪᠠᠷᠢᠯᠳᠠ ᠶᠢᠨ ᠳᠥᠪ ᠭᠤᠤᠯᠴᠢ ᠶᠢ ᠨᠠᠩ ᠰᠠᠶᠢᠨ ᠢᠶᠠᠷ ᠬᠠᠮᠠᠭᠠᠯᠠᠨ᠎ᠠ᠃ 

    ᠳᠠᠪᠤᠳᠤᠭᠠᠷ ᠲᠤ᠂ ᠪᠠᠶᠢᠴᠠᠭᠠᠬᠤ ᠬᠢᠨᠠᠯᠳᠠ ᠳᠡᠯᠪᠢᠬᠤ ᠳᠤᠬᠳᠠᠯᠴᠠᠭ᠎ᠠ ᠶᠢ ᠳᠡᠬᠦᠯᠳᠠᠷᠵᠢᠬᠦᠯᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠪᠠᠶᠢᠴᠠᠭᠠᠬᠤ ᠬᠢᠨᠠᠯᠳᠠ ᠳᠡᠯᠪᠢᠬᠤ ᠪᠠᠨ ᠴᠢᠩᠭᠠᠷᠠᠭᠤᠯᠤᠨ᠎ᠠ᠃ ᠳᠥᠪ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠨᠢᠬᠡᠳᠤᠯᠳᠡᠢ ᠪᠠᠶᠢᠷᠢᠯᠠᠭᠤᠯᠤᠯᠳᠠ ᠶᠤᠰᠤᠭᠠᠷ᠂ ᠪᠠᠶᠢᠴᠠᠭᠠᠬᠤ ᠪᠠᠶᠢᠭᠤᠯᠭ᠎ᠠ ᠶᠢᠨ ᠡᠬᠦᠷᠬᠡ ᠬᠠᠷᠢᠭᠤᠴᠠᠯᠭ᠎ᠠ ᠪᠠᠨ ᠬᠥᠢᠴᠡᠳᠬᠡᠬᠦ ᠶᠠᠪᠤᠴᠠ ᠳᠤᠮᠳᠠ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠡᠷᠬᠡ ᠳᠤᠰᠢᠶᠠᠯ ᠢᠶᠠᠨ ᠬᠠᠤᠯᠢ ᠪᠤᠰᠤ ᠪᠠᠷ ᠬᠡᠷᠡᠭᠵᠢᠬᠦᠯᠵᠤ ᠪᠠᠶᠢᠬᠤ ᠪᠤᠶᠤ ᠡᠷᠬᠡ ᠳᠤᠰᠢᠶᠠᠯ ᠢᠶᠠᠨ ᠥᠯᠤ ᠬᠡᠷᠡᠭᠵᠢᠬᠦᠯᠬᠦ ᠥᠢᠯᠠ ᠠᠵᠢᠯᠯᠠᠭ᠎ᠠ ᠶᠢ ᠢᠯᠡᠷᠡᠬᠦᠯᠤᠨ ᠰᠢᠪᠠᠳᠠᠨ ᠵᠠᠯᠠᠷᠠᠭᠤᠯᠬᠤ ᠳᠤᠬᠳᠠᠴᠠ ᠶᠢ ᠰᠥᠪᠡᠭᠴᠢᠯᠡᠨ ᠪᠠᠶᠢᠭᠤᠯᠵᠤ᠂ ᠠᠷᠠᠳ ᠢᠷᠬᠡᠨ ᠤ ᠪᠡᠶ᠎ᠠ ᠮᠠᠬᠠᠪᠤᠳ᠂ ᠡᠳ᠋ ᠬᠥᠷᠤᠩᠬᠡ ᠶᠢᠨ ᠡᠷᠬᠡ ᠠᠰᠢᠭ ᠲᠤ ᠬᠤᠯᠪᠤᠬᠳᠠᠬᠰᠠᠨ ᠵᠠᠰᠠᠬ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠳᠤ ᠬᠢᠨᠠᠯᠳᠠ ᠳᠡᠯᠪᠢᠬᠤ ᠪᠠᠨ ᠳᠡᠬᠦᠯᠳᠡᠷᠵᠢᠬᠦᠯᠵᠤ᠂ ᠪᠠᠶᠢᠴᠠᠭᠠᠬᠤ ᠪᠠᠶᠢᠭᠤᠯᠭ᠎ᠠ ᠶᠢᠨ ᠨᠠᠶᠢᠳᠠ ᠶᠢᠨ ᠠᠰᠢᠬᠳᠤ ᠵᠠᠷᠭᠤ ᠬᠢᠬᠦ ᠳᠤᠷᠰᠢᠯᠳᠠ ᠶᠢᠨ ᠴᠢᠬ ᠤᠨ ᠠᠵᠢᠯ ᠢ ᠬᠥᠠᠵᠡᠬᠡᠶᠢᠷᠡᠬᠦᠯᠤᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠥᠢᠯᠠ ᠠᠵᠢᠯᠯᠠᠭ᠎ᠠ ᠳᠤ ᠬᠢᠨᠠᠯᠳᠠ ᠳᠡᠯᠪᠢᠬᠤ ᠪᠠᠨ ᠴᠢᠩᠭᠠᠳᠬᠠᠵᠤ᠂ ᠪᠠᠶᠢᠴᠠᠭᠠᠬᠤ ᠪᠠᠶᠢᠭᠤᠯᠭ᠎ᠠ ᠶᠢᠨ ᠪᠥᠬᠦ ᠳᠡᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠳᠤᠮᠳᠠᠬᠢ ᠤᠠᠴᠠᠭᠠᠢ ᠬᠠᠷᠢᠭᠤᠴᠠᠯᠭ᠎ᠠ ᠶᠢ ᠪᠥᠬᠦ ᠳᠡᠯ᠎ᠠ ᠪᠠᠷ ᠡᠬᠦᠷᠬᠡᠯᠡᠨ᠎ᠠ᠃ 

    ᠵᠢᠷᠭᠤᠳᠤᠭᠠᠷ ᠲᠤ᠂ ᠬᠠᠤᠯᠢ ᠪᠠᠷᠢᠬᠤ ᠪᠠᠶᠢᠭᠤᠯᠤᠯ ᠤᠨ ᠥᠬᠡᠷᠡᠴᠢᠯᠠᠯᠳᠠ ᠶᠢ ᠬᠥᠠᠵᠡᠬᠡᠶᠢᠷᠡᠬᠦᠯᠵᠤ᠂ ᠠᠵᠢᠯ ᠤᠨ ᠰᠢᠨᠡᠴᠢᠯᠡᠨ ᠬᠥᠭᠵᠢᠬᠦ ᠶᠢ ᠠᠬᠢᠭᠤᠯᠤᠨ᠎ᠠ᠃ ᠬᠠᠤᠯᠢ ᠪᠠᠷᠢᠬᠤ ᠬᠠᠷᠢᠭᠤᠴᠠᠯᠭ᠎ᠠ ᠶᠢᠨ ᠳᠥᠷᠢᠮ ᠢᠶᠠᠷ ᠭᠤᠤᠯᠯᠠᠭᠤᠯᠤᠬᠰᠠᠨ ᠳᠥᠪ ᠤᠨ ᠳᠥᠷᠪᠡᠨ ᠵᠥᠢᠯ ᠤᠨ ᠬᠠᠤᠯᠢ ᠪᠠᠷᠢᠬᠤ ᠪᠠᠶᠢᠭᠤᠯᠤᠯ ᠤᠨ ᠥᠬᠡᠷᠡᠴᠢᠯᠠᠯᠳᠠ ᠶᠢ ᠥᠷᠬᠦᠯᠵᠢᠯᠠᠨ ᠬᠥᠠᠵᠠᠬᠡᠢ ᠠᠬᠢᠭᠤᠯᠵᠤ᠂ ᠢᠵᠢ ᠪᠥᠷᠢᠳᠥᠬᠦᠯᠥᠭᠰᠡᠨ ᠳᠥᠷᠢᠮ ᠤᠨ ᠠᠷᠭ᠎ᠠ ᠬᠡᠮᠵᠢᠶ᠎ᠠ ᠶᠢ ᠪᠠᠶᠢᠭᠤᠯᠤᠨ ᠳᠡᠬᠦᠯᠳᠡᠷᠵᠢᠬᠦᠯᠵᠤ᠂ ᠬᠠᠳᠠᠭᠠᠰᠤᠨ ᠤ ᠵᠤᠷᠢᠭ ᠰᠠᠨᠠᠭ᠎ᠠ ᠪᠠᠷ ᠥᠬᠡᠷᠡᠴᠢᠯᠠᠯᠳᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠤ ᠥᠷ᠎ᠠ ᠪᠥᠳᠤᠮᠵᠢ ᠤᠯᠬᠤ ᠶᠢ ᠠᠬᠢᠭᠤᠯᠤᠨ᠎ᠠ᠃ ︽ᠬᠤᠶᠠᠷ ᠠᠵᠢᠯᠯᠠᠭ᠎ᠠ᠂ ᠳᠥᠷᠪᠡᠨ ᠳᠤᠬᠳᠠᠴᠠ︾ ᠶᠢ ᠳᠡᠬᠦᠯᠳᠡᠷᠵᠢᠬᠦᠯᠵᠤ᠂ ᠳᠥᠷᠢᠮᠵᠢᠬᠦᠯᠤᠯᠳᠠ ᠶᠢᠨ ᠪᠠᠶᠢᠭᠤᠯᠤᠯᠳᠠ ᠪᠠ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢᠨ ᠠᠵᠢᠯᠯᠠᠭ᠎ᠠ ᠶᠢ ᠬᠥᠠᠵᠠᠬᠡᠶᠢᠷᠡᠬᠦᠯᠵᠤ᠂ ᠬᠠᠤᠯᠢ ᠪᠠᠷᠢᠬᠤ ᠴᠢᠳᠠᠪᠤᠷᠢ ᠶᠢ ᠬᠢᠵᠠᠭᠠᠷᠯᠠᠵᠤ ᠪᠠᠶᠢᠭ᠎ᠠ᠂ ᠬᠠᠤᠯᠢ ᠪᠠᠷᠢᠯᠳᠠ ᠶᠢᠨ ᠨᠠᠶᠢᠳᠠ ᠤᠯᠠᠨ ᠤ ᠢᠳᠡᠬᠡᠮᠵᠢᠯᠠᠯ ᠤᠨ ᠬᠥᠴᠤᠨ ᠢ ᠨᠥᠯᠤᠬᠡᠯᠡᠵᠤ ᠪᠠᠶᠢᠭ᠎ᠠ ᠬᠥᠨ ᠳᠡᠪᠬᠤᠷᠭ᠎ᠠ ᠶᠢᠨ ᠠᠰᠠᠭᠤᠳᠡᠯ ᠢ ᠰᠢᠢᠳᠪᠤᠷᠢᠯᠡᠬᠦ ᠳᠡᠬᠡᠷ᠎ᠠ ᠰᠢᠨ᠎ᠠ ᠰᠢᠪᠳᠤᠯᠤᠯᠳᠠ ᠶᠢ ᠭᠠᠷᠭᠠᠨ᠎ᠠ᠃ 

    ᠳᠤᠯᠤᠳᠤᠭᠠᠷ ᠲᠤ᠂ ᠪᠠᠶᠢᠴᠠᠭᠠᠬᠤ ᠶᠢ ᠪᠥᠬᠦ ᠳᠡᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠥᠬᠡᠢ ᠠᠬᠢᠭᠤᠯᠵᠤ᠂ ᠴᠠᠭᠠᠷᠠᠵᠤ ᠬᠠᠳᠠᠭᠤᠵᠢᠬᠰᠠᠨ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ᠰᠢᠨ᠎ᠠ ᠪᠠᠶᠢᠳᠡᠯ ᠳᠤᠤᠷᠠᠬᠢ ᠨᠠᠮ ᠤᠨ ᠳᠤᠳᠤᠭᠠᠳᠤᠬᠢ ᠤᠯᠤᠰ ᠳᠥᠷᠤ ᠶᠢᠨ ᠠᠮᠢᠳᠤᠷᠠᠯ ᠤᠨ ᠳᠥᠷᠢᠮ ᠪᠠ ᠨᠠᠮ ᠤᠨ ᠳᠤᠳᠤᠭᠠᠳᠤᠬᠢ ᠬᠢᠨᠠᠯᠳᠠ ᠳᠡᠯᠪᠢᠬᠤ ᠳᠥᠷᠢᠮ ᠢ ᠴᠢᠩᠭ᠎ᠠ ᠬᠡᠷᠡᠭᠵᠢᠬᠦᠯᠵᠤ᠂ ︽ᠬᠤᠶᠠᠷ ᠢ ᠰᠤᠷᠤᠯᠴᠠᠵᠤ᠂ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠤᠵᠢᠯ ᠢ ᠬᠥᠠᠵᠡᠬᠡᠶᠢᠷᠡᠬᠦᠯᠤᠨ᠎ᠠ᠃ ᠫᠠᠨ ᡁᠢ ᠷᠦᠡᠭ ᠨᠥᠬᠦᠷ ᠠᠴᠠ ᠰᠤᠷᠤᠯᠴᠠᠬᠤ ᠠᠵᠢᠯᠯᠠᠭ᠎ᠠ ᠶᠢ ᠬᠥᠠᠵᠡᠬᠡᠢ ᠥᠷᠨᠢᠬᠦᠯᠤᠨ᠎ᠠ᠃ ᠪᠤᠯᠪᠠᠰᠤᠷᠠᠯ ᠬᠥᠷᠳᠡᠬᠡᠨ ᠪᠤᠳᠠᠳᠤ ᠥᠢᠯᠡᠳᠤᠯᠬᠡ ᠳᠤ ᠤᠷᠤᠯᠴᠠᠭᠤᠯᠬᠤ ᠪᠠᠨ ᠴᠢᠩᠭᠠᠳᠬᠠᠨ᠂ ᠪᠠᠶᠢᠴᠠᠭᠠᠬᠤ ᠡᠩᠨᠡᠭᠡ ᠶᠢᠨ ᠳᠤᠬᠠᠢᠢᠯᠠᠬᠰᠠᠨ ᠠᠵᠢᠯ ᠤᠨ ᠪᠤᠯᠪᠠᠰᠤᠷᠠᠯ ᠪᠠ ᠳᠤᠰᠬᠠᠢ ᠮᠡᠷᠬᠡᠵᠢᠯ ᠤᠨ ᠬᠢᠷᠢ ᠳᠥᠪᠰᠢᠨ ᠢ ᠳᠡᠬᠡᠭᠰᠢᠯᠡᠬᠦᠯᠤᠨ᠎ᠠ᠃ ᠳᠤᠳᠤᠭᠠᠳᠤ ᠭᠠᠳᠠᠭᠠᠳᠤ ᠶᠢᠨ ᠬᠢᠨᠠᠯᠳᠠ ᠳᠡᠯᠪᠢᠨ ᠨᠥᠬᠦᠴᠡᠯᠳᠤᠬᠦ ᠳᠤᠬᠳᠠᠴᠠ ᠶᠢ ᠪᠥᠷᠢᠠᠰᠢᠬᠦᠯᠤᠨ᠂ ᠰᠠᠬᠢᠯᠭ᠎ᠠ ᠪᠠᠳᠤ ᠤᠪᠤᠷ ᠰᠤᠷᠳᠡᠯ ᠤᠨ ᠪᠠᠶᠢᠭᠤᠯᠤᠯᠳᠠ ᠪᠠᠨ ᠴᠢᠩᠭᠠᠳᠬᠠᠨ᠂ ᠳᠥᠪ ᠴᠢᠩᠭ᠎ᠠ ᠳᠥᠷᠢᠮᠵᠢᠬᠦᠨ ᠳᠥᠪ ᠭᠤᠤᠯᠴᠢ ᠪᠤᠯᠪᠠᠰᠤᠨ ᠬᠠᠤᠯᠢ ᠪᠠᠷᠢᠬᠤ ᠬᠢᠷᠢ ᠳᠥᠪᠰᠢᠨ ᠢ ᠳᠡᠬᠡᠭᠰᠢᠯᠡᠬᠦᠯᠤᠨ᠎ᠠ᠃ 

    ᠳᠥᠯᠤᠬᠡᠯᠡᠭᠴᠢᠳ ᠡ᠂ ᠮᠠᠨ ᠤ ᠤᠷᠤᠨ ᠶᠠᠭ ᠳᠡᠪᠠᠯᠳᠠᠳᠤ ᠬᠥᠭᠵᠢᠯᠳᠠ ᠶᠢᠨ ᠰᠢᠨ᠎ᠠ ᠵᠠᠮ ᠳᠤ ᠤᠷᠤᠰᠢᠵᠤ᠂ ᠪᠠᠶᠢᠴᠠᠭᠠᠬᠤ ᠠᠵᠢᠯ ᠬᠥᠭᠵᠢᠯᠳᠠ ᠶᠢᠨ ᠰᠢᠨ᠎ᠠ ᠠᠵᠠ ᠳᠤᠬᠢᠶᠠᠯ ᠳᠤ ᠨᠢᠭᠤᠷᠯᠠᠵᠤ ᠪᠠᠶᠢᠨ᠎ᠠ᠂ ᠰᠢᠨ᠎ᠠ ᠨᠢᠬᠡᠨ ᠵᠢᠯ ᠳᠤ᠂ ᠪᠢᠳᠠ ᠥᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠳᠡᠬᠡᠳᠤ ᠪᠠᠶᠢᠴᠠᠭᠠᠬᠤ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠳᠤᠰ ᠤᠳᠠᠭᠠᠨ ᠤ ᠶᠡᠭᠡ ᠬᠤᠷᠠᠯ ᠤᠨ ᠰᠢᠢᠳᠪᠤᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠡᠬᠦᠷᠬᠡ ᠳᠤᠰᠢᠶᠠᠯ ᠢᠶᠠᠨ ᠬᠢᠴᠢᠶᠡᠩᠬᠦ᠋ᠯᠡᠨ ᠬᠥᠢᠴᠡᠳᠬᠡᠵᠤ᠂ ᠥᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠤᠬ ᠰᠠᠨᠠᠭ᠎ᠠ ᠪᠠᠨ ᠮᠡᠷᠳᠡᠯ ᠥᠬᠡᠢ᠂ ᠥᠷᠬᠦᠯᠵᠢᠯᠠᠨ ᠤᠷᠤᠬᠰᠢᠯᠠᠵᠤ᠂ ᠮᠠᠨ ᠤ ᠤᠷᠤᠨ ᠤ ᠪᠠᠶᠢᠴᠠᠭᠠᠬᠤ ᠠᠵᠢᠯ ᠢᠶᠠᠨ ᠳᠠᠰᠤᠷᠠᠯᠳᠠ ᠥᠬᠡᠢ ᠬᠥᠠᠵᠡᠬᠡᠶᠢᠷᠡᠬᠦᠯᠵᠤ᠂ ᠴᠢᠨᠡᠬᠡᠯᠢᠭ ᠨᠠᠶᠢᠬᠡᠮ ᠢ ᠪᠥᠬᠦ ᠳᠡᠯ᠎ᠠ ᠪᠠᠷ ᠪᠠᠶᠢᠭᠤᠯᠬᠤ᠂ ᠤᠳᠤᠬᠢᠴᠢᠯᠠᠬᠰᠠᠨ ᠥᠪᠤᠷ ᠮᠤᠩᠭᠤᠯ ᠢ ᠪᠥᠳᠤᠬᠡᠨ ᠪᠠᠶᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠥᠵᠡᠰᠬᠦᠯᠡᠩᠳᠤ ᠥᠵᠡᠮᠵᠢ ᠶᠢᠨ ᠤᠷᠤᠨ ᠪᠥᠰᠠ ᠶᠢ ᠪᠤᠢ ᠪᠤᠯᠭᠠᠬᠤ ᠳᠤ ᠨᠠᠩ ᠶᠡᠭᠡ ᠰᠢᠨ᠎ᠠ ᠬᠤᠪᠢ ᠨᠠᠮᠡᠷᠢ ᠪᠠᠨ ᠥᠵᠡᠬᠦᠯᠤᠶ᠎ᠠ︕ 


ᠢᠷᠡᠯᠲᠡ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro