ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠠ

2018-02-02 17:10:04
ᠵᠣᠬᠢᠶᠠᠭᠴᠢ
ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠣᠷᠢᠶ᠎ᠠ

                   — 2018 ᠤᠨ ᠤ 1 ᠰᠠᠷ᠎ᠠ ᠶᠢᠨ 27 ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠲᠡᠭᠡᠷ᠎ᠡ


                                                    ᠮᠠ ᠶᠦᠩ ᠱᠧᠩ

ᠲᠦᠯᠦᠭᠡᠯᠡᠭᠴᠢᠳ ᠡ᠄

     ᠪᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠮᠤᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠴᠤ ᠰᠠᠨᠠᠯ ᠢᠶᠠᠨ ᠲᠤᠷᠠᠳᠬᠤ ᠪᠤᠯᠪᠠᠤ᠃

     2013 ᠤᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠦᠴᠦᠲᠡᠢ ᠬᠢᠨᠠᠯᠳᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠯᠠᠮᠵᠢᠯᠠᠯ ᠲᠡᠮᠵᠢᠯᠭᠡ ᠲᠤᠤᠷ᠎ᠠ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠲᠦ ᠪᠣᠳᠤᠯᠭ᠎ᠠ ᠪᠠᠶᠢᠷᠢᠰᠢᠭᠤᠯᠤᠯᠲᠠ ᠪᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠳᠠᠭ᠎ᠠ ᠪᠦᠷᠢ ᠶᠢᠨ ᠬᠤᠷᠠᠯ ᠤᠨ ᠲᠤᠭᠳᠠᠭᠠᠯ ᠰᠢᠢᠳᠪᠤᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠪᠠᠳᠤᠯᠠᠬᠤ ᠳᠤ ᠢᠳᠡᠪᠬᠢᠲᠠᠢ ᠦᠢᠯᠡᠴᠢᠯᠡᠵᠤ᠂ ᠲᠥᠪ ᠭᠤᠣᠯᠴᠢ ᠰᠢᠳᠤᠷᠭᠤ ᠶᠤᠰᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂  ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠠ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠭᠡᠨ᠂ ᠡᠯ᠎ᠡ ᠵᠦᠢᠯ ᠤᠨ ᠪᠠᠶᠢᠴᠠᠭᠠᠬᠤ ᠠᠵᠢᠯ ᠰᠢᠨ᠎ᠡ ᠲᠠᠪᠰᠢᠯᠲᠠ ᠲᠠᠢ ᠪᠤᠯᠤᠭᠰᠠᠠ ᠪᠠᠶᠢᠨ᠎ᠠ᠃

     ᠨᠢᠭᠡ᠂ ᠨᠡᠶᠢᠬᠡᠮ ᠤᠨ ᠲᠤᠭᠳᠠᠭᠤᠨ ᠢ ᠬᠠᠮᠠᠭᠠᠯᠠᠨ᠂ ᠠᠵᠤ ᠠᠬᠤᠢ ᠶᠢᠨ ᠬᠦᠭᠵᠢᠯᠲᠡ ᠶᠢ ᠪᠠᠳᠤᠯᠠᠵᠤ᠂ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠ

     ᠪᠦᠬᠦ ᠲᠠᠯ᠎ᠠ ᠳᠤ ᠦᠢᠯᠡᠴᠢᠯᠡᠵᠤ᠂ ᠬᠦᠭᠵᠢᠯᠲᠡ ᠶᠢ ᠠᠬᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ ᠶᠢ ᠪᠠᠷᠢᠮᠲᠠᠯᠠᠵᠤ ᠂ ᠪᠠᠷᠢᠪᠴᠢᠯᠠᠬᠤ ᠶᠢ ᠵᠦᠪᠰᠢᠶᠡᠷᠡᠬᠦ᠂ ᠵᠠᠭᠠᠯᠳᠤᠬᠤ ᠵᠡᠷᠭᠡ ᠡᠬᠦᠷᠭᠡ ᠴᠢᠳᠠᠪᠤᠷᠢ ᠪᠠᠨ ᠬᠠᠤᠯᠢ ᠶᠤᠰᠤᠭᠠᠷ ᠭᠦᠢᠴᠡᠳᠭᠡᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠪᠦᠰᠡ ᠶᠢ ᠪᠤᠢ ᠪᠣᠯᠭᠠᠬᠤ ᠶᠢᠨ ᠲᠦᠯᠦᠭᠡ ᠬᠦᠴᠦᠨ ᠲᠡᠬᠦᠯᠳᠡᠷ ᠬᠠᠤᠯᠢ ᠪᠠᠷᠢᠬᠤ ᠪᠠᠳᠤᠯᠠᠭ᠎ᠠ ᠬᠠᠩᠭᠠᠪᠠ᠃ ᠲᠠᠪᠤᠨ ᠵᠢᠯ ᠤᠨ ᠲᠤᠷᠰᠢ᠂ ᠡᠯ᠎ᠡ ᠲᠦᠷᠦᠯ ᠤᠨ ᠡᠷᠡᠬᠦᠤ ᠶᠢᠨ ᠶᠠᠯ᠎ᠠ ᠬᠢᠭᠰᠡᠨ 51408 ᠬᠡᠷᠡᠭ 67283 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠵᠤ᠂ 112055 ᠬᠡᠷᠡᠭ 149056 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠵᠠᠢ᠃

     ᠨᠡᠶᠢᠭᠡᠮ ᠤᠨ ᠲᠤᠭᠳᠠᠭᠤᠨ ᠢ ᠬᠦᠨᠳᠦ ᠨᠤᠴᠢᠲᠠᠢ ᠨᠦᠯᠦᠭᠡᠯᠡᠭᠰᠡᠨ ᠶᠠᠯ᠎ᠠ ᠬᠢᠭᠰᠡᠳ ᠢ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠳᠭᠡᠪᠡ᠃ ᠪᠦᠬᠦᠶᠢᠯᠡ ᠴᠤᠭᠴᠠᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯᠲᠡ ᠶᠢ ᠪᠠᠳᠤ ᠪᠠᠬᠢ ᠪᠣᠢ ᠪᠣᠯᠭᠠᠵᠤ᠂ ᠬᠠᠷ᠎ᠠ ᠪᠦᠯᠦᠭᠳᠡᠨ ᠳᠤ ᠴᠤᠬᠢᠯᠲᠠ ᠥᠭᠴᠤ ᠬᠠᠷᠬᠢᠰ ᠬᠦᠴᠦᠨ ᠢ ᠠᠷᠢᠯᠭᠠᠬᠤ᠂  ︽ᠲᠤᠰᠬᠤᠨ ᠤ ᠡᠵᠡᠷᠬᠡᠭᠴᠢ︾ ᠪᠠ ᠤᠪᠤᠭ ᠲᠦᠷᠦᠯ ᠤᠨ ᠬᠠᠷᠬᠢᠰ ᠬᠦᠴᠦᠨ ᠢ ᠵᠠᠯᠬᠠᠭᠠᠨ ᠰᠢᠳᠭᠡᠬᠦ᠂ ᠫᠤᠤ ᠵᠡᠪᠰᠡᠭ ᠲᠡᠯᠪᠡᠴᠡᠬᠦ ᠡᠳ᠋ ᠪᠠ ︽ᠱᠠᠯᠢᠭ ᠵᠠᠪᠬᠠᠢ ᠵᠤᠭᠤᠰ ᠮᠦᠷᠦᠶᠢᠴᠡᠭᠡᠨ ᠬᠤᠣᠷᠠᠳᠤ ᠡᠳ᠋︾  ᠵᠡᠷᠭᠡ ᠳᠤ ᠬᠤᠯᠪᠤᠭᠳᠠᠭᠰᠠᠨ ᠶᠠᠯ᠎ᠠ ᠬᠢᠭᠰᠡᠳ ᠲᠤ ᠴᠤᠬᠢᠯᠲᠠ ᠥᠭᠬᠦ ᠲᠤᠰᠬᠠᠢ ᠲᠡᠮᠡᠴᠡᠯ ᠢ ᠬᠦᠨᠵᠡᠭᠡᠢ ᠲᠦᠯᠬᠢᠨ ᠠᠬᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ᠂ ᠵᠤᠷᠢᠭᠤᠳᠠ ᠰᠢᠷᠬᠠᠲᠤᠭᠤᠯᠤᠭᠰᠠᠨ᠂ ᠬᠦᠮᠦᠨ ᠠᠯᠠᠭᠰᠠᠠ᠂ ᠫᠤᠤ ᠵᠡᠪᠰᠡᠭ ᠪᠠ ᠬᠤᠣᠷᠠᠳᠤ ᠡᠳ᠋ ᠲᠠᠢ ᠬᠤᠯᠪᠤᠭᠳᠠᠭᠰᠠᠨ᠂ ᠬᠤᠯᠠᠭᠠᠶᠢᠯᠠᠭᠰᠠᠠ᠂ ᠲᠤᠨᠤᠨ ᠲᠡᠭᠡᠷᠡᠮᠳᠡᠭᠰᠡᠨ ᠵᠡᠷᠭᠡ ᠬᠦᠴᠦᠷᠬᠡᠭᠯᠡᠯ ᠤᠨ ᠶᠠᠯ᠎ᠠ ᠬᠢᠭᠰᠡᠨ᠂ ᠤᠯᠠᠨ ᠡᠭᠦᠰᠳᠡᠭ ᠡᠳ᠋ ᠬᠦᠷᠦᠩᠭᠡ ᠶᠢᠨ ᠡᠷᠬᠡ ᠳᠤ ᠬᠠᠯᠳᠠᠭᠰᠠᠠ ᠶᠠᠯ᠎ᠠ ᠬᠢᠭᠰᠡᠨ 33820 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠵᠤ᠂ 56705 ᠬᠦᠮᠦᠨ ᠢ ᠵᠠᠭᠠᠯᠳᠤᠪᠠ᠃ ᠴᠠᠬᠢᠯᠭᠠᠨ ᠬᠤᠯᠪᠤᠭᠠᠨ ᠤ ᠲᠣᠣᠷ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠵᠦᠷᠢᠴᠡᠭᠰᠡᠨ ᠶᠠᠯᠠᠳᠤ ᠬᠡᠷᠡᠭ ᠲᠤ ᠴᠤᠬᠢᠯᠲᠠ ᠥᠭᠴᠤ ᠵᠠᠰᠠᠬᠤ ᠲᠤᠰᠬᠠᠢ ᠠᠵᠢᠯᠯᠠᠭ᠎ᠠ ᠶᠢ 3 ᠵᠢᠯ ᠲᠠᠷᠠᠭᠠᠯᠠᠨ ᠦᠷᠨᠢᠬᠦᠯᠵᠤ᠂ ᠲᠣᠣᠷ ᠰᠦᠯᠵᠢᠶ᠎ᠡ ᠪᠠᠷ ᠬᠢᠬᠠᠨ ᠮᠡᠭᠡᠯᠡᠭᠰᠡᠨ᠂ ᠱᠠᠯᠢᠭ ᠵᠠᠪᠬᠠᠢ ᠪᠠ ᠵᠤᠭᠤᠰ ᠮᠦᠷᠦᠶᠢᠴᠡᠬᠦ ᠲᠠᠢ ᠬᠤᠯᠪᠤᠭᠳᠠᠭᠰᠠᠠ᠂ ᠬᠤᠪᠢ ᠬᠦᠮᠦᠨ ᠤ ᠮᠡᠳᠡᠭᠡ ᠵᠠᠩᠬᠢ ᠶᠢ ᠬᠤᠯᠠᠭᠠᠶᠢᠯᠠᠭᠰᠠᠠ ᠵᠡᠷᠭᠡ ᠶᠠᠯ᠎ᠠ ᠬᠢᠭᠰᠡᠨ 1285 ᠬᠦᠮᠦᠨ ᠢ ᠵᠠᠭᠠᠯᠳᠤᠪᠠ᠃ ᠬᠤᠧᠠᠩ ᠬᠦᠸᠧ ᠯᠢᠶᠠᠩ᠂ ᠡᠦ ᠰᠢ ᠶᠢᠨ ᠵᠡᠷᠭᠡ ᠬᠦᠮᠦᠰ ᠤᠨ ᠦᠨᠳᠦᠰᠦᠳᠡᠨ ᠤ ᠪᠡᠯᠡ ᠬᠦᠷᠦᠩᠭᠡ ᠶᠢ ᠲᠠᠶᠢᠯᠬᠤ ᠨᠡᠷ᠎ᠡ ᠪᠠᠷ᠂ ᠸᠢᠴᠠᠲ ᠤᠨ ᠴᠤᠭᠯᠠᠷᠠᠯ ᠵᠡᠷᠭᠡ ᠠᠷᠭ᠎ᠠ ᠵᠠᠮ ᠢ ᠠᠰᠢᠭᠯᠠᠨ ᠲᠦᠮᠡ ᠭᠠᠷᠤᠢ ᠬᠦᠮᠦᠨ ᠢ ᠮᠡᠭᠡᠯᠡᠭᠰᠡᠨ ᠬᠡᠷᠡᠭ ᠢ ᠬᠠᠤᠯᠢ ᠶᠤᠰᠤᠭᠠᠷ ᠰᠢᠳᠭᠡᠵᠤ᠂ 17 ᠵᠠᠭᠠᠯᠳᠤᠭᠳᠠᠭᠴᠢ ᠲᠤᠰ ᠲᠤᠰ ᠬᠤᠭᠤᠴᠠᠭ᠎ᠠ ᠦᠭᠡᠢ ᠬᠤᠷᠢᠬᠤ ᠡᠷᠡᠬᠦᠤ ᠠᠴᠠ ᠬᠤᠶᠠᠷ ᠵᠢᠯ ᠬᠤᠭᠤᠴᠠᠭ᠎ᠠ ᠲᠠᠢ ᠬᠤᠷᠢᠬᠤ ᠡᠷᠡᠬᠦᠤ ᠬᠦᠷᠳᠡᠯ᠎ᠡ ᠠᠳᠠᠯᠢ ᠪᠤᠰᠤ ᠡᠷᠡᠬᠦᠤ ᠰᠢᠳᠭᠡᠯ ᠢᠶᠠᠷ ᠰᠢᠳᠭᠡᠭᠳᠡᠵᠤ᠂ ᠶᠠᠯ᠎ᠠ ᠬᠢᠭᠰᠡᠳ ᠢ ᠶᠡᠭᠡᠪᠡᠷ ᠰᠦᠷᠳᠡᠬᠦᠯᠦᠭᠰᠡᠨ ᠪᠠᠶᠢᠨ᠎ᠠ᠃

     ᠠᠵᠤ ᠠᠬᠤᠢ ᠶᠢᠨ ᠲᠤᠭᠳᠠᠭᠤᠨ ᠪᠦᠭᠡᠳ ᠡᠷᠡᠬᠦᠯ ᠢᠶᠠᠷ ᠬᠦᠭᠵᠢᠬᠦ ᠶᠢ ᠪᠠᠳᠤᠯᠠᠪᠠ᠃ ᠰᠢᠨ᠎ᠡ ᠬᠦᠭᠵᠢᠯᠲᠡ ᠶᠢᠨ ᠤᠨᠤᠯᠵᠢᠬᠤᠨ ᠢ ᠨᠠᠷᠢᠨ ᠬᠢᠨᠠᠮᠠᠭᠠᠢ ᠲᠣᠣᠱᠯᠠᠭᠤᠯᠵᠤ᠂  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠲᠡ ᠳᠤ ᠦᠢᠯᠡᠴᠢᠯᠡᠨ᠂ ᠨᠡᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢᠨ ᠡᠮᠬᠢ ᠲᠢᠭᠯᠢᠮ ᠢ ᠡᠪᠳᠡᠭᠰᠡᠨ ᠶᠠᠯ᠎ᠠ ᠬᠢᠭᠰᠡᠳ ᠢ ᠬᠠᠤᠯᠢ ᠶᠤᠰᠤᠭᠠᠷ ᠴᠢᠩᠭ᠎ᠠ ᠰᠢᠳᠭᠡᠪᠡ᠃ ᠲᠠᠪᠤᠨ ᠵᠢᠯ ᠤᠨ ᠲᠤᠷᠰᠢ᠂ 3135 ᠬᠡᠷᠡᠭ 4046 ᠬᠦᠮᠦᠨ ᠢ ᠪᠠᠷᠢᠪᠴᠢᠯᠠᠬᠤ ᠪᠠᠷ ᠵᠦᠪᠰᠢᠶᠡᠷᠡᠵᠤ᠂ 5352 ᠬᠡᠷᠡᠭ 8111 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃  ᠵᠠᠬ᠎ᠠ ᠲᠡᠯᠭᠡᠬᠦᠷ ᠤᠨ ᠠᠵᠤ ᠠᠬᠤᠢ ᠶᠢᠨ ᠡᠮᠬᠢ ᠲᠢᠭᠯᠢᠮ ᠢ ᠴᠡᠭᠴᠡᠯᠡᠬᠦ ᠪᠠ ᠲᠦᠷᠢᠮᠵᠢᠬᠦᠯᠬᠦ ᠳᠤ ᠢᠳᠡᠪᠬᠢᠲᠠᠢ ᠤᠷᠤᠯᠴᠠᠵᠤ᠂ ᠮᠦᠩᠬᠦᠨ ᠬᠦᠢᠯᠭᠡᠭᠡᠨ ᠤ ᠡᠮᠬᠢ ᠲᠢᠭᠯᠢᠮ ᠢ ᠡᠪᠳᠡᠭᠰᠡᠨ ᠪᠠ ᠮᠦᠩᠬᠦᠨ ᠬᠦᠢᠯᠭᠡᠭᠡᠨ ᠤ ᠬᠢᠬᠠᠨ ᠮᠡᠬᠡᠯᠡᠭᠰᠡᠨ ᠶᠠᠯ᠎ᠠ ᠬᠢᠭᠰᠡᠨ 3301 ᠬᠦᠮᠦᠨ ᠢ ᠵᠠᠭᠠᠯᠳᠤᠵᠤ᠂ ᠡᠬᠦᠨ ᠳᠤ ᠠᠷᠠᠳ ᠤᠯᠠᠨ ᠤ ᠵᠣᠭᠤᠰ ᠢ ᠬᠠᠤᠯᠢ ᠪᠤᠰᠤ ᠪᠠᠷ ᠬᠠᠳᠠᠭᠠᠯᠠᠭᠤᠯᠤᠭᠰᠠᠨ᠂ ᠪᠡᠯᠡ ᠴᠤᠭᠯᠠᠭᠤᠯᠵᠤ ᠬᠢᠬᠠᠨ ᠮᠡᠭᠡᠯᠡᠭᠰᠡᠨ ᠵᠡᠷᠭᠡ ᠤᠯᠠᠨ ᠲᠦᠮᠡᠨ ᠳᠤ ᠬᠤᠯᠪᠤᠭᠳᠠᠭᠰᠠᠠ ᠬᠡᠯᠪᠡᠷᠢ ᠶᠢᠨ ᠠᠵᠤ ᠠᠬᠤᠢ ᠶᠢᠨ ᠶᠠᠯ᠎ᠠ ᠬᠢᠭᠰᠡᠨ 804 ᠬᠦᠮᠦᠨ ᠪᠣᠢ᠃ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠳᠤ ᠨᠡᠭᠡᠭᠡᠯᠲᠡ ᠬᠢᠵᠤ ᠴᠢᠯᠦᠭᠡᠲᠡᠢ ᠶᠠᠪᠤᠯᠴᠠᠬᠤ ᠪᠠᠶᠢᠷᠢᠰᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠪᠠ ᠲᠡᠬᠦᠨ ᠢ ᠪᠠᠳᠤᠯᠠᠬᠤ ︽14 ᠵᠤᠷᠪᠤᠰ ᠠᠷᠭ᠎ᠠ ᠬᠡᠮᠵᠢᠶ᠎ᠡ︾ ᠶᠢ ᠲᠤᠭᠳᠠᠭᠠᠨ᠂ ᠲᠡᠮᠤᠷ ᠵᠠᠮ ᠤᠨ ᠠᠮᠤᠷ ᠲᠦᠪᠰᠢᠨ ᠲᠤᠭᠳᠠᠭᠤᠨ ᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠰᠠᠭᠤᠷᠢ ᠪᠡᠯᠡᠳᠭᠡᠮᠵᠢ ᠶᠢᠨ ᠬᠤᠯᠪᠤᠭᠠᠯᠠᠨ ᠨᠡᠪᠳᠡᠷᠡᠯᠴᠡᠬᠦ᠂ ᠦᠪᠤᠷ ᠮᠣᠩᠭᠤᠯ ᠤᠨ ᠠᠵᠤ ᠠᠬᠤᠶᠢᠯᠠᠯ ︽ᠭᠠᠳᠠᠭᠠᠳᠤ ᠳᠤ ᠭᠠᠷᠬᠤ︾᠂ ᠤᠯᠠᠨ ᠤᠯᠤᠰ ᠤᠨ ᠭᠠᠯᠳᠤ ᠲᠡᠷᠭᠡᠨ ᠤ ᠠᠶᠠᠯᠠᠯ ᠢ ᠠᠮᠤᠷ ᠲᠦᠪᠰᠢᠨ ᠪᠠᠶᠢᠯᠭᠠᠬᠤ ᠵᠡᠷᠭᠡ ᠳᠤ ᠬᠠᠤᠯᠢ ᠪᠠᠷᠢᠬᠤ ᠪᠠᠳᠤᠯᠠᠭ᠎ᠠ ᠬᠠᠩᠭᠠᠵᠠᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠷᠬᠡ ᠠᠰᠢᠭ ᠲᠤ ᠬᠠᠯᠳᠠᠭᠰᠠᠠ ᠶᠠᠯ᠎ᠠ ᠬᠢᠭᠰᠡᠳ ᠢ ᠬᠠᠤᠯᠢ ᠶᠤᠰᠤᠭᠠᠷ ᠵᠠᠯᠬᠠᠭᠠᠨ ᠰᠢᠳᠭᠡᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠤ ᠲᠤᠰᠢᠶᠠᠯ ᠤᠨ ᠶᠠᠯ᠎ᠠ ᠬᠢᠭᠰᠡᠨ 879 ᠬᠦᠮᠦᠨ ᠢ ᠪᠠᠶᠢᠴᠠᠭᠠᠨ ᠰᠢᠳᠭᠡᠪᠡ᠃ ᠵᠠᠬ᠎ᠠ ᠲᠡᠯᠭᠡᠬᠦᠷ ᠤᠨ ᠡᠯ᠎ᠡ ᠵᠦᠢᠯ ᠤᠨ ᠪᠡᠶᠡᠴᠢ ᠴᠤᠭᠴᠠ ᠶᠢᠨ ᠬᠠᠤᠯᠢ ᠶᠤᠰᠤᠨ ᠤ ᠡᠷᠬᠡ ᠠᠰᠢᠭ ᠢ ᠠᠳᠠᠯᠢ ᠲᠡᠭᠰᠢ ᠪᠠᠷ ᠬᠠᠮᠠᠭᠠᠯᠠᠵᠤ᠂ ᠨᠡᠶᠢᠲᠡ ᠶᠢᠨ ᠪᠤᠰᠤ ᠠᠵᠤ ᠠᠬᠤᠢ ᠶᠢᠨ ᠬᠦᠭᠵᠢᠯᠲᠡ ᠳᠤ ᠦᠢᠯᠡᠴᠢᠯᠡᠬᠦ ︽12 ᠵᠤᠷᠪᠤᠰ ᠠᠷᠭ᠎ᠠ ᠬᠡᠮᠵᠢᠶ᠎ᠡ︾ ᠭᠠᠷᠭᠠᠵᠤ᠂ ᠨᠡᠶᠢᠲᠡ ᠶᠢᠨ ᠪᠤᠰᠤ ᠠᠵᠤ ᠠᠬᠤᠶᠢᠯᠠᠯ ᠪᠠ ᠨᠡᠶᠢᠲᠡ ᠶᠢᠨ ᠪᠤᠰᠤ ᠠᠵᠤ ᠠᠬᠤᠶᠢᠯᠠᠯᠲᠠᠨ ᠤ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠠ ᠶᠠᠯ᠎ᠠ ᠬᠢᠭᠰᠡᠨ 185 ᠬᠦᠮᠦᠨ ᠢ ᠵᠠᠭᠠᠯᠳᠤᠪᠠ᠃ ᠰᠢᠨ᠎ᠡ ᠶᠢ ᠡᠬᠦᠳᠬᠦ ᠬᠦᠳᠡᠯᠭᠡᠬᠦᠷᠲᠦ ᠬᠦᠭᠵᠢᠯᠲᠡ ᠳᠤ ᠦᠢᠯᠡᠴᠢᠯᠡᠨ᠂ ᠤᠶᠤᠨ ᠮᠡᠳᠡᠯᠭᠡ ᠶᠢᠨ ᠥᠮᠴᠢ ᠶᠢᠨ ᠡᠷᠬᠡ ᠳᠤ ᠬᠠᠯᠳᠠᠭᠰᠠᠠ᠂ ᠬᠠᠭᠤᠷᠮᠠᠭ ᠮᠠᠭᠤ ᠲᠠᠧᠠᠷ ᠦᠢᠯᠡᠳᠴᠦ ᠪᠣᠷᠤᠯᠠᠭᠤᠯᠤᠭᠰᠠᠨ ᠵᠡᠷᠭᠡ ᠶᠠᠯ᠎ᠠ ᠬᠢᠭᠰᠡᠨ 1239 ᠬᠦᠮᠦᠨ ᠢ ᠵᠠᠭᠠᠯᠳᠤᠪᠠ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠪᠠ ᠵᠠᠩᠬᠢᠯᠠᠭ᠎ᠠ ᠶᠢᠨ ᠪᠠᠶᠢᠷᠢᠨ ᠳᠠᠬᠢ ᠬᠦᠮᠦᠨ ᠳᠤ ᠬᠤᠷᠢᠬᠤ ᠴᠢᠨᠠᠷᠳᠠᠢ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠪᠤᠯᠭᠤᠮᠵᠢᠲᠠᠢ ᠬᠡᠷᠡᠭᠯᠡᠵᠤ᠂ ᠬᠡᠷᠡᠭ ᠰᠢᠳᠭᠡᠭᠡᠳ ᠠᠵᠤ ᠠᠬᠤᠶᠢᠯᠠᠯ ︽ᠪᠠᠯᠠᠷᠠᠬᠤ︾ ᠶᠢ ᠰᠡᠷᠭᠡᠶᠢᠯᠡᠪᠡ᠃

     ᠤᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠪᠠ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠤᠭᠰᠠᠠ ᠶᠠᠯ᠎ᠠ ᠬᠢᠭᠰᠡᠳ ᠢ ᠴᠢᠩᠭ᠎ᠠ ᠰᠢᠳᠭᠡᠪᠡ᠃ ᠤᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠶᠠᠯ᠎ᠠ ᠬᠢᠭᠰᠡᠨ 5367 ᠬᠦᠮᠦᠨ᠂ ᠬᠠᠭᠤᠷᠮᠠᠭ ᠮᠠᠭᠤ ᠡᠮ᠂ ᠬᠤᠣᠷ᠎ᠠ ᠲᠠᠢ ᠬᠤᠣᠷ ᠲᠠᠢ ᠢᠳᠡᠭᠡᠨ ᠤ ᠵᠦᠢᠯ ᠦᠢᠯᠡᠳᠴᠦ ᠪᠣᠷᠤᠯᠠᠭᠤᠯᠤᠭᠰᠠᠨ ᠵᠡᠷᠭᠡ ᠶᠠᠯ᠎ᠠ ᠬᠢᠭᠰᠡᠨ 412 ᠬᠦᠮᠦᠨ ᠢ ᠵᠠᠭᠠᠯᠳᠤᠪᠠ᠃ ᠬᠠᠤᠯᠢ ᠶᠤᠰᠤᠭᠠᠷ ᠪᠠᠶᠢᠴᠠᠭᠠᠨ ᠰᠢᠳᠭᠡᠭᠰᠡᠨ ᠲᠡᠭᠷᠢ ᠡᠯᠡᠰᠦ ᠶᠢᠨ ᠪᠣᠬᠢᠷᠳᠤᠯ ᠤᠨ ᠬᠡᠷᠡᠭ ᠤᠳ ᠨᠢ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠳᠤ ᠪᠦᠬᠦ ᠤᠯᠤᠰ ᠤᠨ ᠨᠡᠷ᠎ᠡ ᠲᠤᠷᠠᠳᠤᠨ ᠱᠠᠭᠠᠷᠳᠠᠨ ᠪᠠᠶᠢᠴᠠᠭᠠᠯᠭᠠᠭᠰᠠᠠ ᠰᠢᠯᠢᠳᠡᠭ ᠬᠡᠷᠡᠭ ᠢᠶᠠᠷ ᠦᠨᠡᠯᠡᠭᠳᠡᠪᠡ᠃ ᠤᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠶᠠᠯᠠᠳᠤ ᠬᠡᠷᠡᠭ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠳᠤ ᠬᠤᠣᠷ ᠬᠦᠨᠦᠭᠡᠯ ᠤᠴᠠᠷᠠᠭᠤᠯᠤᠭᠰᠠᠠ ᠶᠠᠯᠠᠳᠤ ᠬᠡᠷᠡᠭ ᠤᠨ ᠬᠡᠷᠡᠭ ᠪᠣᠯᠭᠠᠯᠲᠠ ᠶᠢᠨ ᠲᠤᠰᠬᠠᠢ ᠬᠢᠨᠠᠯᠲᠠ ᠶᠢ 4 ᠵᠢᠯ ᠲᠠᠷᠠᠭᠠᠯᠠᠨ ᠦᠷᠨᠢᠬᠦᠯᠵᠤ᠂ 430 ᠬᠡᠷᠡᠭ ᠲᠤ ᠬᠢᠨᠠᠯᠲᠠ ᠲᠠᠯᠪᠢᠵᠤ ᠬᠡᠷᠡᠭ ᠪᠣᠯᠭᠠᠪᠠ᠃ ᠠᠮᠢ ᠠᠬᠤᠢ ᠶᠢᠨ ᠤᠷᠴᠢᠨ ᠲᠣᠭᠤᠷᠢᠨ ᠤ ᠬᠠᠤᠯᠢ ᠪᠠᠷᠢᠯᠲᠠ ᠶᠢᠨ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠵᠦ᠂ ᠬᠢᠩᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ︽ᠬᠠᠤᠯᠢ ᠴᠠᠭᠠᠵᠠ ᠶᠢᠨ ᠬᠢᠨᠠᠯᠲᠠ ᠲᠠᠯᠪᠢᠬᠤ + ᠶᠡᠷᠤᠩᠭᠡᠶᠢᠯᠡᠨ ᠵᠠᠰᠠᠬᠤ + ᠰᠡᠷᠬᠦᠭᠡᠯᠲᠡ ᠶᠢᠨ ᠴᠢᠨᠠᠷᠳᠠᠢ ᠬᠠᠤᠯᠢ ᠪᠠᠷᠢᠬᠤ︾ ᠭᠤᠷᠪᠠ ᠶᠢ ᠨᠢᠭᠡ ᠴᠤᠭᠴᠠᠵᠢᠭᠤᠯᠤᠭᠰᠠᠠ ᠠᠮᠢ ᠠᠬᠤᠢ ᠶᠢᠨ ᠪᠠᠶᠢᠴᠠᠭᠠᠬᠤ ᠵᠠᠭᠪᠤᠷ ᠢ ᠪᠠᠶᠢᠭᠤᠯᠵᠤ᠂ ᠬᠠᠤᠯᠢ ᠵᠦᠷᠢᠴᠡᠭᠰᠡᠨ ᠠᠵᠤ ᠠᠬᠤᠶᠢᠯᠠᠯ ᠳᠤ ᠴᠡᠭᠴᠡᠯᠡᠯᠲᠡ ᠬᠢᠬᠦ ᠶᠢ ᠱᠠᠭᠠᠷᠳᠠᠵᠤ᠂ ᠤᠷᠴᠢᠨ ᠲᠣᠭᠤᠷᠢᠨ ᠤ ᠵᠠᠰᠠᠯᠲᠠ᠂ ᠠᠮᠢ ᠠᠬᠤᠢ ᠶᠢᠨ ᠰᠡᠷᠬᠦᠭᠡᠯᠲᠡ ᠶᠢ ᠠᠬᠢᠭᠤᠯᠵᠠᠢ᠃

     ᠨᠠᠰᠤᠨ ᠳᠤ ᠦᠯᠦ ᠬᠦᠷᠦᠭᠰᠡᠳ᠂ ᠡᠮᠡᠭᠳᠡᠶᠢᠴᠤᠳ᠂ ᠬᠤᠲᠠ ᠳᠤ ᠤᠷᠤᠵᠤ ᠬᠦᠯᠦᠰᠦᠨ ᠠᠵᠢᠯ ᠬᠢᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠪᠠᠳᠤᠯᠠᠪᠠ᠃ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠤᠨ ᠶᠠᠯᠠᠳᠤ ᠬᠡᠷᠡᠭ ᠢ ᠴᠢᠬᠤᠯᠠᠴᠢᠯᠠᠨ ᠰᠢᠳᠭᠡᠵᠤ᠂ ᠰᠤᠷᠭᠠᠭᠤᠯᠢ ᠶᠢᠨ ᠭᠠᠳᠠᠨᠠᠬᠢ ᠨᠠᠰᠤᠨ ᠳᠤ ᠬᠦᠷᠦᠭᠰᠡᠳ ᠤᠨ ᠰᠤᠷᠭᠠᠭᠤᠯᠢ ᠶᠢᠨ ᠰᠤᠷᠤᠭᠴᠢ ᠶᠢ ᠵᠢᠭᠠᠨ ᠲᠤᠬᠢᠭᠰᠠᠠ᠂ ᠠᠷᠭᠠᠳᠠᠨ ᠮᠡᠭᠡᠯᠡᠭᠰᠡᠨ ᠶᠠᠯᠠᠳᠤ ᠬᠡᠷᠡᠭ ᠢ ᠬᠦᠨᠳᠦ ᠪᠠᠷ ᠰᠢᠳᠭᠡᠵᠤ᠂ ᠶᠠᠯᠠᠳᠤ ᠬᠡᠷᠡᠭ ᠲᠤ ᠬᠤᠯᠪᠤᠭᠳᠠᠭᠰᠠᠠ ᠨᠠᠰᠤᠨ ᠳᠤ ᠦᠯᠦ ᠬᠦᠷᠦᠭᠰᠡᠳ ᠢ ᠰᠤᠷᠭᠠᠨ ᠬᠦᠮᠦᠵᠢᠬᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ ᠠᠵᠢᠯ ᠢ ᠴᠢᠩᠭᠠᠳᠬᠠᠭᠰᠠᠠ ᠪᠠᠶᠢᠨ᠎ᠠ᠃ ᠲᠦᠩᠯᠢᠶᠤᠤ ᠬᠤᠲᠠ ᠶᠢᠨ ᠬᠤᠷᠴᠢᠨ ᠲᠤᠭᠤᠷᠢᠭ ᠤᠨ ᠪᠠᠶᠢᠴᠠᠭᠠᠬᠤ ᠬᠤᠷᠢᠶ᠎ᠠ ᠶᠢᠨ ︽ᠢᠤᠢ ᠴᠢᠨ ᠠᠵᠢᠯᠯᠠᠬᠤ ᠲᠠᠰᠤᠭ︾ ᠨᠢ ᠰᠡᠳᠬᠢᠴᠡ ᠶᠢᠨ ᠵᠥᠪᠯᠡᠯᠭᠡ ᠥᠭᠬᠦ ᠪᠦᠯᠬᠦᠮ ᠪᠠᠶᠢᠭᠤᠯᠤᠨ᠂ ᠶᠠᠯᠠᠳᠤ ᠬᠡᠷᠡᠭ ᠲᠤ ᠬᠤᠯᠪᠤᠭᠳᠠᠭᠰᠠᠠ ᠨᠠᠰᠤᠨ ᠳᠤ ᠦᠯᠦ ᠬᠦᠷᠦᠭᠰᠡᠳ ᠲᠤ ᠰᠡᠳᠬᠢᠴᠡ ᠶᠢᠨ ᠲᠠᠶᠢᠳᠬᠤᠷᠠᠭᠤᠯᠤᠯ ᠪᠠ ᠵᠦᠪᠯᠡᠯᠭᠡ ᠦᠭᠭᠦᠭᠡᠳ ᠰᠠᠶᠢᠨ ᠦᠨᠡᠯᠡᠯᠲᠡ ᠤᠯᠵᠠᠢ᠃ ᠮᠣᠩᠭᠤᠯ ᠬᠢᠲᠠᠳ ᠬᠤᠤᠰ ᠬᠡᠯᠡ ᠪᠠᠷ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠤᠬᠠᠭᠤᠯᠬᠤ︾ ᠲᠤᠭᠤᠷᠢᠨ ᠰᠤᠷᠲᠠᠯᠴᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠬᠦᠯᠵᠤ᠂ 25 ᠲᠦᠮᠡ ᠭᠠᠷᠤᠢ ᠰᠤᠷᠤᠭᠴᠢ ᠬᠦᠮᠦᠵᠢᠯ ᠬᠦᠷᠳᠡᠪᠡ᠃ ᠡᠮᠡᠭᠳᠡᠶᠢᠴᠤᠳ ᠤᠨ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠨ᠂ ᠡᠮᠡᠭᠳᠡᠶᠢᠴᠤᠳ ᠤᠨ ᠡᠷᠬᠡ ᠠᠰᠢᠭ ᠢ ᠬᠤᠬᠢᠷᠠᠭᠤᠯᠤᠭᠰᠠᠠ ᠶᠠᠯ᠎ᠠ ᠬᠢᠭᠰᠡᠨ 3516 ᠬᠦᠮᠦᠨ ᠢ ᠵᠠᠭᠠᠯᠳᠤᠪᠠ᠃ ᠴᠠᠯᠢᠩ ᠬᠦᠯᠦᠰᠦ ᠬᠠᠷᠠᠳᠠᠨ ᠦᠷᠢᠲᠦᠭᠰᠡᠳ ᠢ ᠡᠷᠡᠰ ᠢᠶᠠᠷ ᠴᠡᠭᠴᠡᠯᠡᠵᠤ᠂ ᠬᠦᠳᠡᠯᠮᠦᠷᠢ ᠶᠢᠨ ᠬᠦᠯᠦᠰᠦ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ 223 ᠬᠦᠮᠦᠨ ᠢ ᠵᠠᠭᠠᠯᠳᠤᠵᠤ᠂ ᠬᠤᠲᠠ ᠳᠤ ᠤᠷᠤᠵᠤ ᠬᠦᠯᠦᠰᠦᠨ ᠠᠵᠢᠯ ᠬᠢᠭᠰᠡᠳ ᠤᠨ 183 ᠬᠤᠪᠢ ᠵᠠᠭᠠᠯᠳᠤᠯᠭ᠎ᠠ ᠶᠢ ᠲᠡᠮᠵᠢᠵᠤ᠂ ᠲᠡᠳᠡᠨ ᠤ ᠬᠢᠭᠰᠡᠨ ᠵᠠᠷᠭᠤ ᠶᠢ ᠢᠯᠠᠭᠤᠯᠵᠤ᠂ ᠴᠠᠯᠢᠩ ᠢ ᠨᠢ ᠣᠯᠭᠤᠯᠤᠭᠰᠠᠠ ᠪᠠᠶᠢᠨ᠎ᠠ᠃

     ᠬᠠᠮᠳᠤ ᠪᠠᠷ ᠪᠠᠶᠢᠭᠤᠯᠬᠤ ᠬᠠᠮᠳᠤ ᠪᠠᠷ ᠡᠳ᠋ᠯᠡᠬᠦ ᠬᠠᠮᠳᠤ ᠪᠠᠷ ᠵᠠᠰᠠᠬᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠪᠠ᠃  ᠬᠠᠤᠯᠢ ᠪᠠᠷᠢᠯᠲᠠ ᠶᠢᠨ ᠴᠣᠪᠤᠷᠠᠯ ᠳᠤ ᠣᠷᠤᠭᠤᠯᠬᠤ ᠵᠠᠬᠢᠳᠠᠯ ᠰᠤᠷᠪᠤᠯᠵᠢᠯᠠᠯ ᠤᠨ ᠲᠣᠭᠲᠠᠴᠠ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠤᠯᠢᠴᠢ ᠪᠠᠷ ᠭᠤᠣᠯ ᠴᠤᠭᠴᠠ ᠪᠣᠯᠭᠠᠭᠰᠠᠠ ᠭᠤᠷᠪᠠᠳᠠᠬᠢ ᠡᠲᠡᠭᠡᠳ ᠬᠠᠤᠯᠢ ᠪᠠᠷᠢᠯᠲᠠ ᠶᠢᠨ ᠴᠣᠪᠤᠷᠠᠯ ᠳᠤ ᠣᠷᠣᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠨᠠᠮᠳᠠᠭᠤᠯᠬᠤ ᠪᠠ ᠤᠷᠣᠯᠠᠬᠤ ᠳᠤ ᠣᠷᠣᠯᠴᠠᠬᠤ ᠳᠦᠷᠢᠮ ᠢ ᠪᠦᠬᠦ ᠲᠠᠯ᠎ᠠ ᠪᠠᠷ ᠶᠠᠪᠤᠭᠤᠯᠵᠤ᠂ ︽ᠵᠠᠬᠢᠳᠠᠯ ᠰᠤᠷᠪᠤᠯᠵᠢᠯᠠᠯ ᠰᠦᠯᠵᠢᠶ᠎ᠡ ᠤᠳᠠᠰᠤ︾ ᠲᠦᠷᠪᠡ ᠶᠢ ᠨᠢᠭᠡ ᠴᠤᠭᠴᠠᠵᠢᠭᠤᠯᠤᠭᠰᠠᠠ ᠶᠡᠷᠤᠩᠭᠡᠢ ᠦᠢᠯᠡᠴᠢᠯᠡᠭᠡᠨ ᠤ ᠲᠡᠪᠴᠠᠩ ᠢ ᠪᠠᠶᠢᠭᠤᠯᠤᠨ᠂ ᠲᠤᠬᠠᠢ ᠶᠢᠨ ᠬᠦᠮᠦᠨ ᠢ ᠬᠦᠳᠦᠯᠦᠨ ᠲᠠᠭᠠᠭᠤᠯᠵᠤ ᠬᠠᠤᠯᠢ ᠶᠤᠰᠤᠭᠠᠷ ᠡᠷᠬᠡ ᠠᠰᠢᠭ ᠢ ᠨᠢ ᠬᠠᠮᠠᠭᠠᠯᠠᠭᠤᠯᠵᠤ᠂ ᠴᠢᠬᠤᠯᠠ ᠶᠡᠭᠡ ᠰᠡᠷᠭᠡᠭ ᠭᠤᠭᠴᠤᠭᠠᠨ ᠳᠤ ᠪᠠᠶᠢᠴᠠᠭᠠᠬᠤ ᠯᠤᠭ᠎ᠠ ᠬᠤᠯᠪᠤᠭᠳᠠᠭᠰᠠᠠ ᠪᠡᠭᠡᠵᠢᠩ ᠳᠤ ᠤᠴᠢᠭᠰᠠᠠ ᠭᠡᠪ ᠤᠨ ᠪᠤᠰᠤ ᠰᠤᠷᠪᠤᠯᠵᠢᠯᠠᠯ ᠭᠠᠷᠤᠭᠰᠠᠠ ᠦᠭᠡᠢ᠃ ᠣᠨᠴᠠᠭᠠᠢ ᠬᠦᠮᠤᠰ ᠲᠠᠬᠢ ᠦᠢᠯᠡᠴᠢᠯᠡᠭᠡ ᠬᠠᠮᠢᠶᠠᠷᠤᠯᠲᠠ ᠪᠠᠨ ᠴᠢᠩᠭᠠᠳᠬᠠᠵᠤ᠂ ᠡᠷᠡᠬᠦᠤ ᠶᠢᠨ ᠬᠠᠷᠢᠭᠤᠴᠠᠯᠭ᠎ᠠ ᠦᠯᠦ ᠡᠭᠦᠷᠭᠡᠯᠡᠬᠦ 122 ᠮᠡᠳᠡᠷᠡᠯ ᠤᠨ ᠡᠪᠡᠳᠴᠢᠲᠡᠨ ᠳᠤ ᠠᠯᠪᠠᠳᠠᠯᠭ᠎ᠠ ᠪᠠᠷ ᠡᠮᠨᠡᠬᠦᠯᠬᠦ ᠭᠤᠶᠤᠴᠢᠯᠠᠯ ᠭᠠᠷᠭᠠᠵᠤ᠂ ᠨᠡᠶᠢᠭᠡᠮ ᠲᠣᠭᠤᠷᠢᠭ ᠲᠤ ᠡᠷᠡᠬᠦᠤ ᠬᠦᠢᠴᠡᠳᠭᠡᠵᠤ ᠪᠠᠶᠢᠭ᠎ᠠ 1361 ᠬᠦᠮᠦᠨ ᠤ ᠬᠠᠮᠢᠶᠠᠷᠤᠯᠲᠠ ᠠᠴᠠ ᠮᠤᠯᠳᠤᠷᠠᠵᠤ ᠭᠤᠭᠤᠵᠢᠭᠳᠠᠭᠰᠠᠨ ᠢ ᠱᠠᠭᠠᠷᠳᠠᠨ ᠵᠠᠯᠠᠷᠠᠭᠤᠯᠪᠠ᠃ ᠬᠠᠤᠯᠢ ᠪᠠᠷᠢᠯᠲᠠ ᠶᠢᠨ ᠲᠤᠰᠠᠯᠠᠮᠵᠢ ᠦᠵᠡᠬᠦᠯᠬᠦ ᠬᠦᠴᠦᠯᠡᠴᠡ ᠪᠠᠨ ᠨᠡᠮᠡᠭᠳᠡᠬᠦᠯᠵᠤ᠂ ᠠᠮᠢᠳᠤᠷᠠᠯ ᠳᠠᠭᠠᠨ ᠭᠠᠴᠢᠭᠳᠠᠭᠰᠠᠠ 474 ᠬᠤᠣᠷᠯᠠᠭᠳᠠᠭᠴᠢ ᠪᠤᠶᠤ ᠲᠡᠬᠦᠨ ᠤ ᠤᠶᠢᠷ᠎ᠠ ᠲᠦᠷᠦᠯ ᠰᠠᠳᠤᠨ ᠳᠤ 1205.09 ᠲᠦᠮᠡᠨ ᠲᠦᠭᠦᠷᠢᠭ ᠤᠨ ᠲᠡᠳᠬᠦᠮᠵᠢ ᠶᠢᠨ ᠮᠦᠩᠬᠦ ᠥᠭᠪᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠯᠲᠠ ᠬᠢᠬᠦ ᠲᠣᠭᠳᠠᠯᠴᠠᠭ᠎ᠠ ᠶᠢᠨ ᠪᠠᠶᠢᠭᠤᠯᠤᠯᠲᠠ ᠳᠤ ᠢᠳᠡᠪᠬᠢᠲᠠᠢ ᠤᠷᠤᠯᠴᠠᠵᠤ᠂ ᠪᠦᠬᠦ ᠤᠷᠤᠨ ᠳᠤ 386 ᠦᠨᠳᠦᠰᠦᠨ ᠱᠠᠳᠤᠨ ᠤ ᠪᠠᠶᠢᠴᠠᠭᠠᠬᠤ ᠬᠡᠷ ᠪᠠᠶᠢᠭᠤᠯᠵᠤ᠂ ᠡᠭᠡᠯ ᠠᠷᠠᠳ ᠤᠨ ︽ᠭᠡᠷ ᠤᠨ ᠲᠡᠷᠭᠡᠳᠡᠬᠢ ᠪᠠᠶᠢᠴᠠᠭᠠᠬᠤ ᠬᠤᠷᠢᠶ᠎ᠠ︾ ᠶᠢ ᠪᠠᠶᠢᠭᠤᠯᠵᠠᠢ᠃ ᠰᠢᠨ᠎ᠡ ᠪᠠᠷᠭᠤ ᠪᠠᠷᠠᠭᠤᠨ ᠬᠤᠰᠢᠭᠤᠨ ᠤ ︽ᠲᠠᠯ᠎ᠠ ᠨᠤᠳᠤᠭ ᠤᠨ ᠪᠠᠶᠢᠴᠠᠭᠠᠬᠤ ᠰᠢᠭᠤᠳ ᠦᠢᠯᠡᠴᠢᠯᠡᠬᠦ ᠲᠡᠷᠭᠡ︾ ᠨᠢ ᠬᠠᠤᠯᠢ ᠴᠠᠭᠠᠵᠠ ᠶᠢᠨ ᠬᠢᠨᠠᠯᠲᠠ ᠶᠢ ᠬᠦᠳᠡᠭᠡ ᠨᠤᠳᠤᠭ ᠲᠤ ᠦᠨᠴᠦᠭ ᠪᠣᠯᠣᠩ ᠦᠭᠡᠢ ᠪᠦᠷᠬᠦᠬᠦᠯᠵᠤ᠂ ᠮᠠᠯᠴᠢᠨ ᠲᠦᠮᠡᠨ ᠪᠠ ᠪᠠᠶᠢᠴᠠᠭᠠᠬᠤ ᠲᠤᠰᠢᠶᠠᠯᠲᠠᠨ ᠤ ᠰᠡᠳᠬᠢᠯ ᠵᠢᠷᠤᠭᠡ ᠶᠢ ᠬᠤᠯᠪᠤᠭᠰᠠᠠ ᠪᠠᠶᠢᠨ᠎ᠠ᠃ ᠬᠠᠤᠯᠢ ᠲᠦᠭᠡᠮᠡᠯᠵᠢᠬᠦᠯᠬᠦ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠪᠠ ᠡᠶᠡᠳᠡᠭᠦᠯᠬᠦ ᠶᠢ ᠵᠤᠯᠭᠠᠭᠤᠯᠬᠤ᠂ ᠬᠠᠤᠯᠢ ᠲᠠᠶᠢᠯᠪᠤᠷᠢᠯᠠᠵᠤ ᠶᠤᠰᠤ ᠶᠠᠷᠢᠬᠤ᠂ ᠢᠷᠭᠡᠨ ᠤ ᠬᠡᠷᠡᠭ ᠤᠨ ᠭᠤᠮᠤᠳᠠᠯ ᠲᠣᠭᠠᠴᠢᠭᠰᠠᠠ ᠬᠡᠷᠡᠭ ᠤᠨ ᠢᠯᠡ ᠪᠠᠷ ᠭᠡᠷᠡᠴᠢᠯᠡᠭᠡ ᠰᠤᠨᠤᠰᠬᠤ ᠵᠡᠷᠭᠡ ᠠᠵᠢᠯ ᠢ ᠬᠦᠨᠵᠡᠭᠡᠶᠢᠷᠡᠬᠦᠯᠦᠨ᠂ ᠬᠡᠷᠡᠭ ᠤᠨ ᠵᠢᠱᠢᠶ᠎ᠡ ᠶᠢᠨ ᠲᠠᠶᠢᠯᠤᠮᠵᠢ ᠪᠠᠷ ᠲᠠᠮᠵᠢᠭᠤᠯᠤᠨ᠂ ᠠᠷᠠᠳ ᠢᠷᠭᠡᠳ ᠢ ᠬᠦᠲᠦᠯᠦᠨ ᠲᠠᠭᠠᠭᠤᠯᠵᠤ ᠬᠠᠤᠯᠢ ᠶᠢ ᠡᠷᠬᠢᠮᠯᠡᠨ ᠰᠠᠬᠢᠭᠤᠯᠤᠭᠰᠠᠠ ᠪᠠᠶᠢᠨ᠎ᠠ᠃

     ᠬᠤᠶᠠᠷ᠂ ᠵᠠᠯᠬᠠᠭᠠᠨ ᠰᠢᠳᠭᠡᠬᠦ ᠪᠠ ᠰᠡᠷᠭᠡᠶᠢᠯᠡᠬᠦ ᠶᠢ ᠵᠡᠷᠭᠡᠪᠡᠷ ᠪᠠᠷᠢᠮᠲᠠᠯᠠᠵᠤ᠂ ᠱᠠᠮᠰᠢᠭᠰᠠᠳ ᠢ ᠠᠷᠢᠯᠭᠠᠨ ᠢᠯᠵᠠᠷᠠᠯ ᠢ ᠡᠰᠡᠷᠬᠦᠴᠡᠬᠦ ᠶᠢ ᠪᠦᠬᠦ ᠬᠦᠴᠦ ᠪᠠᠷ ᠢᠶᠠᠨ ᠬᠢᠵᠤ᠂ ᠢᠯᠵᠠᠷᠠᠯ ᠢ ᠡᠰᠡᠷᠬᠦᠴᠡᠬᠦ ᠲᠡᠮᠡᠴᠡᠯ ᠳᠤ ᠲᠡᠶᠢᠯᠦᠩᠬᠦᠢ ᠪᠠᠶᠢᠳᠠᠯ ᠢ ᠪᠣᠢ ᠪᠣᠯᠭᠠᠨ ᠪᠠᠶᠢᠴᠠᠭᠠᠬᠤ ᠬᠦᠴᠦᠨ ᠢᠶᠠᠨ ᠵᠤᠷᠢᠭᠤᠯᠪᠠ

     ︽ᠪᠠᠷᠰ︾ ︽ᠢᠯᠠᠭ᠎ᠠ︾ ᠶᠢ ᠬᠠᠮᠲᠦ ᠳᠤᠨᠢ ᠴᠤᠬᠢᠬᠤ ᠶᠢ ᠪᠠᠷᠢᠮᠲᠠᠯᠠᠵᠤ᠂ ᠵᠠᠯᠬᠠᠭᠠᠨ ᠰᠢᠳᠭᠡᠬᠦ᠂ ᠤᠷᠢᠳᠴᠢᠯᠠᠨ ᠰᠡᠷᠭᠡᠶᠢᠯᠡᠬᠦ ᠶᠢ ︽ᠵᠡᠷᠭᠡᠪᠡᠷ ᠠᠳᠬᠤᠵᠤ︾᠂ ᠢᠯᠵᠠᠷᠠᠯ ᠢ ᠡᠰᠡᠷᠬᠦᠴᠡᠬᠦ ᠦᠨᠳᠦᠷ ᠲᠠᠷᠤᠯᠳᠠᠳᠤ ᠪᠠᠶᠢᠳᠠᠯ ᠢ ᠢᠮᠠᠭᠲᠠ ᠪᠠᠷᠢᠮᠲᠠᠯᠠᠪᠠ᠃ ᠲᠠᠪᠤᠨ ᠵᠢᠯ ᠤᠨ ᠲᠤᠷᠰᠢ᠂ ᠲᠤᠰᠢᠶᠠᠯ ᠤᠨ ᠶᠠᠯ᠎ᠠ ᠬᠢᠭᠰᠡᠨ 4578 ᠬᠡᠷᠡᠭ 8024 ᠬᠦᠮᠦᠨ ᠢ ᠬᠡᠷᠡᠭ ᠪᠣᠯᠭᠠᠨ ᠪᠠᠶᠢᠴᠠᠭᠠᠨ ᠰᠢᠳᠭᠡᠵᠤ᠂ ᠳᠡᠭᠡᠷ᠎ᠡ ᠲᠠᠪᠤᠨ ᠵᠢᠯ ᠤᠨ ᠬᠢ ᠠᠴᠠ ᠲᠤᠰ ᠲᠤᠰ 42.6% ᠪᠠ 76.7% ᠪᠠᠷ ᠲᠡᠭᠡᠭᠰᠢᠯᠡᠵᠡᠢ᠃

     ᠲᠣᠮᠤ ᠬᠡᠷᠡᠭ ᠴᠢᠬᠤᠯᠠ ᠬᠡᠷᠡᠭ ᠢ ᠭᠤᠣᠯᠳᠠᠯᠭ᠎ᠠ ᠲᠠᠢ ᠪᠠᠶᠢᠴᠠᠭᠠᠨ ᠰᠢᠳᠭᠡᠪᠡ᠃ 100 ᠲᠦᠮᠡᠨ ᠲᠦᠬᠦᠷᠢᠭ ᠠᠴᠠ ᠲᠡᠭᠡᠭᠰᠢ ᠱᠠᠮᠰᠢᠭᠰᠠᠠ᠂ ᠭᠡᠭᠡᠯᠢ ᠲᠦᠯᠬᠢᠵᠤ ᠬᠠᠭ᠋ᠤᠤᠯᠢ ᠢᠳᠡᠭᠰᠡᠨ᠂ ᠠᠯᠪᠠᠨ ᠤ ᠵᠤᠭᠤᠰ ᠢ ᠨᠡᠬᠦᠯᠭᠡᠨ ᠬᠡᠷᠡᠭᠯᠡᠭᠰᠡᠨ 438 ᠬᠡᠷᠡᠭ ᠢ ᠪᠠᠶᠢᠴᠠᠭᠠᠨ ᠰᠢᠳᠭᠡᠪᠡ︔ ᠴᠢᠬᠤᠯᠠ ᠬᠡᠷᠡᠭ ᠤᠨ 409 ᠬᠦᠮᠦᠨ ᠪᠠᠶᠢᠵᠤ᠂ ᠡᠬᠦᠨ ᠳᠤ ᠲᠢᠩᠬᠢᠮ ᠲᠣᠪᠴᠢᠶ᠎ᠠ ᠶᠢᠨ ᠲᠡᠰ ᠤᠨ ᠺᠠᠳ᠋ᠷ 36 ᠬᠦᠮᠦᠨ᠂ ᠮᠣᠵᠢ ᠶᠠᠮᠣᠨ ᠤ ᠲᠡᠰ ᠤᠨ ᠺᠠᠳ᠋ᠷ 2 ᠬᠦᠮᠦᠨ ᠪᠣᠢ᠃ ᠡᠨᠡ ᠲᠠᠪᠤᠨ ᠵᠢᠯ ᠪᠣᠯ ᠮᠠᠨ ᠤ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠳᠭᠡᠭᠰᠡᠨ ᠲᠤᠮᠤ ᠬᠡᠷᠡᠭ ᠴᠢᠬᠤᠯᠠ ᠬᠡᠷᠡᠭ ᠬᠠᠮᠤᠭ ᠤᠯᠠᠨ᠂ ᠪᠠᠶᠢᠴᠠᠭᠠᠨ ᠰᠢᠳᠭᠡᠭᠰᠡᠨ ᠲᠡᠭᠡᠳᠦ ᠲᠡᠰ ᠤᠨ ᠺᠠᠳ᠋ᠷ ᠬᠠᠮᠤᠭ ᠤᠯᠠᠨ᠂ ᠬᠡᠷᠡᠭ ᠲᠤ ᠬᠤᠯᠪᠤᠭᠳᠠᠭᠰᠠᠠ ᠮᠦᠩᠬᠦᠨ ᠤ ᠲᠤᠭ᠎ᠠ ᠮᠢᠩᠭᠠᠨ ᠲᠦᠮᠡ ᠶᠢ ᠲᠠᠪᠠᠵᠤ ᠳ᠋ᠦᠩᠰᠢᠭᠤᠷ ᠭᠡᠳᠦᠷᠡᠭᠰᠡᠨ ᠲᠤᠮᠤ ᠬᠡᠷᠡᠭ ᠴᠢᠬᠤᠯᠠ ᠬᠡᠷᠡᠭ ᠬᠠᠮᠤᠭ ᠤᠯᠠᠨ ᠬᠤᠭᠤᠴᠠᠭ᠎ᠠ ᠪᠣᠯᠣᠨ᠎ᠠ᠃ 2017 ᠣᠨ ᠳᠤ᠂ ᠡᠷᠬᠡ ᠴᠢᠳᠠᠪᠤᠷᠢ ᠶᠢ ᠰᠠᠯᠭᠠᠨ ᠰᠢᠯᠵᠢᠬᠦᠯᠵᠤ᠂ 10 ᠳ᠋ᠤᠭᠠᠷ ᠰᠠᠷ᠎ᠠ ᠠᠴᠠ ᠲᠠᠬᠢᠵᠤ ᠰᠢᠨ᠎ᠡ ᠪᠠᠷ ᠬᠡᠷᠡᠭ ᠪᠣᠯᠭᠠᠭᠰᠠᠠ ᠦᠭᠡᠢ ᠪᠠᠶᠢᠳᠠᠯ ᠲᠣᠣᠷ᠎ᠠ᠂ ᠪᠦᠬᠦ ᠤᠷᠤᠨ ᠤ ᠪᠠᠶᠢᠴᠠᠭᠠᠬᠤ ᠺᠠᠳ᠋ᠷ ᠴᠠᠭᠳᠠᠭ᠎ᠠ ᠨᠠᠷ ᠲᠡᠭᠡᠳᠤ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ᠂ ᠲᠤᠰᠢᠶᠠᠯ ᠤᠨ ᠶᠠᠯ᠎ᠠ ᠬᠢᠭᠰᠡᠨ 914 ᠬᠡᠷᠡᠭ 1660 ᠬᠦᠮᠦᠨ ᠢ ᠪᠠᠶᠢᠴᠠᠭᠠᠨ ᠰᠢᠳᠭᠡᠵᠤ᠂ 2016 ᠣᠨ ᠤ ᠠᠳᠠᠯᠢ ᠬᠤᠭᠤᠴᠠᠭᠠᠨ ᠤ ᠬᠢ ᠠᠴᠠ 16.8 % ᠪᠠ 14.2% ᠪᠠᠷ ᠲᠡᠭᠡᠭᠰᠢᠯᠡᠨ᠂ ᠬᠡᠷᠡᠭ ᠰᠢᠳᠭᠡᠬᠦ ᠬᠦᠴᠦᠯᠡᠴᠡ ᠰᠤᠯᠠᠷᠠᠰᠢ ᠦᠭᠡᠢ᠂ ᠴᠤᠬᠢᠯᠭ᠎ᠠ ᠬᠤᠪᠢᠷᠠᠰᠢ ᠦᠭᠡᠢ᠂ ᠦᠷ᠎ᠡ ᠪᠦᠳᠦᠮᠵᠢ ᠪᠠᠭᠤᠷᠠᠰᠢ ᠦᠭᠡᠢ ᠪᠠᠶᠢᠬᠤ ᠶᠢ ᠪᠠᠳᠤᠯᠠᠵᠤ᠂ ᠪᠤᠳᠠᠳᠠᠢ ᠦᠢᠯᠡ ᠬᠦᠳᠡᠯᠦᠯ ᠢᠶᠠᠷ ᠢᠶᠠᠨ ᠨᠠᠮ ᠪᠣᠯᠣᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠪᠠᠨ  ᠬᠠᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠲᠥᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠶᠢᠨ ᠲᠤᠰᠢᠶᠠᠨ ᠰᠢᠳᠭᠡᠬᠦᠯᠦᠭᠰᠡᠨ ᠪᠦᠬᠦ ᠣᠯᠣᠰ ᠤᠨ ᠤᠯᠤᠰ ᠲᠦᠷᠦ ᠶᠢᠨ ᠵᠦᠪᠯᠡᠯᠭᠡᠨ ᠤ ᠣᠣᠯ ᠤᠨ ᠪᠠᠶᠢᠩᠭᠤ ᠶᠢᠨ ᠭᠡᠰᠢᠬᠦᠨ᠂ ᠰᠢᠶᠠᠩᠭᠠᠩ ᠣᠣᠮᠧᠨ ᠲᠠᠶᠢᠸᠠᠨ ᠬᠠᠷᠢᠶᠠᠳᠤ ᠲᠠᠢ ᠬᠠᠷᠢᠯᠴᠠᠬᠤ ᠵᠦᠪᠯᠡᠯ ᠤᠨ ᠣᠣᠯ ᠤᠨ ᠡᠷᠬᠢᠯᠡᠭᠴᠢ ᠰᠦᠨ ᠬᠤᠧᠠᠢ ᠱᠠᠨ ᠤ ᠬᠠᠭ᠋ᠤᠤᠯᠢ ᠢᠳᠡᠭᠰᠡᠨ ᠢᠶᠠᠷ ᠰᠡᠵᠢᠭᠯᠡᠭᠳᠡᠭᠰᠡᠨ ᠬᠡᠷᠡᠭ᠂ ᠲᠤᠮᠳᠠᠳᠤ ᠤᠯᠤᠰ ᠤᠨ ᠮᠢᠨ ᠱᠧᠩ ᠪᠠᠩᠬᠢ ᠶᠢᠨ ᠣᠣᠯ ᠤᠨ ᠲᠦᠷᠦᠬᠦᠴᠢ ᠮᠡᠳᠡᠭᠡ ᠵᠠᠩᠬᠢ ᠶᠢᠨ ᠲᠤᠰᠢᠶᠠᠯᠳᠠᠨ ᠯᠢᠨ ᠰᠢᠶᠣᠤ ᠰᠢᠤᠧᠠᠨ ︵ᠣᠣᠯ ᠤᠨ ᠲᠥᠪ ᠤᠨ ᠵᠤᠬᠢᠶᠠᠨ ᠪᠠᠶᠢᠭᠤᠯᠬᠤ ᠬᠡᠯᠳᠡᠰ ᠤᠨ ᠬᠠᠮᠢᠶᠠᠷᠤᠯᠲᠠᠳᠤ ᠵᠢᠩᠬᠢᠨᠢ ᠲᠤᠪᠴᠢᠶᠠᠨ ᠲᠡᠰ︶ ᠤ ᠬᠠᠭ᠋ᠤᠤᠯᠢ ᠢᠳᠡᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠲᠠᠭᠠᠭᠠᠨ ᠰᠢᠳᠭᠡᠪᠡ᠃ ᠰᠦᠨ ᠬᠤᠧᠠᠢ ᠱᠠᠨ ᠤ ᠬᠡᠷᠡᠭ ᠢ ᠪᠠᠶᠢᠴᠠᠭᠠᠨ ᠰᠢᠳᠭᠡᠬᠦ ᠶᠠᠪᠤᠴᠠ ᠳᠤ᠂ ᠦᠪᠡᠷᠳᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠲᠤᠰᠬᠠᠢ ᠬᠡᠷᠡᠭ ᠤᠨ ᠠᠵᠢᠯ ᠤᠨ ᠲᠤᠭᠤᠶᠢᠯᠠᠩ ᠪᠠᠶᠢᠴᠠᠭᠠᠨ ᠰᠢᠳᠬᠡᠭᠳᠡᠬᠦ ᠡᠲᠡᠭᠡᠳ ᠤᠨ ᠪᠡᠶ᠎ᠡ ᠶᠢᠨ ᠭᠠᠷᠤᠯ ᠤᠨ ᠣᠨᠴᠠᠭᠠᠢ ᠪᠠᠶᠢᠳᠠᠯ᠂ ᠬᠡᠷᠡᠭ ᠤᠨ ᠬᠦᠨᠳᠦ ᠶᠡᠭᠡ ᠰᠡᠷᠭᠡᠭ ᠴᠢᠨᠠᠷ᠂ ᠬᠠᠮᠤᠷᠬᠤ ᠬᠡᠪᠴᠢᠶ᠎ᠡ ᠦᠷᠭᠡᠨ᠂ ᠬᠡᠷᠡᠭ ᠲᠤ ᠬᠤᠯᠪᠤᠭᠳᠠᠬᠤ ᠬᠦᠮᠦᠨ ᠤ ᠲᠤᠭ᠎ᠠ ᠤᠯᠠᠨ ᠵᠡᠷᠭᠡ ᠵᠦᠢᠯ ᠵᠦᠢᠯ ᠤᠨ ᠬᠦᠴᠢᠷ ᠪᠡᠷᠭᠡᠰᠢᠶᠡᠯ ᠢ ᠢᠯᠠᠨ ᠳᠠᠪᠠᠵᠤ᠂ 16 ᠮᠣᠵᠢ ᠬᠤᠲᠠ᠂ 35 ᠬᠤᠲᠠ ᠰᠢᠶᠡᠨ ᠳᠤ ᠬᠦᠷᠴᠤ᠂ ᠵᠠᠭᠤ ᠭᠠᠷᠤᠢ ᠲᠦᠮᠡᠨ ᠺᠢᠯᠤᠮᠧᠲᠷ ᠠᠶᠠᠯᠠᠵᠤ ᠬᠡᠷᠡᠴᠢ ᠪᠠᠷᠢᠮᠲᠠ ᠪᠠᠶᠢᠴᠠᠭᠠᠨ ᠬᠠᠷᠭᠤᠭᠤᠯᠵᠤ᠂ 1.5 ᠲᠦᠮᠡ ᠭᠠᠷᠤᠢ ᠨᠢᠭᠤᠷ ᠪᠦᠬᠦᠢ 84 ᠲᠡᠪᠳᠡᠷ ᠬᠡᠷᠡᠭ ᠤᠨ ᠡᠪᠬᠡᠮᠡᠯ ᠤᠨ ᠮᠠᠲ᠋ᠧᠷᠢᠶᠠᠯ ᠢ ᠪᠦᠷᠢᠯᠳᠦᠬᠦᠯᠦᠭᠰᠡᠨ ᠪᠠᠶᠢᠨ᠎ᠠ᠃ ᠲᠤᠰ ᠬᠡᠷᠡᠭ ᠨᠢ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠥᠨᠳᠥᠷ ᠦᠨᠡᠯᠡᠯᠲᠡ ᠶᠢ ᠣᠯᠪᠠ᠃ ᠭᠡᠭᠡᠯᠢ ᠲᠦᠯᠬᠢᠬᠦ ᠪᠠ ᠬᠠᠭ᠋ᠤᠤᠯᠢ ᠢᠳᠡᠬᠦ ᠶᠢ ᠵᠡᠷᠭᠡᠪᠡᠷ ᠪᠠᠶᠢᠴᠠᠭᠠᠬᠤ ᠶᠢ ᠪᠠᠷᠢᠮᠲᠠᠯᠠᠵᠤ᠂ ᠬᠠᠭ᠋ᠤᠤᠯᠢ ᠢᠳᠡᠭᠰᠡᠨ 643 ᠲᠦᠷᠦ ᠶᠢᠨ ᠠᠵᠢᠯᠲᠠᠨ ᠢ ᠪᠠᠶᠢᠴᠠᠭᠠᠨ ᠰᠢᠳᠭᠡᠵᠤ᠂ ᠲᠦᠷᠦ ᠶᠢᠨ ᠠᠵᠢᠯᠲᠠᠨ ᠳᠤ ᠬᠤᠮᠣᠷᠭᠠᠯᠠᠨ ᠭᠡᠭᠡᠯᠢ ᠲᠦᠯᠬᠢᠭᠰᠡᠨ 492 ᠬᠦᠮᠦᠨ ᠢ ᠪᠠᠶᠢᠴᠠᠭᠠᠨ ᠰᠢᠳᠭᠡᠪᠡ᠃ ᠬᠠᠤᠯᠢ ᠭᠡᠷᠡᠭᠵᠢᠬᠦᠯᠦᠯᠲᠡ᠂ ᠬᠠᠤᠯᠢ ᠪᠠᠷᠢᠯᠲᠠ ᠶᠢᠨ ᠭᠤᠣᠯᠴᠢ ᠪᠤᠰᠤ ᠶᠢᠨ ᠠᠷᠤ ᠳᠠᠬᠢ ᠲᠤᠰᠢᠶᠠᠯ ᠤᠨ ᠶᠠᠯᠠᠳᠤ ᠬᠡᠷᠡᠭ ᠢ ᠴᠢᠩᠭ᠎ᠠ ᠪᠠᠶᠢᠴᠠᠭᠠᠨ ᠰᠢᠳᠬᠡᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯᠲᠠᠨ 1592 ᠬᠦᠮᠦᠨ᠂ ᠬᠠᠤᠯᠢ ᠪᠠᠷᠢᠬᠤ ᠠᠵᠢᠯᠲᠠᠨ 440 ᠬᠦᠮᠦᠨ ᠢ ᠪᠠᠶᠢᠴᠠᠭᠠᠨ ᠰᠢᠳᠭᠡᠵᠡᠢ᠃

     ᠠᠷᠠᠳ ᠤᠨ ᠠᠮᠢᠳᠤᠷᠠᠯ ᠠᠷᠠᠳ ᠤᠨ ᠠᠰᠢᠭ ᠢ ᠬᠤᠬᠢᠷᠠᠭᠤᠯᠤᠭᠰᠠᠠ ᠬᠡᠷᠡᠭ ᠢ ᠴᠢᠩᠭ᠎ᠠ ᠪᠠᠶᠢᠴᠠᠭᠠᠨ ᠰᠢᠳᠭᠡᠪᠡ᠃ ᠤᠯᠠᠨ ᠲᠦᠮᠡᠨ ᠤ ᠲᠡᠷᠭᠡᠳᠡ ᠭᠠᠷᠤᠭᠰᠠᠠ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠠ ᠲᠤᠰᠢᠶᠠᠯ ᠤᠨ ᠶᠠᠯᠠᠳᠤ ᠬᠡᠷᠡᠭ ᠢ ᠪᠠᠶᠢᠴᠠᠭᠠᠨ ᠰᠢᠳᠭᠡᠬᠦ ᠪᠠ ᠤᠷᠢᠳᠴᠢᠯᠠᠨ ᠰᠡᠷᠭᠡᠶᠢᠯᠡᠬᠦ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ︽ᠦᠩᠭᠡᠷᠡᠬᠦ ᠬᠤᠨ ᠤ ᠨᠣᠯᠤᠤᠷ ᠢ ᠥᠭᠳᠡᠭᠡᠬᠦ︾ ᠮᠠᠶ᠋ᠢᠭ ᠤᠨ ᠢᠯᠵᠠᠷᠠᠯ ᠢ ᠴᠡᠭᠴᠡᠯᠡᠨ ᠵᠠᠰᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠠ ᠨᠡᠶᠢᠭᠡᠮ ᠤᠨ ᠪᠠᠳᠤᠯᠠᠭ᠎ᠠ᠂ ᠰᠤᠷᠭᠠᠨ ᠬᠦᠮᠦᠵᠢᠯ ᠠᠵᠢᠯ ᠣᠯᠭᠤᠯᠲᠠ᠂ ᠭᠠᠵᠠᠷ ᠲᠠᠲᠠᠪᠤᠷᠢᠯᠠᠨ ᠨᠤᠷᠠᠭᠠᠵᠤ ᠨᠡᠬᠦᠯᠭᠡᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ︽ᠢᠯᠠᠭᠠᠨ ᠱᠠᠮᠰᠢᠭᠴᠢ︾ 837 ᠬᠦᠮᠦᠨ ᠢ ᠪᠠᠶᠢᠴᠠᠭᠠᠨ ᠰᠢᠳᠭᠡᠪᠡ᠃ ᠶᠠᠳᠠᠭᠤ ᠶᠢ ᠲᠡᠳᠭᠦᠭᠦ ᠪᠡᠷᠬᠡ ᠰᠡᠳᠦᠪ ᠢ ᠰᠢᠪᠲᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠲᠡ ᠶᠢ ᠪᠠᠳᠤᠯᠠᠵᠤ᠂  ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ ᠲᠠᠢ ᠬᠠᠮᠳᠤᠷᠠᠨ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠤᠰᠢᠶᠠᠯ ᠶᠢᠨ ᠶᠠᠯ᠎ᠠ ᠬᠢᠬᠦ ᠶᠢ ᠲᠦᠪᠯᠡᠷᠡᠬᠦᠯᠦᠨ ᠴᠡᠭᠴᠡᠯᠡᠬᠦ ᠪᠠ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠬᠤ ᠲᠤᠰᠬᠠᠢ ᠠᠵᠢᠯ ᠦᠷᠨᠢᠬᠦᠯᠵᠤ᠂ 2016 ᠣᠨ ᠠᠴᠠ ᠨᠠᠰᠢ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠤᠰᠢᠶᠠᠯ ᠶᠢᠨ ᠶᠠᠯ᠎ᠠ ᠬᠢᠭᠰᠡᠨ 226 ᠬᠦᠮᠦᠨ ᠢ ᠪᠠᠶᠢᠴᠠᠭᠠᠨ ᠰᠢᠳᠭᠡᠪᠡ᠃ ︽ᠨᠠᠷᠢᠯᠢᠭ ᠤᠨᠤᠴᠢᠳᠠᠢ ᠪᠠᠷ ᠶᠠᠳᠠᠭᠤ ᠶᠢ ᠲᠡᠳᠭᠦᠵᠤ᠂ ᠠᠷᠢᠭᠤᠨ ᠴᠢᠭᠡᠴᠢ ᠪᠠᠷ ᠠᠷᠠᠳ ᠲᠤ ᠦᠢᠯᠡᠴᠢᠯᠡᠬᠦ︾ ᠰᠡᠷᠡᠮᠵᠢ ᠤᠬᠠᠭᠤᠯᠤᠯ ᠬᠦᠮᠦᠵᠢᠯ ᠤᠨ ᠦᠨᠳᠦᠰᠦᠨ ᠱᠠᠳᠤ ᠪᠠᠷ ᠠᠶᠠᠯᠠᠬᠤ ᠲᠤᠰᠬᠠᠢ ᠠᠵᠢᠯᠯᠠᠭ᠎ᠠ ᠶᠢ 3 ᠵᠢᠯ ᠲᠠᠷᠠᠭᠠᠯᠠᠨ ᠦᠷᠨᠢᠬᠦᠯᠵᠤ᠂ ᠨᠡᠯᠢᠶᠡᠳ ᠰᠠᠶᠢᠨ ᠦᠷ᠎ᠡ ᠪᠦᠲᠦᠭᠡᠯ ᠤᠯᠵᠠᠢ᠃ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠶᠢᠨ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤ ᠪᠠ ᠵᠠᠯᠠᠶᠢᠳ ᠬᠤᠰᠢᠭᠤᠨ ᠤ ᠪᠠᠶᠠᠨᠳᠤᠬᠤᠢ ᠭᠠᠴᠠᠭ᠎ᠠ ᠶᠢ ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠠᠶᠠᠨᠳᠤᠬᠤᠢ ᠭᠠᠴᠠᠭ᠎ᠠ ᠬᠠᠪᠰᠤᠷᠤᠨ ᠲᠡᠳᠬᠦᠬᠦ ᠠᠵᠢᠯ ᠤᠨ ᠲᠡᠷᠢᠬᠦᠨ ᠤ ᠨᠡᠶᠢᠲᠡᠯᠢᠭ ᠵᠢᠱᠢᠶ᠎ᠡ ᠪᠠᠷ ᠰᠢᠯᠢᠭᠳᠡᠨ᠂ ᠦᠪᠡᠷᠳᠡᠭᠡᠨ ᠵᠠᠰᠠᠬᠤ ᠤᠷᠤᠨ ᠤ 100 ᠭᠠᠷᠤᠢ ᠨᠢᠭᠡᠴᠢ ᠲᠣᠭᠤᠷᠢᠨ ᠦᠵᠡᠪᠡ᠃

     ᠲᠠᠷᠤᠭ᠎ᠠ ᠪᠤᠯᠤᠭᠠᠳ ᠡᠰᠡ ᠦᠢᠯᠡᠳᠬᠦᠢ᠂ ᠲᠠᠷᠤᠭ᠎ᠠ ᠪᠣᠯᠣᠭᠠᠳ ᠲᠤᠷ᠎ᠠ ᠪᠠᠷ ᠦᠢᠯᠡᠳᠬᠦᠢ ᠶᠢ ᠴᠢᠩᠭ᠎ᠠ ᠵᠠᠯᠬᠠᠭᠠᠨ ᠰᠢᠳᠭᠡᠪᠡ᠃ ᠲᠤᠰᠢᠶᠠᠯ ᠢᠶᠠᠨ ᠤᠮᠳᠤᠭᠠᠶᠢᠯᠠᠵᠤ ᠬᠠᠷᠢᠭᠤᠴᠠᠯᠭ᠎ᠠ ᠪᠠᠨ ᠠᠯᠳᠠᠭᠰᠠᠠ᠂ ᠡᠷᠬᠡ ᠲᠤᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ ᠵᠡᠷᠭᠡ ᠲᠤᠰᠢᠶᠠᠯ ᠢᠶᠠᠨ ᠭᠤᠳᠤᠭᠠᠵᠤ ᠡᠷᠬᠡ ᠳᠤ ᠬᠠᠯᠳᠠᠭᠰᠠᠠ  ᠶᠠᠯ᠎ᠠ ᠬᠢᠭᠰᠡᠳ ᠢ ᠢᠳᠡᠪᠬᠢᠲᠠᠢ ᠪᠠᠶᠢᠴᠠᠭᠠᠨ ᠰᠢᠳᠭᠡᠵᠤ᠂ ᠪᠦᠬᠦ ᠤᠷᠤᠨ ᠤ ᠲᠤᠰᠢᠶᠠᠯ ᠢᠶᠠᠨ ᠭᠤᠳᠤᠭᠠᠭᠰᠠᠠ ᠬᠡᠷᠡᠭ ᠤᠨ ᠬᠡᠷᠡᠭ ᠪᠣᠯᠭᠠᠭᠰᠠᠠ ᠲᠤᠭ᠎ᠠ ᠶᠢᠨ ᠨᠡᠮᠡᠭᠳᠡᠯ᠂ ᠬᠦᠮᠦᠨ ᠲᠤᠮᠳᠠᠴᠢ ᠶᠢᠨ ᠬᠡᠷᠡᠭ ᠪᠣᠯᠭᠠᠭᠰᠠᠠ ᠲᠤᠭ᠎ᠠ ᠵᠠᠯᠭᠠᠪᠠᠷ ᠭᠤᠷᠪᠠᠨ ᠵᠢᠯ ᠪᠦᠬᠦ ᠤᠯᠤᠰ ᠤᠨ ᠲᠡᠷᠢᠬᠦᠨ ᠤ ᠡᠩᠨᠡᠭᠡᠨ ᠳᠤ ᠪᠠᠶᠢᠷᠢᠯᠠᠪᠠ᠃ 631 ᠬᠦᠨᠳᠦ ᠣᠨᠴᠠ ᠲᠤᠮᠤ ᠬᠡᠷᠡᠭ᠂ ᠭᠠᠵᠠᠷ ᠤᠨ ᠲᠡᠰ ᠠᠴᠠ ᠲᠡᠭᠡᠭᠰᠢᠬᠢ ᠺᠠᠳ᠋ᠷ 99 ᠬᠦᠮᠦᠨ ᠢ ᠪᠠᠶᠢᠴᠠᠭᠠᠨ ᠰᠢᠳᠭᠡᠵᠤ᠂ ᠳᠡᠭᠡᠷ᠎ᠡ ᠲᠠᠪᠤᠨ ᠵᠢᠯ ᠤᠨ ᠬᠢ ᠠᠴᠠ ᠲᠤᠰ ᠲᠤᠰ 91.8% ᠪᠠ 110.6% ᠪᠠᠷ ᠲᠡᠭᠡᠭᠰᠢᠯᠡᠵᠡᠢ᠃ ᠬᠦᠨᠳᠦ ᠶᠡᠭᠡ ᠠᠮᠤᠷ ᠲᠦᠪᠰᠢᠨ ᠤ ᠠᠳᠡᠭᠳᠡᠯ ᠤᠨ ᠪᠠᠶᠢᠴᠠᠭᠠᠯᠲᠠ ᠳᠤ ᠬᠠᠤᠯᠢ ᠶᠤᠰᠤᠭᠠᠷ ᠴᠠᠭ ᠲᠠᠷᠤᠢ ᠳᠤᠨᠢ ᠤᠷᠤᠯᠴᠠᠵᠤ᠂ ᠠᠳᠡᠭᠳᠡᠯ ᠤᠨ ᠠᠷᠤ ᠳᠠᠬᠢ ᠲᠤᠰᠢᠶᠠᠯ ᠢᠶᠠᠨ ᠭᠤᠳᠤᠭᠠᠭᠰᠠᠠ ᠶᠠᠯ᠎ᠠ ᠬᠢᠭᠰᠡᠨ 266 ᠬᠦᠮᠦᠨ ᠢ ᠪᠠᠶᠢᠴᠠᠭᠠᠨ ᠰᠢᠢᠳᠪᠤᠷᠢᠯᠡᠵᠡᠢ᠃

     ᠲᠤᠰᠢᠶᠠᠯ ᠤᠨ ᠶᠠᠯ᠎ᠠ ᠬᠢᠬᠦ ᠶᠢ ᠡᠬᠢ ᠡᠬᠦᠰᠦᠯ ᠠᠴᠠ ᠨᠢ ᠵᠠᠰᠠᠬᠤ ᠶᠢ ᠬᠦᠨᠵᠡᠭᠡᠶᠢᠷᠡᠬᠦᠯᠪᠡ᠃ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠦᠨᠵᠡᠭᠡᠶᠢᠷᠡᠨ᠂ ᠲᠤᠰᠬᠠᠢ ᠤᠷᠢᠳᠴᠢᠯᠠᠨ ᠰᠡᠷᠭᠡᠶᠢᠯᠡᠯᠲᠡ ᠦᠷᠨᠢᠬᠦᠯᠵᠤ᠂ ᠰᠡᠷᠡᠮᠵᠢ ᠬᠦᠮᠦᠵᠢᠯ ᠪᠠ ᠤᠷᠢᠳᠴᠢᠯᠠᠨ ᠰᠡᠷᠭᠡᠶᠢᠯᠡᠬᠦ ᠤᠬᠠᠭᠤᠯᠤᠯ ᠢ  2.1 ᠲᠦᠮᠡ ᠭᠠᠷᠤᠢ ᠤᠳᠠᠭ᠎ᠠ ᠵᠤᠬᠢᠶᠠᠨ ᠪᠠᠶᠢᠭᠤᠯᠵᠤ᠂ 1869 ᠬᠤᠪᠢ  ᠤᠷᠢᠳᠴᠢᠯᠡᠨ ᠰᠡᠷᠭᠡᠶᠢᠯᠡᠬᠦ ᠰᠠᠨᠠᠭᠤᠯᠭ᠎ᠠ ᠲᠤᠷᠠᠳᠴᠤ᠂ 1164 ᠳᠦᠷᠢᠮ ᠪᠠᠶᠢᠭᠤᠯᠬᠤ ᠶᠢ ᠠᠬᠢᠭᠤᠯᠪᠠ᠃ ᠡᠯ᠎ᠡ ᠱᠠᠳᠤᠨ ᠤ ᠨᠠᠮ ᠤ ᠬᠤᠷᠢᠶ᠎ᠠ ᠲᠠᠢ ᠨᠢᠭᠲᠠ ᠬᠠᠮᠵᠢᠯᠴᠠᠨ ᠬᠤᠭᠤᠴᠠᠭ᠎ᠠ ᠰᠤᠯᠢᠬᠤ ᠰᠣᠩᠭᠤᠭᠤᠯᠢ ᠶᠢᠨ ᠲᠤᠰᠬᠠᠢ ᠤᠷᠢᠳᠴᠢᠯᠠᠨ ᠰᠡᠷᠭᠡᠶᠢᠯᠡᠯᠲᠡ ᠶᠢ ᠦᠷᠨᠢᠬᠦᠯᠵᠤ᠂ 2.4 ᠲᠦᠮᠡ ᠭᠠᠷᠤᠢ ᠪᠡᠯᠡᠳᠭᠡᠯ ᠰᠤᠩᠭᠤᠭᠤᠯᠢ᠂ ᠵᠢᠱᠢᠭᠳᠡᠭᠴᠢ ᠺᠠᠳ᠋ᠷᠴᠤᠳ ᠲᠤ ︽ᠰᠡᠷᠭᠡᠶᠢᠯᠡᠯᠲᠡ ᠶᠢᠨ ᠵᠡᠬᠦᠤ︾ ᠶᠢ ᠤᠷᠢᠳᠴᠢᠯᠡᠨ ᠴᠤᠬᠢᠭᠰᠠᠠ ᠪᠠᠶᠢᠨ᠎ᠠ᠃ ᠲᠤᠰᠢᠶᠠᠯ ᠤᠨ ᠶᠠᠯᠠᠳᠤ ᠬᠡᠷᠡᠭ ᠢ ᠵᠠᠯᠬᠠᠭᠠᠨ ᠰᠢᠳᠭᠡᠵᠤ ᠤᠷᠢᠳᠴᠢᠯᠠᠨ ᠰᠡᠷᠭᠡᠶᠢᠯᠡᠬᠦ ᠣᠨ ᠤ ᠮᠡᠳᠡᠬᠦᠯᠦᠯᠲᠡ ᠪᠠ ᠲᠤᠰᠬᠠᠢ ᠮᠡᠳᠡᠬᠦᠯᠦᠯᠲᠡ ᠶᠢᠨ ᠠᠵᠢᠯ ᠢ ᠨᠡᠶᠢᠳᠡᠮ ᠦᠷᠨᠢᠬᠦᠯᠵᠤ᠂ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠭᠠᠷᠭᠠᠬᠤ ᠳᠤ ᠯᠠᠪᠯᠠᠯᠲᠠ ᠤᠯᠭᠤᠵᠠᠢ᠃ ᠢᠨᠲ᠋ᠧᠷ ᠰᠦᠯᠵᠢᠶᠡᠨ ᠤ ᠭᠡᠭᠡᠯᠢ ᠲᠦᠯᠬᠢᠭᠰᠡᠨ ᠶᠠᠯᠠᠳᠤ ᠬᠡᠷᠡᠭ ᠤᠨ ᠲᠠᠩᠰᠠ ᠡᠪᠬᠡᠮᠡᠯ ᠤᠨ ᠪᠠᠶᠢᠴᠠᠭᠠᠨ ᠯᠠᠪᠯᠠᠭ᠎ᠠ ᠶᠢ 42 ᠲᠦᠮᠡ ᠭᠠᠷᠤᠢ ᠤᠳᠠᠭ᠎ᠠ ᠬᠠᠩᠭᠠᠵᠤ᠂ ᠨᠡᠶᠢᠭᠡᠮ ᠤᠨ ᠢᠳᠡᠬᠡᠮᠵᠢ ᠶᠢᠨ ᠲᠣᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠪᠠ᠃ ᠪᠦᠬᠦ ᠤᠷᠤᠨ ᠤ ᠭᠤᠷᠪᠠᠨ ᠱᠠᠳᠤᠨ ᠤ ᠪᠠᠶᠢᠴᠠᠭᠠᠬᠤ ᠬᠤᠷᠢᠶ᠎ᠠ ᠶᠢᠨ ᠰᠦᠯᠵᠢᠶᠡᠨ ᠲᠡᠭᠡᠷ᠎ᠡ ᠰᠡᠷᠡᠮᠵᠢ ᠤᠬᠠᠭᠤᠯᠤᠯ ᠬᠦᠮᠦᠵᠢᠯ ᠤᠨ ᠲᠡᠪᠴᠠᠩ ᠪᠠᠶᠢᠭᠤᠯᠤᠭᠰᠠᠠ ᠶᠠᠪᠤᠳᠠᠯ ᠨᠢ ᠪᠦᠬᠦ ᠤᠯᠤᠰ ᠲᠤ ᠠᠩᠬᠠᠨ ᠤ ᠵᠢᠱᠢᠶ᠎ᠡ ᠪᠣᠯᠵᠠᠢ᠃ ᠰᠢᠤᠳᠠᠨ ᠤ ᠶᠠᠪᠤᠳᠠᠯ ᠤᠨ ᠺᠣᠮᠫᠠᠨᠢ ᠯᠤᠭ᠎ᠠ ᠬᠠᠮᠳᠤ ᠪᠠᠷ ︽ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠰᠢᠤᠳᠠᠨ ᠵᠠᠮ︾ ᠤᠨ ᠠᠵᠢᠯᠯᠠᠭ᠎ᠠ ᠦᠷᠨᠢᠬᠦᠯᠵᠤ᠂ ᠰᠠᠶᠢᠨ ᠲᠤᠷᠠᠴᠤᠳ ᠤᠨ ᠦᠢᠯᠡᠴᠢᠯᠡᠬᠦ ᠵᠤᠬᠢᠶᠠᠨ ᠪᠠᠶᠢᠭᠤᠯᠤᠯᠲᠠ ᠶᠢ ᠪᠠᠶᠢᠭᠤᠯᠤᠨ᠂ ᠠᠷᠢᠭᠤᠨ ᠴᠢᠭᠡᠴᠢ ᠰᠤᠶᠤᠯ ᠢ ᠮᠢᠩᠭ᠎ᠠ ᠲᠦᠮᠡᠨ ᠠᠶᠢᠯ ᠡᠷᠤᠬᠡ ᠳᠤ ᠬᠦᠷᠭᠡᠭᠰᠡᠨ ᠪᠠᠶᠢᠨ᠎ᠠ᠃

     ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢᠨ ᠴᠢᠬᠤᠯᠠ ᠶᠡᠭᠡ ᠪᠠᠶᠢᠷᠢᠰᠢᠭᠤᠯᠤᠯᠲᠠ ᠶᠢ ᠡᠷᠡᠰ ᠲᠣᠣᠱᠯᠠᠭᠤᠯᠪᠠ᠃ ᠱᠠᠮᠰᠢᠬᠤ ᠶᠢ ᠡᠰᠡᠷᠬᠦᠴᠡᠬᠦ᠂ ᠲᠤᠰᠢᠶᠠᠯ ᠤᠨ ᠶᠠᠯ᠎ᠠ ᠬᠢᠬᠦ ᠶᠢ ᠡᠰᠡᠷᠬᠦᠴᠡᠬᠦ ᠪᠠ ᠤᠷᠢᠳᠴᠢᠯᠠᠨ ᠰᠡᠷᠭᠡᠶᠢᠯᠡᠬᠦ ᠠᠵᠢᠯ ᠤᠨ ᠡᠷᠬᠡ ᠴᠢᠳᠠᠪᠤᠷᠢ ᠶᠢᠨ ᠰᠢᠯᠵᠢᠬᠦᠯᠦᠯ᠂ ᠤᠷᠤᠨ ᠲᠤᠭ᠎ᠠ᠂ ᠬᠦᠮᠦᠨ ᠤ ᠬᠠᠷᠢᠶᠠᠯᠠᠯ ᠤᠨ ᠰᠢᠯᠵᠢᠯᠲᠠ ᠪᠠ ᠪᠡᠯᠡ ᠬᠦᠷᠦᠩᠭᠡ ᠰᠢᠯᠵᠢᠬᠦᠯᠦᠨ ᠲᠤᠰᠢᠶᠠᠬᠤ ᠵᠡᠷᠭᠡ ᠠᠵᠢᠯ ᠢ ᠪᠦᠬᠦ ᠬᠦᠴᠦ ᠪᠠᠷ ᠢᠶᠠᠨ ᠬᠠᠮᠵᠢᠯᠴᠠᠨ ᠰᠠᠶᠢᠳᠤᠷ ᠬᠢᠪᠠ᠃ ᠪᠦᠬᠦ ᠤᠷᠤᠨ ᠢᠶᠠᠷ ᠢᠶᠠᠨ ᠤᠯᠤᠰ ᠲᠦᠷᠦ ᠬᠠᠤᠯᠢ ᠴᠠᠭᠠᠵᠠ ᠶᠢᠨ ᠨᠡᠶᠢᠲᠡ 1834 ᠲᠤᠰᠬᠠᠢ ᠤᠷᠤᠨ ᠲᠤᠭ᠎ᠠ ᠶᠢ ᠰᠠᠯᠭᠠᠨ ᠰᠢᠯᠵᠢᠬᠦᠯᠵᠤ᠂ 1419 ᠪᠠᠶᠢᠴᠠᠭᠠᠬᠤ ᠠᠵᠢᠯᠲᠠᠨ ᠤ ᠬᠠᠷᠢᠶᠠᠯᠠᠯ ᠢ ᠰᠢᠯᠵᠢᠬᠦᠯᠦᠭᠰᠡᠨ ᠪᠠᠶᠢᠨ᠎ᠠ᠃ ᠬᠡᠷᠡᠭ ᠤᠨ ᠰᠦᠪᠡᠭᠴᠢ ᠶᠢ ᠪᠦᠬᠦ ᠲᠠᠯ᠎ᠠ ᠪᠠᠷ ᠴᠡᠪᠡᠷᠯᠡᠵᠤ᠂ ᠬᠡᠷᠡᠭ ᠤᠨ ᠰᠦᠪᠡᠭᠴᠢ ᠶᠢ ᠰᠢᠯᠵᠢᠬᠦᠯᠦᠨ ᠲᠤᠰᠢᠶᠠᠬᠤ ᠪᠠ ᠲᠠᠭᠤᠰᠬᠠᠭᠠᠳᠤᠢ ᠬᠡᠷᠡᠭ ᠤᠨ ᠰᠢᠳᠭᠡᠬᠦ ᠶᠢ ᠰᠠᠶᠢᠳᠤᠷ ᠠᠳᠬᠤᠪᠠ᠃ ᠬᠢᠨᠠᠨ ᠪᠠᠶᠢᠴᠠᠭᠠᠬᠤ ᠵᠦᠪᠯᠡᠯ ᠲᠠᠢ ᠬᠡᠷᠡᠭ ᠰᠢᠳᠭᠡᠬᠦ ᠶᠢ ᠵᠣᠯᠭᠠᠭᠤᠯᠬᠤ ᠲᠤᠭᠳᠠᠴᠠ ᠶᠢ ᠰᠤᠳᠤᠯᠤᠨ ᠪᠠᠶᠢᠭᠤᠯᠵᠤ᠂ ᠦᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠶᠢ ᠪᠠᠳᠤᠯᠠᠪᠠ᠃ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠦᠨ ᠬᠦᠨᠵᠡᠭᠡᠢ ᠨᠠᠷᠢᠨ ᠨᠢᠮᠪᠠᠢ ᠦᠷᠨᠢᠬᠦᠯᠵᠤ᠂ ᠠᠵᠢᠯ ᠤᠨ ᠲᠤᠭᠳᠠᠭᠤᠨ ᠢᠶᠠᠷ ᠰᠢᠯᠵᠢᠬᠦ ᠶᠢ  ᠪᠠᠳᠤᠯᠠᠪᠠ᠃

     ᠭᠤᠷᠪᠠ᠂ ᠵᠠᠷᠭᠤ ᠶᠢᠨ ᠬᠢᠨᠠᠯᠲᠠ ᠶᠢ ᠴᠢᠩᠭᠠᠷᠠᠭᠤᠯᠤᠨ᠂ ᠬᠠᠤᠯᠢ ᠪᠠᠷᠢᠯᠲᠠ ᠶᠢᠨ ᠨᠡᠶᠢᠲᠡ ᠶᠢᠨ ᠢᠲᠡᠭᠡᠮᠵᠢ ᠶᠢ ᠨᠡᠮᠡᠭᠳᠡᠬᠦᠯᠵᠤ᠂ ᠬᠠᠤᠯᠢ ᠪᠠᠷᠢᠵᠤ ᠰᠢᠢᠳᠪᠤᠷᠢᠯᠡᠭᠰᠡᠨ ᠬᠡᠷᠡᠭ ᠪᠣᠯᠭᠠᠨ ᠢ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠤᠰᠤ ᠶᠢ ᠪᠠᠷᠢᠮᠲᠠᠯᠠᠭᠰᠠᠠ ᠲᠦᠷᠦᠭᠳᠡᠯ ᠣᠯᠭᠤᠬᠤ ᠪᠠᠷ ᠴᠢᠷᠮᠠᠶᠢᠪᠠ

     ᠲᠥᠪ ᠭᠤᠣᠯᠴᠢ ᠰᠢᠳᠤᠷᠭᠤ ᠶᠤᠰᠤᠨ ᠤ ᠭᠤᠣᠯᠯᠠᠬᠤ ᠥᠷᠳᠡᠭ ᠤᠨ ᠬᠦᠭᠡᠭᠡᠴᠡᠯᠳᠦᠯ ᠢ ᠬᠠᠮᠠᠭᠠᠯᠠᠬᠤ ᠶᠢ ᠪᠠᠳᠤ ᠴᠡᠭᠡᠵᠢᠯᠡᠵᠤ᠂ ᠬᠠᠤᠯᠢ ᠬᠡᠷᠡᠭᠵᠢᠬᠦᠯᠬᠦ᠂ ᠬᠠᠤᠯᠢ ᠪᠠᠷᠢᠬᠤ ᠠᠵᠢᠯᠯᠠᠭᠠᠨ ᠳᠠᠬᠢ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠨ᠂ ᠠᠷᠠᠳ ᠤᠯᠠᠨ ᠤ ᠲᠥᠪ ᠭᠤᠣᠯᠴᠢ ᠰᠢᠳᠤᠷᠭᠤ ᠶᠤᠰᠤᠨ ᠤ ᠲᠠᠯ᠎ᠠ ᠪᠠᠷ ᠬᠢ  ᠠᠰᠢᠭ ᠬᠦᠷᠳᠡᠭᠰᠡᠨ ᠲᠦᠷᠦᠭᠳᠡᠯ ᠢ ᠨᠡᠮᠡᠭᠳᠡᠬᠦᠯᠪᠡ᠃

     ᠬᠦᠮᠦᠨ ᠤ ᠡᠷᠬᠡ ᠶᠢᠨ ᠬᠠᠤᠯᠢ ᠪᠠᠷᠢᠬᠤ ᠲᠠᠯ᠎ᠠ ᠪᠠᠷ ᠬᠢ ᠪᠠᠳᠤᠯᠠᠭ᠎ᠠ ᠶᠢ ᠴᠢᠩᠭᠠᠳᠬᠠᠪᠠ᠃ ᠪᠤᠰᠤᠳᠴᠢ ᠲᠥᠪ ᠭᠤᠣᠯᠴᠢ ᠵᠤᠭᠰᠤᠯᠲᠠ ᠶᠢ ᠬᠢᠴᠢᠶᠡᠩᠬᠦᠶᠢᠯᠡᠨ ᠵᠢᠷᠤᠮᠯᠠᠵᠤ᠂ ᠶᠠᠯ᠎ᠠ ᠬᠢᠭᠰᠡᠨ ᠳᠤ ᠦᠯᠦ ᠲᠣᠭᠠᠴᠠᠭᠳᠠᠭᠰᠠᠠ 1342 ᠬᠦᠮᠦᠨ ᠤ ᠪᠠᠷᠢᠪᠴᠢᠯᠠᠯᠲᠠ ᠶᠢ ᠦᠯᠦ ᠵᠦᠪᠰᠢᠶᠡᠷᠡᠵᠤ᠂ ᠨᠡᠶᠢᠭᠡᠮ ᠳᠤ ᠠᠶᠤᠯᠲᠤ ᠴᠢᠨᠠᠷ ᠦᠭᠡᠢ ᠪᠤᠶᠤ ᠬᠡᠷᠡᠴᠢ ᠪᠠᠷᠢᠮᠲᠠ ᠬᠦᠢᠴᠡᠳ ᠪᠤᠰᠤ 18350 ᠬᠦᠮᠦᠨ ᠤ ᠪᠠᠷᠢᠪᠴᠢᠯᠠᠯᠲᠠ ᠶᠢ ᠦᠯᠦ ᠵᠦᠪᠰᠢᠶᠡᠷᠡᠪᠡ︔ 5503 ᠬᠦᠮᠦᠨ ᠢ ᠦᠯᠦ ᠵᠠᠭᠠᠯᠳᠤᠪᠠ᠃ ᠬᠤᠷᠢᠬᠤ ᠴᠢᠬᠤᠯᠠ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ 3728 ᠬᠦᠮᠦᠨ ᠢ ᠰᠤᠯᠠᠯᠠᠭᠤᠯᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠨᠢ ᠬᠤᠪᠢᠷᠠᠭᠤᠯᠬᠤ ᠪᠠᠶᠢᠴᠠᠭᠠᠬᠤ ᠰᠠᠨᠠᠭᠤᠯᠭ᠎ᠠ ᠲᠣᠷᠠᠳᠴᠤ᠂ 3530 ᠬᠦᠮᠦᠨ ᠤ ᠬᠢ ᠨᠢ ᠬᠦᠯᠢᠶᠡᠨ ᠠᠪᠴᠠᠢ᠃ ᠬᠢᠯᠢᠰ ᠪᠤᠷᠤᠭᠤ ᠬᠡᠷᠡᠭ ᠲᠤ ᠬᠠᠤᠯᠢ ᠶᠤᠰᠤᠭᠠᠷ ᠬᠢᠨᠠᠯᠲᠠ ᠲᠠᠯᠪᠢᠵᠤ ᠵᠠᠯᠠᠷᠠᠭᠤᠯᠪᠠ᠃ ᠸᠧᠨ ᠵᠦᠩ ᠤᠨ ᠬᠢᠬᠠᠨ ᠮᠡᠭᠡᠯᠡᠭᠰᠡᠨ ᠭᠤᠮᠤᠳᠠᠯ ᠲᠤᠭᠠᠴᠢᠯᠲᠠ ᠶᠢᠨ ᠬᠡᠷᠡᠭ ᠢ ᠬᠤᠶᠠᠷ ᠱᠠᠳᠤᠨ ᠤ ᠰᠢᠬᠦᠬᠦ ᠬᠤᠷᠢᠶ᠎ᠠ ᠲᠦᠷᠪᠡ ᠤᠳᠠᠭᠠᠨ ᠤ ᠲᠠᠰᠤᠯᠤᠨ ᠲᠤᠭᠳᠠᠭᠠᠯᠲᠠ ᠪᠠᠷ ᠲᠠᠮᠵᠢᠭᠠᠳ᠂ ᠶᠠᠯ᠎ᠠ ᠲᠠᠢ ᠪᠠᠷ ᠲᠠᠰᠤᠯᠤᠭᠰᠠᠨ ᠰᠢᠬᠦᠨ ᠲᠠᠰᠤᠯᠤᠯᠲᠠ ᠨᠢ ᠵᠠᠯᠠᠷᠠᠭᠤᠯᠤᠭᠳᠠᠭᠰᠠᠠ ᠦᠭᠡᠢ ᠪᠢᠯᠡ᠃ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠲᠤᠰ ᠬᠡᠷᠡᠭ ᠢ ᠬᠢᠨᠠᠨ ᠪᠠᠶᠢᠴᠠᠭᠠᠭᠰᠠᠠ ᠤ ᠲᠠᠷᠠᠭ᠎ᠠ ᠲᠠᠬᠢᠨ ᠰᠢᠬᠦᠯᠭᠡᠬᠦ ᠪᠠᠶᠢᠴᠠᠭᠠᠬᠤ ᠰᠠᠨᠠᠭᠤᠯᠭ᠎ᠠ ᠲᠤᠷᠠᠳᠴᠤ᠂ ᠦᠪᠡᠷᠳᠡᠭᠡᠨ ᠵᠠᠰᠠᠬᠤ ᠤᠷᠤᠨ ᠤ ᠦᠨᠳᠦᠷ ᠵᠡᠷᠭᠡ ᠶᠢᠨ ᠰᠢᠬᠦᠬᠦ ᠬᠤᠷᠢᠶ᠎ᠠ ᠲᠠᠬᠢᠨ ᠰᠢᠬᠦᠭᠡᠳ᠂ ᠡᠴᠤᠰ ᠲᠡᠭᠡᠨ ᠲᠡᠬᠦᠨ ᠢ ᠶᠠᠯ᠎ᠠ ᠦᠭᠡᠢ ᠪᠠᠷ ᠦᠭᠡᠷᠡᠴᠢᠯᠡᠨ ᠲᠠᠰᠤᠯᠤᠭᠰᠠᠠ ᠪᠠᠶᠢᠨ᠎ᠠ᠃ ᠲᠤᠰ ᠬᠡᠷᠡᠭ ᠨᠢ ︽ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠡᠷᠡᠬᠦᠤ ᠶᠢᠨ ᠭᠤᠮᠤᠳᠠᠯ ᠲᠤᠭᠠᠴᠢᠯᠲᠠ ᠶᠢᠨ ᠰᠢᠯᠢᠳᠡᠭ ᠬᠡᠷᠡᠭ︾ ᠢᠶᠠᠷ ᠦᠨᠡᠯᠡᠭᠳᠡᠪᠡ᠃ ᠰᠢᠬᠦᠬᠦ ᠬᠤᠷᠢᠶ᠎ᠠ ᠠᠴᠠ ᠬᠦᠭᠵᠢᠯᠲᠦ ᠶᠢ ᠶᠠᠯ᠎ᠠ ᠦᠭᠡᠢ ᠪᠠᠷ ᠦᠭᠡᠷᠡᠴᠢᠯᠡᠨ ᠲᠠᠰᠤᠯᠬᠤ ᠶᠢ ᠪᠦᠬᠦ ᠬᠦᠴᠦᠨ ᠢᠶᠠᠷ ᠲᠡᠮᠵᠢᠭᠰᠡᠨ ᠤ ᠬᠠᠮᠳᠤ᠂ ᠪᠠᠶᠢᠴᠠᠭᠠᠬᠤ ᠪᠠᠶᠢᠭᠤᠯᠭ᠎ᠠ ᠬᠦᠨ ᠬᠡᠮᠰᠢᠵᠤ᠂ ᠬᠢᠯᠢᠰ ᠬᠡᠷᠡᠭ ᠢ ᠰᠡᠷᠭᠡᠶᠢᠯᠡᠵᠤ ᠪᠤᠷᠤᠭᠤ ᠬᠡᠷᠡᠭ ᠢ ᠵᠠᠯᠠᠷᠠᠭᠤᠯᠬᠤ᠂ ᠬᠠᠤᠯᠢ ᠪᠠᠷᠢᠯᠲᠠ ᠶᠢᠨ ᠨᠠᠭᠠᠳᠤ ᠵᠠᠬ᠎ᠠ ᠶᠢᠨ ᠱᠤᠭᠤᠮ ᠢ ᠰᠠᠬᠢᠬᠤ 23 ᠵᠣᠷᠪᠤᠰ ᠬᠠᠲᠠᠨ ᠴᠢᠨᠠᠷᠲᠤ ᠠᠷᠭ᠎ᠠ ᠬᠡᠮᠵᠢᠶ᠎ᠡ ᠭᠠᠷᠭᠠᠵᠤ᠂ ᠬᠢᠯᠢᠰ ᠬᠤᠳᠠᠯ ᠪᠤᠷᠤᠭᠤ ᠬᠡᠷᠡᠭ ᠢ ᠡᠬᠢ ᠡᠬᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠢᠯᠡᠷᠡᠬᠦᠯᠦᠨ ᠵᠠᠯᠠᠷᠠᠭᠤᠯᠬᠤ ᠪᠠᠶᠢᠩᠭᠤᠵᠢᠭᠤᠯᠤᠭᠰᠠᠠ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠪᠡ᠃ ᠬᠠᠤᠯᠢᠴᠢ ᠰᠦᠯᠵᠢᠶᠡᠨ ᠲᠡᠭᠡᠷ᠎ᠡ ᠪᠣᠯᠵᠤᠵᠤ ᠪᠠᠶᠢᠴᠠᠭᠠᠨ ᠯᠠᠪᠯᠠᠬᠤ  ᠪᠠ ᠡᠯᠧᠺᠲᠷᠤᠨ ᠡᠪᠬᠡᠮᠡᠯ ᠦᠵᠡᠬᠦ ᠶᠢ ᠬᠡᠷᠡᠭᠵᠢᠬᠦᠯᠵᠤ᠂ ᠬᠠᠤᠯᠢᠴᠢ ᠶᠢᠨ ᠭᠤᠮᠤᠳᠠᠯ ᠵᠠᠭᠠᠯᠳᠤᠯᠭ᠎ᠠ ᠭᠠᠷᠭᠠᠬᠤ ᠲᠤᠰᠬᠠᠢ ᠨᠡᠪᠳᠡᠷᠡᠴᠡ ᠪᠠᠶᠢᠭᠤᠯᠤᠨ᠂ ᠬᠠᠤᠯᠢᠴᠢ ᠶᠢᠨ ᠭᠤᠶᠤᠴᠢᠯᠠᠭᠰᠠᠠ ᠵᠦᠢᠯᠡᠰ ᠢ ᠮᠦᠷᠳᠡᠨ ᠰᠢᠪᠠᠳᠠᠨ ᠬᠢᠯᠭᠡᠵᠤ᠂ ᠬᠠᠤᠯᠢᠴᠢ ᠶᠢᠨ ᠬᠠᠤᠯᠢ ᠶᠤᠰᠤᠭᠠᠷ ᠠᠵᠢᠯ ᠡᠷᠬᠢᠯᠡᠬᠦ ᠶᠢ ᠪᠠᠲᠤᠯᠠᠨ ᠠᠬᠢᠭᠤᠯᠪᠠ᠃

     ᠡᠷᠡᠬᠦᠤ ᠶᠢᠨ ᠵᠠᠷᠭᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃  ᠬᠡᠷᠡᠭ ᠪᠣᠯᠭᠠᠯᠲᠠ ᠳᠤ ᠬᠢᠨᠠᠯᠲᠠ ᠲᠠᠯᠪᠢᠬᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠳᠤᠷᠰᠢᠨ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠨ 2443 ᠬᠡᠷᠡᠭ ᠢ  ᠰᠢᠪᠠᠳᠠᠨ ᠬᠡᠷᠡᠭ ᠪᠣᠯᠭᠠᠭᠤᠯᠵᠤ᠂ 1970 ᠬᠡᠷᠡᠭ ᠤᠨ ᠬᠡᠷᠡᠭ ᠪᠣᠯᠭᠠᠯᠲᠠ ᠳᠤ ᠬᠢᠨᠠᠯᠲᠠ ᠲᠠᠯᠪᠢᠨ ᠬᠦᠴᠦᠨ ᠦᠭᠡᠢ ᠪᠣᠯᠭᠠᠭᠤᠯᠤᠨ᠂  ᠲᠤᠷᠰᠢᠨ ᠪᠠᠶᠢᠴᠠᠭᠠᠬᠤ ᠠᠵᠢᠯᠯᠠᠭ᠎ᠠ ᠶᠢᠨ ᠬᠠᠤᠯᠢ ᠵᠦᠷᠢᠴᠡᠭᠰᠡᠨ ᠪᠠᠶᠢᠳᠠᠯ ᠢ 6251 ᠬᠡᠷᠡᠭ ᠤᠳᠠᠭ᠎ᠠ ᠬᠢᠨᠠᠯᠲᠠ ᠲᠠᠯᠪᠢᠨ ᠵᠠᠯᠠᠷᠠᠭᠤᠯᠵᠤ᠂ 5572 ᠬᠦᠮᠦᠨ ᠢ ᠨᠡᠭᠡᠮᠵᠢᠯᠡᠨ ᠪᠠᠷᠢᠪᠴᠢᠯᠠᠬᠤ ᠪᠠᠷ ᠵᠦᠪᠰᠢᠶᠡᠷᠡᠵᠤ᠂ ᠨᠡᠬᠡᠮᠵᠢᠯᠡᠨ ᠵᠠᠭᠠᠯᠳᠤᠭᠰᠠᠠ ᠪᠠᠶᠢᠨ᠎ᠠ᠃ ᠳ᠋ᠢᠩ ᠬᠦᠸᠧ ᠱᠠᠨ ᠵᠡᠷᠬᠡ 4 ᠬᠦᠮᠦᠨ ᠪᠣᠰᠣᠳ ᠢ ᠵᠤᠷᠢᠭᠤᠳᠠ ᠰᠢᠷᠬᠠᠳᠤᠭᠤᠯᠤᠨ ᠦᠬᠦᠬᠦᠯᠦᠭᠡᠳ᠂ 22 ᠵᠢᠯ ᠲᠤᠲᠠᠭᠠᠭᠠᠳ ᠪᠠᠷᠢᠭᠳᠠᠭᠰᠠᠠ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠳᠤ ᠨᠡᠭᠡᠮᠵᠢᠯᠡᠨ ᠵᠠᠭᠠᠯᠳᠤᠬᠤ ᠶᠢ ᠬᠢᠨᠠᠨ ᠵᠦᠪᠰᠢᠶᠡᠷᠡᠬᠦᠯᠬᠦ ᠪᠠᠷ ᠲᠡᠪᠰᠢᠬᠦᠯᠪᠡ᠂ ᠲᠤᠰ ᠬᠡᠷᠡᠭ ᠨᠢ ᠪᠦᠬᠦ ᠤᠯᠤᠰ ᠤᠨ ᠨᠡᠭᠡᠮᠵᠢᠯᠡᠨ ᠵᠠᠭᠠᠯᠳᠤᠬᠤ ᠶᠢ ᠬᠢᠨᠠᠨ ᠵᠦᠪᠰᠢᠶᠡᠷᠡᠬᠦᠯᠦᠭᠰᠡᠨ ᠬᠡᠷᠡᠭ ᠤᠨ ᠦᠯᠢᠭᠡᠷ ᠵᠢᠱᠢᠶ᠎ᠡ ᠪᠣᠯᠵᠠᠢ᠃ ᠰᠢᠬᠦᠨ ᠲᠠᠰᠤᠯᠬᠤ ᠪᠠᠷ ᠭᠤᠣᠯ ᠪᠣᠯᠭᠠᠭᠰᠠᠠ ᠡᠷᠡᠬᠦᠤ ᠶᠢᠨ ᠵᠠᠷᠭᠤ ᠶᠢᠨ ᠳᠦᠷᠢᠮ ᠤᠨ ᠦᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠬᠦᠯᠲᠡ ᠠᠴᠠ ᠡᠮᠤᠨᠡᠬᠢ ᠤᠳᠤᠷᠢᠳᠤᠮᠵᠢ ᠪᠠ ᠱᠦᠭᠦᠷᠡᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ 259 ᠬᠤᠪᠢ ᠬᠠᠤᠯᠢ ᠪᠤᠰᠤ ᠬᠡᠷᠡᠴᠢ ᠪᠠᠷᠢᠮᠲᠠ ᠶᠢ ᠭᠠᠳᠠᠭᠤᠷᠴᠢᠯᠠᠨ᠂ ᠰᠢᠬᠦᠨ ᠲᠠᠰᠤᠯᠬᠤ ᠭᠤᠭᠴᠤᠭᠠᠨ ᠳᠤ ︽ᠭᠡᠮ ᠲᠠᠢ︾ ᠬᠡᠷᠡᠭ ᠬᠦᠷᠬᠦ ᠶᠢ ᠬᠤᠷᠢᠭᠯᠠᠵᠠᠢ᠃ ᠰᠢᠬᠦᠨ ᠲᠠᠰᠤᠯᠤᠯᠲᠠ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠵᠤ᠂ ᠡᠷᠡᠬᠦᠤ ᠶᠢᠨ ᠲᠠᠰᠤᠯᠤᠨ ᠲᠤᠭᠳᠠᠭᠠᠯᠲᠠ ᠶᠢ ᠦᠨᠡᠭᠡᠷ ᠪᠤᠷᠤᠭᠤ ᠲᠠᠢ ᠭᠡᠵᠤ ᠦᠵᠡᠭᠡᠳ᠂ 909 ᠬᠡᠷᠡᠭ ᠲᠤ ᠬᠠᠤᠯᠢ ᠶᠤᠰᠤᠭᠠᠷ ᠡᠰᠡᠷᠬᠦᠴᠡᠨ ᠵᠠᠭᠠᠯᠳᠤᠯᠭ᠎ᠠ ᠭᠠᠷᠭᠠᠵᠤ᠂ ᠰᠢᠬᠦᠨ ᠲᠠᠰᠤᠯᠬᠤ ᠠᠵᠢᠯᠯᠠᠭ᠎ᠠ ᠶᠢᠨ ᠲᠤᠮᠳᠠᠬᠢ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠳᠤ 570 ᠤᠳᠠᠭ᠎ᠠ ᠵᠠᠯᠠᠷᠠᠭᠤᠯᠬᠤ ᠰᠠᠨᠠᠯ ᠲᠤᠷᠠᠳᠤᠭᠰᠠᠠ ᠪᠠᠶᠢᠨ᠎ᠠ᠃ ᠶᠢᠨ ᠹᠧᠩ ᠰᠢᠶᠠ ᠶᠢᠨ ᠬᠡᠷ᠎ᠡ ᠪᠠᠷ ᠮᠡᠭᠡᠯᠡᠭᠰᠡᠨ ᠬᠡᠷᠡᠭ ᠢ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠡᠰᠡᠷᠬᠦᠴᠡᠨ ᠵᠠᠭᠠᠯᠳᠤᠯᠭ᠎ᠠ ᠶᠢ ᠲᠡᠮᠵᠢᠬᠦ ᠪᠠᠷ ᠲᠠᠮᠵᠢᠭᠠᠳ᠂ ᠦᠪᠡᠷᠳᠡᠭᠡᠨ ᠵᠠᠰᠠᠬᠤ ᠤᠷᠤᠨ ᠤ ᠦᠨᠳᠦᠷ ᠵᠡᠷᠭᠡ ᠶᠢᠨ ᠰᠢᠬᠦᠬᠦ ᠬᠤᠷᠢᠶ᠎ᠠ ᠶᠠᠯ᠎ᠠ ᠦᠭᠡᠢ ᠪᠠᠷ ᠲᠠᠰᠤᠯᠤᠭᠰᠠᠨ ᠰᠢᠬᠦᠨ ᠲᠠᠰᠤᠯᠤᠯᠲᠠ ᠶᠢ ᠬᠠᠤᠯᠢ ᠶᠤᠰᠤᠭᠠᠷ ᠬᠦᠴᠦᠨ ᠦᠭᠡᠢ ᠪᠣᠯᠭᠠᠭᠠᠳ᠂ ᠵᠠᠭᠠᠯᠳᠤᠭᠳᠠᠭᠴᠢ ᠶᠢ ᠭᠤᠷᠪᠠᠨ ᠵᠢᠯ ᠬᠤᠭᠤᠴᠠᠭ᠎ᠠ ᠲᠠᠢ ᠬᠤᠷᠢᠬᠤ ᠡᠷᠡᠬᠦᠤ ᠪᠠᠷ ᠦᠭᠡᠷᠡᠴᠢᠯᠡᠨ ᠲᠠᠰᠤᠯᠤᠭᠰᠠᠠ ᠪᠠᠶᠢᠨ᠎ᠠ᠃ ᠲᠤᠰ ᠬᠡᠷᠡᠭ ᠨᠢ ︽ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠡᠷᠡᠬᠦᠤ ᠶᠢᠨ ᠡᠰᠡᠷᠬᠦᠴᠡᠨ ᠵᠠᠭᠠᠯᠳᠤᠭᠰᠠᠠ ᠰᠢᠯᠢᠳᠡᠭ ᠬᠡᠷᠡᠭ︾ ᠢᠶᠠᠷ ᠰᠤᠩᠭᠤᠭᠳᠠᠪᠠ᠃ ᠡᠷᠡᠬᠦᠤ ᠶᠢᠨ ᠬᠦᠢᠴᠡᠳᠭᠡᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠡᠷᠡᠭᠦᠦ ᠬᠠᠰᠤᠯᠲᠠ᠂ ᠲᠡᠩᠰᠡᠨ ᠰᠤᠯᠠᠯᠠᠯᠲᠠ᠂ ᠬᠢᠨᠳᠠᠨ ᠤ ᠭᠠᠳᠠᠨ᠎ᠠ ᠲᠦᠷ ᠭᠦᠢᠴᠡᠳᠬᠡᠯᠲᠡ ᠨᠢ ᠬᠠᠤᠯᠢ ᠶᠢ ᠵᠥᠷᠢᠴᠡᠭᠰᠡᠨ ᠪᠤᠶᠤ ᠵᠤᠬᠢᠰ ᠦᠭᠡᠶᠢᠳᠡᠭᠰᠡᠨ 10422 ᠬᠦᠮᠦᠨ ᠤ ᠬᠡᠷᠡᠭ ᠢ ᠬᠢᠨᠠᠯᠲᠠ ᠲᠠᠯᠪᠢᠨ  ᠵᠠᠯᠠᠷᠠᠭᠤᠯᠤᠭᠤᠯᠵᠤ᠂ ᠪᠤᠳᠠᠳᠤ ᠡᠷᠡᠬᠦᠤ ᠪᠠᠷ ᠰᠢᠳᠭᠡᠭᠡᠳ ᠦᠯᠦ ᠲᠤᠰᠢᠶᠠᠵᠤ ᠬᠦᠢᠴᠡᠳᠭᠡᠬᠦᠯᠦᠭᠰᠡᠨ 350 ᠶᠠᠯᠠᠳᠠᠨ ᠢ ᠲᠦᠪᠯᠡᠷᠡᠬᠦᠯᠦᠨ ᠴᠡᠪᠡᠷᠯᠡᠵᠤ᠂ 5 ᠵᠢᠯ ᠠᠴᠠ ᠲᠡᠭᠡᠭᠰᠢ ᠤᠳᠠᠳᠠᠯ᠎ᠠ ᠬᠤᠷᠢᠭᠠᠳ ᠦᠯᠦ ᠲᠠᠰᠤᠯᠤᠭᠰᠠᠠ ᠬᠡᠷᠡᠭ ᠢ ᠪᠦᠷ ᠴᠡᠪᠡᠷᠯᠡᠨ ᠲᠠᠭᠤᠰᠬᠠᠪᠠ᠃ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠮᠠᠨ ᠤ ᠤᠷᠤᠨ ᠤ ᠡᠷᠡᠬᠦᠤ ᠶᠢᠨ ᠬᠦᠢᠴᠡᠳᠭᠡᠯᠲᠡ ᠶᠢ ᠪᠠᠶᠢᠴᠠᠭᠠᠬᠤ ᠠᠵᠢᠯ ᠢ ᠬᠦᠬᠢᠬᠦᠯᠦᠨ ᠵᠤᠷᠢᠭᠵᠢᠭᠤᠯᠪᠠ᠃

     ᠢᠷᠭᠡᠨ ᠤ ᠪᠠ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠪᠠ᠃ ᠢᠷᠭᠡᠨ ᠤ ᠪᠠ ᠵᠠᠰᠠᠭ ᠵᠠᠬᠢᠷᠭᠠᠨ ᠤ ᠬᠢᠨᠠᠯᠲᠠ ᠲᠠᠯᠪᠢᠬᠤ 18661 ᠬᠡᠷᠡᠭ ᠢ ᠬᠦᠯᠢᠶᠡᠨ ᠠᠪᠴᠤ᠂ 18449 ᠬᠡᠷᠡᠭ ᠢ ᠬᠢᠨᠠᠨ ᠪᠠᠶᠢᠴᠠᠭᠠᠵᠤ ᠰᠢᠢᠳᠪᠤᠷᠢᠯᠡᠪᠡ᠃ ᠰᠢᠬᠦᠬᠦ ᠬᠤᠷᠢᠶ᠎ᠠ ᠯᠤᠭ᠎ᠠ ᠢᠷᠭᠡᠨ ᠤ ᠪᠠ ᠵᠠᠰᠠᠭ ᠵᠠᠬᠢᠷᠭᠠᠨ ᠤ ᠡᠰᠡᠷᠬᠦᠴᠡᠨ ᠵᠠᠭᠠᠯᠳᠤᠬᠤ ᠬᠡᠷᠡᠭ ᠤᠨ ᠨᠡᠪᠳᠡᠷᠡᠯᠴᠡᠬᠦ ᠲᠤᠭᠳᠠᠴᠠ ᠪᠠᠶᠢᠭᠤᠯᠵᠤ᠂ 951 ᠬᠡᠷᠡᠭ ᠲᠤ ᠬᠠᠤᠯᠢ ᠶᠤᠰᠤᠭᠠᠷ ᠡᠰᠡᠷᠬᠦᠴᠡᠨ ᠵᠠᠭᠠᠯᠳᠤᠯᠭ᠎ᠠ ᠭᠠᠷᠭᠠᠵᠤ᠂ ᠰᠢᠬᠦᠬᠦ ᠬᠤᠷᠢᠶ᠎ᠠ 550 ᠬᠤᠪᠢ ᠶᠢ ᠬᠦᠯᠢᠶᠡᠨ ᠠᠪᠴᠠᠢ᠃ ᠢᠷᠭᠡᠨ ᠤ ᠬᠡᠷᠡᠭ ᠤᠨ ᠰᠢᠬᠦᠨ ᠲᠠᠰᠤᠯᠬᠤ ᠠᠵᠢᠯᠯᠠᠭ᠎ᠠ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠳᠤ 1416 ᠬᠤᠪᠢ ᠪᠠᠶᠢᠴᠠᠭᠠᠬᠤ ᠰᠠᠨᠠᠭᠤᠯᠭ᠎ᠠ ᠲᠤᠷᠠᠳᠴᠤ᠂ ᠰᠢᠬᠦᠬᠦ ᠬᠤᠷᠢᠶ᠎ᠠ 1292 ᠬᠤᠪᠢ ᠶᠢ ᠬᠦᠯᠢᠶᠡᠨ ᠠᠪᠴᠠᠢ᠃ ᠢᠷᠭᠡᠨ ᠤ ᠬᠡᠷᠡᠭ ᠤᠨ ᠬᠦᠢᠴᠡᠳᠭᠡᠯᠲᠡ ᠵᠤᠬᠢᠰ ᠦᠭᠡᠶᠢᠳᠡᠭᠰᠡᠨ ᠦᠢᠯᠡ ᠠᠵᠢᠯᠯᠠᠭ᠎ᠠ ᠳᠤ 4723 ᠬᠤᠪᠢ ᠪᠠᠶᠢᠴᠠᠭᠠᠬᠤ ᠰᠠᠨᠠᠭᠤᠯᠭ᠎ᠠ ᠲᠤᠷᠠᠳᠴᠤ᠂ ᠰᠢᠬᠦᠬᠦ ᠬᠤᠷᠢᠶ᠎ᠠ 4394 ᠬᠤᠪᠢ ᠶᠢ ᠬᠦᠯᠢᠶᠡᠨ ᠠᠪᠴᠠᠢ᠃ ᠰᠢᠬᠦᠬᠦ ᠬᠤᠷᠢᠶ᠎ᠠ ᠲᠠᠢ ᠬᠠᠮᠳᠤᠷᠠᠨ ᠬᠦᠢᠴᠡᠳᠭᠡᠬᠦ ᠬᠡᠷᠡᠭ ᠤᠨ ᠵᠤᠭᠤᠰ ᠢ ᠲᠦᠪᠯᠡᠷᠡᠬᠦᠯᠦᠨ ᠴᠡᠪᠡᠷᠯᠡᠬᠦ ᠠᠵᠢᠯ ᠢ ᠦᠷᠨᠢᠬᠦᠯᠵᠤ᠂ ᠰᠢᠬᠦᠬᠦ ᠬᠤᠷᠢᠶ᠎ᠠ ᠶᠢ ᠲᠡᠮᠵᠢᠵᠤ ᠬᠠᠪᠰᠤᠷᠤᠨ ︽ᠬᠦᠢᠴᠡᠳᠭᠡᠬᠦ ᠳᠤ ᠬᠦᠴᠢᠷ ᠠᠰᠠᠭᠤᠳᠠᠯ︾ ᠢ ᠨᠠᠮᠳᠠᠭᠤᠯᠪᠠ᠃ ᠬᠠᠤᠯᠢ ᠪᠠᠷᠢᠬᠤ ᠡᠷᠬᠡ ᠰᠦᠷ ᠢ ᠬᠠᠮᠠᠭᠠᠯᠠᠨ᠂ ᠲᠤᠬᠠᠢ ᠶᠢᠨ ᠬᠦᠮᠦᠨ ᠤ ᠬᠢᠨᠠᠯᠲᠠ ᠲᠠᠯᠪᠢᠭᠤᠯᠬᠤ ᠪᠠᠷ ᠭᠤᠶᠤᠴᠢᠯᠠᠭᠰᠠᠠ 3677 ᠭᠡᠷᠡᠭ ᠢ ᠦᠯᠦ ᠲᠡᠮᠵᠢᠵᠤ᠂ ᠪᠠᠶᠢᠴᠠᠭᠠᠬᠤ ᠭᠤᠭᠴᠤᠭᠠᠨ ᠲᠡᠭᠡᠷ᠎ᠡ 1209 ᠬᠡᠷᠡᠭ ᠤᠨ ᠵᠠᠷᠭᠤ ᠬᠢᠬᠦ ᠶᠢ ᠪᠤᠯᠢᠭᠤᠯᠪᠠ᠃ ᠵᠠᠰᠠᠭ ᠵᠠᠬᠢᠷᠭᠠᠨ ᠤ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠤᠨ ᠵᠤᠯᠭᠠᠭᠤᠯᠬᠤ ᠲᠤᠭᠳᠠᠴᠠ ᠶᠢ ᠪᠠᠶᠢᠭᠤᠯᠤᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠭ᠎ᠠ ᠶᠢ ᠰᠢᠪᠠᠳᠠᠨ 4265 ᠵᠦᠢᠯ ᠳᠤ ᠲᠤᠰᠢᠶᠠᠯ ᠢ ᠨᠢ ᠬᠦᠢᠴᠡᠳᠭᠡᠬᠦᠯᠵᠤ᠂ 4026 ᠬᠤᠪᠢ ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠤᠪᠠ᠃

     ᠬᠠᠤᠯᠢ ᠪᠠᠷᠢᠯᠲᠠ ᠶᠢ ᠲᠦᠷᠢᠮᠵᠢᠬᠦᠯᠬᠦ ᠪᠠᠶᠢᠩᠭᠤᠵᠢᠭᠤᠯᠤᠭᠰᠠᠠ ᠬᠢᠨᠠᠯᠲᠠ ᠶᠢ ᠴᠢᠩᠭᠠᠳᠬᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠵᠤ᠂ 2013 ᠣᠨ ᠠᠴᠠ ᠡᠬᠢᠯᠡᠨ᠂ ︽ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠯᠢᠭᠡᠷ ᠠᠪᠴᠤ ᠦᠨᠡᠯᠡᠯᠲᠡ ᠬᠢᠬᠦ ᠠᠵᠢᠯᠯᠠᠭ᠎ᠠ︾ ᠪᠠ ︽ᠰᠢᠨ᠎ᠡ ᠶᠢ ᠡᠬᠦᠳᠴᠤ ᠰᠢᠯᠢᠳᠡᠭ ᠢ ᠪᠦᠲᠦᠭᠡᠬᠦ ᠲᠦᠷᠦᠯ ᠵᠦᠢᠯ ᠢ ᠦᠨᠡᠯᠡᠨ ᠰᠢᠯᠭᠠᠷᠠᠭᠤᠯᠬᠤ ᠠᠵᠢᠯᠯᠠᠭ᠎ᠠ︾ ᠶᠢ ᠰᠦᠪᠡᠭᠴᠢᠯᠡᠨ ᠦᠷᠨᠢᠬᠦᠯᠦᠭᠰᠡᠨ ᠪᠦᠭᠡᠳ ᠦᠯᠢᠭᠡᠷ ᠠᠪᠴᠤ ᠦᠨᠡᠯᠡᠯᠲᠡ ᠬᠢᠬᠦ ᠶᠢ ᠲᠤᠰᠢᠶᠠᠯ ᠤᠨ ᠶᠠᠯ᠎ᠠ ᠬᠢᠭᠰᠡᠨ ᠬᠡᠷᠡᠭ ᠢ ᠰᠢᠳᠭᠡᠬᠦ᠂ ᠡᠷᠡᠬᠦᠤ ᠶᠢᠨ ᠬᠡᠷᠡᠭ ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠡᠷᠡᠬᠦᠤ ᠰᠢᠳᠭᠡᠯ ᠤᠨ ᠬᠦᠢᠴᠡᠳᠭᠡᠯᠲᠡ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠣᠯᠤᠨ ᠢᠷᠭᠡᠨ ᠤ ᠪᠠ ᠵᠠᠰᠠᠭ ᠵᠠᠬᠢᠷᠭᠠᠨ ᠤ ᠬᠡᠷᠡᠭ ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠡᠰᠢ ᠰᠤᠩᠭᠠᠵᠤ᠂ ︽ᠬᠤᠶᠠᠷ ᠠᠵᠢᠯᠯᠠᠭ᠎ᠠ᠂ ᠲᠦᠷᠪᠡᠨ ᠲᠤᠭᠳᠠᠴᠠ︾ ᠶᠢ ᠪᠠᠶᠢᠭᠤᠯᠤᠨ᠂ ᠬᠠᠤᠯᠢ ᠶᠢ ᠴᠢᠩᠭ᠎ᠠ ᠪᠠᠷᠢᠵᠤ᠂ ᠬᠢᠨᠠᠯᠲᠠ ᠲᠠᠯᠪᠢᠬᠤ ᠶᠢ ᠴᠢᠩᠭᠠᠷᠠᠭᠤᠯᠬᠤ ᠲᠠᠯ᠎ᠠ ᠪᠠᠷ ︽ᠬᠠᠮ ᠠᠷᠭ᠎ᠠ ᠬᠢᠳᠠᠯ︾ ᠠᠪᠴᠤ᠂ ᠬᠡᠪᠴᠢᠶᠡᠲᠦ ᠨᠦᠯᠦᠭᠡᠯᠡᠯ ᠢ ᠪᠦᠷᠢᠯᠳᠦᠬᠦᠯᠦᠭᠰᠡᠨ ᠪᠠᠶᠢᠨ᠎ᠠ᠃ ᠲᠠᠪᠤᠨ ᠵᠢᠯ ᠤᠨ ᠲᠤᠷᠰᠢ᠂ ︽ᠬᠤᠶᠠᠷ ᠠᠵᠢᠯᠯᠠᠭ᠎ᠠ᠂ ᠲᠦᠷᠪᠡᠨ ᠲᠤᠭᠳᠠᠴᠠ︾ ᠪᠠᠷ ᠲᠠᠮᠵᠢᠭᠤᠯᠤᠨ ᠴᠢᠭ᠋ ᠢᠶᠠᠷ ᠨᠡᠶᠢᠳᠡᠮ ᠢ ᠲᠠᠶᠢᠴᠢᠯᠠᠵᠤ᠂ ᠨᠢᠭᠡ ᠠᠴᠠ ᠵᠦᠢᠴᠢᠯᠡᠵᠤ ᠨᠦᠬᠦᠭᠡ ᠶᠢ ᠮᠡᠳᠡᠨ᠂ ᠬᠦᠨᠵᠡᠭᠡᠢ ᠴᠡᠭᠴᠡᠯᠡᠨ ᠦᠭᠡᠷᠡᠴᠢᠯᠡᠵᠤ᠂ ᠬᠠᠤᠯᠢ ᠪᠠᠷᠢᠬᠤ ᠲᠦᠷᠢᠮᠵᠢᠬᠦᠯᠦᠯᠲᠡ ᠶᠢᠨ ᠬᠢᠷᠢ ᠬᠡᠮᠵᠢᠶ᠎ᠡ ᠶᠢ ᠲᠤᠶᠢᠯ ᠤᠨ ᠶᠡᠭᠡᠪᠡᠷ ᠲᠡᠭᠡᠭᠰᠢᠯᠡᠬᠦᠯᠪᠡ᠂ ᠡᠨᠡᠬᠦ ᠠᠷᠭ᠎ᠠ ᠬᠢᠳᠡᠯ ᠨᠢ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠬᠦᠢᠴᠡᠳ ᠨᠤᠳᠠᠯᠠᠯᠲᠠ ᠶᠢ ᠤᠯᠤᠭᠰᠠᠠ ᠪᠠᠶᠢᠨ᠎ᠠ᠃ ᠬᠠᠤᠯᠢ ᠪᠠᠷᠢᠬᠤ ᠦᠢᠯᠡ ᠠᠵᠢᠯᠯᠠᠭ᠎ᠠ ᠶᠢ ᠲᠦᠷᠢᠮᠵᠢᠬᠦᠯᠬᠦ ᠲᠤᠰᠬᠠᠢ ᠴᠡᠭᠴᠡᠯᠡᠨ ᠵᠠᠰᠠᠯᠲᠠ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ᠲᠦᠷᠢᠮᠵᠢᠬᠦᠯᠦᠭᠰᠡᠨ ᠪᠠᠶᠢᠭᠤᠯᠤᠯᠲᠠ ᠶᠢ ᠴᠢᠩᠭᠠᠳᠬᠠᠪᠠ᠂ ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠤᠯᠠᠨ ᠤᠳᠠᠭ᠎ᠠ ᠪᠦᠬᠦ ᠤᠯᠤᠰ ᠲᠤ ᠲᠣᠷᠰᠢᠯᠭ᠎ᠠ ᠪᠠᠨ ᠲᠠᠨᠢᠯᠴᠠᠭᠤᠯᠵᠠᠢ᠃ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠠ ᠰᠠᠯᠪᠤᠷᠢ ᠶᠢᠨ ᠬᠠᠤᠯᠢ ᠬᠡᠷᠡᠭᠵᠢᠬᠦᠯᠦᠯᠲᠡ ᠳᠤ ᠪᠠᠶᠢᠩᠭᠤᠵᠢᠭᠤᠯᠤᠭᠰᠠᠠ ᠬᠢᠨᠠᠯᠲᠠ ᠶᠢ ᠴᠢᠩᠭᠠᠷᠠᠭᠤᠯᠵᠤ᠂ 2014 ᠣᠨ ᠳᠤ ᠲᠤᠳᠤᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠳᠤᠷᠠᠨ ᠪᠦᠬᠦ ᠤᠷᠤᠨ ᠤ 440 ᠲᠤᠮᠢᠯᠠᠭᠰᠠᠠ ᠰᠠᠯᠪᠤᠷᠢ ᠶᠢᠨ ᠡᠷᠡᠬᠦᠤ ᠶᠢᠨ ᠬᠡᠷᠡᠭ ᠤᠨ ᠬᠠᠤᠯᠢ ᠬᠡᠷᠡᠭᠵᠢᠬᠦᠯᠦᠯᠲᠡ ᠶᠢᠨ ᠪᠠᠶᠢᠳᠠᠯ ᠳᠤ ᠪᠠᠶᠢᠴᠠᠭᠠᠯᠲᠠ  ᠦᠷᠨᠢᠭᠦᠯᠵᠦ᠂ 2015 ᠣᠨ ᠳᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠭᠠᠯᠳᠤᠭᠤᠯᠬᠤ ᠪᠠᠷ ᠰᠢᠯᠵᠢᠬᠦᠯᠦᠨ ᠢᠷᠡᠭᠦᠯᠦᠭᠰᠡᠨ ᠬᠡᠷᠡᠭ ᠤᠨ ᠴᠢᠨᠠᠷ ᠴᠢᠨᠰᠠᠭ᠎ᠠ ᠶᠢ ᠵᠠᠳᠠᠯᠤᠨ ᠮᠡᠳᠡᠭᠡᠯᠡᠬᠦ ᠳᠦᠷᠢᠮ ᠪᠠᠶᠢᠭᠤᠯᠤᠨ᠂ 2017 ᠣᠨ ᠳᠤ ᠡᠷᠡᠬᠦᠤ ᠶᠢᠨ ᠬᠡᠷᠡᠭ ᠲᠠᠩᠳᠠ ᠭᠠᠷᠳᠠᠭ ᠤᠷᠤᠨ ᠤ ᠲᠤᠮᠢᠯᠠᠭᠰᠠᠠ ᠰᠠᠯᠪᠤᠷᠢ ᠳᠤ ᠲᠤᠮᠢᠯᠠᠨ ᠰᠠᠭᠤᠯᠭᠠᠭ᠎ᠠ 84 ᠪᠠᠶᠢᠴᠠᠭᠠᠬᠤ ᠬᠡᠷ ᠪᠠᠶᠢᠭᠤᠯᠪᠠ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠪᠠ ᠠᠷᠭ᠎ᠠ ᠵᠠᠮ ᠢᠶᠠᠨ ᠦᠷᠭᠡᠳᠭᠡᠬᠦ ᠪᠠᠷ ᠲᠠᠮᠵᠢᠨ᠂ ᠬᠢᠨᠠᠯᠲᠠ ᠶᠢᠨ ᠪᠤᠳᠠᠲᠠᠢ ᠦᠷ᠎ᠡ ᠪᠦᠲᠦᠮᠵᠢ ᠪᠠᠨ ᠲᠡᠭᠡᠭᠰᠢᠯᠡᠬᠦᠯᠵᠡᠢ᠃

     ᠳᠦᠷᠪᠡ᠂ ᠰᠢᠨᠵᠢᠯᠡᠬᠦ ᠤᠬᠠᠭᠠᠨᠴᠢ ᠪᠠᠷ ︽ᠪᠠᠶᠢᠭᠤᠯᠬᠤ︾ ᠶᠢ ᠴᠢᠩᠭ᠎ᠠ ᠠᠳᠬᠤᠨ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠠᠶᠢᠴᠠᠭᠠᠬᠤ ᠡᠷᠬᠡ ᠶᠢᠨ ᠭᠤᠣᠯᠴᠢ ᠪᠦᠭᠡᠳ ᠪᠦᠲᠦᠮᠵᠢᠲᠠᠢ ᠪᠠᠷ ᠬᠡᠷᠡᠭᠵᠢᠭᠦᠯᠦᠭᠳᠡᠬᠦ ᠶᠢ ᠠᠬᠢᠭᠤᠯᠪᠠ

     ᠦᠭᠡᠷᠡᠴᠢᠯᠡᠯᠲᠡ ᠶᠢᠨ ᠵᠦᠪ ᠣᠨᠤᠪᠴᠢᠲᠦ ᠴᠢᠭᠯᠡᠯ ᠢ ᠪᠠᠲᠦ ᠡᠵᠡᠮᠳᠡᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠠᠤᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠰᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠦᠭᠡᠷᠡᠴᠢᠯᠡᠯᠲᠡ ᠶᠢ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠠᠬᠢᠭᠤᠯᠪᠠ᠃  

     ᠬᠠᠤᠯᠢ ᠪᠠᠷᠢᠯᠲᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ ᠲᠥᠪ ᠬᠤᠷᠢᠶᠠᠨ ᠤ ᠳᠦᠷᠪᠡᠨ ᠵᠦᠢᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠪᠡ᠃ ᠪᠦᠬᠦ ᠣᠷᠤᠨ ᠳᠤ ᠠᠩᠬᠠᠳᠤᠭᠠᠷ ᠪᠦᠯᠦᠭ 2458 ᠰᠢᠯᠢᠳᠡᠭ ᠣᠷᠤᠨ ᠲᠣᠭᠠᠲᠦ ᠪᠠᠶᠢᠴᠠᠭᠠᠬᠤ ᠲᠤᠰᠢᠶᠠᠯᠲᠠᠨ ᠢ ᠰᠤᠩᠭᠤᠨ ᠲᠣᠮᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠲᠤᠰᠬᠠᠢ ᠣᠷᠤᠨ ᠲᠣᠭᠠᠨ ᠤ 32% ᠶᠢ ᠡᠵᠡᠯᠡᠨ᠂ ᠨᠢᠭᠡᠳᠦᠭᠡᠷ ᠹᠷᠤᠨᠲ ᠤᠨ ᠬᠡᠷᠡᠭ ᠰᠢᠳᠭᠡᠬᠦ ᠬᠦᠴᠦᠨ 20% ᠠᠴᠠ ᠳᠡᠭᠡᠭᠰᠢ ᠨᠡᠮᠡᠭᠳᠡᠪᠡ᠃ ᠣᠷᠤᠨ ᠲᠣᠭᠠᠲᠦ ᠪᠠᠶᠢᠴᠠᠭᠠᠬᠤ ᠲᠤᠰᠢᠶᠠᠯᠲᠠᠨ᠂ ᠪᠠᠶᠢᠴᠠᠭᠠᠬᠤ ᠲᠤᠰᠠᠯᠠᠬᠤ ᠠᠵᠢᠯᠲᠠᠨ᠂ ᠬᠠᠤᠯᠢ ᠪᠠᠷᠢᠯᠲᠠ ᠶᠢᠨ ᠵᠠᠰᠠᠭ ᠵᠠᠬᠢᠷᠭᠠᠨ ᠤ ᠠᠵᠢᠯᠲᠠᠨ ᠴᠦᠮ ᠢᠶᠠᠷ ᠢᠶᠠᠨ ᠲᠦᠷᠦᠯ ᠠᠩᠭᠢᠯᠠᠯ ᠢᠶᠠᠷ ᠢᠶᠠᠨ ᠠᠵᠢᠯ ᠤᠨ ᠪᠠᠶᠢᠷᠢᠨ ᠳᠠᠭᠠᠨ ᠭᠠᠷᠪᠠ ᠃ ᠬᠠᠤᠯᠢ ᠪᠠᠷᠢᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠪᠦᠬᠦ ᠣᠷᠤᠨ ᠤ  ᠪᠠᠶᠢᠴᠠᠭᠠᠬᠤ ᠲᠤᠰᠢᠶᠠᠯᠲᠠᠨ ᠤ ᠨᠢᠭᠡᠳᠦᠯᠲᠠᠢ ᠡᠷᠬᠡ ᠶᠢᠨ ᠲᠣᠳᠤᠷᠬᠠᠢ ᠬᠠᠭᠤᠳᠠᠰᠤ ᠶᠢ ᠵᠣᠬᠢᠶᠠᠵᠤ᠂ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠳᠭᠡᠬᠦ ᠳᠤᠭᠤᠶᠢᠯᠠᠩ ᠪᠠ ᠭᠠᠭᠴᠠᠭᠠᠷ ᠰᠢᠳᠭᠡᠬᠦ ᠪᠠᠶᠢᠴᠠᠭᠠᠬᠤ ᠲᠤᠰᠢᠶᠠᠯᠲᠠᠨ ᠭᠡᠬᠦ ᠬᠤᠶᠠᠷ ᠵᠦᠢᠯ ᠤᠨ ᠰᠢᠨ᠎ᠡ ᠬᠡᠯᠪᠡᠷᠢ ᠶᠢᠨ ᠬᠡᠷᠡᠭ ᠰᠢᠳᠭᠡᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠂ ︽1+7+9︾ ᠪᠠᠶᠢᠴᠠᠭᠠᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢᠨ ᠰᠢᠨ᠎ᠡ ᠪᠣᠷᠤ ᠲᠦᠯᠦᠪ ᠢ ᠰᠢᠰᠲ᠋ᠧᠮ ᠲᠠᠢ ᠪᠠᠷ ᠪᠠᠶᠢᠭᠤᠯᠤᠨ᠂ ᠪᠠᠶᠢᠴᠠᠭᠠᠬᠤ ᠲᠤᠰᠢᠶᠠᠯᠲᠠᠨ ᠡᠷᠬᠡ ᠲᠤᠰᠢᠶᠠᠯ ᠤᠨ ᠢᠶᠠᠨ ᠬᠡᠪᠴᠢᠶᠡᠨ ᠳᠣᠲᠤᠷ᠎ᠠ ᠬᠡᠷᠡᠭ ᠲᠤ ᠬᠠᠤᠯᠢ ᠶᠣᠰᠤᠭᠠᠷ ᠲᠣᠭᠲᠠᠭᠠᠯ ᠭᠠᠷᠭᠠᠨ᠂ ᠬᠡᠷᠡᠭ ᠰᠢᠳᠭᠡᠭᠰᠡᠨ ᠴᠢᠨᠠᠷ ᠴᠢᠨᠰᠠᠭ᠎ᠠ ᠳᠠᠭᠠᠨ ᠨᠠᠰᠤᠨ ᠲᠤᠷᠰᠢᠲᠠ ᠬᠠᠷᠢᠭᠤᠴᠠᠨ᠎ᠠ᠃ ᠵᠦᠢ ᠵᠣᠬᠢᠰᠲᠠᠢ ᠡᠷᠬᠡ ᠣᠯᠭᠤᠭᠰᠠᠨ ᠤ ᠬᠠᠮᠲᠦ ᠲᠠᠰᠢᠷᠠᠮ ᠢᠶᠠᠷ ᠬᠡᠷᠡᠭ ᠬᠤᠪᠢᠶᠠᠷᠢᠯᠠᠬᠤ᠂ ᠲᠤᠬᠠᠶᠢᠯᠠᠭᠰᠠᠨ ᠠᠵᠢᠯ ᠤᠨ  ᠬᠠᠮᠢᠶᠠᠷᠤᠯᠲᠠ ᠳᠤ ᠬᠢᠨᠠᠯᠲᠠ ᠲᠠᠯᠪᠢᠬᠤ᠂ ᠬᠡᠷᠡᠭ ᠤᠨ ᠴᠢᠨᠠᠷ ᠴᠢᠨᠰᠠᠭ᠎ᠠ ᠶᠢ ᠦᠨᠡᠯᠡᠨ ᠪᠠᠶᠢᠴᠠᠭᠠᠬᠤ᠂ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠪᠠᠷ ᠲᠤᠯᠭᠠᠭᠤᠷᠢᠯᠠᠨ᠂ ᠪᠠᠶᠢᠴᠠᠭᠠᠬᠤ ᠲᠤᠰᠢᠶᠠᠯᠲᠠᠨ ᠤ ᠲᠤᠰᠢᠶᠠᠯ  ᠤᠨ ᠭᠦᠢᠴᠡᠳᠭᠡᠯᠲᠡ ᠳᠤ ᠪᠦᠬᠦ ᠲᠠᠯ᠎ᠠ ᠪᠠᠷ ᠬᠦᠳᠡᠯᠦᠩᠭᠦᠢ ᠬᠢᠨᠠᠯᠲᠠ ᠶᠠᠪᠤᠭᠤᠯᠵᠤ᠂ ᠬᠠᠤᠯᠢ ᠪᠠᠷᠢᠵᠤ ᠬᠡᠷᠡᠭ ᠰᠢᠳᠭᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠪᠠ᠃ 2016 ᠣᠨ ᠤ10 ᠰᠠᠷ᠎ᠠ ᠠᠴᠠ ᠡᠬᠢᠯᠡᠨ ᠬᠡᠷᠡᠭ ᠰᠢᠳᠭᠡᠬᠦ ᠲᠣᠭᠲᠠᠴᠠ ᠶᠢ  ᠠᠵᠢᠯᠯᠠᠭᠤᠯᠤᠭᠰᠠᠨ ᠤ ᠳᠠᠷᠠᠭ᠎ᠠ᠂ ᠪᠦᠬᠦ ᠣᠷᠤᠨ ᠤ ᠣᠷᠤᠨ ᠲᠣᠭᠠᠲᠦ ᠪᠠᠶᠢᠴᠠᠭᠠᠬᠤ ᠲᠤᠰᠢᠶᠠᠯᠲᠠᠨ 101973 ᠬᠡᠷᠡᠭ ᠰᠢᠳᠭᠡᠨ᠂ ᠡᠭᠦᠨ ᠳᠤ ᠣᠷᠤᠨ ᠲᠣᠭᠠᠲᠦ ᠬᠤᠷᠢᠶᠠᠨ ᠤ ᠤᠳᠤᠷᠢᠳᠤᠯᠭ᠎ᠠ 15689 ᠬᠡᠷᠡᠭ ᠰᠢᠳᠭᠡᠪᠡ᠃ ᠪᠠᠶᠢᠴᠠᠭᠠᠬᠤ ᠲᠤᠰᠢᠶᠠᠯᠲᠠᠨ ᠤ ᠪᠡᠶ᠎ᠡ ᠪᠠᠨ ᠳᠠᠭᠠᠭᠠᠭᠰᠠᠨ ᠲᠤᠰᠢᠶᠠᠯ ᠤᠨ ᠳᠠᠷᠠᠭᠠᠯᠠᠯ᠂  ᠲᠤᠬᠠᠶᠢᠯᠠᠭᠰᠠᠨ‌ᠠᠵᠢᠯ ᠤᠨ ᠪᠠᠲᠤᠯᠠᠭᠠᠨ ᠤ ᠦᠭᠡᠷᠡᠴᠢᠯᠡᠯᠲᠡ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠴᠠᠯᠢᠩ ᠬᠦᠯᠦᠰᠦᠨ ᠤ ᠲᠦᠷᠦ ᠶᠢᠨ ᠪᠣᠳᠤᠯᠭ᠎ᠠ ᠦᠨᠳᠦᠰᠦᠨ ᠳᠡᠭᠡᠨ ᠨᠠᠶᠢᠳᠠᠪᠤᠷᠢᠵᠢᠭᠳᠠᠪᠠ᠃ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠴᠠᠭᠠᠬᠤ ᠬᠤᠷᠢᠶᠠᠨ ᠤ ᠳᠤᠲᠤᠭᠠᠳᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠦᠷᠨᠢᠭᠦᠯᠦᠨ᠂ ᠳᠣᠲᠤᠭᠠᠳᠦ ᠶᠢᠨ ᠳᠠᠪᠬᠤᠷᠭᠠᠲᠦ ᠬᠠᠮᠢᠶᠠᠷᠤᠯᠲᠠ ᠨᠢ ᠬᠠᠪᠲᠠᠭᠠᠶᠢᠷᠠᠭᠰᠠᠨ ᠪᠦᠭᠡᠳ ᠦᠨᠳᠦᠷ ᠪᠦᠲᠦᠮᠵᠢᠲᠠᠢ ᠲᠠᠢ ᠪᠣᠯᠪᠠ᠃

     ᠨᠡᠶᠢᠲᠡ ᠶᠢᠨ ᠠᠰᠢᠭᠲᠤ ᠵᠠᠷᠭᠤ ᠶᠢᠨ ᠲᠤᠷᠰᠢᠯᠲᠠ ᠶᠢᠨ ᠴᠢᠭ᠋ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠪᠡ᠃ ᠮᠠᠨ ᠤ ᠣᠷᠤᠨ ᠨᠢ ᠪᠦᠬᠦ ᠤᠯᠤᠰ ᠤᠨ 13 ᠲᠤᠷᠰᠢᠯᠲᠠ ᠶᠢᠨ ᠴᠢᠭ᠋ ᠤᠨ ᠮᠣᠵᠢ ᠪᠠ ᠦᠪᠡᠷᠲᠡᠭᠡᠨ ᠵᠠᠰᠠᠬᠤ ᠣᠷᠤᠨ ᠤ ᠨᠢᠭᠡ ᠪᠣᠯᠤᠭᠰᠠᠨ ᠤ ᠬᠤᠪᠢ ᠳᠤ᠂ ᠬᠤᠶᠠᠷ ᠵᠢᠯ ᠤᠨ ᠲᠤᠷᠰᠢᠯᠲᠠ ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠳᠠᠨ 427 ᠬᠡᠷᠡᠭ ᠲᠤ ᠡᠭᠦᠷᠭᠡ ᠬᠠᠷᠢᠭᠤᠴᠠᠯᠭ᠎ᠠ ᠶᠢ ᠨᠢ  ᠭᠦᠢᠴᠡᠳᠭᠡᠭᠦᠯᠦᠨ᠂ ᠰᠢᠭᠦᠬᠦ ᠬᠤᠷᠢᠶᠠᠨ ᠳᠤ 76 ᠬᠡᠷᠡᠭ ᠲᠤ ᠵᠠᠭᠠᠯᠳᠤᠯᠭ᠎ᠠ ᠭᠠᠷᠭᠠᠪᠠ᠃ ᠬᠡᠷᠡᠭ ᠰᠢᠳᠭᠡᠬᠦ ᠪᠠᠷ ᠳᠠᠮᠵᠢᠨ᠂  ᠪᠤᠬᠢᠷᠳᠤᠵᠤ ᠡᠪᠳᠡᠭᠳᠡᠭᠰᠡᠨ 13 ᠲᠦᠮᠡ ᠭᠠᠷᠤᠢ ᠮᠦ ᠣᠶᠢᠲᠦ ᠭᠠᠵᠠᠷ᠂ ᠨᠤᠲᠤᠭ ᠪᠡᠯᠴᠢᠭᠡᠷ ᠢ ᠰᠢᠪᠠᠳᠠᠨ ᠰᠡᠷᠭᠦᠭᠡᠭᠦᠯᠵᠦ᠂ ᠬᠠᠤᠯᠢ ᠵᠦᠷᠢᠴᠡᠭᠰᠡᠨ 531 ᠠᠵᠤ ᠠᠬᠤᠶᠢᠯᠠᠯ ᠪᠠ ᠬᠤᠪᠢ ᠬᠦᠮᠦᠨ ᠢ ᠰᠢᠪᠠᠳᠠᠨ ᠴᠡᠭᠴᠡᠯᠡᠨ ᠵᠠᠰᠠᠭᠤᠯᠵᠤ᠂  ᠤᠯᠤᠰ ᠤᠨ ᠦᠮᠴᠢᠯᠡᠯ ᠤᠨ ᠭᠠᠵᠠᠷ ᠰᠢᠷᠤᠢ  ᠶᠢ ᠰᠢᠯᠵᠢᠭᠦᠯᠦᠨ‌ᠦᠭᠭᠦᠭᠰᠡᠨ 4386.6 ᠲᠦᠮᠡᠨ ᠲᠦᠭᠦᠷᠢᠭ ᠮᠦᠩᠭᠦᠨ ᠤ ᠦᠷᠢᠲᠦᠯ ᠢ ᠰᠢᠪᠠᠳᠠᠨ ᠬᠤᠷᠢᠶᠠᠨ ᠠᠪᠴᠢᠷᠠᠵᠤ᠂ ᠬᠠᠤᠯᠢ ᠵᠦᠷᠢᠴᠡᠵᠦ ᠲᠠᠷᠬᠠᠭᠠᠭᠰᠠᠨ 4000 ᠣᠷᠴᠢᠮ ᠮᠦ ᠤᠯᠤᠰ ᠤᠨ ᠦᠮᠴᠢᠯᠡᠯ ᠤᠨ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢᠨ ᠦᠨᠡᠮᠯᠡᠯ ᠢ ᠬᠢᠨᠠᠯᠲᠠ ᠲᠠᠯᠪᠢᠨ ᠬᠦᠴᠦᠨ ᠦᠭᠡᠢ ᠪᠣᠯᠭᠠᠵᠤ᠂ ᠠᠷᠠᠳ ᠤᠨ ᠲᠤᠰᠬᠠᠯ ᠬᠤᠷᠴᠠ ᠴᠢᠩᠭ᠎ᠠ ᠪᠠᠶᠢᠭᠰᠠᠨ ᠨᠢᠭᠡ ᠪᠦᠯᠦᠭ ᠣᠷᠴᠢᠨ ᠲᠣᠭᠤᠷᠢᠨ ᠢ ᠪᠤᠬᠢᠷᠳᠤᠭᠤᠯᠤᠭᠰᠠᠨ᠂ ᠠᠮᠢ ᠠᠬᠤᠢ ᠶᠢᠨ ᠡᠬᠢ ᠪᠠᠶᠠᠯᠢᠭ ᠢ ᠡᠪᠳᠡᠭᠰᠡᠨ ᠵᠡᠷᠭᠡ ᠠᠰᠠᠭᠤᠳᠠᠯ ᠪᠦᠲᠦᠮᠵᠢᠲᠠᠢ ᠰᠢᠢᠳᠪᠦᠷᠢᠯᠡᠭᠳᠡᠪᠡ᠃ ᠳᠤᠮᠳᠠᠳᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠨᠢ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠶᠢᠳᠠᠭᠰᠠᠨ ᠭᠤᠷᠪᠠᠳᠤᠭᠠᠷ ᠡᠲᠡᠭᠡᠳ ᠪᠣᠯᠬᠤ ᠪᠠᠶᠢᠭᠤᠯᠤᠮᠵᠢ ᠶᠢᠨ ᠬᠤᠪᠢ ᠪᠠᠷ ᠮᠠᠨ ᠤ ᠣᠷᠤᠨ ᠤ ᠲᠤᠷᠰᠢᠯᠲᠠ ᠶᠢᠨ ᠴᠢᠭ᠋ ᠤᠨ ᠠᠵᠢᠯ ᠳᠤ ᠦᠨᠡᠯᠡᠨ ᠵᠢᠱᠢᠯᠲᠡ ᠬᠢᠭᠰᠡᠨ ᠤ ᠳᠠᠷᠠᠭ᠎ᠠ ᠦᠨᠳᠦᠷ ᠦᠨᠡᠯᠡᠯᠲᠡ ᠦᠭᠪᠡ᠃ ᠮᠠᠨ ᠤ ᠣᠷᠤᠨ ᠤ ᠲᠤᠷᠰᠢᠯᠲᠠ ᠶᠢᠨ ᠴᠢᠭ᠋ ᠤᠨ ᠦᠢᠯᠡᠳᠦᠯᠭᠡ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠳᠤ ᠪᠦᠷᠢᠨ ᠲᠡᠭᠦᠯᠳᠡᠷ ᠬᠡᠷᠡᠭ ᠤᠨ ᠵᠢᠱᠢᠶ᠎ᠡ ᠶᠢᠨ ᠦᠯᠢᠭᠡᠷ ᠬᠠᠩᠭᠠᠪᠠ᠃

     ᠠᠷᠠᠳ ᠤᠨ ᠬᠢᠨᠠᠯᠲᠠ ᠲᠠᠯᠪᠢᠭᠴᠢ ᠶᠢᠨ ᠳᠦᠷᠢᠮ ᠪᠠ ᠬᠠᠤᠯᠢ ᠪᠠᠷᠢᠯᠲᠠ ᠶᠢᠨ ᠢᠯᠡ ᠪᠣᠯᠭᠠᠬᠤ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠠᠷᠠᠳ ᠤᠨ ᠬᠢᠨᠠᠯᠲᠠ ᠲᠠᠯᠪᠢᠭᠴᠢ ᠶᠢ ᠰᠤᠩᠭᠤᠨ ᠲᠣᠮᠢᠯᠠᠬᠤ ᠪᠠ ᠬᠠᠮᠢᠶᠠᠷᠬᠤ ᠳᠦᠷᠢᠮ ᠤᠨ ᠦᠭᠡᠷᠡᠴᠢᠯᠡᠯᠲᠡ ᠶᠢ ᠪᠡᠶᠡᠯᠡᠭᠦᠯᠦᠨ᠂ ᠬᠠᠤᠯᠢ ᠪᠠᠷᠢᠬᠤ ᠪᠠᠶᠢᠭᠤᠯᠭ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ 466 ᠠᠷᠠᠳ ᠤᠨ ᠬᠢᠨᠠᠯᠲᠠ ᠲᠠᠯᠪᠢᠭᠴᠢ ᠶᠢ ᠰᠢᠨ᠎ᠡ ᠪᠠᠷ ᠰᠤᠩᠭᠤᠨ ᠲᠣᠮᠢᠯᠠᠵᠤ᠂ ᠰᠢᠨ᠎ᠡ ᠳᠦᠷᠢᠮᠯᠡᠯ ᠢ ᠬᠡᠷᠡᠭᠯᠡᠨ 139 ᠬᠡᠷᠡᠭ ᠲᠤ ᠬᠢᠨᠠᠯᠲᠠ ᠲᠠᠯᠪᠢᠪᠠ᠃ ᠨᠠᠷᠠᠯᠠᠭ ᠬᠠᠤᠯᠢ ᠪᠠᠷᠢᠯᠲᠠ ᠶᠢᠨ ᠲᠣᠭᠲᠠᠴᠠ ᠶᠢ ᠢᠳᠡᠪᠬᠢᠲᠠᠢ ᠪᠠᠷ ᠪᠠᠶᠢᠭᠤᠯᠤᠨ᠂ ᠡᠷᠦᠬᠡ ᠰᠦᠯᠵᠢᠶ᠎ᠡ᠂ ᠬᠡᠷᠡᠭ ᠤᠨ ᠮᠡᠳᠡᠭᠡ ᠵᠠᠩᠬᠢ ᠶᠢ ᠢᠯᠡ ᠪᠣᠯᠭᠠᠬᠤ ᠲᠠᠪᠴᠠᠩ᠂ ᠲᠦᠯᠦᠭᠡᠯᠡᠭᠴᠢ ᠭᠡᠰᠢᠭᠦᠨ ᠲᠠᠢ ᠬᠤᠯᠪᠤᠭ᠎ᠠ ᠪᠠᠷᠢᠬᠤ ᠲᠠᠪᠴᠠᠩ᠂ ︽ᠬᠤᠶᠠᠷ ᠪᠢᠴᠢᠯ ᠨᠢᠭᠡ ᠰᠢᠯᠵᠢᠶ᠎ᠡ︾ ᠶᠢ ᠵᠡᠷᠭᠡᠪᠡᠷ ᠴᠢᠬᠤᠯᠠᠴᠢᠯᠠᠭᠰᠠᠨ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠰᠢᠰᠲ᠋ᠧᠮ ᠢ ᠪᠠᠶᠢᠭᠤᠯᠤᠨ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠨᠢ ᠰᠠᠨᠠᠭᠠᠴᠢᠯᠠᠭᠠᠲᠦ ᠪᠤᠰᠤ ᠪᠠᠶᠢᠴᠠᠭᠠᠨ ᠯᠠᠪᠯᠠᠭᠤᠯᠭᠤ ᠠᠴᠠ  ᠰᠠᠨᠠᠭᠠᠴᠢᠯᠠᠭ᠎ᠠ ᠲᠠᠢ ᠪᠠᠷ ᠬᠦᠷᠭᠡᠬᠦ ᠲᠡᠰᠢ ᠰᠢᠯᠵᠢᠨ᠂ ᠨᠡᠶᠢᠭᠡᠮ ᠤᠨ ᠣᠯᠠᠨ ᠲᠦᠮᠡᠨ ᠲᠠᠢ ᠡᠷᠡᠭᠦᠯ ᠰᠢᠯᠢᠳᠡᠭ ᠢᠶᠠᠷ ᠦᠢᠯᠡᠳᠦᠯᠴᠡᠬᠦ ᠶᠢ ᠪᠡᠶᠡᠯᠡᠭᠦᠯᠪᠡ᠃ ᠬᠡᠷᠡᠭ ᠤᠨ ᠮᠡᠳᠡᠭᠡ ᠵᠠᠩᠬᠢ ᠶᠢ ᠢᠯᠡ ᠪᠣᠯᠭᠠᠬᠤ ᠰᠢᠰᠲ᠋ᠧᠮ ᠢ ᠪᠦᠬᠦ ᠲᠠᠯ᠎ᠠ ᠪᠠᠷ ᠠᠵᠢᠯᠯᠠᠭᠤᠯᠤᠨ᠂  ᠬᠡᠷᠡᠭ ᠤᠨ ᠵᠢᠷᠤᠮ ᠤᠨ ᠴᠢᠨᠠᠷᠲᠠᠢ 14 ᠲᠦᠮᠡ ᠭᠠᠷᠤᠢ ᠮᠡᠳᠡᠭᠡ ᠵᠠᠩᠬᠢ᠂ ᠴᠢᠬᠤᠯᠠ ᠬᠡᠷᠡᠭ ᠤᠨ 8 ᠮᠢᠩᠭ᠎ᠠ ᠭᠠᠷᠤᠢ ᠮᠡᠳᠡᠭᠡ ᠵᠠᠩᠬᠢ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ 5.4 ᠲᠦᠮᠡ ᠭᠠᠷᠤᠢ ᠬᠤᠪᠢ ᠳᠠᠮᠵᠢᠭᠤᠯᠤᠨ ᠳᠠᠷᠬᠠᠭᠠᠪᠠ᠃

     ᠲᠠᠪᠤ᠂ ᠪᠠᠶᠢᠴᠠᠭᠠᠬᠤ ᠪᠠᠨ ᠪᠦᠬᠦ ᠲᠠᠯ᠎ᠠ ᠪᠠᠷ  ᠴᠢᠩᠭ᠎ᠠ ᠵᠠᠰᠠᠨ᠂ ᠴᠠᠭᠠᠷᠠᠵᠤ ᠬᠠᠲᠠᠭᠤᠵᠢᠭᠰᠠᠨ ᠡᠩᠨᠡᠭᠡ ᠶᠢ ᠪᠠᠶᠢᠭᠤᠯᠤᠨ᠂ ᠪᠠᠶᠢᠴᠠᠭᠠᠬᠤ ᠡᠩᠨᠡᠭᠡᠨ ᠤ ᠵᠢᠩᠬᠢᠨᠢᠵᠢᠯᠲᠡ ᠲᠤᠰᠬᠠᠶᠢᠵᠢᠯᠲᠠ ᠮᠡᠷᠭᠡᠰᠢᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ

     ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠳᠤ ᠴᠢᠳᠠᠮᠠᠭᠠᠢ᠂ ᠲᠤᠬᠠᠶᠢᠯᠠᠭᠰᠠᠨ ᠠᠵᠢᠯ ᠳᠠᠭᠠᠨ ᠳᠠᠳᠮᠠᠭᠠᠢ᠂ ᠬᠠᠷᠢᠭᠤᠴᠠᠯᠭ᠎ᠠ ᠰᠠᠶᠢᠲᠠᠢ᠂ ᠰᠠᠬᠢᠯᠭ᠎ᠠ ᠪᠠᠲᠦ ᠴᠢᠩᠭ᠎ᠠ᠂ ᠣᠪᠤᠷ ᠰᠤᠷᠲᠠᠯ ᠲᠦᠪᠯᠡᠭᠦᠨ ᠪᠠᠶᠢᠬᠤ ᠲᠤᠬᠠᠢ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠠᠶᠢᠴᠠᠭᠠᠬᠤ ᠪᠠᠨ‌‍ᠪᠦ᠋ᠬᠦ ᠲᠠᠯ᠎ᠠ ᠪᠠᠷ ᠴᠢᠩᠭ᠎ᠠ ᠵᠠᠰᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠨ᠂ ᠳᠣᠲᠤᠭᠠᠳᠦ ᠳᠠᠭᠠᠨ ᠬᠡᠪ ᠴᠢᠨᠠᠷ ᠢᠶᠠᠨ ᠰᠠᠶᠢᠵᠢᠷᠠᠭᠤᠯᠤᠨ᠂ ᠭᠠᠳᠠᠭᠠᠳᠦ ᠳᠠᠭᠠᠨ ᠳᠦᠷᠢ ᠳᠦᠷᠬᠦ ᠪᠠᠨ ᠪᠣᠢ ᠪᠣᠯᠭᠠᠨ᠂ ᠦᠨᠳᠦᠰᠦ ᠰᠠᠭᠤᠷᠢ ᠪᠠᠨ ᠪᠠᠬᠢᠯᠡᠨ᠂ ᠡᠩᠨᠡᠭᠡᠨ ᠤ ᠬᠡᠪ ᠴᠢᠳᠠᠪᠤᠷᠢ ᠢᠯᠡᠳᠲᠡ ᠳᠡᠭᠡᠭᠰᠢᠯᠡᠪᠡ᠃

     ᠤᠯᠤᠰ ᠲᠦᠷᠦ ᠪᠠᠷ ᠪᠠᠶᠢᠴᠠᠭᠠᠬᠤ ᠪᠠᠨ ᠪᠠᠶᠢᠭᠤᠯᠬᠤ ᠶᠢ ᠪᠠᠷᠢᠮᠲᠠᠯᠠᠪᠠ᠃ ᠨᠠᠮ ᠤᠨ ᠠᠷᠪᠠᠨ ᠨᠠᠢᠮᠠᠳᠤᠭᠠᠷ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ︽19 ᠵᠤᠷᠪᠤᠰ ᠰᠠᠨᠠᠯ︾ ᠢ ᠲᠣᠭᠲᠠᠭᠠᠨ᠂ ᠪᠦᠬᠦ ᠪᠠᠶᠢᠴᠠᠭᠠᠬᠤ ᠠᠵᠢᠯᠲᠠᠨ ᠢᠶᠠᠨ ᠵᠣᠬᠢᠶᠠᠨ ᠪᠠᠶᠢᠭᠤᠯᠵᠤ ᠭᠦᠨᠵᠡᠭᠡᠢ ᠰᠤᠷᠤᠯᠴᠠᠨ᠂ ᠨᠠᠷᠢᠯᠢᠭ ᠰᠡᠳᠭᠢᠨ‌ᠦᠢᠯᠡᠳᠦᠯᠭᠡᠵᠢᠭᠦᠯᠪᠡ᠃ ︽ᠳᠦᠷᠪᠡᠨ ᠤᠬᠠᠮᠰᠠᠷ︾ ᠢ ᠪᠠᠲᠦ ᠪᠠᠬᠢ ᠪᠣᠢ ᠪᠣᠯᠭᠠᠵᠤ᠂ ︽ᠳᠦᠷᠪᠡᠨ ᠢᠲᠡᠭᠡᠯ︾ ᠢᠶᠠᠨ ᠨᠡᠮᠡᠭᠳᠡᠭᠦᠯᠦᠨ᠂  ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ  ᠨᠦᠬᠦᠷ ᠢᠶᠠᠷ ᠭᠤᠣᠯᠯᠠᠭᠴᠢ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠬᠤ ᠶᠢ ᠢᠮᠠᠭᠲᠠ ᠪᠠᠷᠢᠮᠲᠠᠯᠠᠪᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠤᠳᠠᠲᠠᠢ ᠪᠠᠶᠢᠬᠤ︾ ᠲᠤᠰᠬᠠᠢ ᠰᠡᠳᠦᠪᠲᠦ ᠬᠦᠮᠦᠵᠢᠯ ᠢ ᠯᠠᠪᠳᠠᠭᠤᠨ ᠪᠠᠲᠤᠲᠠᠢ ᠦᠷᠨᠢᠭᠦᠯᠦᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠤᠯᠥᠯᠲᠠ ᠳᠦᠷᠢᠮᠵᠢᠭᠦᠯᠦᠯᠲᠡ ᠶᠢ ᠲᠦᠯᠬᠢᠨ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭᠠᠨ ᠤ ︽ᠦᠨᠡᠨᠴᠢ ᠰᠢᠳᠤᠷᠭᠤ᠂ ᠠᠷᠢᠭᠤᠨ ᠴᠢᠭᠡᠴᠢ᠂ ᠡᠭᠦᠷᠭᠡᠯᠡᠯ︾ ᠭᠤᠣᠯ ᠰᠡᠳᠦᠪᠲᠦ ᠴᠡᠭᠴᠡᠯᠡᠨ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠲᠣᠭᠤᠷᠢᠨ  ᠪᠠᠶᠢᠴᠠᠭᠠᠯᠲᠠ ᠶᠢᠨ ︽ᠡᠷᠭᠢᠨ ᠬᠠᠷᠠᠬᠤ︾ ᠬᠠᠷᠢᠭᠤ ᠲᠤᠰᠬᠠᠯ ᠤᠨ ᠰᠠᠨᠠᠯ ᠢᠶᠠᠷ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠪᠠ᠃ ᠤᠳᠤᠷᠢᠳᠬᠤ ᠪᠠᠭ ᠤᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠶᠢ ᠲᠣᠭᠤᠷᠢᠨ ᠪᠠᠶᠢᠴᠠᠭᠠᠭᠰᠠᠨ ᠬᠠᠷᠢᠭᠤ ᠲᠤᠰᠬᠠᠯ ᠤᠨ ᠰᠠᠨᠠᠯ ᠳᠤ ᠦᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶ᠎ᠠ ᠵᠢᠨ‌ᠤᠳᠤᠷᠢᠳᠬᠤ ᠪᠠᠭ ᠢ ︽ᠳᠦᠷᠪᠡ ᠨᠢ ᠴᠢᠩᠭ᠎ᠠ᠂ ᠬᠤᠶᠠᠷ ᠨᠢ ᠭᠦᠢᠴᠡᠳ︾ ᠭᠡᠵᠦ ᠦᠵᠡᠪᠡ᠃  ᠪᠦᠬᠦ ᠣᠷᠤᠨ ᠤ ᠪᠠᠶᠢᠴᠠᠭᠠᠬᠤ ᠡᠩᠨᠡᠭᠡᠨ ᠳᠤ ᠲᠡᠷᠢᠭᠦᠨ ᠤ ᠨᠡᠶᠢᠲᠡᠯᠢᠭ ᠵᠢᠱᠢᠶ᠎ᠡ ᠤᠳᠠᠭ᠎ᠠ ᠳᠠᠷᠠᠭᠠᠯᠠᠨ ᠴᠤᠯᠭᠤᠷᠠᠨ ᠭᠠᠷᠴᠤ᠂ ᠲᠠᠪᠤᠨ ᠵᠢᠯ ᠤᠨ ᠲᠤᠷᠰᠢ ᠨᠡᠶᠢᠲᠡ 365 ᠲᠡᠷᠢᠭᠦᠨ ᠤ ᠬᠠᠮᠲᠦ᠂ 604 ᠲᠡᠷᠢᠭᠦᠨ ᠤ ᠬᠤᠪᠢ ᠬᠦᠮᠦᠨ ᠦᠪᠡᠷᠲᠡᠭᠡᠨ ᠵᠠᠰᠠᠬᠤ ᠣᠷᠤᠨ ᠤ ᠱᠠᠲᠤᠨ ᠠᠴᠠ ᠳᠡᠭᠡᠭᠰᠢᠬᠢ ᠰᠠᠶᠢᠰᠢᠶᠠᠯ ᠢ ᠬᠦᠷᠲᠡᠨ᠂ ᠫᠠᠨ ᡁᠢ ᠷᠦᠩ᠂ ᠬᠠᠨ ᠯᠢ ᠴᠦᠨ᠂ ᠮᠧᠩ ᡁᠢ ᠴᠦᠨ᠂ ᠬᠡᠰᠢᠭ᠂ ᠵᠢᠶᠠ ᠴᠢ ᠵᠦᠩ᠂ ᠵᠠᠩ ᠴᠧᠩ ᠶᠢᠩ᠂ ᠸᠠᠩ ᠬᠠᠢ ᠫᠢᠩ ᠵᠡᠷᠭᠡ ᠤᠯᠤᠰ ᠪᠠ ᠣᠷᠤᠨ ᠤ ᠳᠡᠰ ‍ᠦᠨ‌ᠨᠢᠭᠡ ᠪᠦᠯᠦᠭ ᠲᠡᠷᠢᠭᠦᠨ ᠤ ᠰᠢᠯᠢᠳᠡᠭ ᠴᠤᠯᠭᠤᠷᠠᠨ ᠭᠠᠷᠴᠤ᠂ ᠮᠠᠨ ᠤ ᠣᠷᠤᠨ ᠤ ᠪᠠᠶᠢᠴᠠᠭᠠᠬᠤ ᠡᠩᠨᠡᠭᠡᠨ ᠤ ᠠᠷᠠᠳ ᠤᠨ ᠲᠦᠯᠦᠭᠡ ᠦᠨᠡᠨᠴᠢ ᠰᠢᠳᠤᠷᠭᠤ ᠪᠠᠶᠢᠬᠤ ᠰᠠᠶᠢᠨ ᠰᠠᠶᠢᠬᠠᠨ ᠳᠦᠷᠢ ᠳᠦᠷᠬᠦ ᠶᠢ  ᠪᠣᠢ  ᠪᠤᠯᠭᠠᠵᠠᠢ᠃ ᠫᠠᠨ ᡁᠢ ᠷᠦᠩ ᠨᠦᠬᠦᠷ ᠤᠷᠢᠳ ᠬᠤᠵᠢᠳ ︽ᠪᠦᠬᠦ ᠣᠷᠤᠨ ᠤ ᠵᠢᠱᠢᠶᠡᠴᠢ ᠪᠠᠶᠢᠴᠠᠭᠠᠬᠤ ᠲᠤᠰᠢᠶᠠᠯᠲᠠᠨ︾᠂ ︽ᠪᠦᠬᠦ ᠤᠯᠤᠰ ᠤᠨ ᠰᠢᠯᠢᠳᠡᠭ ᠡᠪ ᠬᠠᠮᠲᠦ ᠨᠠᠮ ᠤᠨ ᠭᠡᠰᠢᠭᠦᠨ︾᠂ ︽ᠤᠮᠠᠷᠠᠲᠦ ᠬᠢᠯᠢ ᠶᠢᠨ ᠬᠡᠪ ᠳᠠᠭᠤᠷᠢᠶᠠᠯ︾᠂ CCTV2016 ᠣᠨ ᠤ ᠬᠠᠤᠯᠢ ᠪᠠᠷ ᠵᠠᠰᠠᠭᠰᠠᠨ ᠬᠦᠮᠦᠨ ᠪᠠ ︽ᠰᠢᠳᠤᠷᠭᠤ ᠶᠣᠰᠤ ᠶᠢ ᠰᠠᠬᠢᠨ ᠪᠠᠷᠠᠯᠠᠭᠴᠢ — ᠣᠯᠠᠨ ᠲᠦᠮᠡᠨ ᠤ ᠬᠠᠮᠤᠭ ᠤᠨ ᠪᠠᠭ᠋ᠠᠷᠬᠠᠳᠠᠭ ᠪᠠᠶᠢᠴᠠᠭᠠᠬᠤ ᠲᠤᠰᠢᠶᠠᠯᠲᠠᠨ︾ ᠵᠡᠷᠭᠡ ᠢᠷᠠᠭᠤ ᠠᠯᠳᠠᠷ ᠤᠨ ᠴᠤᠯᠠ ᠬᠦᠷᠲᠡᠭᠰᠡᠨ ᠪᠦᠭᠡᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠪᠠᠷ ᠰᠤᠩᠭᠤᠭᠳᠠᠨ᠂ ᠰᠢ ᠶᠢᠨ ᠫᠢᠩ ᠶᠡᠷᠦᠩᠬᠡᠢ ᠱᠦᠵᠢ ᠵᠡᠷᠭᠡ ᠨᠠᠮ ᠪᠠ ᠤᠯᠤᠰ ᠤᠨ ᠤᠳᠤᠷᠢᠳᠬᠤ ᠬᠦᠮᠦᠰ ᠳᠣᠲᠤᠨᠤᠰᠤᠭ ᠢᠶᠠᠷ ᠬᠦᠯᠢᠶᠡᠨ ᠠᠪᠴᠤ ᠠᠭᠤᠯᠵᠠᠪᠠ᠃

     ᠬᠡᠪ ᠴᠢᠨᠠᠷ ᠢᠶᠠᠷ ᠪᠠᠶᠢᠴᠠᠭᠠᠬᠤ ᠪᠠᠨ ᠮᠠᠨᠳᠤᠭᠤᠯᠬᠤ ᠶᠢ ᠪᠠᠷᠢᠮᠲᠠᠯᠠᠪᠠ᠃ ᠴᠢᠳᠠᠪᠤᠷᠢᠲᠠᠨ ᠢᠶᠠᠷ ᠪᠠᠶᠢᠴᠠᠭᠠᠬᠤ ᠪᠠᠨ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠤᠯᠤᠰ ᠤᠨ ᠪᠠ ᠣᠷᠤᠨ ᠤ ᠳᠡᠰ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ 23 ᠲᠤᠰᠬᠠᠢ ᠮᠡᠷᠭᠡᠵᠢᠯᠲᠡᠨ ᠢ ᠬᠦᠮᠦᠵᠢᠭᠦᠯᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠦᠮᠦᠨ ᠤ ᠬᠠᠷᠢᠴᠠᠯ ᠨᠢ ᠳᠡᠭᠡᠭᠰᠢᠯᠡᠭᠡᠳ 89.6% ᠪᠣᠯᠪᠠ᠃ ᠤᠳᠤᠷᠢᠳᠤᠯᠭ᠎ᠠ ᠶᠢᠨ ᠬᠡᠪ ᠴᠢᠳᠠᠪᠤᠷᠢ᠂ ᠲᠤᠰᠬᠠᠢ ᠲᠤᠬᠠᠶᠢᠯᠠᠭᠰᠠᠨ ᠠᠵᠢᠯ᠂ ᠠᠵᠢᠯ ᠤᠨ ᠪᠠᠶᠢᠷᠢ ᠶᠢᠨ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ ᠦᠷᠨᠢᠭᠦᠯᠦᠨ᠂ ᠱᠠᠲᠦ ᠬᠤᠪᠢᠶᠠᠨ‌‍ᠲ᠋ᠦ᠋ᠷᠦᠯᠵᠢᠭᠦᠯᠦᠨ 11888 ᠬᠦᠮᠦᠨ ᠤᠳᠠᠭ᠎ᠠ ᠶᠢ ᠪᠣᠯᠪᠠᠰᠤᠷᠠᠭᠤᠯᠪᠠ᠃ ︽ᠪᠠᠶᠢᠴᠠᠭᠠᠬᠤ ᠲᠤᠰᠢᠶᠠᠯᠲᠠᠨ ᠨᠢ ᠪᠠᠶᠢᠴᠠᠭᠠᠬᠤ ᠲᠤᠰᠢᠶᠠᠯᠲᠠᠨ ᠳᠠᠭᠠᠨ ᠬᠢᠴᠢᠶᠡᠯᠯᠡᠬᠦ︾ ᠪᠣᠯᠪᠠᠰᠤᠷᠠᠭᠤᠯᠬᠤ ᠵᠠᠭᠪᠤᠷ ᠪᠠ ︽ᠬᠡᠷᠡᠭ ᠢ ᠶᠠᠭᠠᠬᠢᠵᠤ ᠰᠢᠳᠭᠡᠪᠡᠯ᠂ ᠴᠡᠷᠢᠭ ᠢ ᠲᠡᠭᠡᠵᠦ ᠪᠣᠯᠪᠠᠰᠤᠷᠠᠭᠤᠯᠬᠤ︾ ᠪᠤᠳᠠᠲᠦ ᠦᠢᠯᠡᠳᠦᠯᠭᠡ ᠶᠢᠨ ᠰᠤᠷᠭᠠᠭᠤᠯᠢᠯᠠᠯ ᠤᠨ ᠵᠠᠭᠪᠤᠷ ᠢ ᠪᠠᠶᠢᠭᠤᠯᠤᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠤᠲᠠᠯᠠᠭ᠎ᠠ ᠶᠢ ᠣᠯᠪᠠ ᠃ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠮᠣᠩᠭᠤᠯ ᠬᠢᠲᠠᠳ ᠬᠤᠣᠰ ᠬᠡᠯᠡᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠂ ᠪᠦᠬᠦ ᠣᠷᠤᠨ ᠤ ᠮᠣᠩᠭᠤᠯ ᠬᠢᠲᠠᠳ ᠬᠤᠣᠰ ᠬᠡᠯᠡᠨ ᠤ ᠪᠠᠶᠢᠴᠠᠭᠠᠬᠤ ᠴᠢᠳᠠᠪᠤᠷᠢᠲᠠᠨ ᠢ ᠬᠦᠮᠦᠵᠢᠭᠦᠯᠬᠦ ᠳᠤ ᠢᠳᠡᠪᠬᠢᠲᠠᠢ ᠬᠤᠪᠢ ᠨᠡᠮᠡᠷᠢ ᠦᠵᠡᠭᠦᠯᠪᠡ᠃ ᠪᠠᠶᠢᠴᠠᠭᠠᠬᠤ ᠺᠠᠳ᠋ᠷ ᠢ ᠰᠤᠩᠭᠤᠨ ᠲᠣᠮᠢᠯᠠᠬᠤ᠂ ᠦᠨᠡᠯᠡᠨ ᠰᠢᠯᠭᠠᠬᠤ᠂ ᠤᠷᠮᠠᠰᠢᠭᠤᠯᠬᠤ ᠵᠢᠴᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂ ᠴᠢᠳᠠᠪᠤᠷᠢᠲᠠᠨ ᠤ ᠬᠦᠭᠵᠢᠯᠲᠡ ᠳᠤ ᠦᠰᠦᠨ ᠪᠤᠶᠢᠵᠢᠬᠤ ᠣᠷᠴᠢᠨ ᠨᠦᠭᠦᠴᠡᠯ ᠢ ᠪᠣᠢ ᠪᠣᠯᠭᠠᠪᠠ᠃

     ᠪᠠᠶᠢᠴᠠᠭᠠᠬᠤ ᠪᠠᠨ ᠪᠦᠬᠦ ᠲᠠᠯ᠎ᠠ ᠪᠠᠷ ᠴᠢᠩᠭ᠎ᠠ ᠵᠠᠰᠠᠬᠤ  ᠶᠢ ᠪᠠᠷᠢᠮᠲᠠᠯᠠᠪᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ  ᠤ  ᠨᠠᠮ ᠤᠨ ᠡᠭᠦᠷ ᠤᠨ ᠪᠠᠶᠢᠭᠤᠯᠤᠯᠲᠠ ᠶᠢ ᠪᠤᠳᠠᠲᠠᠢ ᠠᠳᠬᠤᠨ᠂ ᠪᠠᠶᠢᠴᠠᠭᠠᠬᠤ ᠡᠩᠨᠡᠭᠡᠨ ᠤ ᠬᠦᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ᠰᠤᠷᠲᠠᠯ ᠰᠠᠬᠢᠯᠭ᠎ᠠ ᠶᠢ ᠴᠡᠭᠴᠡᠯᠡᠨ ᠴᠢᠩᠳᠠᠯᠠᠬᠤ ᠶᠢ ᠭᠤᠶᠢᠪᠢᠰᠢ ᠦᠭᠡᠢ ᠪᠠᠷᠢᠮᠲᠠᠯᠠᠨ᠂ ᠲᠦᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠲᠦᠪ ᠴᠢᠩᠭ᠎ᠠ ᠪᠠᠷ ᠴᠡᠭᠴᠡᠯᠡᠨ ᠵᠠᠰᠠᠪᠠ᠃  ᠪᠡᠶ᠎ᠡ ᠪᠠᠨ‌ᠠᠷᠢᠭᠤᠨ ᠴᠢᠭᠡᠴᠢ ᠪᠠᠷ ᠱᠠᠭᠠᠷᠳᠠᠬᠤ ᠪᠠᠷᠢᠮᠵᠢᠶᠠᠯᠠᠯ᠂ ᠰᠠᠬᠢᠯᠭ᠎ᠠ ᠪᠠᠲᠦ ᠶᠢᠨ ᠰᠢᠳᠭᠡᠯ ᠦᠭᠬᠦ ᠲᠣᠭᠲᠠᠭᠠᠯ ᠵᠡᠷᠭᠡ ᠨᠠᠮ ᠤᠨ ᠰᠠᠬᠢᠯᠭ᠎ᠠ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢ  ᠭᠦᠨᠵᠡᠭᠡᠢ ᠠᠳᠬᠤᠵᠤ᠂ ᠪᠠᠶᠢᠴᠠᠭᠠᠬᠤ ᠠᠵᠢᠯᠲᠠᠨ ᠤ ᠬᠠᠤᠯᠢ ᠰᠠᠬᠢᠯᠭ᠎ᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠣᠭᠲᠠᠴᠠ ᠪᠠ ᠬᠠᠤᠯᠢ ᠰᠠᠬᠢᠯᠭ᠎ᠠ ᠵᠦᠷᠢᠴᠡᠭᠰᠡᠨ ᠬᠡᠷᠡᠭ ᠢ ᠲᠥᠪᠯᠡᠷᠡᠭᠦᠯᠦᠨ ᠮᠡᠳᠡᠭᠡᠯᠡᠬᠦ᠂ ᠢᠯᠡ ᠨᠡᠶᠢᠲᠡᠯᠡᠬᠦ ᠳᠦᠷᠢᠮ ᠢ ᠲᠡᠭᠦᠯᠲᠡᠷᠵᠢᠭᠦᠯᠪᠡ᠃ ᠲᠣᠭᠤᠷᠢᠨ ᠪᠠᠶᠢᠴᠠᠭᠠᠬᠤ ᠪᠠ ᠴᠠᠭᠳᠠᠨ ᠪᠠᠶᠢᠴᠠᠭᠠᠬᠤ ᠶᠢ ᠴᠢᠩᠭ᠎ᠠ ᠪᠦᠭᠡᠳ ᠪᠤᠳᠠᠲᠠᠢ ᠪᠠᠷ ᠦᠷᠨᠢᠭᠦᠯᠦᠨ᠂  ᠰᠢᠰᠲ᠋ᠧᠮ ᠤᠨ ᠳᠣᠲᠤᠭᠠᠳᠤᠬᠢ ᠲᠣᠭᠤᠷᠢᠨ ᠪᠠᠶᠢᠴᠠᠭᠠᠯᠲᠠ ᠶᠢᠨ ᠦᠪᠴᠢ ᠪᠦᠷᠬᠦᠯᠲᠡ ᠶᠢ ᠪᠡᠶᠡᠯᠡᠭᠦᠯᠦᠨ᠂ ᠦᠨᠳᠦᠰᠦᠨ ᠱᠠᠲᠤᠨ ᠳᠠᠬᠢ ᠴᠠᠭᠳᠠᠨ ᠪᠠᠶᠢᠴᠠᠭᠠᠯᠲᠠ ᠪᠠᠨ ᠪᠦᠬᠦ ᠲᠠᠯ᠎ᠠ ᠪᠠᠷ ᠡᠬᠢᠯᠡᠭᠦᠯᠪᠡ᠃ ᠨᠠᠷᠢᠯᠢᠭᠵᠢᠭᠤᠯᠤᠭᠰᠠᠨ‌ᠬᠠᠮᠢᠶᠠᠷᠤᠯᠲᠠ ᠶᠢᠨ ᠠᠵᠢᠯᠯᠠᠭ᠎ᠠ ᠦᠷᠨᠢᠭᠦᠯᠦᠨ᠂ ᠠᠵᠢᠯ ᠤᠨ ᠪᠦᠳᠦᠭᠦᠯᠢᠭ ᠰᠤᠯᠠ ᠵᠠᠳᠠᠭᠠᠢ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠪᠠ᠃ ᠪᠠᠶᠢᠴᠠᠭᠠᠬᠤ ᠶᠠᠪᠤᠳᠠᠯ ᠤᠨ ᠱᠠᠭᠠᠷᠳᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠬᠠᠤᠯᠢ ᠶᠢ ᠵᠦᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ᠂ ᠪᠠᠶᠢᠴᠠᠭᠠᠬᠤ ᠠᠵᠢᠯᠲᠠᠨ ᠤ ᠲᠤᠰᠢᠶᠠᠯ ᠤᠨ ᠦᠢᠯᠡ ᠠᠵᠢᠯᠯᠠᠭ᠎ᠠ ᠪᠠ ᠨᠡᠶᠢᠭᠡᠮ ᠤᠨ ᠬᠠᠷᠢᠯᠴᠠᠭᠠᠨ ᠤ ᠦᠢᠯᠡ ᠠᠵᠢᠯᠯᠠᠭ᠎ᠠ ᠶᠢ ᠳᠦᠷᠢᠮᠵᠢᠭᠦᠯᠪᠡ᠃ ᠪᠠᠶᠢᠴᠠᠭᠠᠬᠤ ᠶᠢᠨ ᠰᠠᠬᠢᠯᠭ᠎ᠠ ᠪᠠᠲᠦ ᠶᠢ ᠴᠢᠩᠭᠠᠳᠬᠠᠨ᠂ ᠬᠠᠤᠯᠢ ᠰᠠᠬᠢᠯᠭ᠎ᠠ ᠶᠢ ᠵᠦᠷᠢᠴᠡᠭᠰᠡᠨ104  ᠪᠠᠶᠢᠴᠠᠭᠠᠬᠤ ᠠᠵᠢᠯᠲᠠᠨ ᠢ ᠪᠠᠶᠢᠴᠠᠭᠠᠨ ᠰᠢᠢᠳᠪᠦᠷᠢᠯᠡᠪᠡ᠃

     ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠢᠴᠠᠭᠠᠬᠤ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠪᠠ᠃ 2014 ᠣᠨ ᠠᠴᠠ ᠡᠬᠢᠯᠡᠨ᠂ ᠪᠦᠬᠦ ᠣᠷᠤᠨ ᠤ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠨᠤᠭᠤᠳ ᠨᠢᠭᠡᠳᠦᠯᠲᠠᠢ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠬᠡᠷᠡᠭᠯᠡᠨ᠂ ᠪᠣᠢ ᠪᠦᠬᠦᠢ ᠬᠡᠷᠡᠭ ᠤᠨ ᠮᠡᠳᠡᠭᠡ ᠵᠠᠩᠬᠢ ᠶᠢ ᠰᠦᠯᠵᠢᠶᠡᠨ ᠳᠤ ᠣᠷᠤᠭᠤᠯᠤᠨ᠂ ᠬᠡᠷᠡᠭ ᠰᠢᠳᠭᠡᠬᠦ ᠴᠣᠪᠤᠷᠠᠯ ᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠴᠤ᠂ ᠬᠡᠷᠡᠭ ᠰᠢᠳᠭᠡᠭᠰᠡᠨ‌‍ᠲ᠋ᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ  ᠪᠣᠢ ᠪᠣᠯᠭᠠᠪᠠ᠃ ᠡᠯᠧᠺᠲᠷᠣᠨ ᠪᠠᠶᠢᠴᠠᠭᠠᠬᠤ ᠶᠠᠪᠤᠳᠠᠯ ᠤᠨ ᠢᠨᠵᠧᠨᠧᠷᠢᠩ ᠤᠨ ᠪᠠᠶᠢᠭᠤᠯᠤᠯᠲᠠ ᠶᠢ ᠦᠷᠨᠢᠭᠦᠯᠦᠨ᠂ ᠬᠠᠤᠯᠢ ᠪᠠᠷᠢᠵᠦ ᠬᠡᠷᠡᠭ ᠰᠢᠳᠭᠡᠬᠦ᠂ ᠪᠠᠶᠢᠴᠠᠭᠠᠬᠤ ᠠᠯᠪᠠᠨ ᠠᠵᠢᠯ᠂ ᠡᠩᠨᠡᠭᠡᠨ ᠤ ᠬᠠᠮᠢᠶᠠᠷᠤᠯᠲᠠ᠂ ᠪᠠᠶᠢᠴᠠᠭᠠᠬᠤ ᠶᠠᠪᠤᠳᠠᠯ ᠤᠨ ᠪᠠᠲᠤᠯᠠᠭ᠎ᠠ᠂ ᠰᠢᠢᠳᠪᠦᠷᠢᠲᠦ ᠪᠣᠳᠤᠯᠭ᠎ᠠ ᠶᠢᠨ ᠳᠡᠮᠵᠢᠯᠭᠡ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠵᠡᠷᠭᠡ ᠵᠢᠷᠭᠤᠭᠠᠨ ᠲᠠᠪᠴᠠᠩ ᠢ ᠪᠠᠶᠢᠭᠤᠯᠪᠠ᠃ ᠤᠶᠤᠨᠴᠢ ᠪᠠᠶᠢᠴᠠᠭᠠᠬᠤ ᠶᠠᠪᠤᠳᠠᠯ ᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠪᠤᠷᠤᠭᠤ ᠶᠢ ᠵᠠᠯᠠᠷᠠᠭᠤᠯᠬᠤ᠂ ᠡᠷᠡᠭᠦᠦ ᠣᠨᠣᠭᠳᠠᠭᠤᠯᠬᠤ ᠰᠠᠨᠠᠭᠤᠯᠭ᠎ᠠ᠂ ᠢᠨᠲ᠋ᠧᠷ ᠰᠦᠯᠵᠢᠶ᠎ᠡ + ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠠᠪᠴᠠᠩ ᠵᠡᠷᠭᠡ ᠤᠶᠤᠨᠲᠦ ᠲᠤᠰᠠᠯᠬᠤ ᠬᠡᠷᠡᠭ ᠰᠢᠳᠭᠡᠬᠦ ᠰᠢᠰᠲ᠋ᠧᠮ ᠢ ᠪᠠᠶᠢᠭᠤᠯᠬᠤ ᠶᠢ ᠦᠷᠨᠢᠭᠦᠯᠦᠨ᠂ ᠤᠶᠤᠨᠲᠦ ᠠᠪᠢᠶᠠᠨ ᠤ ᠡᠭᠦᠯᠡᠨ ᠲᠠᠪᠴᠠᠩ ᠤᠨ ᠪᠠᠶᠢᠭᠤᠯᠤᠯᠲᠠ ᠨᠢ ᠪᠦᠬᠦ ᠤᠯᠤᠰ ᠲᠤ ᠲᠦᠷᠦᠭᠦᠯᠡᠨ ᠦᠪᠴᠢ ᠪᠦᠷᠬᠦᠯᠲᠡ ᠶᠢ ᠪᠡᠶᠡᠯᠡᠭᠦᠯᠪᠡ᠃ ᠪᠦᠬᠦ ᠣᠷᠤᠨ ᠤ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠪᠦᠬᠦᠨ ᠢᠶᠠᠷ ᠢᠶᠠᠨ ᠰᠦᠯᠵᠢᠶᠡᠨ ᠳᠡᠭᠡᠷ᠎ᠡ ᠠᠯᠪᠠᠯᠠᠬᠤ ᠪᠠ ᠬᠡᠷᠡᠭ ᠰᠢᠳᠭᠡᠬᠦ ᠶᠢ ᠪᠡᠶᠡᠯᠡᠭᠦᠯᠦᠨ᠂ ᠮᠡᠳᠡᠭᠡ  ᠵᠠᠩᠬᠢᠴᠢᠯᠠᠯᠲᠠ ᠶᠢᠨ ᠬᠡᠷᠡᠭᠯᠡᠭᠡᠨ ᠤ ᠬᠢᠷᠢ ᠬᠡᠮᠵᠢᠶ᠎ᠡ᠂ ᠬᠠᠲᠠᠭᠤ ᠵᠦᠭᠡᠯᠡᠨ ᠲᠣᠨᠤᠭ ᠤᠨ ᠪᠠᠶᠢᠭᠤᠯᠤᠯᠲᠠ ᠶᠢᠨ ᠬᠢᠷᠢ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠡᠪᠰᠡᠭ ᠲᠣᠨᠤᠭᠯᠠᠯ ᠪᠠ ᠠᠷᠭ᠎ᠠ ᠪᠠᠷᠢᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠮᠡᠳᠡᠭᠡ  ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠪᠦᠬᠦᠶᠢᠯᠡ ᠬᠢᠷᠢ ᠲᠦᠪᠰᠢᠨ ᠳᠠᠪᠠᠯᠲᠠᠲᠤ ᠬᠦᠭᠵᠢᠯᠲᠡ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠪᠠᠶᠢᠴᠠᠭᠠᠬᠤ ᠬᠤᠷᠢᠶᠠᠨ ᠤ ᠪᠠᠶᠢᠭᠤᠯᠤᠯᠲᠠ ᠶᠢᠨ ᠲᠠᠪᠤᠨ ᠵᠢᠯ ᠤᠨ ᠲᠦᠯᠦᠪᠵᠢᠭᠦᠯᠭᠡ ᠶᠢ ᠬᠡᠷᠡᠭᠵᠢᠭᠦᠯᠦᠨ᠂ ᠪᠦᠬᠦ ᠤᠯᠤᠰ ᠲᠤ ︽ᠨᠠᠢᠮᠠᠵᠢᠭᠤᠯᠤᠯᠲᠠ︾ ᠶᠢᠨ ᠵᠢᠱᠢᠶ᠎ᠡ ᠦᠵᠡᠭᠦᠯᠬᠦ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠢ ᠲᠦᠷᠦᠭᠦᠯᠡᠨ ᠵᠣᠬᠢᠶᠠᠨ ᠪᠠᠶᠢᠭᠤᠯᠵᠤ ᠦᠷᠨᠢᠭᠦᠯᠦᠨ᠂ ᠦᠨᠳᠦᠰᠦᠨ ᠱᠠᠲᠤᠨ ᠤ 11 ᠪᠠᠶᠢᠴᠠᠭᠠᠬᠤ ᠬᠤᠷᠢᠶ᠎ᠠ ᠨᠢ ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠪᠠᠷ ᠦᠨᠡᠯᠡᠭᠳᠡᠵᠡᠢ᠃

     ᠲᠦᠯᠦᠭᠡᠯᠡᠭᠴᠢᠳ ᠡ︕ ᠨᠠᠮ ᠤᠨ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠣᠯ ᠮᠠᠨ ᠤ ᠤᠯᠤᠰ ᠤᠨ ᠪᠠᠶᠢᠴᠠᠭᠠᠬᠤ ᠪᠠᠶᠢᠭᠤᠯᠤᠯ ᠤᠨ ᠴᠢᠬᠤᠯᠠ ᠶᠡᠭᠡ ᠣᠨᠴᠠᠯᠢᠭ ᠪᠣᠯᠬᠤ ᠪᠦᠭᠡᠳ ᠬᠠᠮᠤᠭ ᠶᠡᠭᠡ ᠳᠠᠪᠠᠭᠤᠯᠢᠭ ᠲᠠᠯ᠎ᠠ ᠪᠣᠯᠬᠤ ᠶᠤᠮ᠃ ᠲᠠᠪᠤᠨ ᠵᠢᠯ ᠤᠨ ᠲᠤᠷᠰᠢ᠂ ᠪᠢᠳᠡ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠶᠠᠨ ᠳᠤ ᠵᠢᠭᠠᠪᠤᠷᠢ ᠠᠪᠴᠤ ᠮᠡᠳᠡᠭᠦᠯᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠠᠵᠢᠯ ᠢᠶᠠᠨ ᠮᠡᠳᠡᠭᠦᠯᠪᠡ᠃ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠤᠷᠢᠳ ᠬᠤᠵᠢᠳ ᠲᠤᠰᠢᠶᠠᠯ ᠤᠨ ᠶᠠᠯᠠᠲᠤ ᠬᠡᠷᠡᠭ ᠢ ᠪᠠᠶᠢᠴᠠᠭᠠᠨ ᠰᠢᠳᠬᠡᠭᠰᠡᠨ᠂ ᠵᠠᠰᠠᠪᠤᠷᠢ ᠣᠷᠣᠭᠤᠯᠤᠭᠰᠠᠨ ᠡᠷᠡᠭᠦᠦ ᠶᠢᠨ ᠵᠠᠷᠭᠤ ᠶᠢᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠦᠭᠰᠡᠨ᠂ ᠬᠠᠤᠯᠢ ᠪᠠᠷᠢᠯᠲᠠ ᠶᠢᠨ   ᠦᠢᠯᠡ ᠠᠵᠢᠯᠯᠠᠭ᠎ᠠ ᠶᠢ ᠳᠦᠷᠢᠮᠵᠢᠭᠦᠯᠦᠭᠰᠡᠨ᠂ ᠬᠠᠤᠯᠢ ᠪᠠᠷᠢᠬᠤ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠤᠭᠰᠠᠨ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠭᠰᠠᠨ ᠵᠡᠷᠭᠡ ᠠᠵᠢᠯ ᠤᠨ ᠲᠤᠰᠬᠠᠢ ᠮᠡᠳᠡᠭᠦᠯᠦᠯᠲᠡ ᠬᠢᠪᠡ᠃ ᠲᠦᠯᠦᠭᠡᠯᠡᠭᠴᠢᠳ ᠪᠠ ᠬᠡᠰᠢᠭᠦᠳ ᠤᠨ ᠰᠠᠨᠠᠯ ᠵᠦᠪᠯᠡᠯᠭᠡ᠂ ᠰᠠᠨᠠᠯ ᠳᠤᠷᠠᠳᠤᠯᠭ᠎ᠠ ᠪᠣᠯᠤᠨ ᠰᠠᠨᠠᠭᠤᠯᠭ᠎ᠠ ᠶᠢᠨ ᠰᠢᠢᠳᠪᠦᠷᠢᠯᠡᠯ ᠢ ᠴᠢᠩᠭᠠᠳᠬᠠᠨ᠂ ᠡᠳᠡᠭᠡᠷ ᠪᠦᠬᠦᠨ ᠢ ᠰᠢᠢᠳᠪᠦᠷᠢᠯᠡᠭᠰᠡᠨ ᠤ ᠬᠠᠮᠲᠤ ᠨᠢᠭᠡ ᠨᠢᠭᠡ ᠪᠠᠷ ᠬᠠᠷᠢᠭᠤ ᠲᠤᠰᠬᠠᠵᠠᠢ᠃ ᠲᠣᠭᠲᠠᠭᠰᠠᠨ ᠬᠤᠭᠤᠴᠠᠭ᠎ᠠ ᠲᠠᠢ ᠪᠠᠷ ᠲᠦᠯᠦᠭᠡᠯᠡᠭᠴᠢᠳ ᠢ ᠲᠣᠭᠤᠷᠢᠨ ᠰᠤᠷᠪᠤᠯᠵᠢᠯᠠᠵᠤ᠂ ᠲᠦᠯᠦᠭᠡᠯᠡᠭᠴᠢᠳ ᠪᠠ ᠬᠡᠰᠢᠭᠦᠳ ᠢ ᠤᠷᠢᠨ ᠪᠠᠶᠢᠴᠠᠭᠠᠬᠤ ᠠᠵᠢᠯ ᠢ ᠲᠣᠭᠤᠷᠢᠨ ᠪᠠᠶᠢᠴᠠᠭᠠᠯᠭᠠᠬᠤ᠂ ᠰᠠᠭᠤᠳᠠᠯ ᠤᠨ ᠬᠤᠷᠠᠯ ᠳᠤ ᠤᠷᠤᠯᠴᠠᠭᠤᠯᠬᠤ᠂ ᠲᠢᠩᠬᠢᠮ ᠤᠨ ᠰᠢᠭᠦᠯᠲᠡ ᠶᠢ ᠦᠵᠡᠭᠦᠯᠬᠦ ᠵᠡᠷᠭᠡ ᠠᠵᠢᠯᠯᠠᠭ᠎ᠠ ᠦᠷᠨᠢᠭᠦᠯᠦᠨ ᠲᠡᠳᠡᠨ ᠤ ᠬᠢᠨᠠᠯᠲᠠ ᠶᠢ ᠦᠨᠡᠨᠴᠢ ᠪᠠᠷ ᠬᠦᠯᠢᠶᠡᠪᠡ᠃ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ᠂ ᠰᠣᠨᠢᠨ ᠮᠡᠳᠡᠭᠡᠨ ᠤ ᠶᠡᠷᠢᠶ᠎ᠠ ᠬᠡᠯᠡᠯᠴᠡᠭᠡ ᠵᠡᠷᠭᠡ ᠨᠡᠶᠢᠭᠡᠮ ᠤᠨ ᠬᠢᠨᠠᠯᠲᠠ ᠵᠢᠴᠢ ᠤᠯᠤᠰ ᠲᠥᠷᠥ ᠬᠠᠤᠯᠢ ᠴᠠᠭᠠᠵᠠ ᠶᠢᠨ ᠪᠣᠰᠣᠳ ᠪᠠᠶᠢᠭᠤᠯᠭ᠎ᠠ ᠶᠢᠨ ᠨᠦᠬᠦᠴᠡᠯᠳᠦᠯ ᠬᠢᠵᠠᠭᠠᠷᠯᠠᠯ ᠢ ᠤᠬᠠᠮᠰᠠᠷ ᠠᠴᠠ ᠪᠠᠨ ᠬᠦᠯᠢᠶᠡᠨ᠂ ᠪᠠᠶᠢᠴᠠᠭᠠᠬᠤ ᠡᠷᠬᠡ ᠶᠢᠨ ᠲᠦᠪ ᠭᠤᠤᠯᠴᠢ ᠪᠦᠭᠡᠳ ᠦᠨᠳᠦᠷ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠪᠠ᠃

     ᠲᠦᠯᠦᠭᠡᠯᠡᠭᠴᠢᠳ ᠡ︕ ᠦᠩᠭᠡᠷᠡᠭᠰᠡᠨ ᠲᠠᠪᠤᠨ ᠵᠢᠯ ᠳᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠤᠨ ᠦᠷᠨᠢᠩᠭᠦᠢ ᠬᠦᠭᠵᠢᠯᠲᠡ ᠶᠢ ᠳᠠᠭᠠᠯᠳᠤᠨ ᠪᠠᠶᠢᠴᠠᠭᠠᠬᠤ ᠠᠵᠢᠯ ᠴᠦ ᠠᠯᠬᠤᠮ ᠪᠦᠷᠢ ᠨᠢ ᠠᠬᠢᠴᠠ ᠲᠠᠢ ᠤᠷᠤᠭᠰᠢᠯᠠᠵᠠᠢ᠃ ᠲᠠᠪᠤᠨ ᠵᠢᠯ ᠤᠨ ᠲᠤᠷᠰᠢ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠳᠬᠡᠬᠦ ᠬᠦᠴᠦᠯᠡᠴᠡ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠶᠢ ᠢᠯᠡᠷᠬᠡᠶᠢᠯᠡᠬᠦ ᠭᠤᠤᠯ ᠲᠤᠭ᠎ᠠ ᠪᠠᠷᠢᠮᠳᠠ ᠳᠤ ︽ᠠᠷᠪᠠᠨ ᠳᠡᠭᠡᠭᠰᠢᠯᠡᠯᠲᠡ︾ ᠢᠯᠡᠷᠡᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠲᠣᠭᠲᠠᠭᠠᠭᠰᠠᠨ 33 ᠲᠦᠷᠥᠯ ᠤᠨ ᠲᠤᠬᠠᠶᠢᠯᠠᠭᠰᠠᠨ ᠠᠵᠢᠯ ᠤᠨ ᠭᠤᠤᠯᠯᠠᠬᠤ ᠲᠤᠭ᠎ᠠ ᠪᠠᠷᠢᠮᠲᠠ ᠶᠢᠨ ᠵᠢᠭᠰᠠᠭᠠᠯᠲᠠ ᠳᠤ ᠮᠠᠨ ᠤ ᠣᠷᠣᠨ ᠤ ᠬᠢ ᠴᠦᠮ ᠢᠶᠠᠷ ᠢᠶᠠᠨ ᠪᠦᠬᠦ ᠤᠯᠤᠰ ᠤᠨ ᠲᠡᠷᠢᠭᠦᠨ ᠪᠠ ᠳᠡᠳ᠋ ᠪᠠᠶᠢᠷᠢᠨ ᠳᠤ ᠵᠢᠭᠰᠠᠭᠠᠭᠳᠠᠪᠠ᠂ ᠡᠭᠦᠨ ᠳᠤ 17 ᠲᠦᠷᠦᠯ ᠨᠢ ᠲᠡᠷᠢᠭᠦᠨ ᠤ ᠪᠠᠶᠢᠷᠢᠨ ᠳᠤ ᠣᠷᠣᠵᠤ᠂ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠤᠷᠢᠳ ᠬᠤᠵᠢᠳ 30 ᠭᠠᠷᠤᠢ ᠤᠳᠠᠭ᠎ᠠ ᠤᠯᠤᠰ ᠤᠨ ᠬᠡᠪᠴᠢᠶᠡᠨ ᠳᠤ ᠲᠤᠷᠰᠢᠯᠭ᠎ᠠ ᠪᠠᠨ ᠲᠠᠨᠢᠯᠴᠠᠭᠤᠯᠤᠨ ᠪᠠᠶᠢᠴᠠᠭᠠᠬᠤ ᠺᠣᠮᠢᠰ ᠤᠨ ᠠᠵᠢᠯ᠂ ᠲᠤᠰᠢᠶᠠᠯ ᠤᠨ ᠶᠠᠯᠠᠲᠤ ᠬᠡᠷᠡᠭ ᠢ ᠪᠠᠶᠢᠴᠠᠭᠠᠨ ᠰᠢᠳᠬᠡᠬᠦ᠂ ᠡᠷᠡᠭᠦᠦ ᠶᠢᠨ ᠭᠦᠢᠴᠡᠳᠬᠡᠯᠲᠡ ᠶᠢ ᠪᠠᠶᠢᠴᠠᠭᠠᠬᠤ᠂ ᠨᠡᠶᠢᠲᠡ ᠶᠢᠨ ᠠᠰᠢᠭᠲᠤ ᠵᠠᠷᠭᠤ᠂ ᠦᠨᠳᠦᠰᠦᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠲᠠ ᠵᠡᠷᠭᠡ ᠠᠵᠢᠯ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠶᠠᠪᠤᠵᠤ ᠪᠣᠢ᠃ ᠡᠨᠡᠬᠦ ᠲᠠᠪᠤᠨ ᠵᠢᠯ ᠪᠣᠯ ᠪᠠᠶᠢᠴᠠᠭᠠᠬᠤ ᠪᠠᠶᠢᠭᠤᠯᠭ᠎ᠠ ᠨᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠨᠢᠭᠡ ᠰᠡᠳᠬᠢᠯ ᠨᠢᠭᠡ ᠵᠣᠷᠢᠭ ᠢᠶᠠᠷ ᠪᠦᠬᠦ ᠲᠠᠯ᠎ᠠ ᠳᠤ ᠦᠢᠯᠡᠴᠢᠯᠡᠨ᠂ ᠠᠵᠤ ᠠᠬᠤᠢ ᠶᠢᠨ ᠬᠦᠭᠵᠢᠭᠦᠯᠦᠯᠲᠡ ᠪᠠ ᠨᠡᠶᠢᠬᠡᠮ ᠤᠨ ᠲᠣᠭᠲᠠᠭᠤᠨ ᠪᠠᠶᠢᠬᠤ ᠶᠢ ᠬᠦᠴᠦ ᠲᠠᠯᠪᠢᠨ ᠪᠠᠲᠤᠯᠠᠵᠤ᠂ ᠪᠠᠶᠢᠴᠠᠭᠠᠬᠤ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠤᠭᠰᠠᠨ ᠲᠠᠪᠤᠨ ᠵᠢᠯ ᠪᠣᠯᠤᠨ᠎ᠠ︔ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷᠢᠬᠤ ᠣᠨᠣᠯᠵᠢᠬᠤᠨ ᠢᠶᠠᠨ ᠭᠦᠨᠵᠡᠭᠡᠢ ᠬᠤᠪᠢᠷᠠᠭᠤᠯᠤᠨ᠂ ᠬᠠᠤᠯᠢ ᠪᠠᠷᠢᠬᠤ ᠠᠵᠢᠯᠯᠠᠭ᠎ᠠ ᠪᠠᠨ ᠦᠷᠭᠦᠯᠵᠢᠯᠡᠭᠦᠯᠦᠨ ᠳᠦᠷᠢᠮᠵᠢᠭᠦᠯᠵᠦ᠂ ᠬᠠᠤᠯᠢ ᠪᠠᠷᠢᠬᠤ ᠠᠵᠢᠯ ᠤᠨ ᠰᠤᠷᠲᠠᠯ ᠢᠶᠠᠨ ᠰᠢᠨᠲᠠᠷᠠᠯ ᠦᠭᠡᠢ ᠦᠭᠡᠷᠡᠴᠢᠯᠡᠨ ᠰᠠᠶᠢᠵᠢᠷᠠᠭᠤᠯᠵᠤ᠂ ᠪᠠᠶᠢᠴᠠᠭᠠᠬᠤ ᠨᠡᠶᠢᠲᠡ ᠶᠢᠨ ᠢᠲᠡᠭᠡᠮᠵᠢ ᠶᠢᠨ ᠬᠦᠴᠦᠨ ᠢᠶᠠᠨ ᠲᠠᠰᠤᠷᠠᠯᠲᠠ ᠦᠭᠡᠢ ᠨᠡᠮᠡᠭᠳᠡᠭᠦᠯᠦᠭᠰᠡᠨ ᠲᠠᠪᠤᠨ ᠵᠢᠯ ᠪᠣᠯᠤᠨ᠎ᠠ︔ ᠮᠦᠨᠴᠦ ᠪᠠᠶᠢᠴᠠᠭᠠᠬᠤ ᠪᠠᠶᠢᠭᠤᠯᠭ᠎ᠠ ᠶᠢᠨ ᠴᠠᠭᠠᠷᠠᠵᠤ ᠬᠠᠲᠠᠭᠤᠵᠢᠭᠰᠠᠨ ᠡᠩᠨᠡᠭᠡ ᠪᠠᠨ ᠪᠠᠶᠢᠭᠤᠯᠤᠨ᠂ ᠳᠣᠲᠤᠭᠠᠲᠤ ᠳᠤ ᠪᠠᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠᠨ ᠴᠢᠩᠭᠠᠳᠬᠠᠨ᠂ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠴᠠᠭᠠᠬᠤ ᠠᠵᠢᠯ ᠤᠨ ᠳᠠᠪᠠᠯᠲᠠᠲᠤ ᠬᠦᠭᠵᠢᠯᠲᠡ ᠶᠢ ᠪᠡᠶᠡᠯᠡᠭᠦᠯᠦᠭᠰᠡᠨ ᠲᠠᠪᠤᠨ ᠵᠢᠯ ᠪᠣᠯᠤᠨ᠎ᠠ᠃ ᠡᠳᠡᠭᠡᠷ ᠠᠮᠵᠢᠯᠲᠠ ᠤᠳ ᠪᠣᠯ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠵᠦᠪ ᠣᠨᠣᠪᠴᠢᠲᠠᠢ ᠤᠳᠤᠷᠢᠳᠤᠯᠭ᠎ᠠ ᠪᠣᠯᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠬᠦᠴᠦᠲᠡᠢ ᠬᠢᠨᠠᠯᠲᠠ ᠬᠢᠭᠡᠳ ᠳᠡᠮᠵᠢᠯᠭᠡ ᠵᠢᠴᠢ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠦᠪᠯᠡᠯᠭᠡᠨ᠂ ᠨᠡᠶᠢᠬᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶ᠎ᠡ ᠪᠠᠷ ᠬᠠᠯᠠᠮᠵᠢᠯᠠᠨ ᠬᠦᠳᠦᠳᠬᠡᠭᠰᠡᠨ ᠤ ᠦᠷ᠎ᠡ ᠳ᠋ᠦᠩ ᠪᠣᠯᠬᠤ ᠶᠤᠮ᠃ ᠡᠭᠦᠨ ᠳᠤ ᠪᠢ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠪᠠᠨ ᠲᠦᠯᠦᠭᠡᠯᠡᠨ ᠴᠢᠩ ᠰᠡᠳᠬᠢᠯ ᠠᠴᠠ ᠪᠠᠨ ᠪᠠᠶᠠᠷ ᠲᠠᠯᠠᠷᠬᠠᠯ ᠢᠶᠠᠨ ᠳᠡᠪᠰᠢᠭᠦᠯᠦᠶ᠎ᠡ ︕

     ᠪᠢᠳᠡ ᠠᠵᠢᠯ ᠤᠨ ᠳᠤᠮᠳᠠ ᠤᠷᠤᠰᠢᠵᠤ ᠪᠠᠶᠢᠭ᠎ᠠ ᠮᠠᠰᠢ ᠣᠯᠠᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠣᠯᠵᠤ ᠬᠠᠷᠠᠯ᠎ᠠ᠄ ᠰᠢᠨ᠎ᠡ ᠬᠦᠭᠵᠢᠭᠦᠯᠦᠯᠲᠡ ᠶᠢᠨ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠪᠦᠬᠦ ᠲᠠᠯ᠎ᠠ ᠳᠤ ᠦᠢᠯᠡᠴᠢᠯᠡᠨ ᠪᠠᠲᠤᠯᠠᠭ᠎ᠠ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠭᠰᠠᠭᠠᠷ︔ ᠬᠢᠨᠠᠯᠲᠠ ᠲᠠᠯᠪᠢᠬᠤ ᠠᠴᠠ ᠪᠠᠨ ᠰᠢᠷᠬᠢᠬᠦ  ᠬᠢᠨᠠᠯᠲᠠ ᠲᠠᠯᠪᠢᠯᠲᠠ ᠨᠢ ᠴᠢᠳᠠᠮᠠᠭᠠᠢ ᠪᠣᠰᠣ᠂ ᠬᠢᠨᠠᠯᠲᠠ ᠲᠠᠯᠪᠢᠯᠲᠠ ᠨᠢ ᠭᠦᠢᠴᠡᠳ ᠪᠣᠰᠣ ᠪᠠᠶᠢᠬᠤ ᠠᠰᠠᠭᠤᠳᠠᠯ ᠮᠦᠨ ᠯᠡ ᠤᠷᠤᠰᠢᠭᠰᠠᠭᠠᠷ ᠪᠠᠶᠢᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠦᠷ᠎ᠡ ᠪᠦᠲᠦᠭᠡᠯ ᠨᠢ ᠠᠷᠠᠳ ᠤᠯᠠᠨ ᠤ ᠨᠡᠩ ᠦᠨᠳᠦᠷ ᠬᠦᠰᠡᠯ ᠨᠠᠶᠢᠳᠠᠯᠭ᠎ᠠ ᠯᠤᠭ᠎ᠠ ᠵᠦᠷᠢᠶᠠᠨ ᠲᠠᠢ ᠪᠠᠶᠢᠭᠰᠠᠭᠠᠷ︔ ᠦᠭᠡᠷᠡᠴᠢᠯᠡᠯᠲᠡ ᠶᠢᠨ ᠵᠠᠷᠢᠮ ᠲᠦᠭᠦᠷ ᠠᠷᠭ᠎ᠠ ᠬᠡᠮᠵᠢᠶ᠎ᠡ ᠨᠢ ᠬᠠᠷᠠᠬᠠᠨ ᠪᠦᠷᠢᠮᠦᠰᠦᠨ ᠨᠠᠶᠢᠳᠠᠪᠤᠷᠢᠵᠢᠭᠳᠠᠭ᠎ᠠ ᠦᠭᠡᠢ ᠪᠠᠶᠢᠭᠰᠠᠭᠠᠷ︔ ᠤᠶᠤᠨᠴᠢ ᠪᠠᠶᠢᠴᠠᠭᠠᠬᠤ ᠶᠠᠪᠤᠳᠠᠯ ᠤᠨ ᠠᠵᠢᠯ ᠤᠨ ᠦᠷᠢᠳᠦᠯ ᠨᠡᠯᠢᠶᠡᠳ ᠪᠠᠶᠢᠵᠤ᠂ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠭᠰᠠᠭᠠᠷ︔ ᠡᠩᠨᠡᠭᠡᠨ ᠤ ᠬᠠᠤᠯᠢ ᠪᠠᠷᠢᠬᠤ ᠣᠨᠣᠯᠵᠢᠬᠤᠨ ᠪᠠ ᠴᠢᠳᠠᠪᠤᠷᠢ ᠶᠢᠨ ᠬᠡᠪ ᠪᠣᠯᠪᠠᠰᠤᠷᠠᠯ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠲᠠᠢ ᠪᠦᠷᠢᠮᠦᠰᠦᠨ ᠲᠣᠬᠢᠷᠠᠯᠴᠠᠭ᠎ᠠ ᠦᠭᠡᠢ ᠪᠠᠶᠢᠵᠤ᠂ ᠬᠠᠤᠯᠢ ᠪᠠᠷᠢᠯᠲᠠ ᠳᠦᠷᠢᠮᠵᠢᠭᠦᠨ ᠪᠣᠰᠣ ᠠᠰᠠᠭᠤᠳᠠᠯ ᠬᠠᠷᠠᠬᠠᠨ ᠲᠦᠢᠯᠪᠤᠷᠢᠲᠡᠢ ᠴᠡᠭᠴᠡᠯᠡᠭᠳᠡᠭᠡ ᠦᠭᠡᠢ ᠪᠠᠶᠢᠬᠤ ᠵᠡᠷᠭᠡ ᠠᠰᠠᠭᠤᠳᠠᠯ ᠤᠷᠤᠰᠢᠭᠰᠠᠭᠠᠷ ᠪᠣᠢ᠃ ᠪᠢᠳᠡ ᠠᠰᠠᠭᠤᠳᠠᠯ ᠤᠳ ᠢ ᠠᠯᠭᠠᠰᠠᠯ ᠦᠭᠡᠢ ᠠᠩᠬᠠᠷᠴᠤ ᠬᠢᠨᠠᠮᠠᠭᠠᠢ ᠰᠢᠢᠳᠪᠦᠷᠢᠯᠡᠬᠦ ᠶᠤᠮ᠃

     2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠪᠣᠯᠬᠤ ᠶᠤᠮ᠂ ᠮᠦᠨᠴᠦ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠪᠠ ᠪᠠᠶᠢᠴᠠᠭᠠᠬᠤ ᠪᠠᠶᠢᠭᠤᠯᠭ᠎ᠠ ᠶᠢ ᠰᠡᠷᠭᠦᠭᠡᠨ ᠪᠠᠶᠢᠭᠤᠯᠤᠭᠰᠠᠨ 40 ᠵᠢᠯ ᠤᠨ ᠣᠢ ᠪᠣᠯᠬᠤ ᠶᠤᠮ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯᠳᠤᠭᠠᠨ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠤᠯᠤᠰ ᠲᠦᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠠᠶᠢᠷᠢᠰᠢᠭᠤᠯᠤᠯᠲᠠ ᠤᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠪᠠᠶᠢᠴᠠᠭᠠᠬᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ ᠪᠠ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠳᠤ ᠰᠢᠨ᠎ᠡ ᠬᠤᠪᠢᠷᠠᠯᠲᠠ ᠭᠠᠷᠤᠭᠰᠠᠨ ᠠᠴᠠ ᠪᠣᠯᠵᠤ ᠪᠠᠶᠢᠴᠠᠭᠠᠬᠤ ᠠᠵᠢᠯ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠯᠤᠭ᠎ᠠ ᠢᠳᠡᠪᠬᠢᠲᠡᠢ ᠲᠣᠬᠢᠷᠠᠯᠴᠠᠨ᠂ ︽ᠭᠤᠷᠪᠠᠨ ᠶᠡᠭᠡ ᠪᠡᠷᠬᠡ ᠰᠡᠲᠦᠪ ᠤᠨ ᠰᠢᠪᠲᠤᠯᠤᠯᠲᠠ︾  ᠶᠢ ᠰᠠᠶᠢᠲᠤᠷ ᠬᠢᠬᠦ ᠶᠢ ᠨᠢᠭᠲᠠ ᠲᠣᠭᠤᠷᠢᠭᠤᠯᠤᠨ᠂ ᠬᠦᠮᠦᠨ ᠤ ᠡᠷᠬᠡ ᠶᠢᠨ ᠬᠠᠤᠯᠢ ᠪᠠᠷᠢᠬᠤ ᠪᠠᠲᠤᠯᠠᠭ᠎ᠠ ᠪᠠ ᠦᠮᠴᠢ ᠶᠢᠨ ᠡᠷᠬᠡ ᠶᠢᠨ ᠬᠠᠤᠯᠢ ᠪᠠᠷᠢᠬᠤ ᠬᠠᠮᠠᠭᠠᠯᠠᠯᠲᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠨ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠪᠠᠷ ᠬᠦᠳᠡᠯᠭᠡᠭᠦᠷ ᠪᠣᠯᠭᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠭᠤᠤᠯ ᠡᠭᠦᠷᠭᠡ ᠬᠠᠷᠢᠭᠤᠴᠠᠯᠭ᠎ᠠ ᠶᠢ ᠴᠢᠭᠯᠡᠭᠦᠯᠦᠨ᠂ ᠠᠮᠤᠷ ᠠᠮᠤᠭᠤᠯᠠᠩ ᠦᠪᠦᠷ ᠮᠣᠩᠭᠤᠯ᠂ ᠬᠠᠤᠯᠢ ᠪᠠᠷ ᠵᠠᠰᠠᠬᠤ ᠦᠪᠦᠷ ᠮᠣᠩᠭᠤᠯ᠂ ᠴᠠᠭᠠᠷᠠᠵᠤ ᠬᠠᠲᠠᠭᠤᠵᠢᠭᠰᠠᠨ ᠡᠩᠨᠡᠭᠡ ᠪᠠ ᠤᠶᠤᠨᠴᠢᠯᠠᠭᠰᠠᠨ ᠪᠠᠶᠢᠭᠤᠯᠤᠯᠲᠠ ᠶᠢ ᠬᠦᠨᠵᠡᠭᠡᠶᠢᠷᠡᠭᠦᠯᠦᠨ ᠠᠬᠢᠭᠤᠯᠵᠤ᠂ ᠲᠥᠷᠥ ᠶᠢᠨ ᠤᠯᠤᠰ ᠲᠥᠷᠥ ᠶᠢᠨ ᠠᠶᠦᠯᠭᠦᠢ ᠶᠢ ᠬᠠᠮᠠᠭᠠᠯᠠᠨ᠂ ᠨᠡᠶᠢᠭᠡᠮ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠣᠰᠣ ᠶᠢ ᠠᠬᠢᠭᠤᠯᠤᠨ᠂ ᠠᠷᠠᠳ ᠲᠦᠮᠡᠨ ᠤ ᠠᠵᠤ ᠲᠦᠷᠦᠵᠦ ᠠᠲᠠᠯ ᠪᠣᠰᠬᠠᠬᠤ ᠶᠢ ᠪᠠᠲᠤᠯᠠᠵᠤ᠂ ᠦᠵᠡᠰᠭᠦᠯᠡᠩᠲᠦ ᠰᠠᠶᠢᠬᠠᠨ ᠦᠪᠦᠷ ᠮᠣᠩᠭᠤᠯ ᠢ ᠪᠦᠲᠦᠭᠡᠨ ᠪᠠᠶᠢᠭᠤᠯᠤᠨ᠂ ᠳᠤᠮᠳᠠᠳᠤ ᠶᠢᠨ ᠠᠭᠤᠤ ᠶᠡᠭᠡ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠬᠠᠤᠯᠢ ᠪᠠᠷᠢᠯᠲᠠ ᠶᠢᠨ ᠬᠦᠴᠦᠲᠡᠢ ᠪᠠᠲᠤᠯᠠᠭ᠎ᠠ ᠬᠠᠩᠭᠠᠨ᠎ᠠ᠃ 

     ᠨᠢᠭᠡᠳᠦᠭᠡᠷ ᠲᠤ᠂ ᠦᠵᠡᠯ ᠰᠠᠨᠠᠭ᠎ᠠ ᠪᠠᠨ ᠵᠡᠪᠰᠡᠭᠯᠡᠬᠦ ᠶᠢ ᠴᠢᠩᠭᠠᠷᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠬᠠᠤᠯᠢ ᠴᠠᠭᠠᠵᠠ ᠶᠢᠨ ᠦᠵᠡᠯ ᠰᠠᠨᠠᠭ᠎ᠠ ᠪᠠᠷ ᠲᠠᠷᠢᠬᠢ ᠲᠣᠯᠤᠭᠠᠢ ᠪᠠᠨ ᠵᠡᠪᠰᠡᠭᠯᠡᠵᠦ᠂ ᠠᠵᠢᠯ ᠢᠶᠠᠨ  ᠵᠢᠯᠣᠭᠤᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠣᠯᠬᠤ ᠳᠤ  ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠪᠠᠲᠤᠯᠠᠭ᠎ᠠ ᠬᠠᠩᠭᠠᠨ᠎ᠠ᠃ 

     ᠬᠤᠶᠠᠳᠤᠭᠠᠷ ᠲᠤ᠂ ᠤᠯᠤᠰ ᠤᠨ ᠠᠮᠤᠷ ᠲᠦᠪᠰᠢᠨ ᠪᠠ ᠨᠡᠶᠢᠬᠡᠮ ᠤᠨ ᠲᠣᠭᠲᠠᠭᠤᠨ ᠪᠠᠶᠢᠬᠤ ᠶᠢ ᠬᠠᠮᠠᠭᠠᠯᠠᠬᠤ ᠶᠢ ᠭᠤᠶᠢᠪᠢᠰᠢ ᠦᠭᠡᠢ ᠪᠠᠷ ᠲᠡᠷᠢᠭᠦᠨ ᠴᠢᠬᠤᠯᠠ ᠡᠭᠦᠷᠭᠡ ᠪᠣᠯᠭᠠᠨ᠂ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠠᠷ᠎ᠠ ᠪᠦᠯᠦᠭᠳᠡᠨ ᠢ ᠱᠦᠭᠦᠷᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠪᠠᠶᠢᠷᠢᠰᠢᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃

     ᠭᠤᠷᠪᠠᠳᠤᠭᠠᠷ ᠲᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠬᠦ ᠱᠠᠭᠠᠷᠳᠠᠯᠭ᠎ᠠ ᠳᠤ ᠴᠢᠭᠯᠡᠬᠦᠯᠵᠤ᠂ ᠬᠠᠤᠯᠢ ᠪᠠᠷᠢᠯᠲᠠ ᠪᠠᠷ ᠤᠴᠢᠷ ᠶᠠᠪᠤᠳᠠᠯ ᠢ ᠲᠤᠭᠳᠠᠭᠠᠨ ᠬᠡᠷᠡᠬᠦᠯ ᠵᠢᠭᠤᠷᠠᠯᠳᠤᠭᠠᠨ ᠢ ᠵᠤᠭᠰᠤᠭᠠᠬᠤ᠂ ᠶᠠᠯ᠎ᠠ ᠬᠢᠭᠰᠡᠳ ᠢ ᠵᠠᠯᠬᠠᠭᠠᠨ ᠰᠢᠳᠭᠡᠬᠦ ᠵᠡᠷᠭᠡ ᠡᠬᠦᠷᠭᠡ ᠴᠢᠳᠠᠪᠤᠷᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠳᠤ ᠬᠠᠤᠯᠢ ᠪᠠᠷ ᠵᠠᠰᠠᠬᠤ ᠪᠠᠳᠤᠯᠠᠭ᠎ᠠ ᠬᠠᠩᠭᠠᠨ᠎ᠠ᠃ 

     ᠳᠦᠷᠪᠡᠳᠦᠭᠡᠷ ᠲᠤ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢᠨ ᠪᠠᠶᠢᠷᠢᠰᠢᠭᠤᠯᠤᠯᠲᠠ ᠶᠢ ᠡᠷᠡᠰ ᠲᠤᠤᠱᠯᠠᠭᠤᠯᠵᠤ᠂ ᠬᠢᠨᠠᠨ ᠪᠠᠶᠢᠴᠠᠭᠠᠬᠤ ᠵᠦᠪᠯᠡᠯ ᠤᠨ ᠪᠠᠶᠢᠴᠠᠭᠠᠯᠲᠠ ᠬᠢᠵᠦ ᠰᠢᠯᠵᠢᠭᠦᠯᠦᠨ ᠢᠷᠡᠭᠦᠯᠦᠭᠰᠡᠨ ᠲᠤᠰᠢᠶᠠᠯ ᠤᠨ ᠶᠠᠯᠠᠲᠤ ᠬᠡᠷᠡᠭ ᠲᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ᠂ ᠬᠢᠨᠠᠨ ᠪᠠᠶᠢᠴᠠᠭᠠᠵᠤ ᠵᠠᠭᠠᠯᠳᠤᠬᠤ᠂ ᠠᠯᠪᠠᠨ ᠵᠠᠭᠠᠯᠳᠤᠯᠭ᠎ᠠ ᠭᠠᠷᠭᠠᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠰᠦᠪᠡᠭᠴᠢ ᠰᠢᠯᠵᠢᠬᠦᠯᠦᠨ ᠬᠦᠷᠭᠡᠬᠦ ᠪᠠ ᠰᠢᠢᠳᠪᠤᠷᠢᠯᠡᠬᠦ ᠲᠤᠭᠳᠠᠴᠠ ᠶᠢ ᠪᠠᠶᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃ 

     ᠲᠠᠪᠤᠳᠤᠭᠠᠷ ᠲᠤ᠂ ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠦᠢᠯᠡᠳᠦᠯᠭᠡ ᠶᠢᠨ ᠰᠢᠨ᠎ᠡ ᠱᠠᠭᠠᠷᠳᠠᠯᠭ᠎ᠠ ᠳᠤ ᠲᠤᠬᠢᠷᠠᠯᠴᠠᠵᠤ᠂ ᠬᠢᠨᠨᠠᠯᠲᠠ ᠲᠠᠯᠪᠢᠬᠤ ᠴᠢᠳᠠᠪᠤᠷᠢ ᠪᠠᠨ ᠲᠡᠭᠡᠭᠰᠢᠯᠡᠬᠦᠯᠦᠨ᠂ ᠡᠯ᠎ᠡ ᠵᠦᠢᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠨ ᠴᠢᠩᠳᠠᠯᠠᠵᠤ᠂ ᠤᠯᠤᠰ ᠤᠨ ᠬᠠᠤᠯᠢ ᠳᠦᠷᠢᠮ ᠤᠨ ᠨᠢᠭᠡᠳᠤᠯ᠂  ᠡᠷᠬᠡ ᠬᠦᠨᠳᠦ ᠪᠠ ᠡᠷᠬᠡ ᠰᠦᠷ ᠢ ᠬᠠᠮᠠᠭᠠᠯᠠᠨ᠎ᠠ᠃

     ᠵᠢᠷᠭᠤᠳᠤᠭᠠᠷ ᠲᠤ᠂ ᠬᠠᠤᠯᠢ ᠪᠠᠷᠢᠬᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠪᠠᠷᠢᠬᠤ ᠴᠢᠨᠠᠷ ᠴᠢᠨᠰᠠᠭ᠎ᠠ᠂ ᠦᠷ᠎ᠡ ᠪᠦᠲᠦᠮᠵᠢ ᠪᠠ ᠨᠡᠶᠢᠲᠡ ᠶᠢᠨ ᠢᠲᠡᠭᠡᠮᠵᠢ ᠶᠢᠨ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠬᠦᠯᠵᠤ᠂ ᠬᠠᠤᠯᠢ ᠪᠠᠷᠢᠵᠤ ᠰᠢᠢᠳᠪᠤᠷᠢᠯᠡᠭᠰᠡᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠤᠰᠤ ᠶᠢ ᠪᠠᠷᠢᠮᠲᠠᠯᠠᠭᠰᠠᠠ ᠲᠦᠷᠦᠭᠳᠡᠯ ᠣᠯᠭᠤᠬᠤ ᠪᠠᠷ ᠴᠢᠷᠮᠠᠶᠢᠨ᠎ᠠ᠃

     ᠳᠣᠯᠣᠳᠤᠭᠠᠷ ᠲᠤ᠂ ᠬᠠᠤᠯᠢ ᠪᠠᠷᠢᠬᠤ ᠦᠭᠡᠷᠡᠴᠢᠯᠡᠯᠲᠡ ᠶᠢ ᠤᠳᠤᠬᠢᠴᠢᠯᠠᠭᠰᠠᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠲᠠᠢ ᠤᠶᠠᠯᠳᠤᠭᠤᠯᠵᠤ᠂ ᠤᠶᠤᠨᠴᠢ ᠪᠠᠶᠢᠴᠠᠭᠠᠬᠤ ᠶᠠᠪᠤᠳᠠᠯ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠠᠶᠢᠴᠠᠭᠠᠬᠤ ᠠᠵᠢᠯ ᠤᠨ ᠮᠡᠳᠡᠭᠡ ᠵᠠᠩᠬᠢᠴᠢᠯᠠᠯᠲᠠ᠂ ᠤᠶᠤᠨᠴᠢᠯᠠᠯᠲᠠ᠂ ᠤᠳᠤᠬᠢᠴᠢᠯᠠᠯᠲᠠ ᠶᠢ ᠰᠢᠨ᠎ᠡ ᠲᠦᠪᠰᠢᠨ ᠳᠤ ᠬᠦᠷᠳᠡᠯ᠎ᠡ ᠲᠡᠭᠡᠭᠰᠢᠯᠡᠬᠦᠯᠦᠨ᠎ᠡ᠃

     ᠨᠠᠢᠮᠠᠳᠤᠭᠠᠷ ᠲᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ᠂ ᠪᠠᠶᠢᠴᠠᠭᠠᠬᠤ ᠪᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠳᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠨᠡᠩ ᠶᠡᠭᠡ ᠵᠤᠷᠢᠭ ᠰᠢᠭᠤᠳᠤᠨ ᠰᠠᠶᠢᠳᠤᠷ ᠠᠳᠬᠤᠨ᠎ᠠ᠃ 

     ᠲᠦᠯᠦᠭᠡᠯᠡᠭᠴᠢᠳ ᠡ᠂ ᠰᠢᠨ᠎ᠡ ᠴᠠᠭ ᠦᠶ᠎ᠡ᠂ ᠰᠢᠨ᠎ᠡ ᠲᠦᠷᠰᠦ ᠪᠠᠶᠢᠳᠠᠯ᠂ ᠰᠢᠨ᠎ᠡ ᠦᠢᠯᠡᠳᠬᠦᠢ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠡᠷᠡᠰ ᠤᠳᠤᠷᠢᠳᠤᠯᠭ᠎ᠠ ᠳᠣᠣᠷ᠎ᠠ᠂ ᠣᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠪᠦᠬᠦ ᠣᠷᠣᠨ ᠤ ᠪᠠᠶᠢᠴᠠᠭᠠᠬᠤ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠣ᠂ ᠣᠳᠣᠬᠢᠴᠢᠯᠠᠭᠰᠠᠨ ᠦᠪᠦᠷ ᠮᠣᠩᠭᠤᠯ ᠤᠨ ᠪᠠᠶᠢᠭᠤᠯᠤᠯᠲᠠ ᠶᠢ ᠲᠦᠷᠭᠡᠳᠬᠡᠨ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠨ ᠪᠦᠲᠦᠭᠡᠨ ᠪᠠᠶᠢᠭᠤᠯᠬᠤ ᠶᠢᠨ ᠲᠦᠯᠦᠭᠡ ᠨᠡᠩ ᠶᠡᠭᠡ ᠰᠢᠨ᠎ᠡ ᠬᠤᠪᠢ ᠨᠡᠮᠡᠷᠢ ᠭᠠᠷᠭᠠᠶ᠎ᠠ︕


ᠢᠷᠡᠯᠲᠡ
ᠦᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro