ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠣᠲᠤᠭᠠᠲᠤ ᠪᠠᠶᠢᠭᠤᠯᠤᠮᠵᠢ ᠶᠢᠨ ᠲᠣᠬᠢᠷᠠᠭᠤᠯᠤᠯᠲᠠ

2019-05-09 14:48:35
ᠵᠣᠬᠢᠶᠠᠭᠴᠢ
ᠦᠪᠦᠷ ᠮᠣᠩᠭᠤᠯ ᠤᠨ ᠠᠷᠠᠳ ᠤᠨ ᠪᠠᠶᠢᠴᠠᠭᠠᠬᠤ ᠬᠣᠷᠢᠶᠠᠨ ᠤ ᠣᠷᠴᠢᠭᠤᠯᠭ᠎ᠠ ᠶᠢᠨ ᠭᠠᠵᠠᠷ

ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠪᠠᠷ ᠴᠣᠬᠤᠯᠠᠪᠤᠷᠢᠯᠠᠭᠤᠯᠤᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠲᠣᠲᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠵᠢᠩᠬᠢᠨᠢ ᠪᠠᠷ ᠡᠬᠢᠯᠡᠪᠡ᠃ ᠲᠤᠰ ᠤᠳᠠᠭᠠᠨ ᠤ ᠳᠤᠲᠤᠭᠠᠲᠤ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠪᠠᠶᠢᠴᠠᠭᠠᠬᠤ ᠪᠠᠶᠢᠭᠤᠯᠭ᠎ᠠ ᠰᠡᠷᠭᠦᠭᠡᠨ ᠪᠠᠶᠢᠭᠤᠯᠤᠭᠳᠠᠭᠰᠠᠨ ᠠᠴᠠ ᠨᠠᠰᠢᠬᠢ ᠨᠢᠭᠡ ᠤᠳᠠᠭᠠᠨ ᠤ ᠴᠢᠬᠤᠯᠠ ᠶᠡᠭᠡ ᠰᠢᠰᠲ᠋ᠧᠮᠲᠦ ᠴᠢᠨᠠᠷᠲᠠᠢ᠂ ᠪᠦᠬᠦᠶᠢᠯᠡ ᠴᠣᠭᠴᠠᠲᠦ ᠴᠢᠨᠠᠷᠲᠠᠢ᠂ ᠳᠠᠬᠢᠨ ᠴᠣᠭᠴᠠᠯᠠᠬᠤ ᠴᠢᠨᠠᠷᠲᠠᠢ ᠪᠠᠶᠢᠭᠤᠯᠤᠮᠵᠢ ᠶᠢᠨ ᠲᠣᠬᠢᠷᠠᠭᠤᠯᠤᠯᠲᠠ ᠪᠠᠶᠢᠵᠤ᠂ ᠪᠠᠶᠢᠴᠠᠭᠠᠬᠤ ᠠᠵᠢᠯ ᠢᠶᠠᠨ ᠳᠠᠬᠢᠨ  ᠪᠠᠶᠢᠷᠢᠰᠢᠭᠤᠯᠬᠤ᠂ ᠪᠠᠶᠢᠴᠠᠭᠠᠬᠤ ᠠᠵᠢᠯ ᠤᠨ ᠡᠭᠦᠷᠭᠡ ᠴᠢᠳᠠᠪᠬᠢ ᠪᠠᠨ ᠰᠢᠯᠢᠳᠡᠭᠵᠢᠭᠦᠯᠬᠦ᠂ ᠪᠠᠶᠢᠴᠠᠭᠠᠬᠤ ᠡᠩᠨᠡᠭᠡᠨ ᠤ ᠨᠢᠭᠲᠠᠷᠠᠯ ᠤᠨ ᠬᠦᠴᠦᠨ ᠢᠶᠠᠨ ᠴᠢᠩᠭᠠᠷᠠᠭᠤᠯᠤᠨ ᠣᠮᠤᠭ ᠵᠣᠷᠢᠭ ᠢ ᠨᠢ ᠬᠦᠭᠵᠢᠭᠡᠬᠦ᠂ ᠪᠠᠶᠢᠴᠠᠭᠠᠬᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ ᠠᠭᠢᠭᠤᠯᠬᠤ ᠳᠤ ᠯᠣᠲᠤ ᠶᠡᠭᠡ ᠠᠯᠤᠰ ᠬᠡᠲᠦ ᠶᠢᠨ ᠠᠴᠢ ᠬᠤᠯᠪᠤᠭᠲᠠᠯ ᠲᠠᠢ ᠶᠤᠮ᠃ ᠲᠡᠭᠡᠪᠡᠯ ᠥᠭᠡᠷᠡᠴᠢᠯᠡᠯᠲᠡ ᠶᠢᠨ ᠳᠠᠷᠠᠭ᠎ᠠ ᠶᠠᠮᠠᠷ ᠬᠡᠳᠦᠨ‌‍ᠪᠠᠶᠢᠭᠤᠯᠤᠮᠵᠢ ᠲᠠᠢ ᠪᠣᠯᠬᠤ ᠪᠤᠢ︖ ᠲᠡᠲᠡᠭᠡᠷ ᠤᠨ ᠭᠤᠤᠯ ᠡᠭᠦᠷᠭᠡ ᠴᠢᠳᠡᠪᠬᠢ ᠨᠢ ᠶᠠᠭᠤ ᠪᠤᠢ︖ ᠳᠤᠤᠷ᠎ᠠ ᠡᠭᠦᠨ ᠤ ᠲᠤᠬᠠᠢ ᠲᠣᠳᠤᠷᠠᠭᠤᠯᠤᠶ᠎ᠠ᠃

︵ᠨᠢᠭᠡ︶ ᠠᠯᠪᠠᠨ ᠭᠡᠷ ︵ᠰᠣᠨᠢᠨ ᠮᠡᠳᠡᠭᠡᠨ ᠤ ᠠᠯᠪᠠᠨ ᠭᠡᠷ︶᠃ ᠪᠠᠶᠢᠭᠤᠯᠭ᠎ᠠ ᠶᠢᠨ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠷᠢᠶᠠᠨ ᠤ ᠤᠳᠤᠷᠢᠳᠤᠯᠭ᠎ᠠ ᠶᠢ ᠬᠠᠮᠵᠢᠨ ᠪᠠᠶᠢᠴᠠᠭᠠᠬᠤ ᠵᠠᠰᠠᠭ ᠤᠨ ᠶᠠᠪᠤᠳᠠᠯ ᠢ ᠰᠢᠢᠳᠪᠦᠷᠢᠯᠡᠵᠦ᠂ ᠬᠤᠷᠢᠶᠠᠨ ᠤ ᠴᠢᠬᠤᠯᠠ ᠶᠡᠭᠡ ᠠᠵᠢᠯ ᠤᠨ ᠪᠠᠶᠢᠷᠢᠰᠢᠭᠤᠯᠤᠯᠲᠠ ᠪᠠ ᠰᠢᠢᠳᠪᠦᠷᠢᠲᠦ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠡᠬᠡ ᠪᠢᠴᠢᠭ ᠢ ᠨᠣᠣᠷᠠᠭᠯᠠᠬᠤ ᠪᠠ ᠬᠢᠨᠠᠨ ᠬᠠᠷᠭᠤᠭᠤᠯᠵᠤ᠂ ᠨᠠᠷᠢᠨ ᠪᠢᠴᠢᠭᠡᠴᠢ ᠶᠢᠨ ᠬᠡᠷᠡᠭ ᠶᠠᠪᠤᠳᠠᠯ ᠢ ᠬᠠᠮᠢᠶᠠᠷᠴᠤ᠂ ᠪᠠᠶᠢᠴᠠᠭᠠᠬᠤ ᠮᠡᠳᠡᠭᠡ ᠵᠠᠩᠬᠢ ᠶᠢ ᠰᠢᠢᠳᠪᠦᠷᠢᠯᠡᠵᠦ᠂ ᠳᠤᠲᠤᠭᠠᠲᠤ ᠶᠢᠨ ᠰᠡᠳᠭᠦᠯ ᠢ ᠨᠠᠶᠢᠷᠠᠭᠤᠯᠤᠨ ᠲᠠᠷᠬᠠᠭᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠯᠤᠨ ᠣᠨᠴᠠ ᠣᠷᠢᠭᠰᠠᠨ ᠪᠠᠶᠢᠴᠠᠭᠠᠭᠴᠢ ᠲᠠᠢ ᠬᠠᠷᠢᠯᠴᠠᠬᠤ ᠠᠵᠢᠯ ᠢ ᠬᠠᠷᠢᠭᠤᠴᠠᠨ᠎ᠠ᠃ ᠤᠳᠤᠷᠢᠳᠬᠤ ᠺᠠᠳ᠋ᠷ ᠤᠨ ᠬᠢᠬᠦ ᠪᠠᠷ ᠵᠦᠪᠰᠢᠶᠡᠷᠡᠭᠰᠡᠨ ᠬᠡᠷᠡᠭ ᠤᠴᠢᠷ ᠤᠨ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠬᠦᠲᠦᠯᠦᠨ ᠵᠢᠯᠤᠭᠤᠳᠬᠤ ᠠᠵᠢᠯ ᠢ ᠵᠢᠯᠤᠭᠤᠳᠤᠨ ᠵᠣᠬᠢᠴᠠᠭᠤᠯᠵᠤ ᠬᠠᠮᠢᠶᠠᠷᠤᠨ᠎ᠠ᠃

︵ᠬᠤᠶᠠᠷ︶ ᠤᠯᠤᠰ ᠲᠦᠷᠦ ᠶᠢᠨ ᠬᠡᠯᠲᠡᠰ᠃ ᠤᠯᠤᠰ ᠲᠦᠷᠦ ᠶᠢᠨ ᠬᠡᠯᠲᠡᠰ ᠲᠤ ᠺᠠᠳ᠋ᠷ ᠤᠨ ᠶᠠᠪᠤᠳᠠᠯ ᠤᠨ ᠭᠠᠵᠠᠷ᠂ ᠤᠬᠠᠭᠤᠯᠬᠤ ᠭᠠᠵᠠᠷ᠂ ᠰᠤᠷᠭᠠᠨ ᠬᠦᠮᠦᠵᠢᠯ ᠪᠣᠯᠪᠠᠰᠤᠷᠠᠯ ᠤᠨ ᠭᠠᠵᠠᠷ᠂ ᠶᠡᠷᠦᠩᠬᠡᠢ ᠠᠵᠢᠯ ᠤᠨ ᠭᠠᠵᠠᠷ ᠪᠠᠶᠢᠭᠤᠯᠤᠨ᠎ᠠ᠃

ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠺᠠᠳ᠋ᠷ ᠠᠵᠢᠯᠲᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ᠃ ᠨᠠᠮ ᠤᠨ ᠪᠠᠶᠢᠭᠤᠯᠤᠯᠲᠠ᠂ ᠤᠳᠤᠷᠢᠳᠬᠤ ᠪᠠᠭ ᠤᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠪᠠᠶᠢᠭᠤᠯᠤᠯᠲᠠ ᠶᠢᠨ ᠲᠤᠬᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠲᠦᠷᠢᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ   ᠵᠢᠯᠤᠭᠤᠳᠤᠯᠭ᠎ᠠ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ ᠪᠠ ᠰᠢᠭᠤᠳ ᠬᠠᠷᠢᠶ᠎ᠠ ︵ᠲᠣᠮᠢᠯᠠᠭᠰᠠᠨ︶ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠤᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠬᠤᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠠᠶᠢᠮᠠᠭ ᠬᠤᠲᠠ ᠶᠢᠨ ᠪᠠᠶᠢᠴᠠᠭᠠᠬᠤ ︵ᠬᠤᠪᠢᠶᠠᠷᠢ︶ᠬᠤᠷᠢᠶ᠎ᠠ ᠪᠠ ᠬᠤᠰᠢᠭᠤ ᠰᠢᠶᠠᠨ︵ᠬᠤᠲᠠ᠂ ᠲᠣᠭᠤᠷᠢᠭ︶ ᠤ ᠪᠠᠶᠢᠴᠠᠭᠠᠬᠤ ᠬᠤᠷᠢᠶᠠᠨ ᠤ  ᠤᠳᠤᠷᠢᠳᠬᠤ ᠪᠠᠭ ᠤᠨ ᠪᠠᠶᠢᠭᠤᠯᠤᠯᠲᠠ ᠪᠠ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠤᠯᠪᠤᠭᠲᠠᠯ ᠪᠦᠬᠦᠢ  ᠲᠣᠮᠢᠯᠠᠵᠤ ᠣᠭᠴᠤᠷᠠᠭᠤᠯᠬᠤ ᠭᠠᠷ ᠭᠦᠢᠴᠡᠳᠭᠡᠯ ᠢ ᠬᠢᠨ᠎ᠡ︔ ᠥᠪᠡᠷᠲᠡᠭᠡᠨ ᠵᠠᠰᠠᠬᠤ ᠣᠷᠤᠨ ᠤ ᠪᠠᠶᠢᠭᠤᠯᠤᠮᠵᠢ ᠶᠢᠨ ᠣᠷᠤᠨ ᠲᠣᠭᠠᠨ ᠤ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠭᠤᠯᠤᠮᠵᠢ᠂ ᠠᠵᠢᠯᠲᠠᠨ ᠤ ᠣᠷᠤᠨ ᠲᠤᠭ᠎ᠠ ᠶᠢ ᠬᠠᠮᠢᠶᠠᠷᠤᠨ᠎ᠠ︔ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠪᠠᠶᠢᠴᠠᠭᠠᠬᠤ ᠰᠤᠶᠤᠯ ᠪᠠ ᠨᠡᠶᠢᠲᠡᠯᠡᠭ ᠵᠢᠱᠢᠶᠡᠴᠢ ᠶᠢ ᠰᠤᠩᠭᠤᠨ ᠱᠤᠭᠤᠵᠤ ᠤᠬᠠᠭᠤᠯᠬᠤ ᠠᠵᠢᠯ ᠢ ᠬᠠᠷᠢᠭᠤᠴᠠᠨ᠎ᠠ︔ ᠪᠦᠬᠦ ᠣᠷᠤᠨ ᠤ ᠪᠠᠶᠢᠴᠠᠭᠠᠬᠤ ᠪᠠᠶᠢᠭᠤᠯᠭ᠎ᠠ ᠶᠢᠨ ᠺᠠᠳ᠋ᠷ ᠤᠨ ᠪᠣᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠬᠤ ᠪᠠ ᠵᠢᠯᠤᠭᠤᠳᠬᠤ ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠪᠠᠶᠢᠴᠠᠭᠠᠬᠤ ᠬᠤᠷᠢᠶᠠᠨ ᠤ ᠪᠠᠶᠢᠭᠤᠯᠤᠯᠲᠠ ᠶᠢ ᠵᠢᠯᠤᠭᠤᠳᠤᠨ᠎ᠠ᠃

︵ᠭᠤᠷᠪᠠ︶ ᠨᠢᠭᠡᠳᠦᠭᠡᠷ ᠪᠠᠶᠢᠴᠠᠭᠠᠬᠤ ᠬᠡᠯᠲᠡᠰ᠃ ᠬᠠᠤᠯᠢ ᠴᠠᠭᠠᠵᠠ ᠳᠤ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠰᠢᠢᠳᠪᠦᠷᠢᠯᠡᠬᠦ ᠪᠠᠷ ᠲᠣᠭᠲᠠᠭᠠᠭᠰᠠᠨ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠠᠶᠢᠴᠠᠭᠠᠬᠤ ᠬᠡᠯᠲᠡᠰ ᠤᠨ ᠰᠢᠢᠳᠪᠦᠷᠢᠯᠡᠬᠦ ᠬᠡᠷᠡᠭ ᠠᠴᠠ ᠪᠣᠰᠤᠳ ᠡᠷᠡᠭᠦᠦ ᠶᠢᠨ ᠬᠡᠷᠡᠭ ᠤᠨ ᠪᠠᠷᠢᠪᠴᠢᠯᠠᠬᠤ ᠶᠢ ᠬᠢᠨᠠᠨ ᠪᠠᠶᠢᠴᠠᠭᠠᠬᠤ᠂ ᠬᠢᠨᠠᠨ ᠪᠠᠶᠢᠴᠠᠭᠠᠵᠤ ᠵᠠᠭᠠᠯᠳᠤᠬᠤ᠂ ᠰᠢᠭᠦᠯᠲᠡ ᠳᠤ ᠤᠷᠤᠯᠴᠠᠵᠤ ᠠᠯᠪᠠᠨ ᠵᠠᠭᠠᠯᠳᠤᠯᠭ᠎ᠠ ᠪᠠᠨ ᠳᠡᠮᠵᠢᠬᠦ᠂ ᠡᠰᠡᠷᠭᠦᠴᠡᠨ ᠵᠠᠭᠠᠯᠳᠤᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠡᠷᠡᠭ ᠪᠤᠯᠭᠠᠯᠲᠠ ᠳᠤ ᠬᠢᠨᠠᠯᠲᠠ ᠲᠠᠯᠪᠢᠬᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ᠂ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠵᠢᠴᠢ ᠬᠠᠮᠢᠶ᠎ᠠ ᠪᠦᠬᠦᠢ ᠬᠡᠷᠡᠭ ᠤᠨ ᠨᠦᠬᠦᠪᠦᠷᠢᠯᠡᠨ ᠲᠤᠷᠰᠢᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠶᠠᠯᠠᠯ ᠳᠠᠬᠢ ᠬᠠᠮᠢᠶ᠎ᠠ ᠪᠦᠬᠦᠢ ᠡᠷᠡᠭᠦᠦ ᠶᠢᠨ ᠭᠤᠮᠤᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠨ᠎ᠡ᠃

︵ᠲᠥᠷᠪᠡ︶  ᠬᠤᠶᠠᠳᠤᠭᠠᠷ ᠪᠠᠶᠢᠴᠠᠭᠠᠬᠤ ᠬᠡᠯᠲᠡᠰ᠃ ᠬᠠᠤᠯᠢ ᠴᠠᠭᠠᠵᠠ ᠳᠤ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠰᠢᠢᠳᠪᠦᠷᠢᠯᠡᠬᠦ ᠪᠠᠷ ᠲᠣᠭᠲᠠᠭᠠᠭᠰᠠᠨ ᠤᠯᠤᠰ ᠤᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠭᠰᠠᠨ᠂ ᠨᠡᠶᠢᠲᠡ ᠶᠢᠨ ᠠᠮᠤᠷ ᠲᠦᠪᠰᠢᠨ ᠤ ᠶᠠᠯᠠᠲᠤ ᠬᠡᠷᠡᠭ᠂ ᠵᠣᠷᠢᠭᠤᠳᠠ ᠬᠦᠮᠦᠨ ᠠᠯᠠᠭᠰᠠᠨ᠂ ᠲᠣᠨᠤᠨ ᠳᠡᠭᠡᠷᠡᠮᠳᠡᠭᠰᠡᠨ᠂ ᠬᠤᠣᠷᠠᠲᠦ ᠡᠳ᠋ ᠲᠤ ᠬᠤᠯᠪᠤᠭᠳᠠᠭᠰᠠᠨ ᠵᠡᠷᠭᠡ ᠶᠠᠯᠠᠲᠤ ᠬᠡᠷᠡᠭ  ᠤᠨ ᠪᠠᠷᠢᠪᠴᠢᠯᠠᠬᠤ ᠶᠢ ᠬᠢᠨᠠᠨ ᠪᠠᠶᠢᠴᠠᠭᠠᠬᠤ᠂ ᠬᠢᠨᠠᠨ ᠪᠠᠶᠢᠴᠠᠭᠠᠵᠤ ᠵᠠᠭᠠᠯᠳᠤᠬᠤ᠂ ᠰᠢᠭᠦᠯᠲᠡ ᠳᠤ ᠤᠷᠤᠯᠴᠠᠵᠤ ᠠᠯᠪᠠᠨ ᠵᠠᠭᠠᠯᠳᠤᠯᠭ᠎ᠠ ᠪᠠᠨ ᠳᠡᠮᠵᠢᠬᠦ᠂ ᠡᠰᠡᠷᠭᠦᠴᠡᠨ ᠵᠠᠭᠠᠯᠳᠤᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠬᠡᠷᠡᠭ ᠪᠤᠯᠭᠠᠯᠲᠠ ᠳᠤ ᠬᠢᠨᠠᠯᠲᠠ ᠲᠠᠯᠪᠢᠬᠤ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ᠂ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠵᠢᠴᠢ ᠬᠠᠮᠢᠶ᠎ᠠ ᠪᠦᠬᠦᠢ ᠬᠡᠷᠡᠭ ᠤᠨ ᠨᠦᠬᠦᠪᠦᠷᠢᠯᠡᠨ ᠲᠤᠷᠰᠢᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠶᠠᠯᠠᠯ ᠳᠠᠬᠢ ᠬᠠᠮᠢᠶ᠎ᠠ ᠪᠦᠬᠦᠢ ᠡᠷᠡᠭᠦᠦ ᠶᠢᠨ ᠭᠤᠮᠤᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠨ᠎ᠡ᠃

︵ᠲᠠᠪᠤ︶ ᠭᠤᠷᠪᠠᠳᠤᠭᠠᠷ ᠪᠠᠶᠢᠴᠠᠭᠠᠬᠤ ᠬᠡᠯᠲᠡᠰ᠃ ᠬᠠᠤᠯᠢ ᠴᠠᠭᠠᠵᠠ ᠳᠤ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠰᠢᠢᠳᠪᠦᠷᠢᠯᠡᠬᠦ ᠪᠠᠷ ᠲᠣᠭᠲᠠᠭᠠᠭᠰᠠᠨ ᠥᠪᠡᠷᠲᠡᠭᠡᠨ ᠵᠠᠰᠠᠬᠤ ᠣᠷᠤᠨ ᠤ ᠬᠢᠨᠠᠨ ᠪᠠᠶᠢᠴᠠᠭᠠᠬᠤ ᠵᠦᠪᠯᠡᠯ ᠠᠴᠠ ᠰᠢᠯᠵᠢᠭᠦᠯᠦᠨ ᠢᠷᠡᠭᠦᠯᠦᠭᠰᠡᠨ ᠲᠤᠰᠢᠶᠠᠯ ᠤᠨ ᠶᠠᠯᠠᠲᠤ ᠬᠡᠷᠡᠭ ᠤᠨ ᠪᠠᠷᠢᠪᠴᠢᠯᠠᠬᠤ ᠶᠢ ᠬᠢᠨᠠᠨ ᠪᠠᠶᠢᠴᠠᠭᠠᠬᠤ᠂ ᠬᠢᠨᠠᠨ ᠪᠠᠶᠢᠴᠠᠭᠠᠵᠤ ᠵᠠᠭᠠᠯᠳᠤᠬᠤ᠂ ᠰᠢᠭᠦᠯᠲᠡ ᠳᠤ ᠤᠷᠤᠯᠴᠠᠵᠤ ᠠᠯᠪᠠᠨ ᠵᠠᠭᠠᠯᠳᠤᠯᠭ᠎ᠠ ᠪᠠᠨ ᠳᠡᠮᠵᠢᠬᠦ᠂ ᠡᠰᠡᠷᠭᠦᠴᠡᠨ ᠵᠠᠭᠠᠯᠳᠤᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠵᠢᠴᠢ ᠬᠠᠮᠢᠶ᠎ᠠ ᠪᠦᠬᠦᠢ ᠬᠡᠷᠡᠭ ᠤᠨ ᠨᠦᠬᠦᠪᠦᠷᠢᠯᠡᠨ ᠲᠤᠷᠰᠢᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠶᠠᠯᠠᠯ ᠳᠠᠬᠢ ᠬᠠᠮᠢᠶ᠎ᠠ ᠪᠦᠬᠦᠢ ᠡᠷᠡᠭᠦᠦ ᠶᠢᠨ ᠭᠤᠮᠤᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠨ᠎ᠡ᠃

︵ᠵᠢᠷᠭᠤᠭ᠎ᠠ︶ ᠲᠦᠷᠪᠡᠳᠦᠭᠡᠷ ᠪᠠᠶᠢᠴᠠᠭᠠᠬᠤ ᠬᠡᠯᠲᠡᠰ᠃ ᠬᠠᠤᠯᠢ ᠴᠠᠭᠠᠵᠠ ᠳᠤ ᠥᠪᠡᠷᠲᠡᠭᠡᠨ ᠵᠠᠰᠠᠬᠤ ᠣᠷᠤᠨ 

ᠢᠷᠡᠯᠲᠡ
ᠦᠪᠦᠷ ᠮᠣᠩᠭᠤᠯ ᠤᠨ ᠠᠷᠠᠳ ᠤᠨ ᠪᠠᠶᠢᠴᠠᠭᠠᠬᠤ ᠬᠣᠷᠢᠶᠠᠨ ᠤ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro