ᠲᠡᠷᠢᠭᠦᠨ ᠨᠢᠭᠤᠷ  -  ᠪᠠᠶᠢᠴᠠᠭᠠᠬᠤ ᠬᠤᠰᠢᠭᠤᠴᠢ

ᠬᠢᠵᠢᠭ ᠢ ᠰᠡᠷᠭᠡᠶᠢᠯᠡᠬᠦ  ᠬᠡᠷᠡᠭ ᠰᠢᠢᠳᠪᠦᠷᠢᠯᠡᠬᠦ  ︽ᠬᠤᠶᠠᠷ ᠢ ᠰᠠᠭᠠᠲᠠᠭᠠᠬᠤ ᠦᠭᠡᠢ︾᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨᠡᠮ

2022-12-12 12:37:35
ᠵᠣᠬᠢᠶᠠᠭᠴᠢ
ᠬᠤ᠋ ᠸᠧᠨ ᠴᠢᠤᠸᠠᠨ


    ----- ᠴᠢᠩᠱᠠᠨ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠢᠶᠠᠯᠳᠠᠨ ᠯᠦ ᠳ᠋ᠦᠩ ᠮᠧᠶ  ᠶᠢᠨ ᠬᠢᠵᠢᠭ ᠢ ᠡᠰᠡᠷᠭᠦᠴᠡᠵᠦ ᠬᠡᠷᠡᠭ ᠰᠢᠢᠳᠪᠦᠷᠢᠯᠡᠭᠰᠡᠨ ᠪᠣᠳᠠᠲᠤ ᠲᠡᠮᠳᠡᠭᠯᠡᠯ

      

微信图片_20221212114145.jpg



ᠬᠢᠵᠢᠭ   ᠤᠨ ᠬᠤᠭᠤᠴᠠᠭᠠᠨ  ᠳᠤ ᠂ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠡᠮᠡᠭᠲᠡᠢ ᠪᠠᠶᠢᠴᠠᠭᠠᠬᠤ ᠲᠤᠰᠢᠶᠠᠯᠲᠠᠨ ᠯᠦ ᠳ᠋ᠦᠩ ᠮᠧᠶ ᠂ ᠪᠥᠭᠡᠮ ᠬᠦᠴᠢᠯ   ᠤᠨ ᠪᠠᠶᠢᠴᠠᠭᠠᠨ ᠰᠢᠯᠭᠠᠬᠤ ᠮᠡᠳᠡᠭᠡ ᠵᠠᠩᠭᠢ ᠴᠤᠭᠯᠠᠭᠤᠯᠬᠤ ᠶᠠᠪᠤᠴᠠ ᠳᠤ ᠂ ᠨᠢᠭᠡᠨ ᠨᠠᠰᠤᠲᠠᠨ᠄ ︽ᠪᠢ ᠪᠡᠶ᠎ᠡ ᠶᠢᠨ ᠦᠨᠡᠮᠯᠡᠯ ᠢᠶᠠᠨ ᠠᠪᠤᠭᠰᠠᠨ ᠦᠭᠡᠢ ᠂ ᠤᠳᠤ ᠶᠠᠭᠠᠬᠢᠬᠤ ᠪᠤᠶ ︖ ᠬᠡᠷᠪᠡ ᠭᠡᠷ ᠲᠡᠭᠡᠨ ᠬᠠᠷᠢᠭᠠᠳ ᠪᠡᠶ᠎ᠡ ᠶᠢᠨ ᠦᠨᠡᠮᠯᠡᠯ ᠢᠶᠠᠨ ᠠᠪᠤᠭᠠᠳ ᠳᠠᠬᠢᠨ ᠢᠷᠡᠵᠦ ᠮᠥᠷᠯᠡᠪᠡᠯ ᠴᠠᠭ ᠬᠡᠲᠤᠷᠬᠡᠢ ᠤᠷᠲᠤ ᠪᠤᠯᠤᠨ᠎ᠠ᠂ ᠭᠡᠷ ᠲᠡᠭᠡᠨ ᠪᠠᠰᠠ ᠬᠥᠭᠰᠢᠨ ᠢᠶᠡᠨ ᠬᠠᠷᠠᠭᠠᠯᠵᠠᠬᠤ ᠴᠢᠬᠤᠯᠠᠲᠠᠢ︾ ᠭᠡᠵᠦ ᠰᠠᠨᠳᠤᠷᠤᠨ ᠬᠡᠯᠡᠪᠡ᠃ ︽ᠠᠪᠠᠭ᠎ᠠ ᠠᠪᠤ ᠡ᠂ ᠪᠢᠲᠡᠭᠡᠢ ᠰᠠᠨᠳᠤᠷᠠ᠂ ᠲᠦᠷ ᠬᠦᠯᠢᠶᠡᠵᠦ ᠪᠠᠢ᠂ ᠪᠢ ᠣᠳᠣᠬᠠᠨ ᠴᠢᠮ᠎ᠠ ᠳᠤ ᠭᠠᠷ ᠢᠶᠠᠷ ᠪᠢᠴᠢᠵᠦ ᠣᠷᠣᠭᠤᠯᠤᠶ᠎ᠠ︾ ᠭᠡᠳ ᠯᠦ ᠳ᠋ᠦᠩ ᠮᠧᠶ ᠨᠢᠭᠡ ᠲᠠᠯ᠎ᠠ ᠪᠠᠷ ᠨᠠᠰᠤᠲᠠᠨ ᠢ ᠲᠣᠬᠤᠨᠢᠭᠤᠯᠬᠤ ᠶᠢᠨ ᠬᠠᠮᠲᠤ ᠨᠠᠰᠤᠳᠠᠨ  ᠤ ᠮᠡᠳᠡᠭᠡ ᠵᠠᠩᠭᠢ ᠶᠢ ᠭᠠᠷ  ᠢᠶᠠᠷ ᠰᠢᠩᠭᠡᠬᠡᠨ ᠠᠪᠴᠤ᠂ ᠲᠡᠭᠦᠨ ᠤ ᠪᠥᠭᠡᠮ ᠬᠦᠴᠢᠯ ᠤᠨ ᠦᠯᠢᠭᠡᠷ ᠡᠳ᠋ ᠢ ᠤᠷᠤᠭᠰᠢᠲᠠᠢ ᠪᠠᠷ ᠬᠢᠵᠦ ᠳᠠᠭᠤᠰᠬᠠᠨ ᠭᠡᠷ ᠲᠤᠨᠢ ᠬᠠᠷᠢᠭᠤᠯᠵᠠᠢ᠃

ᠪᠠᠶᠢᠴᠠᠭᠠᠬᠤ ᠲᠤᠰᠢᠶᠠᠯᠲᠠᠨ ᠯᠦ ᠳ᠋ᠦᠩ ᠮᠧᠶ ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠪᠠᠰᠠ ᠨᠡᠶᠢᠭᠡᠮ ᠲᠣᠭᠤᠷᠢᠭ ᠲᠤ ᠬᠦᠷᠴᠦ ᠵᠢᠵᠢᠭᠦᠷᠯᠡᠨ ᠰᠠᠬᠢᠬᠤ ᠠᠵᠢᠯ ᠳᠤ ᠣᠷᠤᠯᠴᠠᠪᠠ ᠃ ᠬᠢᠵᠢᠭ ᠤᠨ ᠪᠠᠶᠢᠳᠠᠯ   ᠳᠤ ᠵᠢᠵᠢᠭᠦᠷᠯᠡᠨ ᠰᠠᠬᠢᠬᠤ ᠠᠵᠢᠯ ᠵᠦᠳᠡᠷᠡᠯᠲᠡᠢ ᠮᠥᠷᠲᠡᠭᠡᠨ ᠠᠶᠤᠯ ᠲᠠᠢ᠂ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠬᠡᠮᠵᠢᠬᠦ ᠠᠴᠠ ᠠᠪᠤᠭᠠᠳ ᠵᠠᠷ ᠨᠠᠭᠠᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠠᠷᠢᠭᠤᠳᠬᠠᠨ ᠴᠡᠪᠡᠷᠯᠡᠵᠦ ᠪᠠᠺᠲ᠋ᠧᠷᠢ ᠠᠯᠠᠬᠤ ᠬᠦᠷᠲᠡᠯ᠎ᠡ᠂ ᠠᠵᠢᠯ ᠨᠢ ᠲᠤᠶᠢᠯ ᠤᠨ ᠢᠬᠢᠷ ᠰᠢᠬᠢᠷ᠂ ᠱᠠᠭᠠᠷᠳᠠᠯᠭ᠎ᠠ ᠨᠢ ᠲᠤᠶᠢᠯ ᠤᠨ ᠨᠠᠷᠢᠯᠢᠭ ᠪᠠᠶᠢᠵᠤ᠂ ᠬᠠᠬᠢᠷ ᠬᠦᠢᠲᠡᠨ ᠠᠭᠤᠷ ᠠᠮᠢᠰᠬᠤᠯ ᠢ ᠲᠡᠰᠪᠦᠷᠢᠯᠡᠬᠦ ᠪᠠᠷ ᠪᠠᠷᠠᠬᠤ ᠦᠭᠡᠢ ᠪᠠᠰᠠ ᠸᠢᠷᠦ᠋ᠰ ᠲᠠᠢ ᠬᠥᠮᠥᠨ ᠳᠤ ᠰᠢᠭᠤᠳ ᠬᠠᠨᠳᠤᠵᠤ ᠮᠡᠳᠡᠨ᠎ᠡ᠂ ᠭᠡᠪᠡᠴᠦ ᠯᠦ ᠳ᠋ᠦᠩ ᠮᠧᠶ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠣᠷᠣᠵᠤ ᠭᠠᠷᠬᠤ ᠭᠠᠵᠠᠷ ᠢ ᠰᠠᠶᠢᠲᠤᠷ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠭᠦᠳᠡ ᠰᠠᠬᠢᠭᠴᠢ︾ ᠶᠢᠨ ᠠᠵᠢᠯ ᠢ ᠰᠠᠶᠢᠲᠤᠷ ᠬᠢᠪᠡ᠃

ᠲᠡᠷᠡ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠬᠦ ᠶᠢ ᠠᠳᠬᠤᠵᠤ᠂ ᠨᠦᠭᠦᠭᠡ ᠲᠠᠯ᠎ᠠ ᠪᠠᠷ ᠬᠡᠷᠡᠭ ᠰᠢᠢᠳᠪᠦᠷᠢᠯᠡᠬᠦ ᠶᠢ ᠠᠳᠬᠤᠵᠤ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠰᠠᠭᠤᠷᠢᠨ ᠳᠡᠭᠡᠷ᠎ᠡ ᠴᠠᠭ ᠢ ᠠᠮᠵᠢᠨ ᠬᠡᠷᠡᠭ ᠰᠢᠢᠳᠪᠦᠷᠢᠯᠡᠵᠦ᠂ ᠬᠡᠷᠡᠭ ᠢ ᠥᠨᠳᠥᠷ ᠶᠠᠰᠤ ᠴᠢᠨᠠᠷᠲᠠᠢ᠂ ᠥᠨᠳᠥᠷ ᠪᠦᠲᠦᠮᠵᠢᠲᠡᠢ ᠲᠦᠷᠭᠡᠨ ᠰᠢᠢᠳᠪᠦᠷᠢᠯᠡᠬᠦ ᠶᠢ ᠠᠬᠢᠭᠤᠯᠵᠤ᠂ ᠬᠢᠵᠢᠭ ᠢ ᠰᠡᠷᠭᠡᠶᠢᠯᠡᠵᠦ ᠬᠡᠷᠡᠭ ᠰᠢᠢᠳᠪᠦᠷᠢᠯᠡᠬᠦ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠠᠵᠢᠯ ᠢᠶᠠᠨ ᠵᠣᠭᠰᠣᠩᠭᠢᠷᠠᠭᠤᠯᠬᠤ ᠦᠭᠡᠢ᠂ ᠬᠡᠷᠡᠭ ᠢ ᠲᠠᠰᠤᠷᠠᠯᠳᠡ ᠦᠭᠡᠢ ᠰᠢᠢᠳᠪᠦᠷᠢᠯᠡᠬᠦ ᠶᠢ ᠪᠠᠲᠤᠯᠠᠵᠠᠢ᠃

︽ᠬᠢᠵᠢᠭ ᠤᠨ ᠪᠠᠶᠢᠳᠠᠯ ᠤᠨ ᠳᠣᠣᠷ᠎ᠠ ᠂ ᠮᠢᠨᠤ ᠬᠢᠵᠦ ᠳᠡᠶᠢᠯᠬᠦ ᠠᠵᠢᠯ ᠶᠠᠯᠢᠮ ᠦᠭᠡᠢ᠂ ᠮᠠᠰᠢ ᠣᠯᠠᠨ ᠬᠥᠮᠥᠨ ᠨᠠᠳᠠ ᠠᠴᠠ ᠢᠯᠡᠭᠦᠦ ᠬᠦᠴᠦ ᠭᠠᠷᠭᠠᠵᠤ ᠪᠠᠶᠢᠨ᠎ᠠ᠂ ᠪᠠᠶᠢᠴᠠᠭᠠᠬᠤ ᠺᠠᠳ᠋ᠷ ᠴᠠᠭᠳᠠᠭ᠎ᠠ ᠪᠣᠯᠤᠭᠰᠠᠨ ᠤ ᠬᠤᠪᠢ ᠳᠤ᠂ ᠠᠵᠢᠯ ᠤᠨ ᠪᠠᠶᠢᠷᠢ ᠪᠠᠨ ᠪᠠᠲᠤ ᠰᠠᠬᠢᠬᠤ ᠪᠣᠯ ᠮᠢᠨᠤ ᠬᠢᠪᠡᠰᠦ ᠵᠣᠬᠢᠬᠤ ᠠᠵᠢᠯ ᠮᠥᠨ᠂ ᠭᠠᠭᠴᠠᠬᠦ ᠬᠡᠷᠡᠭ ᠨᠢᠭᠡᠪᠦᠷᠢ ᠶᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠪᠡᠯ ᠰᠠᠶ᠋ᠢ ᠮᠥᠷᠥᠨ ᠳᠡᠭᠡᠷᠡᠬᠢ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ ᠶᠤᠮ︾ ᠭᠡᠵᠤ ᠯᠦ ᠳ᠋ᠦᠩ ᠮᠧᠶ ᠦᠷᠭᠦᠯᠵᠢ ᠶᠠᠷᠢᠳᠠᠭ ᠪᠠᠢᠯ᠎ᠠ᠃ ᠣᠯᠠᠨ ᠵᠢᠯ ᠪᠠᠶᠢᠴᠠᠭᠠᠬᠤ ᠠᠵᠢᠯ ᠬᠢᠵᠦ᠂ ᠦᠵᠡᠬᠦ ᠳᠤ ᠡᠶᠡᠯᠳᠡᠭ ᠵᠥᠭᠡᠯᠡᠨ ᠵᠠᠩ ᠲᠠᠢ ᠲᠡᠷᠡ ᠵᠠᠩᠭᠢᠯᠭ᠎ᠠ ᠶᠢᠨ ᠴᠠᠭ ᠦᠶ᠎ᠡ ᠳᠤ ᠶᠡᠷᠦ ᠨᠢ ᠬᠦᠴᠦᠷᠬᠡᠭ ᠶᠡᠭᠡ ᠢᠳᠡᠪᠬᠢ ᠬᠦᠴᠦᠨ ᠢ ᠪᠠᠳᠠᠷᠠᠭᠤᠯᠵᠤ᠂ ᠡᠮᠡᠭᠲᠡᠢ ᠪᠠᠶᠢᠴᠠᠭᠠᠬᠤ ᠲᠤᠰᠢᠶᠠᠯᠲᠠᠨ ᠳᠤ ᠣᠨᠴᠠ ᠪᠠᠶᠢᠳᠠᠭ ᠡᠶᠡᠯᠳᠡᠭ ᠵᠥᠭᠡᠯᠡᠨ ᠨᠠᠷᠢᠨ ᠨᠢᠮᠪᠠᠢ ᠪᠠᠷ ᠢᠶᠠᠨ ᠬᠠᠤᠯᠢ ᠴᠠᠭᠠᠵᠠ ᠶᠢᠨ ᠲᠥᠪ ᠭᠤᠥᠯᠴᠢ ᠪᠠ ᠬᠠᠯᠠᠭᠤᠨ ᠳᠤᠯᠠᠭᠠᠨ ᠢ ᠢᠯᠡᠷᠡᠭᠦᠯᠵᠦ ᠴᠢᠳᠠ᠊ ᠪᠠ᠃ ᠲᠡᠷᠡ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠬᠡᠷᠡᠭ ᠰᠢᠢᠳᠪᠦᠷᠢᠯᠡᠬᠦ ᠵᠢᠯᠤᠭᠤᠳᠬᠤ ᠰᠠᠨᠠᠯ ᠢ ᠦᠨᠳᠦᠰᠦᠯᠡᠨ᠂ ᠨᠢᠭᠡ ᠲᠠᠯ᠎ᠠ ᠪᠠᠷ ᠪᠢᠴᠢᠭ ᠤᠨ ᠬᠡᠯᠪᠡᠷᠢ ᠪᠠᠷ ᠶᠠᠯ᠎ᠠ ᠬᠢᠭᠰᠡᠨ ᠰᠡᠵᠢᠭᠲᠡᠨ ᠤ ᠰᠠᠨᠠᠯ ᠢ ᠰᠣᠨᠣᠰᠴᠤ᠂ ᠴᠤᠭᠯᠠᠷᠠᠬᠤ᠂ ᠠᠭᠤᠯᠵᠠᠬᠤ ᠶᠠᠷᠢᠯᠴᠠᠬᠤ ᠶᠢ ᠠᠯᠢ ᠴᠢᠳᠠᠬᠤ ᠪᠠᠷ ᠪᠠᠭᠠᠰᠬᠠᠵᠤ᠂ ᠨᠥᠭᠦᠭᠡ ᠲᠠᠯ᠎ᠠ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠶᠠᠪᠤᠴᠠ ᠳᠠᠬᠢ ᠭᠡᠷᠡᠴᠢ ᠪᠠᠷᠢᠮᠲᠠ ᠨᠢᠭᠡᠪᠦᠷᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠬᠤᠶᠠᠷᠬᠠᠨ ᠡᠳᠦᠷ ᠤᠨ ᠳᠣᠲᠣᠷ᠎ᠠ ᠳᠠᠩᠰᠠ ᠡᠪᠬᠡᠮᠡᠯ ᠢ ᠬᠢᠨᠠᠨ ᠦᠵᠡᠬᠦ᠂ ᠬᠡᠷᠡᠭ ᠤᠨ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠵᠣᠬᠢᠶᠠᠬᠤ ᠵᠡᠷᠭᠡ ᠬᠢᠨᠠᠨ ᠪᠠᠶᠢᠴᠠᠭᠠᠵᠤ ᠪᠠᠷᠢᠪᠴᠢᠯᠠᠬᠤ ᠠᠵᠢᠯ  ᠢ ᠳᠠᠭᠤᠰᠬᠠᠵᠤ᠂ ᠬᠠᠤᠯᠢ ᠶᠣᠰᠣᠭᠠᠷ ᠪᠠᠷᠢᠪᠴᠢᠯᠠᠬᠤ ᠶᠢ ᠵᠥᠪᠰᠢᠶᠡᠷᠡᠬᠦ ᠲᠣᠭᠲᠠᠭᠠᠯ ᠭᠠᠷᠭᠠᠭᠰᠠᠨ ᠪᠥᠭᠡᠳ ᠦᠷᠭᠦᠯᠵᠢᠯᠡᠨ ᠨᠥᠬᠦᠪᠦᠷᠢᠯᠡᠨ ᠲᠤᠷᠰᠢᠨ ᠪᠠᠶᠢᠴᠠᠭᠠᠬᠤ ᠰᠠᠨᠠᠯ ᠢᠶᠠᠨ ᠳᠤᠷᠠᠳᠤᠭᠰᠠᠨ ᠪᠠᠶᠢᠨ᠎ᠠ᠃ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠡᠬᠦ ᠪᠠᠲᠤᠯᠠᠪᠠ᠃

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠬᠤᠷᠢᠭᠳᠠᠵᠤ ᠪᠠᠶᠢᠭ᠎ᠠ ᠶᠠᠯᠠᠳᠠᠨ ᠢ ᠬᠤᠷᠢᠭᠤᠯ ᠠᠴᠠ ᠭᠠᠷᠭᠠᠵᠤ ᠲᠢᠩᠬᠢᠮ ᠨᠡᠭᠡᠭᠡᠵᠦ ᠳᠡᠶᠢᠯᠬᠦ ᠦᠭᠡᠢ ᠪᠤᠳᠠᠲᠦ ᠪᠠᠶᠢᠳᠠᠯ ᠤᠨ ᠡᠮᠦᠨ᠎ᠡ᠂ ᠯᠦ ᠳ᠋ᠦᠩ ᠮᠧᠶ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠭᠦᠬᠦ ᠬᠤᠷᠢᠶ᠎ᠠ᠂ ᠬᠤᠷᠢᠭᠤᠯ ᠤᠨ ᠭᠠᠵᠠᠷ ᠲᠠᠢ ᠢᠳᠡᠪᠬᠢᠲᠡᠢ ᠬᠠᠮᠵᠢᠯᠴᠠᠨ ᠂ ᠠᠯᠤᠰ ᠠᠴᠠ ᠲᠢᠩᠬᠢᠮ ᠨᠡᠭᠡᠭᠡᠵᠦ ᠬᠡᠷᠡᠭ ᠰᠢᠢᠳᠪᠦᠷᠢᠯᠡᠬᠦ ᠶᠢ ᠥᠷᠨᠢᠭᠦᠯᠵᠦ᠂ ︽ᠦᠯᠦ ᠬᠦᠷᠤᠯᠴᠡᠬᠦ︾ ᠠᠵᠢᠯ ᠤᠨ ᠵᠠᠭᠪᠤᠷ ᠢ ᠪᠡᠶᠡᠯᠡᠭᠦᠯᠪᠡ᠃

ᠯᠦ ᠳ᠋ᠦᠩ ᠮᠧᠶ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠂ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ ᠬᠡᠷᠡᠭ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠠᠯᠤᠰ ᠬᠠᠷᠠᠭᠠᠨ ᠳᠠᠪᠲᠠᠮᠵᠢ ᠪᠠᠷ ᠭᠠᠷᠭᠠᠨ ᠠᠰᠠᠭᠤᠬᠤ᠂ ᠠᠯᠤᠰ ᠠᠴᠠ ᠲᠢᠩᠬᠢᠮ ᠨᠡᠭᠡᠭᠡᠬᠦ᠂ ᠤᠲᠠᠰᠤ ᠪᠠᠷ ᠨᠡᠪᠲᠡᠷᠡᠯᠴᠡᠵᠦ ᠬᠥᠲᠥᠯᠥᠨ ᠵᠢᠯᠤᠭᠤᠳᠬᠤ ᠵᠡᠷᠭᠡ ︽ᠥᠯᠥ ᠬᠦᠷᠦᠯᠴᠡᠬᠦ︾ ᠬᠡᠷᠡᠭ ᠰᠢᠢᠳᠪᠦᠷᠢᠯᠡᠬᠦ ᠵᠠᠭᠪᠤᠷ ᠢ ᠭᠦᠢᠴᠡᠳ ᠠᠰᠢᠭᠯᠠᠨ᠂ ᠬᠡᠷᠡᠭ ᠢ ᠲᠤᠭᠳᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠰᠢᠢᠳᠪᠦᠷᠢᠯᠡᠬᠦ  ᠶᠢ ᠦᠨᠡᠡᠬᠦ ᠪᠠᠲᠤᠯᠠᠵᠤ᠂ ᠬᠢᠵᠢᠭ ᠢ ᠰᠡᠷᠭᠡᠶᠢᠯᠡᠬᠦ᠂ ᠬᠡᠷᠡᠭ ᠰᠢᠢᠳᠪᠦᠷᠢᠯᠡᠬᠦ ᠶᠢ ᠠᠯᠢᠨ ᠢ ᠴᠤ ᠰᠠᠭᠠᠲᠠᠭᠠᠬᠤ ᠦᠭᠡᠢ ᠪᠠᠶᠢᠬᠤ ᠶᠢ ᠦᠨᠡᠡᠬᠦ ᠪᠡᠶᠡᠯᠡᠭᠦᠯᠵᠡᠢ ᠃         

ᠡᠮᠦᠨ᠎ᠡ ᠹᠷᠣᠨᠲ ᠲᠤ ᠬᠤᠰᠢᠭᠤᠴᠢ ᠪᠣᠯᠵᠤ᠂ ᠰᠥᠷᠭᠡᠦ ᠬᠢᠵᠢᠭ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠦᠴᠦᠨ ᠢᠶᠠᠨ ᠨᠢᠭᠲᠠᠷᠠᠭᠤᠯᠵᠤ ᠵᠣᠷᠢᠭ ᠢᠶᠠᠨ ᠬᠥᠪᠴᠢᠯᠡᠵᠦ ᠂ ᠨᠠᠮ ᠤᠨ ᠲᠤᠭ ᠢ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠲᠤ ᠥᠨᠳᠥᠷ ᠨᠠᠮᠢᠷᠠᠭᠤᠯᠬᠤ ᠪᠤᠯ ᠨᠢᠭᠡᠨ ᠨᠠᠮ ᠤᠨ ᠭᠡᠰᠢᠭᠦᠨ ᠤ ᠬᠢᠪᠡᠰᠦ ᠵᠤᠬᠢᠬᠤ ᠡᠭᠦᠷᠭᠡ ᠬᠠᠷᠢᠴᠠᠭᠤᠯᠭ᠎ᠠ ᠪᠤᠯᠤᠨ᠎ᠠ᠃ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠺᠠᠳ᠋ᠷ ᠴᠠᠭᠳᠠᠭ᠎ᠠ ᠯᠦ ᠳ᠋ᠦᠩ ᠮᠧᠶ ᠨᠦᠬᠦᠷ ᠡᠴᠡ ᠳᠠᠭᠠᠨ ᠰᠤᠷᠤᠯᠴᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠥᠨᠥᠭᠡᠬᠦ ᠪᠠᠶᠢᠯᠳᠤᠭᠠᠨ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠴᠠᠭᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠴᠢᠷᠮᠠᠢᠨ ᠪᠡᠶᠡᠯᠡᠭᠦᠯᠵᠤ ᠪᠠᠢᠨ᠎ᠠ᠃

    

                  

           ᠬᠤ᠋ ᠸᠧᠨ ᠴᠢᠤᠸᠠᠨ ᠤᠷᠴᠢᠭᠤᠯᠪᠠ

    

    


ᠢᠷᠡᠯᠲᠡ
ᠪᠤᠭᠤᠲᠦ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro